ᠬᠤᠳᠠ ᠶᠢᠨ ᠰᠢᠨ᠎ᠡ ᠰᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 20 ᠳ᠋ᠤᠭᠠᠷ ᠣᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ 33 ᠳ᠋ᠤᠭᠠᠷ ᠣᠳᠠᠭᠠᠨ ᠤ ᠠᠵᠢᠯ ᠤᠨ ᠬᠤᠷᠠᠯ ᠬᠤᠷᠠᠯᠳᠣᠪᠠ
ᠨᠡᠶᠢᠲᠡᠯᠡᠭᠰᠡᠨ ᠴᠠᠭ᠄
2021/10/20
     10 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠳᠠ ᠶᠢᠨ ᠰᠢᠨ᠎ᠡ ᠰᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ 20 ᠳ᠋ᠤᠭᠠᠷ ᠣᠳᠠᠭᠠᠨ ᠤ ᠬᠤᠷᠠᠯ ᠵᠢᠴᠢ ᠵᠢᠯᠣᠭᠤᠳᠬᠤ ᠭᠠᠵᠠᠷ ᠤᠨ 33 ᠳ᠋ᠤᠭᠠᠷ ᠣᠳᠠᠭᠠᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠡᠯ᠎ᠡ ᠲᠣᠭᠤᠷᠢᠭ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠪᠠᠶᠢᠳᠠᠯ ᠢ ᠵᠠᠳᠠᠯᠤᠨ ᠰᠤᠳᠤᠯᠵᠤ ᠮᠠᠭᠠᠳᠯᠠᠨ᠂ ᠲᠠᠷᠠᠭᠠᠴᠢ ᠶᠢᠨ ᠠᠯᠬᠤᠮ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠬᠤ᠋ ᠱᠠᠨ ᠱᠦᠨ᠂ ᠡᡁᠦ᠋ᠸᠧ ᠵᠧᠨ ᠭᠦᠸᠧ᠂ ᠳ᠋ᠧᠩ ᠺᠠᠢ᠂ ᠰᠦᠨ ᠬᠤᠤ᠂ ᠯᠢ ᠴᠦᠨ ᠰᠢᠶᠤᠤ ᠬᠤᠷᠠᠯ ᠳᠤ ᠣᠷᠣᠯᠴᠠᠵᠠᠢ᠃      ᠲᠠᠩ ᠢ ᠵᠢᠭᠠᠵᠤ ᠭᠠᠷᠭᠠᠭᠰᠠᠨ ᠨᠢ᠂ ᠣᠶᠢᠷ᠎ᠠ ᠳᠤ ᠣᠯᠠᠨ ᠭᠠᠵᠠᠷ ᠲᠤ ᠬᠢᠵᠢᠭ ᠳᠡᠯᠭᠡᠷᠡᠭᠰᠡᠨ ᠡᠪᠡᠳᠴᠢᠨ ᠤ ᠵᠢᠱᠢᠶ᠎ᠡ ᠢᠯᠡᠷᠡᠵᠦ᠂ ᠢᠯᠠᠩᠭᠤᠶ᠎ᠠ ᠮᠠᠨ ᠤ ᠬᠤᠲᠠ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠳᠠᠬᠢᠨᠲᠠ ᠢᠯᠡᠷᠡᠵᠦ᠂ ᠣᠷᠣᠭᠤᠯᠤᠯᠲᠠ ᠶᠢᠨ ᠴᠢᠨᠠᠷᠲᠠᠶ ᠠᠶᠤᠯ ᠲᠦᠭᠰᠢᠭᠦᠷᠢ ᠶᠢᠨ ᠳᠠᠯᠳᠠ ᠬᠡᠮ ᠲᠣᠪᠤᠶᠢᠮ᠎ᠠ ᠪᠠᠶᠢᠨ᠎ᠠ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠦᠨᠳᠦ ᠨᠣᠴᠢᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠮᠢᠨᠴᠦᠭᠦᠷᠡᠬᠦ ᠦᠵᠡᠯ ᠰᠠᠨᠠᠭ᠎ᠠ᠂ ᠭᠤᠷᠢᠳᠠᠬᠤ ᠪᠤᠳᠤᠯ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ︽ᠲᠦᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠲᠦᠷᠪᠡᠨ ᠡᠷᠲᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠮᠤᠭ ᠤᠨ ᠡᠷᠡᠰ ᠰᠢᠭᠤᠷᠬᠠᠢ ᠣᠪᠣᠷ᠂ ᠬᠠᠮᠤᠭ ᠤᠨ ᠲᠦᠷᠭᠡᠨ ᠠᠵᠢᠯᠯᠠᠭ᠎ᠠ᠂ ᠬᠠᠮᠤᠭ ᠤᠨ ᠡᠷᠡᠰ ᠰᠢᠭᠤᠷᠬᠠᠢ ᠠᠷᠭ᠎ᠠ ᠬᠡᠮᠵᠢᠶ᠎ᠡ ᠪᠠᠷ ᠴᠠᠭ ᠮᠥᠴᠡ ᠶᠢ ᠠᠮᠵᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠣᠯᠤᠨ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠶᠠᠭ ᠵᠠᠩᠭᠢᠯᠠᠭ᠎ᠠ ᠶᠢᠨ ᠴᠠᠭ ᠦᠶ᠎ᠡ ᠳᠤ ᠣᠷᠣᠰᠢᠵᠤ ᠪᠠᠶᠢᠨ᠎ᠠ᠂ ᠡᠷᠬᠡᠪᠰᠢ ᠭᠠᠳᠠᠨ᠎ᠠ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠬᠦ᠂ ᠲᠤᠲᠤᠨ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠥᠴᠦᠬᠡᠨ ᠴᠦ ᠰᠤᠯᠠᠷᠠᠭᠤᠯᠵᠤ ᠪᠣᠯᠬᠤ ᠦᠭᠡᠢ᠃ ᠭᠤᠣᠯᠳᠠᠯᠭ᠎ᠠ ᠲᠠᠢ ᠭᠠᠵᠠᠷ ᠣᠷᠣᠨ ᠠᠴᠠ ᠢᠷᠡᠭᠰᠡᠨ ᠬᠥᠮᠦᠨ ᠪᠣᠳᠠᠰ ᠢ ᠬᠠᠮᠢᠶᠠᠷᠤᠨ ᠡᠵᠡᠮᠳᠡᠬᠦ ᠶᠢ ᠰᠠᠶᠢᠲᠤᠷ ᠠᠳᠬᠤᠵᠤ᠂ ︽ᠬᠥᠮᠦᠨ ᠪᠤᠳᠠᠰ ᠢ ᠵᠡᠷᠭᠡᠪᠡᠷ ᠰᠡᠷᠭᠡᠶᠢᠯᠡᠬᠦ᠂ ᠬᠥᠮᠦᠨ ᠪᠤᠳᠠᠰ ᠢ ᠵᠡᠷᠭᠡᠪᠡᠷ ᠬᠢᠨᠠᠨ ᠪᠠᠶᠢᠴᠠᠭᠠᠬᠤ᠂ ᠬᠥᠮᠦᠨ ᠪᠤᠳᠠᠰ ᠢ ᠵᠡᠷᠭᠡᠪᠡᠷ ᠬᠢᠨᠠᠨ ᠰᠢᠯᠭᠠᠬᠤ︾ ᠶᠢ ᠪᠠᠷᠢᠮᠲᠠᠯᠠᠵᠤ᠂ ᠪᠦᠬᠦ ᠬᠡᠯᠬᠢᠶ᠎ᠡ᠂ ᠪᠦᠬᠦ ᠶᠠᠪᠤᠴᠠ᠂ ᠪᠦᠬᠦ ᠲᠠᠯ᠎ᠠ ᠶᠢᠨ ᠪᠢᠲᠡᠭᠦᠦ ᠬᠠᠮᠢᠶᠠᠷᠤᠯᠲᠠ ᠶᠢ ᠬᠡᠷᠡᠭᠵᠢᠭᠦᠯᠵᠦ᠂ ᠬᠢᠨᠠᠨ ᠪᠠᠶᠢᠴᠠᠭᠠᠪᠠᠯ ᠵᠣᠬᠢᠬᠤ ᠶᠢ ᠨᠢ ᠪᠦᠬᠦᠨ ᠢ ᠬᠢᠨᠠᠨ ᠪᠠᠶᠢᠴᠠᠭᠠᠵᠤ᠂ ᠬᠢᠨᠠᠨ ᠰᠢᠯᠭᠠᠪᠠᠯ ᠵᠣᠬᠢᠬᠤ ᠶᠢ ᠨᠢ ᠪᠦᠬᠦᠨ ᠢ ᠬᠢᠨᠠᠨ ᠰᠢᠯᠭᠠᠵᠤ᠂ ᠨᠢᠭᠡ ᠶᠢ ᠴᠦ ᠣᠷᠬᠢᠭᠳᠠᠭᠤᠯᠬᠤ ᠦᠭᠡᠢ ᠪᠠᠶᠢᠬᠤ ᠬᠡᠷᠡᠭᠲᠡᠢ᠃ ᠭᠤᠤᠯᠳᠠᠯᠭ᠎ᠠ ᠲᠠᠢ ᠲᠠᠯᠠᠪᠤᠷ ᠭᠠᠵᠠᠷ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠤᠳᠠᠯᠳᠤᠭᠠᠨ ᠤ ᠳᠡᠯᠭᠡᠭᠦᠷ ᠴᠢᠯᠦᠭᠡᠲᠤ ᠳᠡᠯᠭᠡᠭᠦᠷ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠣᠷᠴᠢᠨ ᠲᠣᠭᠤᠷᠢᠨ ᠤ ᠥᠯᠢᠭᠡᠷ ᠡᠳ᠋ ᠢ ᠰᠢᠯᠭᠠᠨ ᠪᠠᠶᠢᠴᠠᠭᠠᠵᠤ ᠂ ᠠᠵᠢᠯᠲᠠᠨ ᠤ ᠳᠤᠯᠠᠭᠠᠨ ᠤ ᠬᠡᠮᠵᠢᠶ᠎ᠡ ᠶᠢ ᠰᠢᠯᠭᠠᠨ ᠪᠠᠶᠢᠴᠠᠭᠠᠬᠤ᠂ ᠰᠢᠨᠵᠢᠯᠡᠬᠦ ᠤᠬᠠᠭᠠᠨᠴᠢ ᠪᠠᠷ ᠠᠮᠠᠪᠴᠢ ᠵᠡᠭᠦᠬᠦ ᠵᠡᠷᠭᠡ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠠᠴᠠ ᠡᠷᠡᠰ ᠵᠠᠶᠢᠯᠠᠰᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠᠨ ᠴᠢᠩᠭᠠᠳᠬᠠᠵᠤ᠂ ᠶᠡᠭᠡ ᠳ᠋ᠠᠶᠢᠲ᠋ᠠ ᠪᠠᠷ ᠬᠢᠨᠠᠨ ᠬᠡᠮᠵᠢᠬᠦ ᠪᠠ ᠰᠦᠯᠵᠢᠶᠡᠨ ᠤ ᠭᠠᠳᠠᠨ᠎ᠠ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠪᠣᠭᠤᠮᠲᠠ ᠪᠠᠨ ᠦᠨᠡᠨ ᠬᠦ ᠤᠷᠤᠭᠰᠢ ᠰᠢᠯᠵᠢᠭᠦᠯᠬᠦ ᠶᠢ ᠪᠡᠶᠡᠯᠡᠭᠦᠯᠬᠦ ᠬᠡᠷᠡᠭᠲᠡᠢ᠃ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠢᠶᠠᠨ ᠰᠠᠶᠢᠲᠤᠷ ᠬᠢᠵᠦ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠵᠢᠭ ᠢ ᠰᠡᠷᠭᠡᠶᠢᠯᠡᠬᠦ ᠡᠳ᠋ ᠪᠣᠳᠠᠰ ᠢ ᠪᠦᠷᠢᠨ ᠬᠦᠢᠴᠡᠳ ᠪᠡᠯᠡᠳᠬᠡᠵᠦ᠂ ᠪᠡᠯᠡᠳᠬᠡᠬᠦ ᠠᠴᠠ ᠪᠢᠰᠢ ᠬᠡᠷᠡᠭᠯᠡᠬᠦ ᠥᠬᠡᠶ ᠪᠠᠶᠢᠵᠤ ᠪᠣᠯᠬᠤ ᠥᠬᠡᠶ᠂ ᠬᠡᠷᠡᠭᠯᠡᠬᠦ ᠠᠴᠠ ᠪᠢᠰᠢ ᠪᠡᠯᠡᠳᠬᠡᠯ ᠥᠬᠡᠶ ᠪᠠᠶᠢᠵᠤ ᠪᠣᠯᠬᠤ ᠥᠬᠡᠶ᠂ ᠭᠡᠨᠡᠳᠲᠡ ᠶᠢᠨ ᠪᠠᠶᠢᠳᠠᠯ ᠳᠤ ᠲᠦᠷᠭᠡᠨ ᠲᠤᠰᠬᠠᠯ ᠭᠠᠷᠭᠠᠵᠤ᠂ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨᠬᠦ ᠪᠠᠲᠤᠯᠠᠬᠤ ᠬᠡᠷᠡᠭᠲᠡᠶ᠃  ︽ᠦᠬᠠᠶ ᠬᠤᠲᠠ ᠶᠢᠨ ᠰᠢᠨ᠎ᠡ ᠲᠢᠳᠢᠮᠯᠢᠭ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠨ ᠰᠢᠯᠭᠠᠬᠤ ᠠᠵᠢᠯ ᠤᠨ ᠲᠥᠰᠦᠯ︾ ᠶᠣᠰᠣᠭᠠᠷ᠂ ᠪᠥᠬᠦ ᠶᠠᠪᠤᠴᠠ ᠶᠢᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠬᠠᠶ ᠳᠤᠨᠢ ᠥᠷᠨᠢᠭᠦᠯᠵᠦ᠂ ᠮᠠᠨ ᠤ ᠬᠤᠲᠠ ᠶᠢᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠴᠢᠳᠠᠪᠤᠷᠢ ᠪᠠ ᠠᠷᠭᠠᠴᠠᠭᠠᠨ ᠲᠤᠰᠬᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠬᠦ ᠬᠡᠷᠡᠭᠲᠡᠶ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠠᠵᠢᠯ ᠤᠨ ᠬᠠᠷᠢᠭᠤᠴᠠᠯᠭ᠎ᠠ ᠶᠢ ᠨᠠᠷᠢᠨ ᠨᠢᠮᠪᠠᠶ ᠨᠠᠶᠢᠳᠠᠪᠤᠷᠢᠵᠢᠭᠤᠯᠵᠤ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠶᠡᠷᠦᠩᠬᠡᠶ ᠬᠠᠷᠢᠭᠤᠴᠠᠯᠭ᠎ᠠ ᠶᠢ ᠲᠦᠷᠦᠭᠦᠯᠡᠨ ᠠᠳᠬᠤᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠯ᠎ᠡ ᠲᠣᠭᠤᠷᠢᠭ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠤᠨ᠂ ᠡᠯ᠎ᠡ ᠰᠠᠯᠠᠭ᠎ᠠ ᠮᠥᠴᠢᠷ ᠬᠠᠷᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠰᠡᠷᠭᠡᠶᠢᠯᠡᠨ ᠡᠵᠡᠮᠳᠡᠬᠦ ᠪᠦᠬᠦᠯᠢ ᠴᠣᠭᠴᠠ ᠶᠢᠨ ᠨᠡᠶᠢᠯᠡᠮᠡᠯ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠬᠦ ᠬᠡᠷᠡᠭᠲᠡᠶ᠃ ᠰᠢᠮᠳᠠᠭᠤᠯᠤᠨ ᠵᠢᠯᠣᠭᠤᠳᠴᠤ ᠪᠠᠶᠢᠴᠠᠭᠠᠬᠤ ᠪᠠᠨ ᠴᠢᠩᠭᠠᠳᠬᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ᠂ ᠭᠤᠷᠪᠠᠨ ᠲᠣᠭᠤᠷᠢᠭ ᠤᠨ ᠭᠤᠤᠯᠳᠠᠯᠭ᠎ᠠ ᠲᠠᠢ ᠠᠵᠢᠯ ᠲᠥᠷᠥᠯ᠂ ᠭᠤᠤᠯᠳᠠᠯᠭ᠎ᠠ ᠲᠠᠢ ᠲᠠᠯᠠᠪᠤᠷ ᠭᠠᠵᠠᠷ᠂ ᠭᠤᠤᠯᠳᠠᠯᠭ᠎ᠠ ᠲᠠᠢ ᠪᠣᠭᠤᠮᠲᠠ ᠳᠤ ᠣᠴᠢᠭᠤᠯᠤᠨ ᠠᠵᠢᠯ ᠥᠷᠨᠢᠭᠦᠯᠵᠦ᠂ ᠡᠮᠵᠡᠭ ᠭᠠᠵᠠᠷ ᠪᠠ ᠲᠦᠭᠰᠢᠭᠦᠷᠢ ᠶᠢᠨ ᠴᠢᠭ ᠢ ᠤᠯᠠᠮ ᠨᠢᠭᠡ ᠠᠯᠬᠤᠮ ᠪᠠᠶᠢᠴᠠᠭᠠᠨ ᠨᠥᠬᠦᠪᠥᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤᠳᠬᠠᠬᠤ ᠬᠡᠷᠡᠭᠲᠡᠶ᠃ ᠤᠬᠠᠭᠤᠯᠤᠨ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂ ᠡᠯ᠎ᠡ ᠲᠥᠷᠥᠯ ᠤᠨ ᠵᠠᠭᠤᠴᠢᠯᠠᠭᠤᠷ ᠤᠨ ᠳᠠᠪᠠᠭᠤᠯᠢᠭ ᠦᠢᠯᠡᠳᠦᠯ ᠢ ᠨᠢ ᠬᠦᠢᠴᠡᠳ ᠪᠠᠳᠠᠷᠠᠭᠤᠯᠤᠨ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠲᠡᠯᠡᠵᠦ᠂ ᠨᠡᠶᠢᠭᠡᠮ ᠤᠨ ᠠᠩᠬᠠᠷᠤᠯ ᠳᠤ ᠬᠠᠷᠢᠭᠤ ᠥᠭᠴᠦ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠶᠢ ᠢᠳᠡᠪᠬᠢᠲᠡᠶ ᠪᠥᠭᠡᠳ ᠰᠠᠨᠠᠭᠠᠴᠢᠯᠠᠭ᠎ᠠ ᠠᠴᠠ ᠪᠠᠨ ᠰᠠᠶᠢᠲᠤᠷ ᠬᠢᠵᠦ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠬᠢᠵᠢᠭᠦᠯᠬᠦ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号