ᠲᠠᠩ ᠢ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/22
 

   

     10 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠤᠳᠠ ᠲᠣᠭᠤᠷᠢᠭ

ᠪᠠ ᠬᠠᠶᠢᠷᠤᠪ ᠤᠨ ᠲᠣᠬᠤᠶ ᠲᠣᠭᠤᠷᠢᠭ ᠲᠤ ᠭᠦᠨᠵᠡᠭᠡᠶᠢᠷᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ

ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠲᠠ ᠶᠢᠨ ᠤᠳᠤᠷᠢᠳᠤᠯᠭ᠎ᠠ ᠰᠦᠨ ᠬᠤᠤ᠂ ᠯᠢ

ᠴᠦᠨ ᠰᠢᠶᠤᠤ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠠ᠃

     ᠲᠠᠩ ᠢ ᠨᠡᠷ ᠤᠷᠢᠳ ᠬᠤᠵᠢᠳ ᠤᠳᠠ ᠲᠣᠭᠤᠷᠢᠭ ᠤᠨ ᠯᠢᠶᠠᠩ ᠵᠢᠶᠠ ᠭᠸᠤ ᠵᠡᠭᠡᠯᠢ ᠭᠤᠳᠤᠮᠵᠢ ᠶᠢᠨ

ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ᠂ ᠤᠶᠤᠨᠲᠤ ᠨᠠᠰᠤᠵᠢᠯ ᠤᠨ

ᠠᠰᠠᠷᠠᠮᠵᠢ ᠶᠢᠨ ᠦᠢᠯᠡᠴᠢᠯᠡᠭᠡᠨ ᠤ ᠵᠢᠯᠣᠭᠤᠳᠤᠨ ᠲᠤᠬᠢᠷᠠᠭᠤᠯᠬᠤ ᠲᠥᠪ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ

᠂ ᠬᠠᠶᠢᠷᠤᠪ ᠤᠨ ᠲᠤᠬᠤᠢ ᠲᠣᠭᠤᠷᠢᠭ ᠤᠨ ᠢ ᠡᡁᠧ ᠨᠠᠰᠤᠲᠠᠶᠢᠴᠤᠳ ᠤᠨ ᠨᠡᠶᠢᠲᠡ ᠶᠢᠨ ᠪᠠᠶᠢᠷᠢ ᠵᠡᠷᠭᠡ ᠭᠠᠵᠠᠷ ᠢᠶᠠᠷ

ᠭᠦᠨᠵᠡᠭᠡᠶᠢᠷᠡᠵᠦ᠂ ᠤᠶᠤᠨᠲᠤ ᠨᠠᠰᠤᠵᠢᠯ ᠤᠨ ᠠᠰᠠᠷᠠᠮᠵᠢ᠂ ᠭᠡᠷ ᠪᠦᠯᠢ ᠪᠣᠯᠤᠨ ᠨᠡᠶᠢᠭᠡᠮ ᠲᠣᠭᠤᠷᠢᠭ ᠤᠨ

ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠢᠴᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠪᠦᠳᠦᠭᠡᠨ

ᠪᠠᠶᠢᠭᠤᠯᠤᠯᠲᠠ ᠬᠠᠮᠢᠶᠠᠷᠤᠯᠲᠠ ᠡᠵᠡᠩᠨᠡᠯᠲᠡ ᠵᠡᠷᠭᠡ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃

ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠠᠩ ᠢ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ

ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ ᠣᠷᠣᠨ ᠰᠠᠭᠤᠴᠠ᠂ ᠢᠳᠡᠭᠡᠨ ᠤᠮᠳᠠᠭᠠᠨ ᠵᠢᠴᠢ ᠡᠷᠡᠭᠦᠯ

ᠮᠡᠨᠳᠦ ᠶᠢᠨ ᠪᠠᠶᠢᠳᠠᠯ ᠢ ᠨᠢ ᠯᠠᠪᠯᠠᠨ ᠠᠰᠠᠭᠤᠪᠠ᠃ ᠲᠡᠳᠡᠨ ᠤ ᠥᠲᠡᠯᠦᠭᠡ ᠨᠠᠰᠤᠨ ᠤ ᠠᠮᠢᠳᠤᠷᠠᠯ ᠡᠯᠪᠡᠭ ᠪᠠᠶᠠᠯᠢᠭ

ᠪᠠᠶᠢᠬᠤ ᠶᠢ ᠣᠶᠢᠯᠠᠭᠠᠭᠰᠠᠨ ᠳᠤ ᠲᠠᠩ ᠢ ᠲᠦᠢᠯ ᠢᠶᠠᠷ ᠪᠠᠶᠠᠷᠯᠠᠵᠤ᠂ ᠲᠡᠳᠡᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂

ᠠᠮᠢᠳᠤᠷᠠᠯ ᠵᠣᠯ ᠵᠢᠷᠭᠠᠯ ᠲᠠᠢ ᠪᠠᠶᠢᠬᠤ ᠶᠢ ᠬᠦᠰᠡᠨ ᠵᠥᠩᠨᠡᠪᠡ᠃

     ᠲᠠᠩ ᠢ ᠵᠢᠭᠠᠵᠤ ᠭᠠᠷᠭᠠᠭᠰᠠᠨ ᠨᠢ᠂ ᠮᠠᠨ ᠤ ᠬᠤᠲᠠ ᠶᠢᠨ ᠬᠤᠲᠠᠴᠢᠯᠠᠯᠲᠠ ᠶᠢᠨ ᠨᠣᠷᠮ᠎ᠠ ᠥᠨᠳᠥᠷ᠂

ᠨᠠᠰᠤᠲᠠᠶᠢᠴᠤᠳ ᠤᠨ ᠬᠥᠮᠦᠨ ᠠᠮᠠ ᠶᠢᠨ ᠬᠤᠪᠢ ᠶᠢᠨ ᠵᠢᠩ ᠵᠢᠯ ᠳᠠᠷᠠᠭᠠᠯᠠᠨ ᠳᠡᠭᠡᠭᠰᠢᠯᠡᠵᠦ ᠪᠠᠶᠢᠭ᠎ᠠ ᠪᠣᠯᠬᠤᠷ

ᠬᠥᠮᠦᠨ ᠠᠮᠠ ᠶᠢᠨ ᠨᠠᠰᠤᠵᠢᠯᠲᠠ ᠶᠢ ᠪᠦᠲᠦᠮᠵᠢᠲᠡᠶ ᠠᠷᠭᠠᠴᠠᠭᠠᠬᠤ ᠨᠢ ᠬᠥᠭᠵᠢᠯᠲᠡ ᠶᠢᠨ ᠪᠥᠬᠦ ᠲᠠᠯ᠎ᠠ ᠳᠤ

ᠬᠤᠯᠪᠣᠭᠳᠠᠵᠤ᠂ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ

ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠨᠠᠰᠤᠲᠠᠶᠢᠴᠤᠳ ᠤᠨ ᠠᠵᠢᠯ ᠤᠨ ᠲᠤᠬᠠᠶ ᠴᠢᠬᠤᠯᠠ

ᠵᠢᠭᠠᠪᠤᠷᠢ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠢᠶᠠᠷ ᠭᠤᠣᠯ

ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠵᠤ᠂ ᠨᠠᠰᠤᠲᠠᠨ ᠢᠶᠠᠨ ᠬᠦᠨᠳᠦᠯᠡᠬᠦ᠂ ᠨᠠᠰᠤᠲᠠᠨ ᠢᠶᠠᠨ ᠠᠰᠠᠷᠠᠬᠤ

᠂ ᠨᠠᠰᠤᠲᠠᠨ ᠢᠶᠠᠨ ᠬᠠᠪᠰᠤᠷᠬᠤ ᠤᠯᠠᠮᠵᠢᠯᠠᠯᠲᠤ ᠰᠠᠶᠢᠬᠠᠨ ᠰᠤᠷᠲᠠᠯ ᠢ ᠶᠡᠬᠡᠪᠡᠷ ᠪᠠᠳᠠᠷᠠᠭᠤᠯᠵᠤ᠂ ᠨᠠᠰᠤᠵᠢᠯ ᠤᠨ

ᠦᠢᠯᠡᠰ ᠪᠠ ᠨᠠᠰᠤᠵᠢᠯ ᠤᠨ ᠠᠵᠤ ᠦᠢᠯᠡᠰ ᠤᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠮᠠᠨ ᠤ ᠬᠤᠲᠠ ᠶᠢᠨ

ᠨᠠᠰᠤᠲᠠᠶᠢᠴᠤᠳ ᠤᠨ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂

ᠨᠠᠰᠤᠲᠠᠶᠢᠴᠤᠳ ᠤᠨ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ

ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠳᠡᠢ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠪᠣᠯ ᠥᠷᠭᠡᠨ ᠣᠯᠠᠨ

ᠨᠠᠰᠤᠲᠠᠶᠢᠴᠤᠳ ᠤᠨ ᠥᠲᠡᠯᠦᠭᠡ ᠨᠠᠰᠤᠨ ᠤ ᠵᠣᠯ ᠵᠢᠷᠭᠠᠯ ᠲᠠᠢ ᠬᠤᠯᠪᠣᠭᠳᠠᠬᠤ ᠠᠷᠠᠳ ᠤᠨ ᠠᠮᠢᠳᠤᠷᠠᠯ ᠤᠨ ᠶᠡᠭᠡ

ᠶᠠᠪᠤᠳᠠᠯ ᠮᠥᠨ᠂ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠭᠦᠨᠵᠡᠭᠡᠶ ᠨᠠᠷᠢᠨ ᠨᠢᠮᠪᠠᠶ ᠴᠢᠩᠭ᠎ᠠ

ᠪᠣᠳᠠᠲᠠᠶ ᠪᠠᠷ ᠠᠳᠬᠤᠬᠤ ᠬᠡᠷᠡᠭᠲᠡᠶ᠃ ᠵᠠᠰᠠᠭ ᠤᠨ ᠣᠷᠳᠣᠨ ᠠᠴᠠ ᠬᠥᠲᠥᠯᠦᠨ ᠵᠢᠯᠣᠭᠤᠳᠬᠤ ᠪᠠᠨ ᠴᠢᠩᠭᠠᠳᠬᠠᠵᠤ᠂

ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠠᠲᠤᠯᠠᠭ᠎ᠠ ᠶᠢᠨ ᠬᠢᠷᠢ ᠲᠦᠪᠰᠢᠨ ᠢᠶᠠᠨ ᠤᠯᠠᠮ ᠨᠢᠭᠡ

ᠠᠯᠬᠤᠮ ᠳᠡᠭᠡᠭᠰᠢᠯᠡᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠣᠯᠠᠨ ᠶᠠᠩᠵᠤ ᠶᠢᠨ

ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠶᠢ ᠦᠨᠡᠨᠬᠦ ᠬᠠᠩᠭᠠᠵᠤ᠂ ᠨᠠᠰᠤᠲᠠᠶᠢᠴᠤᠳ ᠲᠤ ᠥᠨᠳᠥᠷ ᠶᠠᠰᠤ

ᠴᠢᠨᠠᠷ ᠲᠠᠢ ᠥᠲᠡᠯᠦᠭᠡ ᠨᠠᠰᠤᠨ ᠤ ᠠᠮᠢᠳᠤᠷᠠᠯ ᠢ ᠡᠳ᠋ᠯᠡᠬᠦᠯᠬᠦ ᠬᠡᠷᠡᠭᠳᠡᠢ᠃ ᠤᠶᠤᠨᠲᠤ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠲᠠᠪᠴᠠᠩ ᠢ ᠰᠠᠶᠢᠲᠤᠷ ᠠᠰᠢᠭᠯᠠᠵᠤ᠂ ᠡᠯ᠎ᠡ ᠲᠦᠷᠦᠯ ᠤᠨ ᠨᠠᠰᠤᠵᠢᠯ ᠤᠨ ᠠᠰᠠᠷᠠᠮᠵᠢ ᠶᠢᠨ ᠡᠬᠢ

ᠪᠠᠶᠠᠯᠢᠭ ᠢ ᠨᠡᠶᠢᠳᠬᠡᠵᠦ᠂ ᠨᠠᠰᠤᠲᠠᠶᠢᠴᠤᠳ ᠤᠨ ᠬᠡᠷᠡᠭᠴᠡᠭᠡ ᠱᠠᠭᠠᠷᠳᠠᠯᠭ᠎ᠠ ᠠᠴᠠ ᠡᠭᠦᠰᠴᠦ᠂ ᠦᠢᠯᠡᠴᠢᠯᠡᠭᠡᠨ ᠤ

ᠠᠭᠤᠯᠭ᠎ᠠ ᠪᠠᠨ ᠢᠳᠡᠪᠬᠢᠲᠡᠢ ᠥᠷᠭᠡᠳᠬᠡᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠣᠣᠷ ᠢᠶᠠᠨ

ᠪᠦᠷᠢᠨᠰᠢᠬᠦᠯᠵᠦ᠂ ᠨᠠᠰᠤᠲᠠᠶᠢᠴᠤᠳ ᠲᠤ ᠤᠶᠤᠨᠲᠤ᠂ ᠳᠥᠭᠦᠮ ᠳᠥᠲᠡ ᠪᠠ ᠲᠤᠰᠬᠠᠶᠢᠵᠢᠭᠰᠠᠨ ᠦᠢᠯᠡᠴᠢᠯᠡᠭᠡ

ᠬᠠᠩᠭᠠᠵᠤ᠂ ᠥᠲᠡᠯᠪᠡᠯ ᠠᠰᠠᠷᠠᠮᠵᠢ ᠲᠠᠢ᠂ ᠥᠲᠡᠯᠪᠡᠯ ᠲᠦᠰᠢᠭ ᠲᠠᠢ᠂ ᠥᠲᠡᠯᠪᠡᠯ ᠴᠡᠩᠭᠡᠯ ᠲᠠᠢ᠂ ᠥᠲᠡᠯᠪᠡᠯ ᠠᠮᠤᠷ

ᠲᠦᠪᠰᠢᠨ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠨᠡᠶᠢᠭᠡᠮ ᠤᠨ ᠡᠯ᠎ᠡ ᠬᠦᠷᠢᠶᠡᠨ ᠤ ᠰᠠᠭᠤᠷᠢ ᠲᠥᠬᠦᠭᠡᠷᠦᠮᠵᠢ ᠶᠢᠨ

︽ᠨᠠᠰᠤᠵᠢᠯᠲᠠ ᠳᠤ ᠵᠣᠬᠢᠴᠠᠬᠤ︾ ᠥᠭᠡᠷᠡᠴᠢᠯᠡᠯᠲᠡ ᠶᠢ ᠲᠦᠷᠭᠡᠳᠬᠡᠵᠦ᠂ ᠡᠮᠴᠢᠯᠡᠭᠡ ᠰᠤᠪᠢᠯᠠᠯᠲᠠ ᠶᠢ

ᠤᠶᠠᠯᠳᠤᠭᠤᠯᠬᠤ ᠶᠢ ᠭᠦᠨᠵᠡᠭᠡᠢ ᠠᠬᠢᠭᠤᠯᠵᠤ᠂ ᠵᠢᠷᠤᠮᠵᠢᠭᠰᠠᠨ᠂ ᠬᠡᠪᠴᠢᠶᠡᠵᠢᠭᠰᠡᠨ᠂ ᠲᠦᠷᠦᠯ ᠳᠡᠮᠳᠡᠭᠵᠢᠭᠰᠡᠨ

ᠬᠥᠭᠵᠢᠯᠲᠡ ᠶᠢ ᠪᠡᠶᠡᠯᠡᠭᠦᠯᠵᠦ᠂ ᠨᠠᠰᠤᠲᠠᠶᠢᠴᠤᠳ ᠲᠤ ᠴᠢᠨᠠᠷ ᠰᠠᠶᠢᠲᠠᠢ ᠨᠠᠰᠤᠵᠢᠯ ᠤᠨ ᠦᠢᠯᠡᠴᠢᠯᠡᠭᠡ ᠶᠢ ᠡᠳ᠋ᠯᠡᠭᠦᠯᠬᠦ

ᠬᠡᠷᠡᠭᠲᠡᠢ ᠬᠡᠵᠡᠢ᠃

     ᠲᠠᠩ ᠢ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ

ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠤᠯᠬᠤ ᠪᠠᠷ ᠢᠳᠡᠪᠬᠢᠲᠡᠶ ᠴᠢᠷᠮᠠᠶᠢᠵᠤ᠂ ᠢᠵᠢ ᠪᠥᠷᠢᠳᠦᠭᠦᠯᠬᠦ

ᠦᠢᠯᠡᠴᠢᠯᠡᠭᠡ ᠶᠢ ᠰᠠᠶᠢᠲᠤᠷ ᠬᠢᠵᠦ᠂ ᠨᠠᠰᠤᠵᠢᠯ ᠤᠨ ᠠᠰᠠᠷᠠᠮᠵᠢ ᠶᠢᠨ ᠲᠤᠰᠬᠠᠶ ᠦᠢᠯᠡᠴᠢᠯᠡᠭᠡᠨ ᠤ ᠪᠠᠶᠢᠭᠤᠯᠤᠮᠵᠢ ᠶᠢ

ᠬᠥᠲᠥᠯᠦᠨ ᠵᠢᠯᠣᠭᠤᠳᠴᠤ ᠪᠠᠶᠢᠭᠠᠳ ᠰᠢᠯᠢᠳᠡᠭᠵᠢᠭᠦᠯᠦᠨ ᠬᠦᠴᠦᠷᠬᠡᠭᠵᠢᠭᠦᠯᠬᠦ ᠬᠡᠷᠡᠭᠲᠡᠶ᠃ ᠨᠠᠰᠤᠵᠢᠯ ᠤᠨ

ᠠᠰᠠᠷᠠᠮᠵᠢ ᠶᠢᠨ ᠪᠠᠶᠢᠭᠤᠯᠤᠮᠵᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢᠶᠠᠨ ᠴᠢᠩᠭᠠᠳᠬᠠᠵᠤ᠂

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠢᠳᠡᠭᠡᠨ ᠤ ᠵᠦᠢᠯ᠂ ᠭᠠᠯ ᠤᠨᠲᠠᠷᠠᠭᠠᠬᠤ ᠠᠮᠤᠷ ᠲᠦᠪᠰᠢᠨ

ᠵᠡᠷᠭᠡ ᠡᠯ᠎ᠡ ᠵᠦᠢᠯ ᠤᠨ ᠠᠵᠢᠯ ᠢᠶᠠᠨ ᠦᠨᠡᠨ ᠬᠦ ᠨᠠᠷᠢᠨ ᠪᠣᠳᠠᠲᠠᠶ ᠬᠢᠵᠦ᠂ ᠨᠠᠰᠤᠲᠠᠶᠢᠴᠤᠳ ᠲᠤ ᠠᠮᠤᠷ ᠲᠦᠪᠰᠢᠨ᠂

ᠲᠠᠭᠠᠯᠠᠮᠵᠢᠲᠠᠶ᠂ ᠪᠠᠶᠠᠷ ᠬᠥᠷ ᠲᠠᠢ ᠨᠠᠰᠤᠵᠢᠯ ᠤᠨ ᠠᠰᠠᠷᠠᠮᠵᠢ ᠶᠢᠨ ᠠᠮᠢᠳᠤᠷᠠᠯ ᠤᠨ ᠣᠷᠴᠢᠨ ᠲᠣᠭᠤᠷᠢᠨ ᠢ ᠬᠠᠩᠭᠠᠬᠤ

ᠬᠡᠷᠡᠭᠲᠡᠶ᠃ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ᠤᠯᠠᠮ ᠨᠢᠭᠡ ᠠᠯᠬᠤᠮ

ᠵᠢᠷᠤᠮᠵᠢᠭᠤᠯᠵᠤ᠂ ᠨᠠᠰᠤᠵᠢᠯ ᠤᠨ ᠠᠰᠠᠷᠠᠮᠵᠢ ᠶᠢᠨ ᠤᠯᠠᠨ ᠶᠠᠩᠵᠤᠴᠢᠯᠠᠭᠰᠠᠨ ᠠᠷᠭ᠎ᠠ ᠮᠠᠶ᠋ᠢᠭ ᠢ ᠢᠳᠡᠪᠬᠢᠲᠡᠶ

ᠤᠬᠠᠭᠤᠯᠵᠤ᠂ ᠨᠠᠰᠤᠲᠠᠶᠢᠴᠤᠳ ᠤᠨ ᠤᠯᠠᠮᠵᠢᠯᠠᠯᠲᠤ ᠨᠠᠰᠤᠵᠢᠯ ᠤᠨ ᠠᠰᠠᠷᠠᠮᠵᠢ ᠶᠢᠨ ᠦᠵᠡᠯᠲᠡ ᠪᠠᠨ ᠬᠤᠪᠢᠷᠠᠭᠤᠯᠵᠤ

᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠤᠭᠰᠠᠨ᠂

ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ

ᠦᠢᠯᠡᠴᠢᠯᠡᠭᠡᠨ ᠤ ᠰᠢᠰᠲ᠋ᠧᠮᠵᠢ ᠶᠢ ᠪᠤᠢ ᠪᠣᠯᠭᠠᠬᠤ ᠶᠢ ᠠᠬᠢᠭᠤᠯᠬᠤ ᠬᠡᠷᠡᠭᠳᠡᠢ ᠬᠡᠵᠡᠢ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号