ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ 34 ᠳ᠋ᠤᠭᠡᠷ ᠤᠳᠠᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/10/22
     10 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ᠂ ᠬᠤᠲᠠ ᠶᠢᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠶᠠᠩ ᠶᠢᠨ ᠵᠢᠯᠣᠭᠤᠳᠬᠤ ᠭᠠᠵᠠᠷ ᠤᠨ 34 ᠳ᠋ᠤᠭᠡᠷ ᠤᠳᠠᠭᠠᠨ ᠤ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠶᠠᠨ ᠳᠣᠭᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ ᠵᠢᠶᠠ ᠴᠢᠩ ᠳ᠋ᠦᠩ ᠬᠤᠷᠠᠯ ᠳᠤ ᠣᠷᠣᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠨᠠᠮᠤᠷ ᠡᠪᠦᠯ ᠤᠨ ᠤᠯᠠᠷᠢᠯ ᠪᠣᠯᠬᠤ ᠳᠤ᠂ ᠡᠯ᠎ᠡ ᠲᠦᠷᠦᠯ ᠤᠨ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠠᠮᠠᠷᠬᠠᠨ ᠡᠭᠦᠰᠴᠦ ᠤᠯᠠᠨ ᠡᠭᠦᠰᠳᠡᠭ᠂ ᠢᠯᠠᠩᠭᠤᠶ᠎ᠠ ᠤᠢᠢᠷ᠎ᠠ ᠶᠢᠨ ᠬᠤᠭᠤᠴᠠᠭᠠᠨ ᠳᠤ᠂ ᠦᠬᠠᠢ ᠶᠢᠨ ᠡᠷᠬᠢᠨ ᠲᠣᠭᠤᠷᠢᠨ ᠤ ᠭᠠᠵᠠᠷ ᠣᠷᠣᠨ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠳᠠᠬᠢᠨᠲᠠ ᠢᠯᠡᠷᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠨᠠᠷᠢᠨ ᠪᠤᠳᠤᠯᠢᠶᠠᠨᠲᠠᠢ ᠪᠥᠭᠡᠳ ᠬᠦᠨᠳᠦ ᠨᠣᠴᠢᠲᠠᠢ ᠪᠤᠯᠤᠭᠰᠠᠨ ᠪᠠᠶᠢᠨ᠎ᠠ᠃ ᠡᠯ᠎ᠡ ᠲᠣᠭᠤᠷᠢᠭ ᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠨᠡ ᠬᠦ ᠬᠥᠪᠴᠢ ᠶᠢ ᠢᠮᠠᠭᠲᠠ ᠴᠢᠩᠭᠠᠷᠠᠭᠤᠯᠤᠨ᠂ ᠮᠢᠨᠴᠦᠭᠦᠷᠡᠨ ᠲᠠᠶᠢᠪᠤᠰᠢᠷᠠᠬᠤ ᠪᠠ ᠠᠵᠠ ᠪᠠᠷ ᠰᠤᠯᠠᠷᠠᠬᠤ ᠦᠵᠡᠯ ᠰᠠᠨᠠᠭ᠎ᠠ ᠶᠢ ᠡᠷᠡᠰ ᠲᠡᠪᠴᠢᠵᠦ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾ ᠶᠢ ᠪᠣᠳᠠᠲᠠᠶᠢᠵᠢᠭᠤᠯᠵᠤ᠂ ︽ᠳᠥᠷᠪᠡᠨ ᠡᠷᠳᠡ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠭᠠᠳᠠᠨ᠎ᠠ ᠠᠴᠠ ᠬᠠᠯᠳᠠᠪᠤᠷᠢᠯᠠᠨ ᠤᠷᠤᠵᠤ ᠢᠷᠡᠭᠦ ᠶᠢ ᠰᠡᠷᠭᠡᠶᠢᠯᠡᠬᠦ᠂ ᠲᠤᠲᠤᠨ᠎ᠠ ᠪᠠᠨ ᠲᠠᠷᠬᠠᠨ ᠲᠡᠯᠭᠡᠷᠡᠬᠦ ᠶᠢ ᠰᠡᠷᠭᠡᠶᠢᠯᠡᠬᠦ ᠠᠵᠢᠯ ᠢ ᠡᠷᠡᠰ ᠰᠠᠶᠢᠲᠤᠷ ᠬᠢᠵᠦ᠂ ᠰᠡᠷᠭᠡᠶᠢᠯᠡᠨ ᠡᠵᠡᠮᠳᠡᠬᠦ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠬᠥᠮᠦᠰ ᠢ ᠴᠢᠩᠭ᠎ᠠ ᠠᠩᠬᠠᠷᠴᠤ᠂ ︽ᠬᠥᠮᠦᠨ︾ ︽ᠪᠣᠳᠠᠰ︾ ︽ᠣᠷᠴᠢᠨ ᠲᠣᠭᠤᠷᠢᠨ︾ ᠢ ᠵᠡᠷᠭᠡᠪᠡᠷ ᠪᠠᠶᠢᠴᠠᠭᠠᠵᠤ ᠵᠡᠷᠭᠡᠪᠡᠷ ᠬᠠᠮᠢᠶᠠᠷᠬᠤ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠴᠢᠩᠭ᠎ᠠ ᠨᠢᠮᠪᠠᠢ ᠰᠠᠶᠢᠲᠤᠷ ᠬᠢᠵᠦ᠂ ᠬᠢᠯᠪᠠᠷ ᠪᠤᠰᠤ ᠪᠠᠷ ᠣᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢᠶᠠᠨ ᠰᠠᠶᠢᠲᠤᠷ ᠪᠠᠬᠢᠵᠢᠭᠦᠯᠬᠦ ᠬᠡᠷᠡᠭᠲᠡᠢ᠃ ᠭᠠᠳᠠᠭᠠᠳᠤ ᠰᠡᠷᠭᠡᠶᠢᠯᠡᠯᠲᠡ ᠶᠢᠨ ᠣᠷᠣᠭᠤᠯᠤᠯᠲᠠ ᠶᠢᠨ ᠡᠯ᠎ᠡ ᠪᠣᠭᠤᠮᠲᠠ ᠶᠢ ᠪᠠᠲᠤ ᠰᠠᠬᠢᠵᠤ ᠂ ᠳᠤᠮᠳᠠ ᠵᠡᠷᠭᠡ ᠶᠢᠨ ᠠᠶᠤᠯ ᠲᠦᠭᠰᠢᠭᠦᠷᠢ ᠶᠡᠬᠡᠲᠡᠶ ᠭᠠᠵᠠᠷ ᠣᠷᠣᠨ ᠳᠤ ᠳᠤ ᠮᠠᠨ ᠤ ᠬᠤᠲᠠ ᠳᠤ ᠪᠤᠴᠠᠵᠤ ᠢᠷᠡᠭᠰᠡᠨ ᠬᠥᠮᠦᠰ ᠤᠨ ᠡᠷᠡᠭᠦᠯ ᠮᠡᠨᠳᠦ ᠶᠢᠨ ᠬᠠᠮᠢᠶᠠᠷᠤᠯᠲᠠ ᠶᠢ ᠴᠢᠩᠳᠠᠯᠠᠵᠤ᠂ ︽ᠱᠦᠭᠦᠷᠳᠡᠨ ᠬᠠᠶᠢᠬᠤ︾ ᠠᠷᠭ᠎ᠠ ᠮᠠᠶ᠋ᠢᠭ ᠢ ᠦᠷᠭᠦᠯᠵᠢᠯᠡᠨ ᠥᠷᠨᠢᠭᠦᠯᠵᠦ᠂ ᠳᠤᠲᠠᠭᠤᠳᠠᠯ ᠢᠶᠠᠨ ᠨᠦᠬᠦᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠰᠦᠯᠵᠢᠬᠦ ᠬᠡᠷᠡᠭᠲᠡᠶ᠃ ᠨᠡᠶᠢᠭᠡᠮ ᠤᠨ ᠲᠠᠯ᠎ᠠ ᠠᠴᠠ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠬᠥᠮᠦᠨ ᠤᠯᠠᠨ ᠴᠤᠭᠯᠠᠷᠠᠳᠠᠭ ᠲᠠᠯᠠᠪᠤᠷ ᠢ ᠰᠡᠷᠭᠡᠶᠢᠯᠡᠨ ᠡᠵᠡᠮᠳᠡᠬᠦ ᠪᠠᠨ ᠴᠢᠩᠭᠠᠳᠬᠠᠵᠤ᠂ ᠭᠤᠣᠯᠳᠠᠯᠭ᠎ᠠ ᠲᠠᠢ ᠲᠠᠯᠠᠪᠤᠷ ᠤᠨ ᠺᠣᠳ᠋ ᠰᠢᠷᠪᠢᠬᠦ᠂ ᠳᠤᠯᠠᠭᠠᠨ ᠢ ᠬᠡᠮᠵᠢᠬᠦ᠂ ᠠᠮᠠᠪᠴᠢ ᠵᠡᠭᠦᠬᠦ᠂ ᠰᠠᠯᠬᠢ ᠨᠡᠪᠲᠡᠷᠡᠭᠦᠯᠦᠨ ᠠᠷᠢᠭᠤᠳᠬᠠᠬᠤ ᠵᠡᠷᠭᠡ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠲᠤᠮᠤ ᠬᠡᠯᠪᠡᠷᠢ ᠶᠢᠨ ᠴᠤᠭᠯᠠᠷᠠᠯ ᠤᠨ ᠴᠢᠨᠠᠷᠲᠠᠢ ᠠᠵᠢᠯᠯᠠᠭ᠎ᠠ ᠶᠢ ᠴᠢᠩᠭ᠎ᠠ ᠬᠢᠵᠠᠭᠠᠷᠯᠠᠵᠤ᠂ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠶᠢ ᠪᠦᠲᠦᠮᠵᠢᠲᠡᠢ ᠪᠠᠭᠠᠰᠬᠠᠬᠤ ᠬᠡᠷᠡᠭᠲᠡᠢ᠃ ᠸᠠᠺᠼᠢᠨ ᠤ ᠲᠠᠷᠢᠯᠭ᠎ᠠ ᠶᠢ ᠲᠦᠷᠭᠡᠪᠴᠢᠯᠡᠨ ᠠᠬᠢᠭᠤᠯᠵᠤ᠂ ᠲᠠᠷᠢᠬᠤ ᠶᠣᠰᠣᠲᠠᠶ ᠶᠢ ᠨᠢ ᠴᠥᠮ ᠲᠠᠷᠢᠬᠤ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠵᠦ᠂ ᠬᠠᠮᠲᠤᠯᠢᠭ ᠤᠨ ᠡᠭᠡᠯᠢᠯᠡᠭᠡ ᠶᠢᠨ ᠬᠠᠯᠬᠠᠪᠴᠢ ᠶᠢ ᠤᠯᠠᠮ ᠨᠢᠭᠡ ᠠᠯᠬᠤᠮ ᠪᠠᠶᠢᠭᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠢᠶᠠᠨ ᠴᠢᠩᠭᠠᠳᠬᠠᠵᠤ᠂ ᠡᠷᠬᠡ ᠰᠦᠷᠲᠦ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠬᠤᠪᠢ ᠬᠥᠮᠦᠨ ᠤ ᠬᠠᠮᠠᠭᠠᠯᠠᠯᠲᠠ ᠪᠠᠨ ᠰᠠᠶᠢᠲᠤᠷ ᠬᠢᠬᠦ ᠶᠢ ᠪᠠᠷᠢᠮᠲᠠᠯᠠᠵᠤ᠂ ᠬᠤᠪᠢ ᠬᠥᠮᠦᠨ ᠤ ᠰᠠᠶᠢᠨ ᠰᠠᠶᠢᠬᠠᠨ ᠵᠠᠩ ᠳᠠᠳᠬᠠᠯ ᠢ ᠪᠠᠲᠤᠯᠠᠵᠤ᠂ ᠤᠯᠠᠨ ᠲᠦᠮᠡᠨ ᠲᠤᠰᠬᠠᠢ ᠮᠡᠷᠭᠡᠵᠢᠯ ᠢ ᠤᠶᠠᠯᠳᠤᠭᠤᠯᠬᠤ᠂ ᠤᠯᠠᠨ ᠢᠶᠠᠷ ᠢᠶᠠᠨ ᠰᠡᠷᠭᠡᠶᠢᠯᠡᠵᠦ ᠤᠯᠠᠨ ᠢᠶᠠᠷ ᠢᠶᠠᠨ ᠡᠵᠡᠮᠳᠡᠬᠦ ᠰᠠᠭᠤᠷᠢ ᠶᠢ ᠪᠠᠲᠤᠳᠬᠠᠬᠤ ᠬᠡᠷᠡᠭᠲᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠬᠤᠳᠠ ᠲᠣᠭᠤᠷᠢᠭ ᠬᠤᠶᠠᠷ ᠱᠠᠲᠤᠨ ᠤ ᠵᠢᠯᠣᠭᠤᠳᠬᠤ ᠭᠠᠵᠠᠷ ᠤᠨ ᠬᠢᠨ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠲᠦᠷᠭᠡᠨ ᠣᠷᠣᠵᠤ᠂ ᠪᠠᠶᠢᠩᠭᠤ ᠶᠢᠨ ᠠᠵᠢᠯᠯᠠᠭ᠎ᠠ ᠶᠢ ᠪᠠᠲᠤᠯᠠᠵᠤ᠂ ᠲᠥᠪ ᠤᠨ ᠦᠢᠯᠡᠳᠦᠯ ᠢᠶᠠᠨ ᠦᠨᠡᠨᠬᠦ ᠪᠠᠳᠠᠷᠠᠭᠤᠯᠵᠤ᠂ ᠵᠠᠳᠠᠯᠤᠨ ᠰᠤᠳᠤᠯᠵᠤ ᠮᠠᠭᠠᠳᠯᠠᠬᠤ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠᠨ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠡᠯᠡᠳᠬᠡᠯ ᠲᠥᠰᠦᠯ ᠢᠶᠠᠨ ᠲᠡᠭᠦᠯᠳᠡᠷᠵᠢᠭᠦᠯᠵᠦ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠪᠠᠨ ᠪᠦᠷᠢᠨᠰᠢᠬᠦᠯᠵᠦ᠂ ᠬᠢᠵᠢᠭ ᠤᠨ ᠪᠠᠶᠢᠳᠠᠯ ᠡᠭᠦᠰᠪᠡᠯ ᠲᠦᠷᠭᠡᠨ ᠪᠥᠭᠡᠳ ᠥᠨᠳᠥᠷ ᠪᠦᠲᠦᠮᠵᠢᠲᠡᠢ ᠰᠢᠢᠳᠪᠦᠷᠢᠯᠡᠵᠦ᠂ ᠠᠷᠠᠳ ᠤᠯᠠᠨ ᠤ ᠠᠮᠢ ᠨᠠᠰᠤ ᠡᠷᠡᠭᠦᠯ ᠮᠡᠨᠳᠦ ᠶᠢᠨ ᠠᠮᠤᠷ ᠲᠦᠪᠰᠢᠨ ᠢ ᠡᠷᠡᠰ ᠰᠠᠬᠢᠨ ᠬᠠᠮᠠᠭᠠᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号