ᠶᠠᠩ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/8
     10 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ ᠭᠦᠨᠵᠡᠭᠡᠶᠢᠷᠡᠵᠦ᠂ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠪᠠ ᠭᠤᠤᠯᠳᠠᠯᠭ᠎ᠠ ᠲᠠᠢ ᠲᠥᠷᠥᠯ ᠵᠦᠢᠯ ᠢ ᠳᠥᠯᠭᠢᠨ ᠠᠬᠢᠭᠤᠯᠵᠤ ᠪᠠᠶᠢᠭ᠎ᠠ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ᠃        ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠳᠤ᠂ ᠶᠠᠩ ᠶᠢᠨ ᠬᠦᠷᠢᠶᠡᠯᠡᠩ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠨᠠᠷᠢᠨ ᠣᠶᠢᠯᠠᠭᠠᠵᠤ᠂ ᠤᠷᠢᠳ ᠬᠤᠵᠢᠳ ᠭᠤᠸᠠᠩ ᠵᠢᠤᠢ ᠰᠢᠨ᠎ᠡ ᠮᠠᠲ᠋ᠧᠷᠢᠶᠠᠯ  ᠂ ᠬᠤᠸᠠ ᠡᡁᠧᠩ ᠰᠢᠨ᠎ᠡ ᠮᠠᠲ᠋ᠧᠷᠢᠶᠠᠯ᠂ ᠳ᠋ᠧ ᠿᠦᠢ ᠤᠤᠯ ᠡᠮ᠂ ᠵᠧᠨ ᠬᠤᠸᠠ ᠲᠢᠲ᠋ᠠᠨ ᠤ ᠦᠢᠯᠡᠰ᠂ ᠲᠢᠶᠠᠨ ᠴᠧᠩ ᠰᠢᠩ ᠦ᠋ ᠬᠢᠮᠢ ᠵᠢᠴᠢ ᠶᠦᠩ ᠲᠠᠢ ᠬᠢᠮᠢ ᠶᠢᠨ ᠬᠢᠵᠠᠭᠠᠷᠲᠤ ᠺᠣᠮᠫᠠᠨᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠢ᠂ ᠦᠢᠯᠡᠳᠪᠦᠷᠢ ᠶᠢᠨ ᠲᠠᠰᠤᠭ ᠪᠣᠯᠤᠨ ᠲᠥᠪ ᠡᠵᠡᠮᠰᠢᠯ ᠤᠨ ᠲᠠᠰᠤᠭ ᠲᠤ ᠬᠦᠷᠴᠦ᠂ ᠰᠢᠨ᠎ᠡ ᠪᠠᠷ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠲᠥᠯᠥᠪᠵᠢᠭᠦᠯᠭᠡ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠬᠢᠴᠠ᠂ ᠪᠠᠶᠢᠭᠤᠯᠵᠤ ᠪᠠᠶᠢᠭ᠎ᠠ ᠲᠦᠷᠦᠯ ᠵᠦᠢᠯ ᠤᠨ ᠠᠰᠢᠭᠯᠠᠯᠲᠠ ᠳᠤ ᠤᠷᠤᠭᠰᠠᠨ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠦᠷᠦᠯ ᠵᠦᠢᠯ ᠢ ᠲᠦᠯᠬᠢᠨ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠪᠣᠳᠠᠲᠠᠶ ᠬᠦᠴᠢᠷᠳᠡᠯ ᠪᠠ ᠠᠰᠠᠭᠤᠳᠠᠯ ᠢ ᠨᠢ ᠯᠠᠪᠯᠠᠨ ᠠᠰᠠᠭᠤᠪᠠ᠃ ᠶᠠᠩ ᠶᠢᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠪᠠᠷᠢᠯᠭ᠎ᠠ ᠶᠢᠨ ᠬᠤᠭᠤᠴᠠᠭ᠎ᠠ ᠪᠠᠨ ᠭᠡᠳᠡᠷᠭᠦ ᠪᠠᠶᠢᠷᠢᠯᠠᠭᠤᠯᠵᠤ᠂ ᠬᠦᠴᠦᠨ ᠢᠶᠠᠨ ᠲᠤᠬᠢᠷᠠᠭᠤᠯᠵᠤ᠂ ᠨᠠᠷᠢᠨ ᠨᠢᠮᠪᠠᠢ ᠪᠠᠷᠢᠯᠭ᠎ᠠ ᠪᠠᠷᠢᠵᠤ᠂ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠪᠠᠷᠢᠯᠭ᠎ᠠ ᠶᠢᠨ ᠶᠠᠰᠤ ᠴᠢᠨᠠᠷ ᠪᠣᠯᠤᠨ ᠦᠢᠯᠡᠳᠪᠦᠷᠢᠯᠡᠯ ᠤᠨ ᠠᠮᠤᠷ ᠲᠦᠪᠰᠢᠨ ᠢ ᠪᠠᠲᠤᠯᠠᠵᠤ᠂ ᠲᠦᠷᠦᠯ ᠵᠦᠢᠯ ᠢ ᠡᠷᠲᠡᠬᠡᠨ ᠪᠦᠳᠦᠭᠡᠨ ᠪᠠᠶᠢᠭᠤᠯᠵᠤ ᠠᠰᠢᠭᠯᠠᠯᠲᠠ ᠳᠤ ᠣᠷᠣᠭᠤᠯᠤᠨ ᠦᠷ᠎ᠡ ᠪᠦᠲᠦᠮᠵᠢ ᠤᠯᠬᠤ ᠶᠢ ᠴᠢᠷᠮᠠᠶᠢᠨ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠠᠬᠢᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠠᠵᠤ ᠠᠬᠤᠶᠢᠯᠠᠯ ᠪᠣᠯ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠭᠤᠣᠯ ᠴᠣᠭᠴᠠ ᠪᠣᠯᠤᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠤᠳᠤᠷᠢᠳᠤᠯᠭ᠎ᠠ ᠠᠴᠠ ᠳᠠᠭᠠᠭᠠᠴᠢᠯᠠᠨ ᠬᠤᠯᠪᠣᠭᠠᠯᠠᠬᠤ᠂ ᠲᠤᠰᠬᠠᠶ ᠪᠠᠭ ᠢᠶᠠᠷ ᠠᠬᠢᠭᠤᠯᠬᠤ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠠᠵᠤ ᠠᠬᠤᠶᠢᠯᠠᠯ ᠤᠨ ᠲᠤᠰᠬᠠᠭᠰᠠᠨ ᠬᠦᠴᠢᠷᠳᠡᠯᠲᠡᠶ ᠠᠰᠠᠭᠤᠳᠠᠯ ᠳᠤ ᠴᠠᠭ ᠲᠤᠬᠠᠶ ᠳᠤᠨᠢ ᠬᠠᠷᠢᠭᠤ ᠥᠭᠴᠦ᠂ ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠵᠦ᠂ ᠴᠢᠨᠠᠷ ᠰᠠᠶᠢᠲᠠᠶ ᠦᠢᠯᠡᠴᠢᠯᠡᠭᠡ ᠪᠠᠷ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠴᠢᠬᠤᠯᠠ ᠡᠯᠧᠮᠧᠨ᠋ᠲ ᠤᠨ ᠲᠤᠬᠢᠷᠠᠭᠤᠯᠤᠯᠳᠠ ᠪᠠᠨ ᠤᠯᠠᠮ ᠴᠢᠨᠠᠭᠰᠢᠳᠠ ᠰᠢᠯᠢᠳᠡᠭᠵᠢᠭᠦᠯᠵᠦ᠂ ᠡᠨᠧᠷᠭᠢ ᠶᠢᠨ ᠬᠤᠷᠣᠭᠳᠠᠯ᠂ ᠤᠰᠤᠨ ᠤ ᠡᠬᠢ ᠪᠠᠶᠠᠯᠢᠭ ᠵᠡᠷᠭᠡ ᠴᠢᠬᠤᠯᠠ ᠡᠯᠧᠮᠧᠨ᠋ᠲ ᠤᠨ ᠬᠢᠵᠠᠭᠠᠷᠯᠠᠯ ᠢ ᠬᠦᠴᠦᠯᠡᠨ ᠰᠢᠢᠳᠪᠦᠷᠢᠯᠡᠵᠦ᠂ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢᠶᠠᠨ ᠨᠥᠬᠦᠪᠥᠷᠢᠯᠡᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠳᠤ ᠠᠰᠢᠭᠲᠠᠢ ᠨᠥᠬᠦᠴᠡᠯ ᠢ ᠡᠭᠦᠳᠬᠦ ᠬᠡᠷᠡᠭᠲᠡᠢ᠃ ᠡᠯ᠎ᠡ ᠠᠵᠤ ᠠᠬᠤᠶᠢᠯᠠᠯ ᠡᠷᠬᠡᠪᠰᠢ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠲᠡᠷᠢᠭᠦᠨ ᠤ ᠤᠷ᠎ᠠ ᠮᠡᠷᠭᠡᠵᠢᠯ ᠢᠶᠠᠷ ᠴᠣᠭᠴᠠᠯᠠᠨ ᠪᠠᠶᠢᠭᠤᠯᠵᠤ᠂ ᠲᠣᠭᠠᠴᠢᠯᠠᠭᠰᠠᠨ ᠬᠠᠮᠢᠶᠠᠷᠤᠯᠲᠠ ᠶᠢ ᠠᠬᠢᠭᠤᠯᠵᠤ᠂ ᠤᠶᠤᠨᠲᠤ ᠦᠢᠯᠡᠳᠪᠦᠷᠢ ᠪᠠᠶᠢᠭᠤᠯᠵᠤ᠂ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠱᠠᠭᠠᠷᠳᠠᠯᠭ᠎ᠠ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠠᠪᠤᠴᠠ ᠳᠠᠬᠢ ᠲᠠᠭᠠᠭᠤᠯᠤᠭᠴᠢ ᠠᠵᠤ ᠠᠬᠤᠶᠢᠯᠠᠯ ᠤᠨ ᠬᠦᠳᠦᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠪᠠᠳᠠᠷᠠᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ ᠬᠡᠵᠡᠢ᠃      ᠶᠠᠩ ᠶᠢᠨ ᠴᠢᠬᠤᠯᠠᠴᠢᠯᠠᠭᠰᠠᠨ ᠨᠢ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠭᠤᠤᠯᠳᠠᠯᠭ᠎ᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠬᠤᠶᠠᠷ ᠶᠡᠭᠡ ᠠᠵᠤ ᠦᠢᠯᠡᠰ ᠤᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠥᠬᠦ ᠬᠡᠯᠬᠢᠶ᠎ᠡ ᠪᠠᠷ ᠪᠥᠭᠡᠮᠨᠡᠷᠡᠬᠦ᠂ ᠣᠯᠠᠨ ᠬᠡᠯᠬᠢᠶ᠎ᠡ ᠪᠠᠷ ᠠᠭᠤᠰᠤᠯᠴᠠᠬᠤ ᠶᠢ ᠪᠠᠷᠢᠮᠲᠠᠯᠠᠨ᠂ ᠠᠵᠤ ᠦᠢᠯᠡᠰ ᠤᠨ ᠬᠤᠯᠪᠣᠯᠳᠤᠨ ᠬᠥᠭᠵᠢᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠣᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ ᠤᠨ ᠬᠡᠯᠬᠢᠶ᠎ᠡ ᠶᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠶᠢ ᠠᠬᠢᠭᠤᠯᠵᠤ᠂ ᠣᠷᠣᠨ ᠪᠦᠰᠡ ᠶᠢᠨ ᠣᠨᠴᠠᠯᠢᠭ ᠲᠠᠢ ᠳᠠᠪᠠᠭᠤᠯᠢᠭ ᠠᠵᠤ ᠦᠢᠯᠡᠰ ᠤᠨ ᠪᠥᠭᠡᠮᠨᠡᠷᠡᠯ ᠢ ᠪᠣᠶ ᠪᠣᠯᠭᠠᠬᠤ ᠬᠡᠷᠡᠭᠲᠡᠶ᠃ ᠬᠠᠷᠠᠯᠲᠠ ᠶᠢᠨ ᠪᠠᠶᠢᠷᠢ ᠲᠣᠭᠲᠠᠭᠠᠯᠲᠠ ᠪᠠᠨ ᠲᠣᠳᠣᠷᠬᠠᠶᠢᠯᠠᠵᠤ᠂ ᠣᠲᠣ ᠶᠢᠨ ᠪᠠᠶᠢᠭ᠎ᠠ ᠲᠥᠯᠥᠪᠵᠢᠭᠦᠯᠭᠡ ᠪᠠᠨ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠬᠦ ᠶᠢ ᠬᠦᠴᠦᠯᠡᠨ ᠪᠡᠶᠡᠯᠡᠭᠦᠯᠵᠦ᠂ ᠬᠦᠷᠢᠶᠡᠯᠡᠩ ᠲᠣᠭᠤᠷᠢᠭ ᠤᠨ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠦᠨ᠂ ᠬᠦᠷᠢᠶᠡᠯᠡᠩ ᠲᠣᠭᠤᠷᠢᠭ ᠤᠨ ︽ᠲᠦᠷᠰᠦ ᠪᠠᠶᠢᠳᠠᠯ︾ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠶᠠᠰᠤ ᠴᠢᠨᠠᠷ ᠢᠶᠠᠨ ᠳᠡᠭᠡᠭᠰᠢᠯᠡᠭᠦᠯᠦᠨ ᠤᠨᠢᠨ ᠳᠡᠭᠡᠷ᠎ᠡ ᠨᠢ ᠠᠷᠠᠯᠵᠢᠶᠠᠴᠢᠨ ᠤᠷᠢᠵᠤ᠂ ︽ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠠᠬᠤᠶᠢᠯᠠᠯ ᠢᠶᠠᠷ ᠠᠵᠤ ᠠᠬᠤᠶᠢᠯᠠᠯ ᠢ ᠲᠠᠲᠠᠬᠤ︾ ᠦᠢᠯᠡᠳᠦᠯ  ᠢᠶᠠᠨ ᠪᠠᠳᠠᠷᠠᠭᠤᠯᠵᠤ᠂ ᠴᠢᠨᠠᠷ ᠰᠠᠶᠢᠲᠠᠢ ᠲᠦᠷᠦᠯ ᠵᠦᠢᠯ ᠢᠶᠠᠷ ᠪᠦᠲᠦᠮᠵᠢᠲᠡᠢ ᠪᠡᠯᠡ ᠣᠷᠣᠭᠤᠯᠤᠯᠲᠠ ᠶᠢ ᠬᠦᠴᠦᠯᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠳᠠᠶᠢᠴᠢᠯᠠᠬᠤ ᠬᠡᠷᠡᠭᠲᠡᠢ᠃ ᠪᠡᠯᠡ ᠣᠷᠣᠭᠤᠯᠤᠯᠲᠠ ᠶᠢᠨ ᠬᠦᠴᠦᠯᠡᠴᠡ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ᠂ ᠨᠢᠭᠡᠴᠢ ᠡᠨᠧᠷᠭᠢ ᠶᠢᠨ ᠬᠤᠷᠣᠭᠳᠠᠯ ᠵᠡᠷᠭᠡ ᠶᠢ ᠵᠥᠪᠰᠢᠶᠡᠷᠡᠬᠦ ᠪᠠᠷᠢᠮᠵᠢᠶ᠎ᠠ ᠪᠠᠨ ᠲᠤᠪᠤᠶᠢᠯᠭᠠᠵᠦ᠂ ᠴᠢᠬᠤᠯᠠ ᠶᠡᠭᠡ ᠲᠦᠷᠦᠯ ᠵᠦᠢᠯ ᠤᠨ ᠳᠠᠭᠠᠭᠠᠴᠠ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠬᠦᠷᠢᠶᠡᠯᠡᠩ ᠲᠣᠭᠤᠷᠢᠭ ᠤᠨ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠵᠦ᠂ ᠬᠦᠷᠢᠶᠡᠯᠡᠩ ᠲᠣᠭᠤᠷᠢᠭ ᠢ ᠦᠨᠡᠨᠬᠦ ᠴᠢᠨᠠᠷ ᠰᠠᠶᠢᠲᠠᠢ ᠬᠥᠭᠵᠢᠯᠲᠡ ᠶᠢᠨ ᠭᠤᠣᠯ ᠳᠠᠶᠢᠨ ᠤ ᠲᠠᠯᠠᠪᠤᠷ ᠪᠣᠯᠭᠠᠬᠤ ᠬᠡᠷᠡᠭᠲᠡᠢ ᠬᠡᠵᠡᠢ᠃      
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号