ᠶᠠᠩ ᠶᠢᠨ ᠭᠤᠣᠯ ᠢ ᠲᠣᠭᠤᠷᠢᠨ ᠪᠠᠶᠢᠴᠠᠭᠠᠬᠤ ᠶᠢᠨ ᠬᠠᠮᠲᠤ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/10/8
     10 ᠰᠠᠷ᠎ᠠ ᠶᠢᠨ 4 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ᠂ ᠳᠡᠳ᠋ ᠶᠡᠷᠦᠩᠬᠡᠶ ᠭᠤᠤᠯ ᠤᠨ ᠳᠠᠷᠤᠭ᠎ᠠ ᠶᠠᠩ ᠶᠢᠨ ᠬᠠᠶᠢᠨᠠᠨ ᠲᠣᠭᠤᠷᠢᠭ ᠲᠤ ᠭᠦᠨᠵᠡᠭᠡᠶᠢᠷᠡᠨ᠂ ᠭᠤᠤᠯ ᠢ ᠲᠣᠭᠤᠷᠢᠨ ᠪᠠᠶᠢᠴᠠᠭᠠᠵᠤ ᠪᠠᠶᠢᠴᠠᠭᠠᠨ ᠰᠤᠳᠤᠯᠤᠯᠲᠠ ᠬᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠵᠠᠰᠠᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠬᠤᠲᠠ ᠶᠢᠨ ᠳᠡᠳ᠋ ᠳᠠᠷᠤᠭ᠎ᠠ ᠸᠠᠩ ᠵᠢᠶ ᠫᠢᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠵᠡᠶ᠃      ᠶᠠᠩ ᠶᠢᠨ ᠨᠡᠷ ᠤᠷᠢᠳ ᠬᠤᠵᠢᠳ ᠬᠠᠳᠤᠨ ᠭᠤᠣᠯ ᠤᠨ ᠦᠪᠦᠷ ᠮᠤᠩᠭᠤᠯ ᠨᠢᠩᠰᠢᠶᠠ ᠶᠢᠨ ᠵᠠᠭᠠᠭ᠂ ᠪᠠᠶᠠᠨᠲᠣᠬᠤᠢ ᠪᠠᠯᠭᠠᠰᠤ ᠶᠢᠨ ᠸᠠᠨ ᠮᠦ ᠲᠠᠨ ᠲᠣᠰᠬᠤᠨ ᠤ ᠬᠠᠳᠤᠨ ᠭᠤᠣᠯ ᠤᠨ ᠲᠠᠩ᠂ ᠬᠠᠶᠢᠷᠤᠪ ᠤᠨ ᠲᠤᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ᠂ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠬᠦᠨᠵᠡᠭᠡᠶᠢᠷᠡᠵᠦ᠂ ᠬᠠᠲᠤᠨ ᠭᠤᠣᠯ ᠤᠨ ᠪᠠᠷᠠᠭᠤᠨ ᠡᠷᠭᠢ ᠶᠢᠨ ᠪᠠᠶᠠᠨᠲᠤᠬᠤᠢ ᠶᠢᠨ ᠬᠡᠰᠡᠭ ᠤᠨ ᠡᠷᠭᠢ ᠬᠠᠮᠠᠭᠠᠯᠠᠬᠤ ᠢᠨᠵᠧᠨᠧᠷᠢᠩ᠂ ᠬᠠᠲᠤᠨ ᠭᠤᠣᠯ ᠤᠨ ᠲᠠᠩ ᠳᠤ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠭᠰᠠᠨ᠂ ᠬᠠᠶᠢᠷᠤᠪ ᠤᠨ ᠲᠤᠬᠤᠢ ᠶᠢᠨ ᠴᠠᠬᠢᠯᠭᠠᠨ ᠭᠠᠷᠭᠠᠬᠤ ᠦᠢᠯᠡᠳᠪᠦᠷᠢ ᠶᠢᠨ ᠬᠦᠬᠦᠷ ᠥᠬᠡᠶᠢᠳᠡᠭᠦᠯᠦᠭᠰᠡᠨ ᠬᠠᠶᠠᠭᠳᠠᠮᠠᠯ ᠤᠰᠤ ᠶᠢ ᠰᠢᠢᠳᠪᠦᠷᠢᠯᠡᠬᠦ ᠲᠥᠬᠦᠭᠡᠷᠦᠮᠵᠢ ᠶᠢᠨ ᠠᠵᠢᠯᠯᠠᠭ᠎ᠠ᠂ ᠦᠬᠠᠢ ᠶᠢᠨ ᠬᠢᠮᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠡᠳ᠋ ᠣᠪᠣᠭᠠᠯᠠᠬᠤ ᠲᠠᠯᠠᠪᠠᠢ ᠶᠢᠨ ᠵᠠᠰᠠᠯᠲᠠ ᠵᠡᠷᠭᠡ ᠬᠤᠯᠪᠣᠭᠳᠠᠯ ᠪᠦᠬᠦᠢ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠤᠰᠤᠨ ᠤ ᠴᠢᠨᠠᠷ᠂ ᠭᠤᠤᠯ ᠤᠨ ᠲᠠᠩ ᠤᠨ ᠵᠠᠰᠠᠯᠲᠠ᠂ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠪᠣᠯᠤᠨ ᠭᠤᠣᠯ ᠨᠠᠭᠤᠷ ᠤᠨ ᠳᠠᠷᠤᠭ᠎ᠠ ᠶᠢᠨ ᠳᠦᠷᠢᠮ ᠤᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠨᠢᠭᠲᠠ ᠯᠠᠪᠯᠠᠨ ᠠᠰᠠᠭᠤᠪᠠ᠃      ᠶᠠᠩ ᠶᠢᠨ ᠵᠢᠭᠠᠵᠤ ᠭᠠᠷᠭᠠᠭᠰᠠᠨ ᠨᠢ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠵᠠᠰᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠠᠬᠢᠭᠤᠯᠤᠭᠰᠠᠨ ᠤᠯᠤᠰ ᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠮᠥᠨ᠂ ᠨᠡᠩ ᠴᠤ ᠪᠢᠳᠡᠨ ᠤ ᠵᠠᠶᠢᠯᠠᠭᠤᠯᠵᠤ ᠪᠣᠯᠤᠰᠢ ᠦᠭᠡᠢ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠡᠯ᠎ᠡ ᠲᠤᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ ᠬᠠᠮᠠᠭᠠᠯᠠᠬᠤ ᠪᠠ ᠴᠢᠨᠠᠷ ᠰᠠᠶᠢᠲᠠᠢ ᠬᠥᠭᠵᠢᠭᠦᠯᠬᠦ ᠴᠢᠬᠤᠯᠠ ᠶᠡᠭᠡ ᠤᠯᠤᠰ ᠤᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠬᠠᠳᠤᠨ ᠭᠤᠣᠯ ᠢ ᠥᠪᠥᠷ ᠮᠣᠩᠭᠤᠯ ᠳᠤ ᠣᠷᠣᠭᠤᠯᠬᠤ ᠲᠦᠷᠦᠭᠦᠦ ᠦᠷᠳᠡᠭᠡ ᠶᠢᠨ ᠲᠦᠷᠦᠭᠦᠦ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠨᠡᠩ ᠥᠨᠳᠥᠷ ᠤᠯᠤᠰ ᠲᠦᠷᠦ ᠶᠢᠨ ᠵᠣᠭᠰᠣᠴᠠ᠂ ᠨᠡᠩ ᠪᠣᠳᠠᠲᠠᠢ ᠠᠵᠢᠯ ᠤᠨ ᠠᠷᠭ᠎ᠠ ᠬᠡᠮᠵᠢᠶ᠎ᠡ ᠪᠠᠷ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠰᠤ ᠶᠢ ᠰᠠᠶᠢᠲᠤᠷ ᠬᠠᠮᠢᠶᠠᠷᠴᠤ᠂ ᠡᠷᠭᠢ ᠶᠢ ᠰᠠᠶᠢᠲᠤᠷ ᠬᠠᠮᠠᠭᠠᠯᠠᠵᠤ᠂ ᠬᠠᠳᠤᠨ ᠭᠤᠣᠯ ᠢᠶᠠᠷ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠭᠦᠯᠬᠦ ᠬᠡᠷᠡᠭᠲᠡᠢ᠃ ︽ᠬᠠᠮᠠᠭᠠᠯᠠᠬᠤ ᠪᠠᠷ ᠭᠤᠣᠯᠳᠠᠯᠭ᠎ᠠ ᠪᠣᠯᠭᠠᠵᠤ᠂ ᠵᠠᠰᠠᠬᠤ ᠪᠠᠷ ᠭᠤᠣᠯᠳᠠᠯᠭ᠎ᠠ ᠪᠣᠯᠭᠠᠬᠤ︾ ᠪᠠᠶᠢᠯᠳᠤᠬᠤ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠤᠰᠤᠨ ᠣᠷᠣᠨ ᠤ ᠡᠷᠭᠢ ᠶᠢᠨ ᠱᠤᠭᠤᠮ ᠤᠨ ᠣᠷᠣᠨ ᠵᠠᠢ ᠶᠢ ᠬᠠᠮᠢᠶᠠᠷᠤᠨ ᠡᠵᠡᠮᠳᠡᠬᠦ ᠪᠠᠨ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ︽ᠲᠦᠷᠪᠡᠨ ᠳᠤᠷ᠎ᠠ ᠶᠢ ᠵᠠᠰᠠᠬᠤ︾ ᠶᠢ ᠪᠠᠶᠢᠩᠭᠤᠵᠢᠭᠤᠯᠬᠤ ᠶᠢ ᠭᠦᠨᠵᠡᠭᠡᠢ ᠠᠬᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠰᠤᠨ ᠣᠷᠣᠨ ᠤ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ᠂ ᠤᠰᠤᠨ ᠤ ᠴᠢᠳᠠᠪᠬᠢ ᠶᠢ ᠭᠦᠢᠴᠡᠳ ᠪᠠᠳᠠᠷᠠᠭᠤᠯᠬᠤ ᠶᠢ ᠪᠠᠲᠤᠯᠠᠵᠤ᠂ ᠤᠰᠤ ᠲᠤᠩᠭᠠᠯᠠᠭ᠂ ᠭᠤᠣᠯ ᠮᠥᠷᠡᠨ ᠰᠠᠭᠠᠳ ᠦᠭᠡᠢ᠂ ᠡᠷᠭᠢ ᠨᠣᠭᠤᠭᠠᠨ᠂ ᠦᠵᠡᠮᠵᠢ ᠰᠠᠶᠢᠬᠠᠨ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠪᠠᠶᠢᠭᠠᠯᠢ ᠶᠢᠨ ᠭᠠᠵᠠᠷ ᠤᠨ ᠭᠠᠳᠠᠷᠭᠤ ᠶᠢ ᠭᠦᠢᠴᠡᠳ ᠠᠰᠢᠭᠯᠠᠨ᠂ ᠤᠰᠤᠨ ᠰᠢᠰᠲ᠋ᠧᠮ ᠤᠨ ᠲᠥᠬᠦᠭᠡᠷᠦᠮᠵᠢ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠪᠠᠶᠢᠭᠤᠯᠵᠤ᠂ ᠪᠣᠷᠣᠭᠠᠨ ᠦᠶᠡᠷ ᠤᠨ ᠡᠬᠢ ᠪᠠᠶᠠᠯᠢᠭ ᠢ ᠢᠳᠡᠪᠬᠢᠲᠡᠶ ᠪᠠᠷ ᠬᠠᠰᠢᠨ ᠬᠠᠳᠠᠭᠠᠯᠠᠵᠤ᠂ ᠬᠠᠲᠤᠨ ᠭᠤᠣᠯ ᠤᠨ ᠤᠰᠤ᠂ ᠪᠣᠷᠣᠭᠠᠨ ᠤ ᠤᠰᠤ ᠶᠢ ᠠᠰᠢᠭᠯᠠᠬᠤ ᠡᠨᠡ ᠬᠦ ︽ᠶᠡᠭᠡ ᠶᠠᠪᠤᠳᠠᠯ︾ ᠢ ᠦᠨᠡᠨ ᠬᠦ ᠰᠠᠶᠢᠲᠤᠷ ᠬᠢᠵᠦ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠦᠢᠯᠡᠳᠪᠦᠷᠢᠯᠡᠯ ᠠᠮᠢᠳᠤᠷᠠᠯ ᠤᠨ ᠠᠮᠢ ᠠᠬᠤᠶ ᠶᠢᠨ ᠤᠰᠤ ᠬᠡᠷᠡᠭᠯᠡᠬᠦ ᠬᠡᠷᠡᠭᠴᠡᠭᠡ ᠶᠢ ᠬᠠᠩᠭᠠᠬᠤ ᠬᠡᠷᠡᠭᠲᠡᠶ᠃ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠶᠢ ᠴᠢᠬᠤᠯᠠᠴᠢᠯᠠᠵᠤ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠢ ᠶᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠤᠨ ᠳᠤᠬᠢᠷᠠᠭᠤᠯᠤᠯᠳᠠ ᠪᠠ ᠪᠠᠶᠢᠷᠢᠯᠠᠭᠤᠯᠤᠯᠳᠠ ᠪᠠᠨ ᠰᠢᠯᠢᠳᠡᠭᠵᠢᠭᠦᠯᠵᠦ᠂ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ  ᠪᠠᠨ ᠳᠡᠭᠡᠭᠰᠢᠯᠡᠭᠦᠯᠵᠦ᠂ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠥᠨᠳᠥᠷ ᠪᠦᠲᠦᠮᠵᠢᠲᠡᠢ ᠤᠰᠤ ᠠᠷᠪᠢᠯᠠᠬᠤ ᠤᠨᠴᠠᠯᠢᠭᠳᠤ ᠠᠵᠤ ᠦᠢᠯᠡᠰ ᠢ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠬᠤ ᠬᠡᠷᠡᠭᠲᠡᠢ ᠬᠡᠵᠡᠢ᠃          ᠶᠠᠩ ᠶᠢᠨ ᠱᠠᠭᠠᠷᠳᠠᠭᠰᠠᠨ ᠨᠢ᠂ ᠡᠯ᠎ᠡ ᠱᠠᠲᠤᠨ ᠤ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠬᠦᠢᠴᠡᠳᠬᠡᠵᠦ᠂ ᠭᠤᠤᠯ ᠮᠥᠷᠡᠨ ᠢ ᠲᠣᠭᠤᠷᠢᠨ ᠴᠠᠭᠳᠠᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠤᠰᠤ ᠶᠢ ᠬᠠᠮᠢᠶᠠᠷᠴᠤ ᠤᠰᠤ ᠶᠢ ᠵᠠᠰᠠᠬᠤ ᠬᠠᠷᠢᠭᠤᠴᠠᠯᠭ᠎ᠠ ᠶᠢ ᠦᠨᠡᠨ ᠬᠦ ᠨᠠᠷᠢᠨ ᠨᠢᠮᠪᠠᠶ ᠨᠠᠶᠢᠳᠠᠪᠤᠷᠢᠵᠢᠭᠤᠯᠤᠨ᠂ ᠭᠤᠤᠯ ᠮᠥᠷᠡᠨ ᠢ ᠬᠠᠮᠠᠭᠠᠯᠠᠬᠤ ᠳᠤ ᠬᠠᠷᠢᠭᠤᠴᠠᠯᠭ᠎ᠠ ᠲᠠᠢ᠂ ᠭᠤᠤᠯ ᠮᠥᠷᠡᠨ ᠢ ᠬᠠᠮᠠᠭᠠᠯᠠᠬᠤ ᠳᠤ ᠡᠭᠦᠷᠭᠡᠯᠡᠯ ᠲᠠᠢ᠂ ᠭᠤᠤᠯ ᠮᠥᠷᠡᠨ ᠢ ᠬᠠᠮᠠᠭᠠᠯᠠᠬᠤ ᠳᠤ ᠬᠦᠢᠴᠡᠳᠭᠡᠯ ᠲᠠᠢ ᠪᠠᠶᠢᠬᠤ ᠶᠢ ᠦᠨᠡᠨ ᠬᠦ ᠪᠡᠶᠡᠯᠡᠭᠦᠯᠵᠦ᠂ ᠭᠤᠤᠯ ᠮᠥᠷᠡᠨ ᠨᠠᠭᠤᠷ ᠴᠥᠭᠦᠷᠥᠮ ᠢ ᠵᠠᠰᠠᠬᠤ ᠴᠢᠳᠠᠪᠤᠷᠢ ᠪᠠ ᠵᠠᠰᠠᠬᠤ ᠰᠢᠰᠲ᠋ᠧᠮ ᠤᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠬᠦ ᠬᠤᠲᠠ ᠶᠢᠨ ᠭᠤᠤᠯ ᠮᠥᠷᠡᠨ ᠨᠠᠭᠤᠷ ᠴᠥᠭᠦᠷᠥᠮ ᠤᠨ ᠠᠮᠢ ᠠᠬᠤᠶ ᠶᠢᠨ ᠣᠷᠴᠢᠨ ᠲᠤᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠶ ᠬᠡᠵᠡᠢ᠃    
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号