ᠶᠠᠩ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/8
     10 ᠰᠠᠷ᠎ᠠ ᠶᠢᠨ 3 ᠤ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠮᠠᠨ ᠤ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠲᠡᠷᠡ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠠᠮᠢ ᠠᠬᠤᠶ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠴᠥᠬᠦᠷᠡᠰᠢ ᠦᠭᠡᠢ ᠰᠠᠶᠢᠲᠤᠷ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠳᠡᠢ ᠬᠡᠵᠡᠢ᠃      ᠪᠠᠷᠠᠭᠤᠨ ᠣᠷᠳᠣᠰ ᠤᠨ ᠤᠯᠤᠰ ᠤᠨ ᠳᠡᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ︵ᠦᠬᠠᠶ ᠶᠢᠨ ᠬᠠᠷᠢᠶ᠎ᠠ ᠣᠷᠣᠨ︶ ᠳᠤ᠂ ᠶᠠᠩ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠨᠣᠴᠣᠭᠠᠨ᠎ᠠ ᠶᠢᠨ ᠤᠷᠭᠤᠯᠲᠠ ᠶᠢᠨ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠨ ᠦᠵᠡᠵᠦ᠂ ᠬᠠᠮᠠᠭᠠᠯᠠᠯᠲᠠ ᠶᠢᠨ ᠣᠷᠣᠨ ᠤ ᠤᠷᠭᠤᠮᠠᠯ ᠤᠨ ᠤᠯᠠᠨ ᠶᠠᠩᠵᠤᠲᠤ ᠴᠢᠨᠠᠷ ᠢ ᠨᠠᠷᠢᠨ ᠣᠶᠢᠯᠠᠭᠠᠬᠤ ᠶᠢᠨ ᠬᠠᠮᠲᠤ᠂ ᠬᠤᠯᠪᠣᠭᠳᠠᠯ ᠪᠦᠬᠦᠢ ᠬᠠᠷᠢᠭᠤᠴᠠᠯᠭᠠᠲᠠᠨ ᠳᠤ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠭᠤᠣᠯᠳᠠᠯᠭ᠎ᠠ ᠲᠠᠢ ᠭᠠᠵᠠᠷ ᠣᠷᠣᠨ ᠢ ᠬᠢᠨᠠᠨ ᠬᠠᠮᠢᠶᠠᠷᠴᠤ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠲᠠ ᠶᠢᠨ ᠠᠮᠢ ᠠᠬᠤᠢ ᠶᠢᠨ ᠠᠮᠤᠷ ᠲᠦᠪᠰᠢᠨ ᠪᠣᠯᠤᠨ ᠠᠷᠠᠳ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠭᠡᠵᠦ ᠵᠠᠬᠢᠪᠠ᠃      ᠶᠠᠩ ᠶᠢᠨ ᠴᠢᠬᠤᠯᠠᠴᠢᠯᠠᠭᠰᠠᠨ ᠨᠢ᠂ ᠨᠤᠴᠣᠭᠠᠨ᠎ᠠ ᠭᠡᠬᠦ ᠡᠨᠡᠬᠦ ᠮᠥᠬᠦᠬᠦ ᠰᠢᠬᠠᠭᠰᠠᠨ ᠳᠦᠷᠰᠦ ᠶᠢ ᠡᠷᠡᠰ ᠰᠠᠶᠢᠲᠤᠷ ᠬᠠᠮᠠᠭᠠᠯᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠨᠵᠢᠯᠡᠬᠦ ᠤᠬᠠᠭᠠᠨᠴᠢ ᠪᠠᠷ ᠬᠠᠮᠢᠶᠠᠷᠴᠤ᠂ ᠬᠤᠪᠣᠷ ᠴᠤᠬᠠᠭ ᠤᠷᠭᠤᠮᠠᠯ ᠤᠨ ᠰᠤᠳᠤᠯᠭᠠᠨ ᠢ ᠰᠠᠶᠢᠲᠤᠷ ᠬᠢᠵᠦ᠂ ᠤᠬᠠᠭᠤᠯᠭ᠎ᠠ ᠶᠢᠨ ᠡᠷᠴᠢᠮ ᠪᠣᠯᠤᠨ ᠬᠠᠮᠠᠭᠠᠯᠠᠯᠲᠠ ᠶᠢᠨ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠷᠭᠤᠮᠠᠯ ᠤᠨ ᠤᠯᠠᠨ ᠶᠠᠩᠵᠤᠲᠤ ᠴᠢᠨᠠᠷ ᠪᠣᠯᠤᠨ ᠪᠠᠶᠢᠭᠠᠯᠢ ᠶᠢᠨ ᠠᠮᠢ ᠠᠬᠤᠢ ᠶᠢᠨ ᠲᠡᠩᠴᠡᠭᠦᠷᠢ ᠶᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠬᠡᠵᠡᠢ᠃      ᠯᠦᠩ ᠴᠠᠩ ᠤᠨ ᠲᠡᠮᠡᠭᠡᠲᠤ ᠠᠭᠤᠯᠠ ᠶᠢᠨ ᠵᠠᠯᠭᠠᠯᠳᠤᠭᠤᠯᠤᠨ ᠵᠠᠰᠠᠬᠤ ᠵᠢᠱᠢᠶ᠎ᠡ ᠦᠵᠡᠭᠦᠯᠬᠦ ᠣᠷᠣᠨ ᠪᠣᠯᠤᠨ ᠰᠢᠨ ᠰᠢᠩ ᠨᠡᠭᠦᠷᠡᠰᠦᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠡᠭᠦᠷᠡᠰᠦᠨ ᠠᠭᠤᠷᠬᠠᠢ ᠳᠤ᠂ ᠶᠠᠩ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠪᠣᠯᠤᠨ ᠮᠠᠯᠲᠠᠵᠤ ᠬᠥᠨᠳᠡᠶᠢᠷᠡᠭᠦᠯᠦᠭᠰᠡᠨ ᠣᠷᠣᠨ ᠳᠤ ᠭᠦᠨᠵᠡᠭᠡᠶᠢᠷᠡᠵᠦ᠂ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ᠂ ᠵᠠᠮ ᠢ ᠵᠠᠰᠠᠬᠤ᠂ ᠪᠣᠬᠢᠷᠲᠤᠯ ᠦᠭᠡᠢ ᠠᠭᠤᠷᠬᠠᠢ ᠶᠢᠨ ᠪᠦᠳᠦᠬᠡᠨ ᠪᠠᠶᠢᠭᠤᠯᠤᠯᠲᠠ ᠪᠣᠯᠤᠨ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠭᠰᠠᠨ ᠪᠠᠶᠢᠳᠠᠯ ᠢ ᠨᠠᠷᠢᠨ ᠣᠶᠢᠯᠠᠭᠠᠪᠠ᠃      ᠶᠠᠩ ᠶᠢᠨ ᠴᠢᠬᠤᠯᠠᠴᠢᠯᠠᠭᠰᠠᠨ ᠨᠢ᠂ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠪᠣᠯ ᠮᠠᠨ ᠤ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠵᠠᠰᠠᠯᠲᠠ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠶᠢᠨ ᠵᠠᠩᠭᠢᠯᠠᠭ᠎ᠠ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠡᠭᠦᠷᠭᠡᠯᠡᠬᠦ ᠪᠠᠨ ᠴᠢᠩᠭᠠᠳᠬᠠᠵᠤ᠂ ︽ᠳᠣᠯᠤᠭ᠎ᠠ ᠶᠢ ᠵᠠᠰᠠᠬᠤ︾ ᠡᠯ᠎ᠡ ᠵᠦᠢᠯ ᠤᠨ ᠡᠭᠦᠷᠭᠡ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠤᠷᠬᠠᠶ ᠶᠢᠨ ᠣᠷᠣᠨ ᠢ ᠲᠥᠪᠯᠡᠷᠡᠭᠦᠯᠦᠨ ᠵᠠᠯᠭᠠᠯᠳᠤᠭᠤᠯᠤᠨ ᠵᠠᠰᠠᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠠᠭᠤᠷᠬᠠᠶ ᠶᠢᠨ ᠡᠷᠬᠡ ᠶᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ ᠶᠢ ᠲᠦᠷᠭᠡᠳᠬᠡᠨ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠴᠢᠨᠠᠷ ᠰᠠᠶᠢᠲᠠᠶ ᠥᠨᠳᠥᠷ ᠪᠠᠷᠢᠮᠵᠢᠶ᠎ᠠ ᠪᠠᠷ ᠠᠬᠢᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠴᠢᠬᠤᠯᠠ ᠶᠡᠭᠡ ᠰᠠᠶᠢᠵᠢᠷᠠᠯᠲᠠ ᠶᠢ ᠪᠡᠶᠡᠯᠡᠭᠦᠯᠬᠦ ᠶᠢ ᠠᠬᠢᠭᠤᠯᠬᠤ ᠬᠡᠷᠡᠭᠲᠡᠶ᠃ ᠡᠬᠢ ᠡᠭᠦᠰᠦᠯ ᠠᠴᠠ ᠨᠢ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ ᠨᠢᠭᠡ ᠴᠤᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠭᠦᠨᠵᠡᠭᠡᠶ ᠥᠷᠨᠢᠭᠦᠯᠵᠦ᠂ ᠲᠣᠭᠤᠰᠣ ᠰᠢᠷᠣᠶ ᠶᠢᠨ ᠪᠣᠬᠢᠷᠲᠤᠯ ᠵᠡᠷᠭᠡ ᠠᠰᠠᠭᠤᠳᠠᠯ ᠢ ᠦᠨᠡᠨᠬᠦ ᠰᠠᠶᠢᠲᠤᠷ ᠰᠢᠢᠳᠪᠦᠷᠢᠯᠡᠵᠦ᠂ ᠴᠡᠭᠴᠡᠯᠡᠨ ᠵᠠᠰᠠᠭᠰᠠᠨ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠬᠦ ᠬᠡᠷᠡᠭᠲᠡᠶ᠃ ᠰᠡᠷᠭᠦᠭᠡᠨ ᠨᠣᠭᠤᠭᠠᠷᠠᠭᠤᠯᠬᠤ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠲᠤᠬᠠᠶ ᠶᠢᠨ ᠭᠠᠵᠠᠷ ᠤᠨ ᠠᠭᠤᠷ ᠠᠮᠢᠰᠬᠤᠯ ᠵᠢᠴᠢ ᠭᠠᠵᠠᠷ ᠰᠢᠨᠵᠢᠯᠡᠭᠡᠨ ᠤ ᠨᠥᠬᠦᠴᠡᠯ ᠳᠤ ᠴᠢᠭᠯᠡᠭᠦᠯᠦᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ ᠰᠡᠷᠭᠦᠭᠡᠬᠦ ᠠᠷᠭ᠎ᠠ ᠬᠡᠮᠵᠢᠶ᠎ᠡ ᠲᠣᠭᠲᠠᠭᠠᠵᠤ᠂ ᠡᠳᠡᠭᠡᠷᠡᠯᠲᠡ ᠶᠢᠨ ᠨᠣᠷᠮ᠎ᠠ ᠶᠢ ᠳᠡᠭᠡᠭᠰᠢᠯᠡᠭᠦᠯᠦᠨ᠂ ᠥᠪᠡᠷ ᠤᠨ ᠥᠷᠲᠡᠭ ᠢ ᠪᠠᠭᠤᠷᠠᠭᠤᠯᠵᠤ᠂ ᠠᠭᠤᠷᠬᠠᠶ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠦᠷᠭᠦᠯᠵᠢᠯᠡᠬᠦ ᠴᠢᠨᠠᠷ ᠢ ᠴᠢᠩᠭᠠᠳᠬᠠᠬᠤ ᠬᠡᠷᠡᠭᠲᠡᠶ᠃ ᠡᠯ᠎ᠡ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠳ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠡᠷᠭᠦᠭᠡᠨ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠪᠣᠯᠤᠨ ᠨᠡᠶᠢᠭᠡᠮ ᠤᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠪᠠᠶᠢᠭᠠᠯᠢ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢᠨ ᠵᠡᠷᠭᠡᠴᠡᠭᠡᠪᠡᠷ ᠠᠮᠢ ᠠᠬᠤᠶ ᠶᠢᠨ ᠬᠠᠮᠠᠭᠠᠯᠠᠯᠲᠠ ᠪᠣᠯᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠦᠷᠭᠦᠯᠵᠢᠯᠡᠨ ᠬᠥᠭᠵᠢᠭᠦᠯᠬᠦ ᠶᠢ ᠪᠡᠶᠡᠯᠡᠭᠦᠯᠬᠦ ᠬᠡᠷᠡᠭᠲᠡᠶ᠃ ᠠᠯᠤᠰ ᠬᠡᠳᠤ ᠶᠢ ᠪᠣᠳᠣᠯᠬᠢᠯᠠᠨ ᠠᠵᠤ ᠦᠢᠯᠡᠰ ᠤᠨ ᠪᠠᠶᠢᠷᠢᠰᠢᠯ ᠢᠶᠠᠨ ᠲᠥᠯᠥᠪᠵᠢᠭᠦᠯᠵᠦ᠂ ᠠᠭᠤᠷᠬᠠᠢ ᠶᠢᠨ ᠣᠷᠣᠨ ᠤ ᠬᠤᠯᠪᠣᠭᠠᠯᠠᠨ ᠭᠠᠳᠠᠭᠰᠢᠯᠠᠭᠤᠯᠵᠤ ᠬᠤᠯᠪᠣᠭᠠᠯᠠᠨ ᠵᠠᠰᠠᠬᠤ ᠲᠠᠢ ᠤᠶᠠᠯᠳᠤᠭᠤᠯᠵᠤ᠂ ᠠᠭᠤᠷᠬᠠᠢ ᠶᠢᠨ ᠰᠢᠷᠣᠢ ᠭᠠᠳᠠᠭᠰᠢᠯᠠᠭᠤᠯᠬᠤ ᠲᠠᠯᠠᠪᠠᠢ ᠶᠢ ᠭᠦᠢᠴᠡᠳ ᠠᠰᠢᠭᠯᠠᠨ ᠭᠡᠷᠡᠯ ᠸᠣᠯᠲ ᠵᠡᠷᠭᠡ ᠰᠢᠨ᠎ᠡ ᠡᠨᠧᠷᠭᠢ ᠶᠢᠨ ᠠᠵᠤ ᠦᠢᠯᠡᠰ ᠢ ᠬᠥᠭᠵᠢᠭᠦᠯᠵᠦ᠂ ᠠᠭᠤᠷᠬᠠᠢ ᠶᠢᠨ ᠠᠵᠤ ᠠᠬᠤᠢ ᠶᠢ ᠠᠮᠢ ᠠᠬᠤᠢ ᠶᠢᠨ ᠠᠵᠤ ᠠᠬᠤᠢ ᠪᠣᠯᠭᠠᠨ ᠬᠤᠪᠢᠷᠠᠭᠤᠯᠵᠤ᠂ ᠠᠵᠤ ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ᠂ ᠠᠮᠢ ᠠᠬᠤᠢ ᠶᠢᠨ ᠦᠷ᠎ᠡ ᠠᠰᠢᠭ ᠤᠨ ᠣᠷᠭᠠᠨᠢᠭ ᠨᠢᠭᠡᠳᠦᠯ ᠢ ᠪᠡᠶᠡᠯᠡᠭᠦᠯᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号