ᠲᠠᠩ ᠢ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠠᠯ ᠳᠤ ᠰᠠᠭᠤᠭ᠎ᠠ ᠳᠡᠳ᠋ ᠲᠡᠷᠢᠭᠦᠯᠡᠭᠴᠢ ᠯᠢ ᠰᠢᠨ ᠨᠡᠷ ᠲᠠᠢ ᠠᠭᠤᠯᠵᠠᠪᠠ
ᠨᠡᠶᠢᠲᠡᠯᠡᠭᠰᠡᠨ ᠴᠠᠭ᠄
2021/10/22
     10 ᠰᠠᠷ᠎ᠠ ᠶᠢᠨ 20 ᠤ ᠦᠳᠡ ᠶᠢᠨ ᠬᠤᠶᠢᠨ᠎ᠠ᠂ ᠬᠤᠳᠠ ᠶᠢᠨ ᠨᠠᠮ ᠤᠨ ᠬᠤᠷᠢᠶᠠᠨ ᠤ ᠱᠦᠵᠢ ᠲᠠᠩ ᠢ ᠦᠬᠠᠢ ᠳᠤ ︽ᠳᠤᠮᠳᠠᠳᠤ ᠤᠯᠤᠰ ᠤᠨ ᠤᠷᠠᠨ ᠪᠢᠴᠢᠯᠭᠡ · ᠣᠨ ᠤ ᠦᠵᠡᠭᠦᠯᠦᠯᠭᠡ︾ ᠶᠢᠨ ᠪᠦᠬᠦ ᠤᠯᠤᠰ ᠤᠨ ᠤᠷᠠᠨ ᠪᠢᠴᠢᠯᠭᠡ ᠶᠢᠨ ᠪᠦᠲᠦᠭᠡᠯ ᠤᠨ ᠦᠵᠡᠭᠦᠯᠦᠯᠭᠡ ᠵᠢᠴᠢ ᠤᠳᠤ ᠦᠶ᠎ᠡ ᠶᠢᠨ ᠤᠷᠠᠨ ᠪᠢᠴᠢᠯᠭᠡ ᠶᠢᠨ ᠵᠣᠬᠢᠶᠠᠨ ᠪᠦᠲᠦᠭᠡᠯᠭᠡ ︵ᠦᠬᠠᠢ︶ ᠶᠢᠨ ᠡᠷᠳᠡᠮ ᠰᠢᠨᠵᠢᠯᠡᠭᠡᠨ ᠤ ᠶᠠᠷᠢᠶᠠᠨ ᠤ ᠲᠠᠪᠴᠠᠩ ᠳᠤ ᠣᠷᠣᠯᠴᠠᠬᠤ ᠪᠠᠷ ᠢᠷᠡᠭᠰᠡᠨ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠤᠪᠢᠶᠠᠷᠢ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠷᠠᠯ ᠳᠤ ᠰᠠᠭᠤᠭ᠎ᠠ ᠳᠡᠳ᠋ ᠲᠡᠷᠢᠭᠦᠯᠡᠭᠴᠢ ᠯᠢ ᠰᠢᠨ ᠨᠡᠷ ᠲᠠᠢ ᠠᠭᠤᠯᠵᠠᠪᠠ᠃ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠬᠡᠷᠡᠭ ᠡᠷᠬᠢᠯᠡᠭᠴᠢ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ᠂ ᠶᠡᠷᠦᠩᠬᠡᠢ ᠳᠠᠭᠠᠭᠠᠮᠠᠯ ᠯᠢ ᠶᠢᠦ ᠯᠠᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠢ ᠴᠦᠨ ᠰᠢᠶᠤᠤ ᠠᠭᠤᠯᠵᠠᠯᠲᠠ ᠳᠤ ᠣᠷᠣᠯᠴᠠᠪᠠ᠃      ᠲᠠᠩ ᠢ ᠯᠢ ᠰᠢᠨ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠠᠩ ᠢ ᠬᠡᠯᠡᠭᠰᠡᠨ ᠨᠢ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠤᠨ ᠤᠯᠠᠨ ᠵᠢᠯ ᠤᠨ ᠲᠤᠷᠰᠢ ᠦᠬᠠᠢ ᠬᠤᠳᠠ ᠶᠢᠨ ᠤᠷᠠᠨ ᠪᠢᠴᠢᠯᠭᠡ ᠶᠢᠨ ᠬᠤᠳᠠ ᠶᠢᠨ ᠪᠦᠳᠦᠬᠡᠨ ᠪᠠᠶᠢᠭᠤᠯᠤᠯᠲᠠ ᠶᠢ ᠴᠢᠬᠤᠯᠠᠴᠢᠯᠠᠨ ᠬᠠᠯᠠᠮᠵᠢᠯᠠᠵᠤ ᠪᠦᠬᠦ ᠬᠦᠴᠦᠨ ᠢᠶᠠᠷ ᠢᠶᠠᠨ ᠳᠡᠮᠵᠢᠵᠤ᠂ ᠪᠢᠳᠡᠨ ᠢ ᠬᠠᠪᠰᠤᠷᠴᠤ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠳᠠ · ᠦᠬᠠᠢ︾ ᠭᠡᠬᠦ ᠡᠨᠡᠬᠦ ᠠᠯᠳᠠᠨ ᠬᠤᠳᠠ ᠶᠢᠨ ᠨᠡᠷ᠎ᠡ ᠶᠢᠨ ᠬᠠᠭᠤᠳᠠᠰᠤ ᠶᠢ ᠤᠯᠠᠮ ᠨᠢᠭᠡ ᠠᠯᠬᠤᠮ ᠭᠢᠯᠠᠶᠢᠲᠠᠯ᠎ᠠ ᠠᠷᠴᠢᠵᠤ᠂ ᠡᠨᠡᠬᠦ ᠬᠤᠳᠠ ᠳᠤ ᠲᠦᠢᠯ ᠤᠨ ᠡᠷᠬᠢᠮ ᠨᠠᠨᠳᠢᠨ ᠵᠠᠩ ᠠᠪᠤᠷᠢ ᠪᠠ ᠠᠭᠤᠯᠤᠭᠳᠠᠬᠤᠨ ᠲᠠᠢ ᠪᠣᠯᠭᠠᠵᠤ᠂ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠳᠤ ᠠᠭᠤᠯᠤᠭᠳᠠᠬᠤᠨ ᠢ ᠪᠠᠶᠠᠯᠢᠭᠵᠢᠭᠤᠯᠵᠤ᠂ ᠠᠮᠢᠵᠢᠷᠠᠯ ᠤᠨ ᠬᠦᠴᠦᠨ ᠨᠡᠮᠡᠷᠢᠯᠡᠭᠰᠡᠨ ᠳᠤ ᠲᠠᠯᠠᠷᠬᠠᠵᠤ ᠪᠠᠶᠢᠨ᠎ᠠ᠃ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠪᠣᠯᠤᠨ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠡᠪᠯᠡᠯ ᠤᠨ ᠵᠠᠭᠤᠴᠢᠯᠠᠭᠤᠷ ᠤᠨ ᠺᠣᠮᠫᠠᠨᠢ ᠦᠷᠭᠦᠯᠵᠢᠯᠡᠨ ᠦᠬᠠᠢ ᠶᠢᠨ ᠤᠷᠠᠨ ᠪᠢᠴᠢᠯᠭᠡ ᠶᠢᠨ ᠦᠢᠯᠡᠰ ᠤᠨ ᠬᠥᠭᠵᠢᠯᠲᠡ ᠳᠤ ᠠᠷᠭ᠎ᠠ ᠤᠬᠠᠭᠠᠨ ᠰᠦᠪᠡᠭᠴᠢᠯᠡᠵᠦ᠂ ᠣᠬᠠᠭᠠᠨ ᠪᠤᠲᠤᠯᠭ᠎ᠠ ᠭᠠᠷᠭᠠᠵᠤ᠂ ᠨᠠᠨᠲᠢᠨ ᠲᠤᠷᠰᠢᠯᠭ᠎ᠠ ᠪᠠᠨ ᠣᠯᠠᠮᠵᠢᠯᠠᠨ ᠦᠭᠬᠦ ᠶᠢ ᠬᠦᠰᠡᠵᠦ ᠪᠠᠶᠢᠨ᠎ᠠ᠃ ᠦᠬᠠᠢ ᠶᠢ ᠬᠠᠪᠰᠤᠷᠤᠨ ᠤᠷᠠᠨ ᠪᠢᠴᠢᠯᠭᠡ ᠶᠢᠨ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠲᠠᠰᠤᠷᠠᠯᠲᠠ ᠦᠭᠡᠢ ᠥᠷᠭᠡᠳᠬᠡᠵᠦ᠂ ᠤᠷᠠᠨ ᠪᠢᠴᠢᠯᠭᠡ ᠶᠢᠨ ᠤᠷᠠᠯᠢᠭ ᠪᠣᠯᠤᠨ ᠵᠠᠬ᠎ᠠ ᠳᠡᠯᠭᠡᠭᠦᠷ ᠤᠨ ᠠᠭᠤᠰᠤᠯᠴᠠᠯ ᠤᠨ ᠡᠷᠴᠢᠮ ᠢᠶᠠᠨ ᠴᠢᠩᠭᠠᠷᠠᠭᠤᠯᠵᠤ᠂ ᠦᠬᠠᠢ ᠶᠢᠨ ᠤᠷᠠᠨ ᠪᠢᠴᠢᠯᠭᠡ ᠶᠢᠨ ᠰᠤᠳᠤᠯᠭᠠᠨ ᠵᠢᠭᠤᠯᠴᠢᠯᠠᠯ᠂ ᠤᠷᠠᠨ ᠪᠢᠴᠢᠯᠭᠡ ᠶᠢᠨ ᠤᠷᠤᠯᠳᠤᠭᠠᠨ ᠵᠢᠴᠢ ᠤᠷᠠᠨ ᠪᠢᠴᠢᠯᠭᠡ ᠲᠠᠢ ᠬᠤᠯᠪᠣᠭᠳᠠᠬᠤ ᠴᠢᠨᠠᠷ ᠰᠠᠶᠢᠲᠠᠢ ᠠᠵᠢᠯᠯᠠᠭ᠎ᠠ ᠵᠡᠷᠭᠡ ᠶᠢ ᠡᠷᠬᠢᠯᠡᠬᠦ ᠪᠠᠷ ᠳᠡᠮᠵᠢᠵᠦ᠂ ᠤᠷᠠᠨ ᠪᠢᠴᠢᠯᠭᠡ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠶᠢ ᠬᠦᠰᠡᠵᠦ ᠪᠠᠶᠢᠨ᠎ᠠ ᠬᠡᠵᠡᠢ᠃      ᠯᠢ ᠰᠢᠨ ᠢᠯᠡᠷᠭᠡᠶᠢᠯᠡᠭᠰᠡᠨ ᠨᠢ᠂ ᠦᠬᠠᠶ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤᠷᠠᠨ ᠪᠢᠴᠢᠯᠭᠡ ᠶᠢᠨ ᠤᠷᠠᠯᠢᠭ ᠤᠨ ᠤᠯᠠᠮᠵᠢᠯᠠᠯ ᠪᠠ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠷᠠᠨ ᠪᠢᠴᠢᠯᠭᠡ ᠶᠢᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠤᠷᠠᠨ ᠪᠢᠴᠢᠯᠭᠡ ᠶᠢᠨ ᠰᠣᠶᠣᠯ ᠤᠨ ᠦᠢᠯᠡᠰ ᠪᠠ ᠠᠵᠤ ᠦᠢᠯᠡᠰ ᠤᠨ ᠵᠣᠬᠢᠴᠠᠩᠭᠤᠶ ᠬᠥᠭᠵᠢᠯᠲᠡ ᠶᠢ ᠢᠳᠡᠪᠬᠢᠲᠡᠶ ᠠᠬᠢᠭᠤᠯᠤᠨ᠂ ᠤᠷᠠᠨ ᠪᠢᠴᠢᠯᠭᠡ ᠪᠠᠷ ᠭᠤᠤᠯ ᠪᠣᠯᠭᠠᠭᠰᠠᠨ ᠬᠤᠲᠠ ᠶᠢᠨ ᠰᠣᠶᠣᠯ ᠤᠨ ᠨᠠᠷᠠᠲᠤ ᠲᠥᠷᠥᠯ ᠲᠡᠮᠳᠡᠭᠲᠦ ᠶᠢ ᠴᠢᠷᠮᠠᠶᠢᠨ ᠪᠣᠶ ᠪᠣᠯᠭᠠᠵᠤ᠂ ᠤᠯᠤᠰ ᠤᠨ ᠲᠠᠰ ᠤᠨ ᠲᠣᠮᠣ ᠬᠡᠯᠪᠡᠷᠢ ᠶᠢᠨ ᠤᠷᠠᠨ ᠪᠢᠴᠢᠯᠭᠡ ᠶᠢᠨ ᠦᠵᠡᠭᠦᠯᠦᠯᠭᠡ ᠵᠢᠴᠢ ᠰᠣᠯᠢᠯᠴᠠᠭᠠᠨ ᠤ ᠠᠵᠢᠯᠯᠠᠭ᠎ᠠ ᠶᠢ ᠣᠯᠠᠨ ᠤᠳᠠᠭ᠎ᠠ ᠲᠠᠭᠠᠭᠠᠴᠢᠯᠠᠨ ᠡᠷᠭᠢᠯᠡᠵᠦ᠂ ᠦᠨᠡᠨ ᠰᠡᠳᠬᠢᠯ ᠠᠴᠠ ᠪᠠᠨ ᠬᠦᠴᠦ ᠣᠷᠣᠭᠤᠯᠵᠤ᠂ ᠦᠨᠡᠨᠬᠦ ᠠᠳᠬᠤᠨ ᠪᠣᠳᠠᠲᠠᠶ ᠪᠠᠷ ᠠᠵᠢᠯᠯᠠᠵᠤ ᠬᠥᠭᠵᠢᠯᠲᠡ ᠶᠢ ᠳᠥᠯᠭᠢᠨ ᠠᠬᠢᠭᠤᠯᠵᠤ᠂ ᠤᠷᠠᠨ ᠪᠢᠴᠢᠯᠭᠡ ᠶᠢᠨ ᠦᠢᠯᠡᠰ ᠤᠨ ᠬᠥᠭᠵᠢᠯᠲᠡ ᠳᠤ ᠴᠤᠭ ᠪᠠᠳᠠᠷᠠᠩᠭᠤᠶ ᠠᠮᠢᠵᠢᠷᠠᠯ ᠤᠨ ᠬᠦᠴᠦᠨ ᠲᠠᠢ ᠪᠤᠯᠭᠠᠪᠠ᠃ ᠲᠠᠷᠠᠭᠠᠴᠢ ᠶᠢᠨ ᠠᠯᠬᠤᠮ ᠳᠤ᠂ ᠳᠤᠮᠳᠠᠳᠤ ᠤᠯᠤᠰ ᠤᠨ ᠤᠷᠠᠨ ᠪᠢᠴᠢᠯᠭᠡᠲᠡᠨ ᠤ ᠨᠡᠶᠢᠭᠡᠮᠯᠢᠭ ᠠᠴᠠ ᠦᠬᠠᠶ ᠬᠤᠲᠠ ᠶᠢ ᠳᠡᠮᠵᠢᠬᠦ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠤᠷᠠᠨ ᠪᠢᠴᠢᠯᠭᠡ ᠶᠢᠨ ᠰᠤᠳᠤᠯᠭᠠᠨ ᠥᠷᠨᠢᠭᠦᠯᠬᠦ᠂ ᠬᠤᠤᠰᠯᠠᠨ ᠰᠣᠯᠢᠯᠴᠠᠬᠤ᠂ ᠲᠣᠮᠣ ᠬᠡᠯᠪᠡᠷᠢ ᠶᠢᠨ ᠠᠵᠢᠯᠯᠠᠭ᠎ᠠ ᠡᠷᠭᠢᠯᠡᠬᠦ᠂ ᠲᠤᠰᠬᠠᠶ ᠺᠣᠮᠢᠰ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ︽ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ · ᠦᠬᠠᠶ︾ ᠶᠢᠨ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠦᠬᠠᠶ ᠬᠤᠲᠠ ᠶᠢᠨ ᠤᠷᠠᠨ ᠪᠢᠴᠢᠯᠭᠡ ᠶᠢᠨ ᠦᠢᠯᠡᠰ ᠤᠨ ᠬᠥᠭᠵᠢᠯᠲᠡ ᠶᠢᠨ ᠨᠠᠩ ᠰᠠᠶᠢᠨ ᠰᠠᠶᠢᠬᠠᠨ ᠢᠷᠡᠭᠡᠳᠦᠶ ᠶᠢ ᠬᠠᠮᠲᠤ ᠪᠠᠷ ᠴᠣᠭᠴᠠᠯᠠᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号