︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾ ᠶᠢᠨ ᠣᠲᠣ ᠦᠶ᠎ᠡ ᠶᠢᠨ ᠤᠷᠠᠨ ᠪᠢᠴᠢᠯᠭᠡᠲᠡᠨ ᠤ ᠠᠯᠳᠠᠷᠲᠤ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ ᠡᠬᠢᠯᠡᠪᠡ
ᠨᠡᠶᠢᠲᠡᠯᠡᠭᠰᠡᠨ ᠴᠠᠭ᠄
2021/10/21
     10 ᠰᠠᠷ᠎ᠠ ᠶᠢᠨ 20 ᠤ ᠡᠳᠦᠷ᠂ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠬᠦᠯᠦᠯᠭᠡ︾  ᠶᠢᠨ ᠣᠲᠣ ᠦᠶ᠎ᠡ ᠶᠢᠨ ᠤᠷᠠᠨ ᠪᠢᠴᠢᠯᠭᠡᠲᠡᠨ ᠤ ᠠᠯᠳᠠᠷᠲᠤ ᠤᠷᠠᠨ ᠪᠢᠴᠢᠯᠭᠡᠲᠡᠨ ᠤ ᠪᠦᠲᠦᠭᠡᠯ ᠤᠨ ᠤᠷᠢᠯᠭ᠎ᠠ ᠶᠢᠨ ᠦᠵᠡᠭᠦᠯᠦᠯᠭᠡ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠤᠷᠠᠯᠢᠭ ᠤᠨ ᠣᠷᠳᠣᠨ ᠳᠤ ᠶᠠᠪᠤᠭᠳᠠᠪᠠ᠃      ᠲᠤᠰ ᠤᠳᠠᠭᠠᠨ ᠤ ᠤᠷᠢᠯᠭ᠎ᠠ ᠶᠢᠨ ᠦᠵᠡᠭᠦᠯᠦᠯᠭᠡ ᠬᠦᠴᠦᠷᠬᠡᠭ ᠶᠡᠭᠡ ᠰᠦᠷ ᠵᠢᠪᠬᠤᠭ᠎ᠠ ᠲᠠᠢ ᠶᠠᠪᠤᠭᠳᠠᠵᠤ᠂ ᠱᠧᠨ ᠫᠧᠩ᠂ ᠵᠠᠩ ᠬᠠᠶ᠂ ᠰᠦ ᠱᠢ ᠱᠣ᠋ ᠪᠠᠷ ᠲᠥᠯᠥᠭᠡᠯᠡᠭᠦᠯᠦᠭᠰᠡᠨ ᠪᠦᠬᠦ ᠤᠯᠤᠰ ᠤᠨ 115 ᠨᠡᠷᠡᠰ ᠣᠳᠣ ᠦᠶ᠎ᠡ ᠶᠢᠨ ᠨᠣᠮ ᠤᠨ ᠲᠠᠪᠴᠠᠩ ᠤᠨ ᠠᠯᠳᠠᠷᠲᠤ ᠠᠬᠠᠮᠠᠳ ᠤᠷᠠᠨ ᠪᠢᠴᠢᠯᠭᠡᠲᠡᠨ ᠤ ᠰᠣᠳᠣᠨ ᠪᠦᠲᠦᠭᠡᠯ ᠢ ᠳᠡᠯᠭᠡᠨ ᠦᠵᠡᠭᠦᠯᠵᠡᠶ᠃ ᠲᠡᠳᠡ ᠨᠠᠰᠤ ᠠᠬᠢᠭᠰᠠᠨ ᠪᠤᠯᠪᠠᠴᠣ ᠡᠷᠳᠡᠮ ᠮᠡᠳᠡᠯᠭᠡ ᠲᠠᠢ ᠪᠠᠷ ᠢᠶᠠᠨ ᠣᠷᠠᠨ ᠪᠢᠴᠢᠯᠭᠡ ᠶᠢᠨ ᠲᠠᠪᠴᠠᠩ ᠤᠨ ᠬᠡᠪ ᠳᠠᠭᠤᠷᠢᠶᠠᠯ ᠪᠣᠯᠤᠭᠰᠠᠨ ᠪᠠᠶᠢᠨ᠎ᠠ᠃ 100 ᠭᠠᠷᠤᠶ ᠰᠣᠳᠣᠨ ᠪᠦᠲᠦᠭᠡᠯ ᠢ ᠳᠡᠯᠭᠡᠨ ᠦᠵᠡᠭᠦᠯᠵᠦ ᠂ ᠤᠷᠠᠨ ᠪᠢᠴᠢᠯᠭᠡ ᠶᠢᠨ ᠲᠢᠭ ᠨᠢ ᠪᠦᠷᠢᠨ᠂ ᠬᠡᠪ ᠨᠠᠮᠪᠠ ᠨᠢ ᠣᠯᠠᠨ ᠶᠠᠩᠵᠤ ᠶᠢᠨ᠂ ᠴᠤᠭ ᠵᠢᠪᠬᠤᠭ᠎ᠠ ᠪᠠᠷ ᠪᠠᠶᠠᠯᠢᠭ᠂ ᠦᠵᠡᠭᠦᠯᠦᠯᠭᠡ ᠳᠤ ᠣᠷᠣᠯᠴᠠᠭᠰᠠᠨ ᠠᠬᠠᠮᠠᠳ ᠤᠷᠠᠨ ᠪᠢᠴᠢᠯᠭᠡᠲᠡᠨ ᠤ ᠤᠷᠠᠯᠢᠭ ᠤᠨ ᠠᠮᠵᠢᠯᠲᠠ ᠪᠦᠲᠦᠮᠵᠢ᠂ ᠰᠣᠶᠣᠯ ᠤᠨ ᠠᠭᠤᠯᠬᠤᠨ᠂ ᠡᠷᠳᠡᠮ ᠪᠣᠯᠪᠠᠰᠤᠷᠠᠯ ᠤᠨ ᠬᠡᠪ ᠨᠠᠮᠪᠠ ᠪᠠ ᠬᠥᠮᠦᠨ ᠤ ᠠᠮᠢᠳᠤᠷᠠᠯ ᠤᠨ ᠠᠬᠤᠶ ᠪᠠᠶᠢᠳᠠᠯ ᠢ ᠬᠦᠢᠴᠡᠳ ᠳᠡᠯᠭᠡᠨ ᠦᠵᠡᠭᠦᠯᠵᠡᠶ᠃ ᠦᠵᠡᠭᠦᠯᠦᠯᠭᠡ ᠳᠤ ᠣᠷᠣᠯᠴᠠᠭᠰᠠᠨ ᠪᠦᠲᠦᠭᠡᠯ ᠤᠳ ᠢ ᠣᠲᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠥᠨᠢᠳᠡ ᠬᠠᠳᠠᠭᠠᠯᠠᠵᠤ᠂ ᠪᠥᠬᠦ ᠤᠯᠤᠰ ᠤᠨ ᠤᠷᠠᠨ ᠪᠢᠴᠢᠯᠭᠡ ᠶᠢᠨ ᠬᠢᠨ ᠵᠢᠴᠢ ᠮᠠᠨ ᠤ ᠬᠤᠲᠠ ᠳᠤ ᠬᠤᠪᠣᠷ ᠨᠠᠨᠳᠢᠨ ᠤᠷᠠᠯᠢᠭ ᠤᠨ ᠡᠳ᠋ ᠪᠠᠶᠠᠯᠢᠭ ᠦᠯᠡᠳᠡᠭᠡᠨ ᠥᠭᠴᠦ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ︾ ᠶᠢᠨ ᠨᠠᠷᠠᠲᠤ ᠲᠡᠮᠳᠡᠭ ᠤᠨ ᠠᠭᠤᠯᠬᠤᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠭᠰᠡᠨ ᠪᠠᠶᠢᠨ᠎ᠠ᠃      ᠤᠷᠢᠯᠭ᠎ᠠ ᠶᠢᠨ ᠦᠵᠡᠭᠦᠯᠦᠯᠭᠡ ᠶᠢ ᠣᠳᠣ ᠦᠶ᠎ᠡ ᠶᠢᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠤᠷᠠᠯᠢᠭ ᠤᠨ ᠣᠷᠳᠣᠨ ᠳᠤ ᠤᠷᠲᠤ ᠬᠤᠭᠤᠴᠠᠭ᠎ᠠ ᠪᠠᠷ ᠲᠡᠯᠭᠡᠨ ᠦᠵᠡᠬᠦᠯᠬᠦ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号