︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠪᠦᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ ᠵᠢᠴᠢ ᠤᠳᠤ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠢ︶ ᠶᠢᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠡᠬᠢᠯᠡᠪᠡ
ᠨᠡᠶᠢᠲᠡᠯᠡᠭᠰᠡᠨ ᠴᠠᠭ᠄
2021/10/21
 

   

     10 ᠰᠠᠷ᠎ᠠ ᠶᠢᠨ 20 ᠤ ᠦᠳᠡ ᠶᠢᠨ ᠡᠮᠦᠨ᠎ᠡ᠂ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ

ᠦᠵᠡᠬᠦᠯᠦᠯᠭᠡ︾ ᠶᠢᠨ ᠪᠦᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ ᠵᠢᠴᠢ ᠤᠳᠤ

ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠢ︶ ᠶᠢᠨ ᠡᠷᠳᠡᠮ ᠰᠢᠨᠵᠢᠯᠡᠭᠡᠨ ᠤ ᠶᠠᠷᠢᠶᠠᠨ ᠤ

ᠲᠠᠪᠴᠠᠩ ᠤᠳᠤ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠡᠬᠢᠯᠡᠪᠡ᠃

ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ

᠂ ᠬᠤᠷᠠᠯ ᠳᠤ ᠰᠠᠭᠤᠭ᠎ᠠ ᠳᠡᠳ᠋ ᠲᠡᠷᠢᠭᠦᠯᠡᠭᠴᠢ ᠯᠢ ᠰᠢᠨ᠂ ᠥᠪᠡᠷᠲᠡᠭᠡᠨ ᠵᠠᠰᠠᠬᠤ ᠣᠷᠣᠨ ᠤ ᠤᠳᠬ᠎ᠠ

ᠤᠷᠠᠯᠢᠭ ᠤᠨ ᠬᠢᠨ ᠤ ᠬᠤᠯᠪᠣᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠵᠢᠶ

ᠰᠢᠶᠤᠤ ᠴᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ

ᠶᠠᠩ ᠶᠢᠨ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠳᠤᠮᠳᠠᠳᠤ

ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠤᠷᠠᠨ

ᠪᠢᠴᠢᠯᠭᠡᠲᠡᠨ ᠤ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂

ᠶᠡᠷᠦᠩᠬᠡᠶ ᠳᠠᠭᠠᠭᠠᠮᠠᠯ ᠯᠢ ᠶᠢᠤ ᠯᠠᠶ ᠡᠬᠢᠯᠡᠯᠲᠡ ᠶᠢᠨ ᠶᠣᠰᠣᠯᠠᠯ ᠳᠤ ᠣᠷᠣᠯᠴᠠᠵᠤ ᠪᠠᠶᠠᠷ ᠤᠨ ᠦᠭᠡ ᠬᠡᠯᠡᠵᠡᠶ᠃

ᠬᠤᠲᠠ ᠶᠢᠨ ᠤᠳᠤᠷᠢᠳᠤᠯᠭ᠎ᠠ ᠹᠧᠩ ᠰᠢᠤᠸᠠᠢ ᠲᠤᠤ᠂ ᠬᠤ᠋ ᠱᠠᠨ ᠱᠦᠨ᠂ ᠳ᠋ᠧᠩ ᠺᠠᠶ᠂ ᠰᠦᠨ ᠬᠤᠤ᠂ ᠯᠢ ᠴᠦᠨ

ᠰᠢᠶᠤᠤ᠂ ᠹᠦ᠋ ᠲᠢᠩ ᠯᠢᠨ ᠨᠡᠷ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠵᠢᠶᠠ ᠴᠢᠩ ᠳ᠋ᠦᠩ ᠡᠬᠢᠯᠡᠯᠲᠡ ᠶᠢᠨ

ᠶᠣᠰᠣᠯᠠᠯ ᠢ ᠡᠷᠬᠢᠯᠡᠵᠡᠢ᠃

     ᠯᠢ ᠰᠢᠨ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ︽ᠳᠤᠮᠳᠠᠳᠤ ᠤᠯᠤᠰ ᠤᠨ ᠤᠷᠠᠨ ᠪᠢᠴᠢᠯᠭᠡ

· ᠣᠨ ᠤ ᠦᠵᠡᠬᠦᠯᠦᠯᠭᠡ︾ ᠪᠣᠯ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠯᠠᠨ ᠲᠢᠩ ᠱᠠᠩᠨᠠᠯ᠂ ᠪᠥᠬᠦ

ᠤᠯᠤᠰ ᠤᠨ ᠤᠷᠠᠨ ᠪᠢᠴᠢᠯᠭᠡ ᠭᠤᠷ ᠰᠡᠶᠢᠯᠦᠮᠡᠯ ᠤᠨ ᠦᠵᠡᠬᠦᠯᠦᠯᠭᠡ ᠶᠢᠨ ᠳᠠᠷᠠᠭᠠᠬᠢ ᠣᠲᠣ ᠦᠶ᠎ᠡ ᠶᠢᠨ ᠤᠷᠠᠨ

ᠪᠢᠴᠢᠯᠭᠡ ᠶᠢᠨ ᠲᠠᠪᠴᠠᠩ ᠤᠨ ᠵᠣᠬᠢᠶᠠᠨ ᠪᠦᠲᠦᠭᠡᠯᠭᠡ ᠪᠠ ᠡᠷᠳᠡᠮ ᠰᠢᠨᠵᠢᠯᠡᠭᠡᠨ ᠤ ᠦᠷ᠎ᠡ ᠪᠦᠲᠦᠭᠡᠯ ᠢ ᠳᠡᠯᠭᠡᠨ

ᠦᠵᠡᠭᠦᠯᠬᠦ ᠪᠠᠰᠠ ᠨᠢᠭᠡᠨ ᠴᠢᠬᠤᠯᠠ ᠲᠠᠪᠴᠠᠩ ᠪᠣᠯᠤᠨ᠎ᠠ᠃ ᠥᠷᠭᠡᠨ ᠤᠯᠠᠨ ᠤᠷᠠᠨ ᠪᠢᠴᠢᠯᠭᠡᠲᠡᠨ ᠪᠣᠯᠤᠨ ᠤᠷᠠᠨ

ᠪᠢᠴᠢᠯᠭᠡ ᠶᠢᠨ ᠠᠵᠢᠯᠲᠠᠳ ᠤᠨ ᠤᠯᠠᠮᠵᠢᠯᠠᠯ ᠢᠶᠠᠨ ᠵᠠᠯᠭᠠᠮᠵᠢᠯᠠᠬᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ

ᠵᠣᠷᠢᠭᠵᠢᠭᠤᠯᠬᠤ᠂ ᠰᠣᠶᠣᠯ ᠢᠷᠭᠡᠨᠰᠢᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠴᠢᠬᠤᠯᠠ

ᠭᠠᠷᠳᠠᠴᠠ ᠪᠠᠶᠢᠵᠤ᠂ ᠤᠨᠤᠯ ᠤᠨ ᠵᠣᠬᠢᠶᠠᠨ ᠪᠦᠲᠦᠭᠡᠯᠭᠡ ᠶᠢ ᠬᠤᠣᠰᠯᠠᠭᠤᠯᠤᠭᠰᠠᠨ ᠤᠷᠠᠨ ᠪᠢᠴᠢᠯᠭᠡ ᠶᠢᠨ

ᠲᠠᠪᠴᠠᠩ ᠤᠨ ᠭᠤᠣᠯᠯᠠᠭᠴᠢ ᠴᠢᠳᠠᠪᠤᠷᠢᠲᠠᠨ ᠢ ᠬᠥᠮᠦᠵᠢᠭᠦᠯᠬᠦ᠂ ᠤᠷᠠᠨ ᠪᠢᠴᠢᠯᠭᠡ ᠶᠢᠨ ᠦᠢᠯᠡᠰ ᠤᠨ ᠴᠡᠴᠡᠭᠯᠡᠨ

ᠬᠥᠭᠵᠢᠬᠦ ᠶᠢ ᠠᠬᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃ ︽ᠳᠤᠮᠳᠠᠳᠤ ᠤᠯᠤᠰ ᠤᠨ ᠤᠷᠠᠨ

ᠪᠢᠴᠢᠯᠭᠡ · ᠣᠨ ᠤ ᠦᠵᠡᠬᠦᠯᠦᠯᠭᠡ︾ ᠶᠢᠨ ᠪᠦᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ

ᠵᠢᠴᠢ ᠤᠳᠤ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠢ︶ ᠶᠢᠨ ᠡᠷᠳᠡᠮ ᠰᠢᠨᠵᠢᠯᠡᠭᠡᠨ ᠤ

ᠶᠠᠷᠢᠶᠠᠨ ᠤ ᠲᠠᠪᠴᠠᠩ ᠤᠨ ᠤᠷᠤᠭᠰᠢᠲᠠᠢ ᠶᠠᠪᠤᠭᠳᠠᠭᠰᠠᠨ ᠵᠢᠴᠢ ᠬᠡᠳᠦᠨ ᠠᠷᠪᠠᠨ ᠵᠢᠯ ᠢ ᠨᠢᠭᠡ ᠯᠡ ᠡᠳᠦᠷ ᠮᠡᠲᠦ ᠪᠠᠷ

ᠤᠷᠠᠨ ᠪᠢᠴᠢᠯᠭᠡ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠤᠭᠰᠠᠨ ᠨᠢ ᠦᠬᠠᠢ

ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠳᠠ ᠶᠢᠨ ᠬᠡᠯᠪᠡᠷᠢ ᠪᠠᠨ ᠬᠤᠪᠢᠷᠠᠭᠤᠯᠵᠤ᠂

ᠰᠣᠶᠣᠯ ᠢᠶᠠᠷ ᠬᠤᠳᠠ ᠪᠠᠨ ᠬᠦᠴᠦᠷᠬᠡᠭᠵᠢᠭᠦᠯᠦᠭᠰᠡᠨ ᠢ ᠬᠠᠷᠠᠭᠤᠯᠵᠤ ᠪᠠᠶᠢᠨ᠎ᠠ᠃ ᠳᠤᠮᠳᠠᠳᠤ ᠶᠢᠨ ᠰᠢᠯᠢᠳᠡᠭ

ᠤᠯᠠᠮᠵᠢᠯᠠᠯᠲᠤ ᠰᠣᠶᠣᠯ ᠢ ᠪᠠᠳᠠᠷᠠᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠠᠨ ᠪᠢᠴᠢᠯᠭᠡ ᠨᠢ ᠦᠬᠠᠶ

ᠬᠤᠲᠠ ᠳᠤ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠪᠠ ᠰᠡᠳᠬᠢᠯ ᠬᠥᠳᠡᠯᠭᠡᠮ᠎ᠡ ᠲᠠᠲᠠᠬᠤ ᠬᠦᠴᠦᠨ ᠲᠠᠢ

ᠪᠣᠯᠵᠠᠶ᠃ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠦᠬᠠᠢ ᠬᠤᠳᠠ ᠶᠢ ᠤᠷᠠᠨ

ᠪᠢᠴᠢᠯᠭᠡ ᠶᠢᠨ ᠦᠢᠯᠡᠰ ᠤᠨ ᠥᠷᠨᠢᠩᠭᠦᠢ ᠬᠥᠭᠵᠢᠯᠲᠡ ᠶᠢᠨ ᠴᠢᠬᠤᠯᠠ ᠴᠤᠩᠬᠤᠪᠴᠢ ᠪᠣᠯᠭᠠᠨ ᠪᠦᠳᠦᠬᠡᠨ

ᠪᠠᠶᠢᠭᠤᠯᠬᠤ ᠶᠢ ᠦᠷᠭᠦᠯᠵᠢᠯᠡᠨ ᠳᠡᠮᠵᠢᠵᠦ᠂ ᠤᠷᠠᠨ ᠪᠢᠴᠢᠯᠭᠡ ᠶᠢᠨ ᠬᠤᠳᠠ ᠶᠢᠨ ᠪᠦᠳᠦᠬᠡᠨ ᠪᠠᠶᠢᠭᠤᠯᠤᠯᠲᠠ ᠶᠢ ᠨᠡᠩ

ᠥᠨᠳᠥᠷ ᠲᠦᠪᠰᠢᠨ ᠳᠤ ᠬᠦᠷᠭᠡᠨ᠎ᠡ ᠬᠡᠵᠡᠢ᠃

     ᠵᠢᠶ ᠰᠢᠶᠤᠤ ᠴᠢᠩ ᠵᠢᠭᠠᠵᠤ ᠭᠠᠷᠭᠠᠭᠰᠠᠨ ᠨᠢ᠂ ᠦᠬᠠᠶ ᠬᠤᠲᠠ ᠶᠢ 2008 ᠣᠨ ᠳᠤ ᠳᠤᠮᠳᠠᠳᠤ

ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ︽ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠬᠤᠲᠠ︾

ᠭᠡᠵᠦ ᠨᠡᠷᠡᠶᠢᠳᠦᠭᠰᠡᠨ ᠠᠴᠠ ᠨᠠᠰᠢ᠂ ᠠᠵᠢᠯ ᠦᠢᠯᠡᠰ ᠪᠠ ᠠᠵᠤ ᠦᠢᠯᠡᠰ ᠢ ᠵᠡᠷᠭᠡ ᠪᠠᠷ ᠬᠥᠭᠵᠢᠭᠦᠯᠬᠦ᠂ ᠬᠠᠮᠠᠭᠠᠯᠠᠬᠤ

ᠪᠠ ᠬᠥᠭᠵᠢᠭᠦᠯᠬᠦ ᠶᠢ ᠵᠡᠷᠭᠡ ᠪᠠᠷ ᠬᠥᠭᠵᠢᠭᠦᠯᠬᠦ᠂ ᠣᠨᠴᠠᠯᠢᠭ ᠪᠠ ᠨᠠᠷᠠᠲᠤ ᠲᠡᠮᠳᠡᠭᠲᠦ ᠶᠢ ᠬᠠᠮᠲᠤ ᠪᠠᠷ ᠭᠥᠷᠳᠡᠬᠦ

ᠤᠳᠬ᠎ᠠ ᠤᠷᠠᠯᠢᠭ ᠤᠨ ᠬᠥᠭᠵᠢᠯᠲᠡ ᠶᠢᠨ ᠰᠢᠨ᠎ᠡ ᠵᠠᠮ ᠢ ᠨᠡᠭᠡᠭᠡᠵᠦ᠂ ᠪᠥᠬᠦ ᠣᠷᠣᠨ ᠤ ᠡᠯ᠎ᠡ ᠭᠠᠵᠠᠷ ᠤᠨ ᠤᠳᠬ᠎ᠠ

ᠤᠷᠠᠯᠢᠭ ᠤᠨ ᠦᠢᠯᠡᠰ ᠪᠠ ᠰᠣᠶᠣᠯ ᠤᠨ ᠠᠵᠤ ᠦᠢᠯᠡᠰ ᠤᠨ ᠬᠥᠭᠵᠢᠯᠲᠡ ᠳᠤ ᠠᠰᠢᠭᠲᠠᠶ ᠲᠤᠷᠰᠢᠯᠭ᠎ᠠ ᠪᠠ

ᠪᠦᠲᠦᠮᠵᠢᠲᠡᠶ ᠠᠷᠭ᠎ᠠ ᠬᠡᠮᠵᠢᠶ᠎ᠡ ᠬᠠᠩᠭᠠᠭᠰᠠᠨ ᠪᠠᠶᠢᠨ᠎ᠠ᠃ ᠦᠬᠠᠢ ᠬᠤᠳᠠ ᠶᠢᠨ ᠬᠢᠨ ᠲᠤᠰ ᠣᠳᠠᠭᠠᠨ ᠤ

ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠭᠠᠵᠠᠷ ᠣᠷᠣᠨ ᠤ ᠤᠨᠴᠠᠯᠢᠬᠳᠤ ᠰᠣᠶᠣᠯ ᠤᠨ ᠪᠠᠶᠢᠭᠤᠯᠤᠯᠲᠠ ᠶᠢ

ᠦᠷᠭᠦᠯᠵᠢᠯᠡᠨ ᠠᠬᠢᠭᠤᠯᠵᠤ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ · ᠦᠬᠠᠢ︾ ᠶᠢᠨ ᠲᠦᠷᠦᠯ

ᠲᠡᠮᠳᠡᠭ ᠤᠨ ᠨᠥᠯᠥᠭᠡᠯᠡᠬᠦ ᠬᠦᠴᠦᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠵᠡᠰᠬᠦᠯᠡᠩᠲᠦ ᠰᠠᠶᠢᠬᠠᠨ

ᠥᠪᠥᠷ ᠮᠣᠩᠭᠤᠯ ᠢᠶᠠᠨ ᠪᠦᠳᠦᠬᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ

ᠪᠠᠶᠢᠨ᠎ᠠ᠃ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠢᠨ ᠥᠩᠭᠡᠷᠡᠭᠰᠡᠨ ᠲᠠᠢ ᠪᠠᠨ

ᠠᠳᠠᠯᠢ ᠪᠠᠷ ᠦᠬᠠᠢ ᠶᠢ ᠳᠡᠮᠵᠢᠵᠦ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠦᠢᠯᠡᠰ ᠤᠨ

ᠬᠥᠭᠵᠢᠯᠲᠡ ᠶᠢ ᠳᠡᠮᠵᠢᠵᠦ᠂ ᠬᠠᠮᠲᠤᠪᠠᠷ ᠵᠥᠪᠳᠡᠯᠴᠡᠬᠦ᠂ ᠬᠠᠮᠲᠤᠪᠠᠷ ᠰᠤᠳᠤᠯᠬᠤ᠂ ᠬᠠᠮᠲᠤᠪᠠᠷ ᠪᠠᠶᠢᠭᠤᠯᠬᠤ ᠪᠠᠨ

ᠲᠠᠰᠤᠷᠠᠯᠲᠠ ᠦᠭᠡᠢ ᠴᠢᠩᠭᠠᠳᠬᠠᠵᠤ᠂ ᠤᠷᠠᠨ ᠪᠢᠴᠢᠯᠭᠡ ᠶᠢᠨ ᠦᠢᠯᠡᠰ ᠤᠨ ᠬᠠᠮᠵᠢᠯᠴᠠᠨ ᠬᠥᠭᠵᠢᠬᠦ ᠶᠢ ᠬᠠᠮᠲᠤᠪᠠᠷ

ᠠᠬᠢᠭᠤᠯᠵᠤ᠂ ᠤᠷᠠᠨ ᠪᠢᠴᠢᠯᠭᠡ ᠶᠢᠨ ᠦᠢᠯᠡᠰ ᠤᠨ ᠴᠡᠴᠡᠭᠯᠡᠨ ᠬᠥᠭᠵᠢᠬᠦ ᠶᠢ ᠬᠠᠮᠲᠤᠪᠠᠷ ᠠᠬᠢᠭᠤᠯᠵᠤ᠂ ᠦᠶ᠎ᠡ ᠶᠢᠨ

ᠦᠶ᠎ᠡ ᠳᠡᠭᠡᠨ ᠤᠯᠠᠮᠵᠢᠯᠠᠵᠤ᠂ ᠳᠠᠬᠢᠨᠲᠠ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠶᠢ ᠬᠦᠰᠡᠵᠦ ᠪᠠᠶᠢᠨ᠎ᠠ ᠬᠡᠵᠡᠢ

     ᠶᠠᠩ ᠶᠢᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠲᠠ ᠰᠢ ᠶᠢᠨ ᠫᠢᠩ ᠤᠨ ᠰᠢᠨ᠎ᠡ

ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ

ᠰᠤᠷᠤᠯᠴᠠᠨ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠤᠯ ᠤᠨ ᠰᠠᠪᠠ ᠭᠠᠵᠠᠷ ᠤᠨ

ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠤᠬᠠᠶ ᠴᠢᠬᠤᠯᠠ ᠶᠠᠷᠢᠶᠠᠨ ᠤ ᠵᠣᠷᠢᠭ

ᠰᠠᠨᠠᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠷᠠᠨ ᠪᠢᠴᠢᠯᠭᠡ ᠶᠢᠨ ᠦᠢᠯᠡᠰ ᠤᠨ ᠬᠥᠭᠵᠢᠯᠲᠡ ᠶᠢ

ᠭᠠᠵᠠᠷ ᠣᠷᠣᠨ ᠤ ᠤᠨᠴᠠᠯᠢᠭᠳᠤ ᠰᠣᠶᠣᠯ ᠤᠨ ᠪᠠᠶᠢᠭᠤᠯᠤᠯᠲᠠ ᠶᠢᠨ ᠪᠠᠶᠢᠯᠳᠤᠬᠤ ᠪᠣᠳᠣᠯᠭ᠎ᠠ ᠶᠢᠨ ᠭᠤᠤᠯᠳᠠᠯᠭ᠎ᠠ

ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠤᠷᠠᠨ ᠪᠢᠴᠢᠯᠭᠡ ᠶᠢᠨ ᠤᠷᠠᠯᠢᠭ ᠢ ᠶᠡᠬᠡᠪᠡᠷ ᠤᠯᠠᠮᠵᠢᠯᠠᠨ

ᠪᠠᠳᠠᠷᠠᠭᠤᠯᠵᠤ᠂ ᠤᠷᠠᠨ ᠪᠢᠴᠢᠯᠭᠡ ᠶᠢᠨ ᠦᠢᠯᠡᠰ ᠲᠤ ᠥᠷᠨᠢᠩᠭᠦᠶ ᠬᠥᠭᠵᠢᠭᠰᠡᠨ ᠰᠠᠶᠢᠨ ᠰᠠᠶᠢᠬᠠᠨ ᠪᠠᠶᠢᠳᠠᠯ ᠲᠠᠢ

ᠪᠤᠯᠭᠠᠪᠠ᠃ ᠡᠨᠡ ᠣᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠳᠤᠮᠳᠠᠳᠤ ᠤᠯᠤᠰ ᠤᠨ ᠤᠷᠠᠨ ᠪᠢᠴᠢᠯᠭᠡ ᠶᠢᠨ

ᠰᠣᠶᠣᠯ ᠢ ᠪᠠᠳᠠᠷᠠᠭᠤᠯᠬᠤ ᠳᠤ ᠠᠰᠢᠭᠲᠠᠶ ᠲᠣᠬᠢᠶᠠᠯ ᠣᠯᠭᠤᠵᠤ᠂ ᠤᠷᠠᠨ ᠪᠢᠴᠢᠯᠭᠡ ᠶᠢᠨ ᠤᠷᠠᠯᠢᠭ ᠢ ᠤᠯᠠᠮᠵᠢᠯᠠᠨ

ᠬᠥᠭᠵᠢᠭᠦᠯᠬᠦ ᠶᠢ ᠬᠦᠴᠦᠲᠡᠶ ᠠᠬᠢᠭᠤᠯᠵᠤ᠂ ᠤᠷᠠᠨ ᠪᠢᠴᠢᠯᠭᠡ ᠶᠢᠨ ᠤᠷᠠᠯᠢᠭ ᠤᠨ ᠦᠵᠡᠯ ᠰᠠᠨᠠᠭᠠᠨ ᠤ ᠠᠭᠤᠯᠬᠤᠨ

ᠪᠠ ᠤᠷᠠᠯᠢᠭ ᠤᠨ ᠦᠨ᠎ᠡ ᠥᠷᠲᠡᠭ ᠢ ᠳᠡᠭᠡᠭᠰᠢᠯᠡᠭᠦᠯᠵᠦ᠂ ᠤᠷᠠᠨ ᠪᠢᠴᠢᠯᠭᠡ ᠶᠢᠨ ᠦᠢᠯᠡᠰ ᠢ ᠰᠢᠨ᠎ᠡ ᠳᠡᠭᠲᠡᠷ ᠲᠤ

ᠭᠠᠷᠭᠠᠬᠤ ᠨᠢ ᠯᠠᠪᠲᠠᠶ ᠶᠤᠮ᠃ ᠦᠬᠠᠢ ᠬᠤᠳᠠ ᠶᠢᠨ ᠬᠢᠨ ᠰᠣᠶᠣᠯ ᠤᠨ ᠢᠲᠡᠭᠡᠯ ᠢᠶᠠᠨ ᠲᠠᠰᠤᠷᠠᠯᠳᠠ ᠦᠬᠡᠢ

ᠪᠠᠲᠤᠳᠬᠠᠵᠤ᠂ ᠰᠣᠶᠣᠯ ᠤᠨ ᠭᠧᠨ ᠢ ᠤᠯᠠᠮᠵᠢᠯᠠᠵᠤ᠂ ᠤᠷᠠᠨ ᠪᠢᠴᠢᠯᠭᠡ ᠪᠠᠷ ᠳᠠᠭᠠᠭᠤᠯᠤᠭᠰᠠᠨ ᠭᠠᠵᠠᠷ ᠣᠷᠣᠨ ᠤ

ᠤᠨᠴᠠᠯᠢᠬᠳᠤ ᠰᠣᠶᠣᠯ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠤᠨ ᠠᠵᠤ

ᠦᠢᠯᠡᠰ ᠤᠨ ᠬᠥᠭᠵᠢᠯᠲᠡ ᠶᠢ ᠲᠦᠷᠭᠡᠳᠬᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠠᠬᠢᠭᠤᠯᠵᠤ᠂ ᠠᠵᠤ

ᠠᠬᠤᠢ ᠶᠢᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠨ᠎ᠡ

ᠰᠢᠪᠲᠤᠯᠤᠯᠲᠠ ᠲᠠᠢ ᠪᠤᠯᠵᠤ᠂ ᠶᠡᠭᠡ ᠬᠥᠭᠵᠢᠯᠲᠡ ᠲᠠᠢ ᠪᠣᠯᠬᠤ ᠶᠢ ᠠᠬᠢᠭᠤᠯᠬᠤ ᠪᠣᠯᠤᠨ᠎ᠠ ᠬᠡᠵᠡᠢ᠃

     ᠯᠢ ᠶᠢᠦ ᠯᠠᠢ ᠢᠯᠡᠷᠭᠡᠶᠢᠯᠡᠭᠰᠡᠨ ᠨᠢ᠂ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾

 ᠶᠢᠨ ᠰᠢᠷᠢᠰ ᠠᠵᠢᠯᠯᠠᠭ᠎ᠠ ᠶᠢ ᠡᠷᠬᠢᠯᠡᠭᠰᠡᠡ ᠨᠢ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ · ᠦᠬᠠᠢ︾

 ᠶᠢᠨ ᠬᠤᠳᠠ ᠶᠢᠨ ᠨᠡᠷ᠎ᠡ ᠶᠢᠨ ᠬᠠᠭᠤᠳᠠᠰᠤ ᠶᠢ ᠤᠯᠠᠮ ᠨᠢᠭᠡ ᠠᠯᠬᠤᠮ ᠭᠡᠷᠡᠯᠳᠦᠬᠦᠯᠬᠦ᠂ ᠤᠷᠠᠨ ᠪᠢᠴᠢᠯᠭᠡ ᠶᠢᠨ

ᠦᠢᠯᠡᠰ ᠤᠨ ᠬᠥᠭᠵᠢᠯᠲᠡ ᠶᠢᠨ ᠠᠷᠭ᠎ᠠ ᠵᠠᠮ ᠢ ᠥᠷᠭᠡᠳᠬᠡᠬᠦ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ

ᠪᠠᠲᠤᠳᠬᠠᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠵᠡᠢ᠃ ᠳᠤᠮᠳᠠᠳᠤ ᠤᠯᠤᠰ ᠤᠨ ᠤᠷᠠᠨ

ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠺᠣᠮᠫᠠᠨᠢ ᠦᠬᠠᠢ ᠬᠤᠳᠠ ᠯᠤᠭ᠎ᠠ ᠥᠷᠭᠡᠨ ᠳᠡᠯᠭᠡᠷ ᠨᠥᠯᠥᠭᠡ ᠲᠠᠢ᠂

ᠡᠷᠳᠡᠮ ᠰᠢᠨᠵᠢᠯᠡᠭᠡᠨ ᠤ ᠦᠨᠳᠦᠷᠴᠡ ᠲᠠᠢ᠂ ᠴᠠᠭ ᠦᠶ᠎ᠡ ᠶᠢᠨ ᠬᠠᠯᠠᠭᠤᠨ ᠳᠤᠯᠠᠭᠠᠨ ᠪᠠ ᠬᠦᠳᠦᠯᠦᠨ ᠳᠠᠭᠠᠭᠤᠯᠬᠤ

ᠦᠢᠯᠡᠳᠦᠯ ᠲᠠᠢ ᠠᠯᠢ ᠤᠯᠠᠨ ᠴᠢᠨᠠᠷ ᠰᠠᠶᠢᠲᠠᠢ ᠠᠵᠢᠯᠯᠠᠭ᠎ᠠ ᠥᠷᠨᠢᠭᠦᠯᠵᠦ᠂ ᠦᠬᠠᠢ ᠶᠢᠨ ᠤᠷᠠᠨ ᠪᠢᠴᠢᠯᠭᠡ ᠶᠢᠨ

ᠦᠢᠯᠡᠰ ᠤᠨ ᠴᠡᠴᠡᠭᠯᠡᠨ ᠬᠥᠭᠵᠢᠬᠦ ᠳᠤ ᠤᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠬᠡᠵᠡᠢ᠃

     ᠡᠬᠢᠯᠡᠯᠲᠡ ᠶᠢᠨ ᠶᠣᠰᠣᠯᠠᠯ ᠳᠡᠭᠡᠷ᠎ᠡ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠬᠠᠮᠲᠤ ᠪᠠᠷ

ᠲᠡᠷᠢᠭᠦᠯᠡᠭᠴᠢ ᠶᠢᠨ ᠲᠠᠶᠢᠰᠠᠨ ᠳᠤ ᠭᠠᠷᠴᠤ᠂ ᠬᠠᠮᠲᠤ ᠪᠠᠷ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ

ᠦᠵᠡᠬᠦᠯᠦᠯᠭᠡ︾ ᠶᠢᠨ ᠪᠦᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ ᠢ ᠡᠬᠢᠯᠡᠭᠦᠯᠵᠡᠢ᠃

ᠡᠬᠢᠯᠡᠯᠲᠡ ᠶᠢᠨ ᠶᠣᠰᠣᠯᠠᠯ ᠤᠨ ᠲᠠᠷᠠᠭ᠎ᠠ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠪᠣᠯᠤᠨ ᠵᠣᠴᠢᠳ ᠪᠠᠰᠠ ︽

ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠪᠦᠬᠦ ᠤᠯᠤᠰ ᠤᠨ ᠤᠷᠠᠨ

ᠪᠢᠴᠢᠯᠭᠡ ᠶᠢᠨ ᠪᠦᠲᠦᠭᠡᠯ ᠤᠨ ᠦᠵᠡᠬᠦᠯᠦᠯᠭᠡ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ ·

ᠦᠬᠠᠢ ᠶᠢᠨ ᠪᠦᠳᠦᠬᠡᠨ ᠪᠠᠶᠢᠭᠤᠯᠤᠯᠲᠠ ᠶᠢᠨ ᠲᠡᠦᠬᠡᠨ ᠶᠠᠪᠤᠴᠠ ᠶᠢᠨ ᠦᠵᠡᠬᠦᠯᠦᠯᠭᠡ᠂ ︽ᠳᠤᠮᠳᠠᠳᠤ ᠤᠯᠤᠰ ᠤᠨ

ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠤᠳᠤ ᠦᠶ᠎ᠡ ᠶᠢᠨ ᠤᠷᠠᠨ ᠪᠢᠴᠢᠯᠭᠡ ᠶᠢᠨ ᠲᠠᠪᠴᠠᠩ ᠤᠨ

ᠨᠡᠷᠡᠳᠤ ᠠᠬᠠᠮᠠᠳ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠬᠦᠯᠦᠯᠭᠡ ᠵᠡᠷᠭᠡ ᠦᠵᠡᠬᠦᠯᠦᠯᠭᠡ ᠢ

ᠲᠣᠭᠤᠷᠢᠨ ᠦᠵᠡᠪᠡ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号