ᠶᠠᠩ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠪᠡ
ᠨᠡᠶᠢᠲᠡᠯᠡᠭᠰᠡᠨ ᠴᠠᠭ᠄
2021/10/22
     10 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃      ᠶᠠᠩ ᠶᠢᠨ ᠨᠡᠷ ᠡᠩ ᠲᠡᠷᠢᠭᠦᠨ ᠳᠤ ᠪᠠᠷᠠᠭᠤᠨ ᠲᠣᠭᠤᠷᠢᠯ ᠵᠠᠮ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠪᠠᠷᠢᠯᠭ᠎ᠠ ᠶᠢᠨ ᠠᠬᠢᠴᠠ ᠶᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠵᠢᠷᠤᠭ ᠲᠥᠯᠥᠪᠯᠡᠭᠡ᠂ ᠪᠠᠷᠢᠯᠭ᠎ᠠ ᠶᠢᠨ ᠨᠢᠭᠡᠴᠡ ᠯᠦᠭᠡ ᠲᠤᠬᠠᠢ ᠶᠢᠨ ᠲᠠᠯᠠᠪᠠᠢ ᠳᠤ ᠨᠡᠪᠲᠡᠷᠡᠯᠴᠡᠵᠦ᠂ ᠠᠬᠢᠴᠠ ᠪᠠᠨ ᠲᠦᠷᠭᠡᠳᠬᠡᠵᠦ᠂ ᠶᠠᠰᠤ ᠴᠢᠨᠠᠷ ᠢ ᠴᠢᠩᠭ᠎ᠠ ᠠᠳᠬᠤᠵᠤ᠂ ᠠᠮᠤᠷ ᠲᠦᠪᠰᠢᠨ ᠢᠶᠠᠷ ᠪᠠᠷᠢᠯᠭ᠎ᠠ ᠶᠢᠨ ᠠᠵᠢᠯ ᠢ ᠬᠢᠬᠦ ᠬᠡᠷᠡᠭᠲᠡᠢ ᠭᠡᠵᠦ ᠵᠠᠬᠢᠪᠠ᠃ ᠬᠦᠷᠢᠶᠡᠯᠡᠩ ᠲᠣᠭᠤᠷᠢᠭ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠣᠯᠤᠨ ᠠᠵᠤ ᠦᠢᠯᠡᠳᠪᠦᠷᠢ ᠶᠢᠨ ᠤᠰᠤ ᠴᠡᠪᠡᠷᠰᠢᠭᠦᠯᠬᠦ ᠦᠢᠯᠡᠳᠪᠦᠷᠢ ᠳᠤ᠂ ᠶᠠᠩ ᠶᠢᠨ ᠲᠤᠬᠠᠢ ᠶᠢᠨ ᠭᠠᠵᠠᠷ ᠲᠤᠨᠢ ᠦᠢᠯᠡᠳᠪᠦᠷᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ᠂ ᠲᠤᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠢ ᠣᠶᠢᠯᠠᠭᠠᠵᠤ᠂ ᠭᠠᠷ ᠤᠷᠠᠯᠠᠯ ᠤᠨ ᠶᠠᠪᠤᠴᠠ᠂ ᠪᠦᠳᠦᠭᠡᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠦᠷᠦᠯ ᠵᠦᠢᠯ ᠤᠨ ᠬᠠᠷᠢᠭᠤᠴᠠᠯᠭᠠᠲᠠᠨ ᠢ ᠠᠵᠢᠯᠯᠠᠭᠠᠨ ᠤ ᠬᠠᠮᠢᠶᠠᠷᠤᠯᠲᠠ ᠶᠢᠨ ᠲᠣᠭᠲᠠᠴᠠ ᠪᠠᠨ ᠲᠡᠭᠦᠯᠳᠡᠷᠵᠢᠭᠦᠯᠬᠦ ᠳᠤ ᠬᠦᠴᠦ ᠲᠠᠯᠪᠢᠵᠤ᠂ ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠬᠠᠮᠢᠶᠠᠷᠤᠯᠲᠠ ᠶᠢᠨ ᠵᠠᠭᠪᠤᠷ ᠢ ᠢᠳᠡᠪᠬᠢᠲᠡᠢ ᠰᠦᠪᠡᠭᠴᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠵᠣᠬᠢᠰᠲᠠᠢ ᠪᠦᠲᠦᠮᠵᠢᠲᠡᠢ ᠠᠰᠢᠭᠯᠠᠵᠤ᠂ ᠠᠵᠢᠯᠯᠠᠭᠠᠨ ᠤ ᠬᠡᠪᠴᠢᠶ᠎ᠡ ᠪᠣᠯᠤᠨ ᠦᠷ᠎ᠡ ᠪᠦᠲᠦᠮᠵᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃        ᠶᠠᠩ ᠶᠢᠨ ᠴᠢᠬᠤᠯᠠᠴᠢᠯᠠᠭᠰᠠᠨ ᠨᠢ᠂ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠣᠯ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠤᠨ᠎ᠠ᠂ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠪᠤᠳᠤᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠭᠠᠪᠰᠢᠭᠠᠶᠢᠯᠠᠬᠤ ᠶᠢ ᠲᠡᠷᠢᠭᠦᠨ ᠳᠤ ᠲᠠᠯᠪᠢᠵᠤ᠂ ᠬᠦᠴᠢᠷ ᠢ ᠢᠯᠠᠨ ᠳᠠᠪᠠᠵᠤ ᠪᠣᠭᠤᠮᠲᠠ ᠰᠢᠪᠲᠤᠯᠵᠤ᠂ ᠥᠨᠳᠥᠷ ᠶᠠᠰᠤ ᠴᠢᠨᠠᠷ ᠥᠨᠳᠥᠷ ᠦᠷ᠎ᠡ ᠠᠰᠢᠭᠲᠠᠢ ᠪᠠᠷ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠪᠠᠨ ᠠᠬᠢᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ ᠶᠢ ᠵᠣᠯᠭᠠᠭᠤᠯᠵᠤ᠂ ᠢᠨᠵᠧᠨᠧᠷᠢᠩ ᠤᠨ ᠶᠠᠰᠤ ᠴᠢᠨᠠᠷ ᠪᠣᠯᠤᠨ ᠭᠠᠷ ᠤᠷᠠᠯᠠᠯ ᠤᠨ ᠮᠡᠷᠭᠡᠵᠢᠯ ᠢᠶᠠᠨ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠲᠣᠭᠲᠠᠭᠤᠨ ᠢᠶᠠᠷ ᠬᠥᠭᠵᠢᠬᠦ ᠳᠤ ᠬᠦᠴᠦᠨ ᠴᠢᠳᠠᠯ ᠨᠡᠮᠡᠷᠢᠯᠡᠬᠦ ᠬᠡᠷᠡᠭᠲᠡᠢ᠃ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠢᠭ ᠢ ᠴᠢᠩᠭ᠎ᠠ ᠠᠩᠬᠠᠷᠴᠤ᠂ ᠡᠯ᠎ᠡ ᠵᠦᠢᠯ ᠤᠨ ᠠᠵᠢᠯ ᠤᠨ ᠠᠬᠢᠴᠠ ᠪᠠᠨ ᠲᠦᠷᠭᠡᠳᠬᠡᠨ ᠠᠬᠢᠭᠤᠯᠵᠤ᠂ ᠲᠦᠷᠦᠯ ᠵᠦᠢᠯ ᠢ ᠡᠷᠲᠡᠬᠡᠨ ᠪᠠᠶᠢᠭᠤᠯᠤᠨ ᠪᠦᠲᠦᠭᠡᠵᠦ᠂ ᠡᠷᠲᠡᠬᠡᠨ ᠠᠰᠢᠭᠯᠠᠯᠲᠠ ᠳᠤ ᠣᠷᠣᠭᠤᠯᠬᠤ ᠪᠠᠷ ᠴᠢᠷᠮᠠᠶᠢᠵᠤ᠂ ᠪᠠᠶᠢᠪᠠᠰᠤ ᠵᠣᠬᠢᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠬᠤ ᠬᠡᠷᠡᠭᠲᠡᠢ᠃ ᠬᠦᠷᠢᠶᠡᠯᠡᠩ ᠲᠣᠭᠤᠷᠢᠭ ᠤᠨ ᠠᠮᠢᠳᠤᠷᠠᠯ ᠤᠨ ᠢᠵᠢ ᠪᠦᠷᠢᠳᠦᠭᠦᠯᠬᠦ ᠪᠠᠲᠤᠯᠠᠭ᠎ᠠ ᠶᠢᠨ ᠪᠡᠯᠡᠳᠬᠡᠮᠵᠢ ᠶᠢᠨ ᠲᠥᠯᠥᠪᠵᠢᠭᠦᠯᠭᠡ ᠪᠠᠨ ᠬᠦᠴᠦᠯᠡᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠠᠮᠢᠳᠤᠷᠠᠯ ᠤᠨ ᠢᠵᠢ ᠪᠦᠷᠢᠳᠦᠭᠦᠯᠬᠦ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠪᠠᠨ ᠲᠦᠷᠭᠡᠳᠬᠡᠨ ᠠᠬᠢᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠪᠠᠨ ᠶᠡᠬᠡᠪᠡᠷ ᠳᠡᠭᠡᠭᠰᠢᠯᠡᠭᠦᠯᠬᠦ ᠬᠡᠷᠡᠭᠲᠡᠶ᠃ ᠠᠮᠤᠷ ᠲᠦᠪᠰᠢᠨ ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠡᠴᠦᠰ ᠲᠤᠨᠢ ᠲᠤᠯᠲᠠᠯ᠎ᠠ ᠰᠠᠶᠢᠲᠤᠷ ᠠᠳᠬᠤᠵᠤ᠂ ᠨᠠᠷᠢᠨ ᠨᠢᠮᠪᠠᠢ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠠᠮᠤᠷ ᠲᠦᠪᠰᠢᠨ ᠲᠣᠭᠲᠠᠭᠤᠨ ᠤ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠡᠷᠡᠰ ᠪᠠᠲᠤᠯᠠᠬᠤ ᠬᠡᠷᠡᠭᠲᠡᠢ ᠬᠡᠵᠡᠢ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠶᠠᠩ ᠶᠢᠨ ︽ᠳᠥᠷᠪᠡᠨ ᠦᠭᠡᠢ ᠬᠤᠶᠠᠷ ᠰᠢᠭᠤᠳ︾ ᠬᠡᠯᠪᠡᠷᠢ ᠪᠠᠷ ᠬᠠᠶᠢᠨᠠᠨ ᠲᠣᠭᠤᠷᠢᠭ ᠤᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠲᠤ ᠬᠦᠷᠴᠦ᠂ ᠬᠠᠶᠢᠨᠠᠨ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠢᠨᠠᠨ ᠵᠢᠯᠣᠭᠤᠳᠪᠠ᠃      ᠬᠤᠯᠪᠤᠭᠳᠠᠯ ᠪᠥᠬᠦᠶ ᠬᠠᠷᠢᠭᠤᠴᠠᠯᠭᠠᠲᠠᠨ ᠤ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠶᠠᠩ ᠶᠢᠨ ᠴᠢᠬᠤᠯᠠᠴᠢᠯᠠᠭᠰᠠᠨ ᠨᠢ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠤ᠂ ᠪᠠᠶᠢᠳᠠᠯ ᠪᠤᠳᠤᠯᠢᠶᠠᠨᠲᠠᠶ᠂ ᠠᠵᠢᠯ ᠪᠠᠴᠢᠮ ᠲᠤᠯᠭᠠᠮ᠎ᠠ ᠪᠠᠶᠢᠨ᠎ᠠ᠂ ᠡᠯ᠎ᠡ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠦᠳᠲᠡᠷ ᠲᠦᠷᠭᠡᠨ ᠢᠶᠠᠷ ᠢᠳᠡᠪᠬᠢᠵᠢᠭᠦᠯᠵᠦ᠂ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠨ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠮᠥᠷᠳᠡᠯᠲᠡ ᠪᠠᠨ ᠴᠢᠩᠭᠠᠳᠬᠠᠵᠤ᠂ ᠬᠤᠯᠪᠤᠭᠳᠠᠯ ᠪᠥᠬᠦᠶ ᠬᠥᠮᠦᠰ ᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠬᠦ ᠪᠠᠨ ᠦᠨᠡᠨ ᠬᠦ ᠪᠠᠲᠤᠯᠠᠬᠤ ᠬᠡᠷᠡᠭᠲᠡᠶ᠃ ᠪᠠᠶᠢᠴᠠᠭᠠᠨ ᠰᠢᠯᠭᠠᠬᠤ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠪᠠᠶᠢᠳᠠᠯ ᠳᠤ ᠣᠷᠣᠬᠤ ᠪᠠᠷ ᠴᠠᠭ ᠢᠮᠠᠭᠲᠠ ᠪᠡᠯᠡᠬᠡᠨ ᠪᠠᠶᠢᠬᠤ ᠬᠡᠷᠡᠭᠲᠡᠶ᠃ ᠬᠤᠲᠠ ᠶᠢᠨ ᠲᠣᠭᠤᠷᠢᠭ ᠬᠤᠶᠠᠷ ᠱᠠᠲᠤᠨ ᠤ ᠰᠠᠯᠠᠭ᠎ᠠ ᠮᠥᠴᠢᠷ ᠤᠨ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ  ᠪᠠᠨ ᠴᠢᠩᠭᠠᠳᠬᠠᠵᠤ᠂ ᠨᠢᠭᠲᠠ ᠬᠠᠮᠵᠢᠯᠴᠠᠵᠤ᠂ ᠨᠠᠩ ᠥᠨᠳᠥᠷ ᠪᠦᠲᠦᠮᠵᠢᠲᠡᠶ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠯᠳᠦᠭᠦᠯᠵᠦ᠂ ᠣᠯᠠᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠵᠠᠪᠠᠯ ᠤᠯᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号