ᠲᠠᠩ ᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠳᠤ ᠣᠷᠣᠯᠴᠠᠭᠰᠠᠨ ᠦᠬᠠᠢ ᠨᠤᠲᠤᠭ ᠲᠠᠢ ᠲᠠᠮᠢᠷᠴᠢᠳ ᠤᠨ ᠲᠥᠯᠥᠭᠡᠯᠡᠭᠴᠢᠳ ᠲᠠᠢ ᠬᠠᠮᠲᠤ ᠶᠠᠷᠢᠯᠴᠠᠪᠡ
ᠨᠡᠶᠢᠲᠡᠯᠡᠭᠰᠡᠨ ᠴᠠᠭ᠄
2021/10/9
 

 

     10 ᠰᠠᠷ᠎ᠠ ᠶᠢᠨ 8 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ

ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠪᠡᠶ᠎ᠡ ᠲᠠᠮᠢᠷ ᠤᠨ ᠴᠤᠭᠯᠠᠭᠠᠨ ᠳᠤ ᠣᠷᠣᠯᠴᠠᠭᠰᠠᠨ

ᠦᠬᠠᠶ ᠨᠤᠲᠤᠭ ᠲᠠᠢ ᠲᠠᠮᠢᠷᠴᠢᠳ ᠵᠢᠴᠢ ᠪᠥᠬᠦ ᠬᠤᠲᠠ ᠶᠢᠨ ᠪᠡᠶ᠎ᠡ ᠲᠠᠮᠢᠷ ᠤᠨ ᠠᠵᠢᠯᠲᠠᠳ ᠤᠨ

ᠲᠥᠯᠥᠭᠡᠯᠡᠭᠴᠢᠳ ᠲᠠᠢ ᠬᠠᠮᠲᠤ ᠶᠠᠷᠢᠯᠴᠠᠪᠠ᠃ ᠬᠤᠲᠠ ᠶᠢᠨ ᠤᠳᠤᠷᠢᠳᠤᠯᠭ᠎ᠠ ᠶᠠᠩ ᠶᠢᠨ᠂ ᠹᠧᠩ ᠰᠢᠤᠸᠠᠢ ᠲᠤᠤ᠂

ᠸᠠᠩ ᠸᠧᠨ ᠵᠢᠶᠧ᠂ ᠮᠧᠩ ᠫᠸᠢ ᠶᠦᠨ᠂ ᠯᠢ ᠴᠦᠨ ᠰᠢᠶᠤᠤ᠂ ᠵᠠᠩ ᠮᠢᠩ ᠮᠢᠩ ᠶᠠᠷᠢᠯᠴᠠᠬᠤ ᠬᠤᠷᠠᠯ ᠳᠤ

ᠣᠷᠣᠯᠴᠠᠪᠠ᠃

     ᠲᠠᠩ ᠢ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ

ᠣᠷᠳᠣᠨ᠂ ᠤᠯᠤᠰ ᠲᠥᠷᠥ ᠶᠢᠨ ᠵᠥᠪᠯᠡᠯᠭᠡᠨ ᠪᠠ ᠪᠥᠬᠦ ᠬᠤᠲᠠ ᠶᠢᠨ ᠠᠷᠠᠳ ᠲᠦᠮᠡᠨ ᠢ ᠲᠥᠯᠥᠭᠡᠯᠡᠨ ᠢᠷᠠᠭᠤ

ᠠᠯᠳᠠᠷᠲᠠᠶ ᠪᠠᠷ ᠪᠤᠴᠠᠵᠤ ᠢᠷᠡᠭᠰᠡᠨ ᠲᠠᠮᠢᠷᠴᠢᠳ ᠲᠤ ᠬᠠᠯᠠᠭᠤᠨ ᠪᠠᠶᠠᠷ ᠬᠦᠷᠭᠡᠵᠦ᠂ ᠲᠠᠷᠣᠣ ᠬᠢᠴᠢᠶᠡᠩᠬᠦᠢ ᠪᠠᠷ

ᠬᠤᠪᠢ ᠨᠡᠮᠡᠷᠢ ᠦᠵᠡᠭᠦᠯᠵᠦ᠂ ᠰᠢᠷᠭᠠᠭᠤ ᠠᠵᠢᠯᠯᠠᠵᠤ ᠪᠠᠶᠢᠭ᠎ᠠ ᠪᠡᠶ᠎ᠡ ᠲᠠᠮᠢᠷ ᠤᠨ ᠠᠵᠢᠯᠲᠠᠳ ᠲᠤ ᠴᠢᠩ

ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃

     ᠲᠠᠩ ᠢ ᠵᠢᠭᠠᠵᠤ ᠭᠠᠷᠭᠠᠭᠰᠠᠨ ᠨᠢ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ

ᠲᠠᠮᠢᠷ ᠤᠨ ᠴᠤᠭᠯᠠᠭᠠᠨ ᠤ ᠬᠤᠭᠤᠴᠠᠭᠠᠨ ᠳᠤ᠂ ᠮᠠᠨ ᠤ ᠬᠤᠳᠠ ᠶᠢᠨ ᠲᠠᠮᠢᠷᠴᠢᠳ ᠡᠷᠡᠯᠬᠡᠭᠯᠡᠨ ᠲᠡᠮᠡᠴᠡᠵᠦ᠂

ᠰᠢᠯᠢᠳᠡᠭ ᠬᠢᠷᠢ ᠪᠦᠲᠦᠮᠵᠢ ᠣᠯᠵᠤ᠂ ᠦᠬᠠᠢ ᠳᠤ ᠦᠩᠭᠡ ᠭᠡᠷᠡᠯ ᠨᠡᠮᠡᠷᠢᠯᠡᠵᠡᠢ᠃ ᠥᠷᠭᠡᠨ ᠤᠯᠠᠨ ᠲᠠᠮᠢᠷᠴᠢᠳ

ᠢᠮᠠᠭᠲᠠ ᠡᠬᠡ ᠤᠯᠤᠰ ᠲᠠᠢ ᠪᠠᠨ ᠰᠡᠳᠬᠢᠯ ᠵᠢᠷᠦᠬᠡ ᠪᠠᠨ ᠬᠤᠯᠪᠣᠵᠤ᠂ ᠨᠤᠲᠤᠭ ᠤᠰᠤ ᠲᠠᠢ ᠪᠠᠨ ᠰᠡᠳᠬᠢᠯ

ᠵᠢᠷᠦᠬᠡ ᠪᠠᠨ ᠬᠤᠯᠪᠣᠵᠤ᠂ ᠪᠡᠶ᠎ᠡ ᠲᠠᠮᠢᠷ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ

ᠥᠪᠡᠷ ᠤᠨ ᠡᠭᠦᠷᠭᠡ ᠪᠠᠨ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ

ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠵᠣᠷᠢᠭᠲᠠᠢ ᠪᠠᠷ ᠲᠡᠮᠡᠴᠡᠬᠦ᠂ ᠵᠣᠷᠢᠭᠲᠠᠢ ᠪᠠᠷ

ᠲᠦᠷᠦᠭᠦᠯᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠪᠣᠯᠪᠠᠰᠤᠷᠠᠵᠤ᠂

ᠳᠠᠰᠤᠷᠠᠯᠳᠠ ᠦᠭᠡᠢ ᠰᠢᠪᠲᠤᠯᠵᠤ᠂ ᠰᠢᠨ᠎ᠡ ᠠᠮᠵᠢᠯᠲᠠ ᠶᠢ ᠳᠠᠬᠢᠨᠲᠠ ᠡᠭᠦᠳᠴᠦ᠂ ᠰᠢᠨ᠎ᠡ ᠠᠶᠠᠨ ᠰᠢᠨ᠎ᠡ

ᠤᠷᠤᠯᠳᠤᠭᠠᠨ ᠤ ᠲᠠᠯᠠᠪᠤᠷ ᠲᠤ ᠳᠠᠬᠢᠨᠲᠠ ᠭᠡᠷᠡᠯ ᠰᠠᠴᠤᠷᠠᠩᠭᠤᠢ ᠰᠢᠨ᠎ᠡ ᠡᠭᠦᠳᠦᠯᠲᠡ ᠶᠢ ᠡᠭᠦᠳᠴᠦ᠂ ᠨᠡᠩ ᠶᠡᠭᠡ

ᠠᠮᠢᠳᠤᠷᠠᠬᠤᠢ ᠶᠢᠨ ᠦᠨ᠎ᠡ ᠦᠷᠳᠡᠭ ᠢ ᠴᠢᠷᠮᠠᠶᠢᠨ ᠪᠡᠶᠡᠯᠡᠭᠦᠯᠵᠦ᠂ ᠨᠤᠲᠤᠭ ᠤᠰᠤᠨ ᠳᠠᠭᠠᠨ ᠨᠡᠩ ᠤᠯᠠᠨ ᠢᠷᠠᠭᠤ

ᠠᠯᠳᠠᠷ ᠢ ᠲᠡᠮᠡᠴᠡᠨ ᠤᠯᠬᠤ ᠬᠡᠷᠡᠭᠲᠡᠢ᠃ ᠬᠤᠪᠢ ᠬᠥᠮᠦᠨ ᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂

ᠨᠤᠲᠤᠭ ᠤᠨ ᠢᠶᠠᠨ ᠰᠠᠶᠢᠨ ᠣᠷᠣᠯᠠᠨ ᠥᠭᠦᠯᠡᠭᠴᠢ ᠪᠤᠯᠵᠤ᠂ ᠦᠬᠠᠢ ᠶᠢ ᠢᠳᠡᠪᠬᠢᠲᠡᠢ ᠤᠬᠠᠭᠤᠯᠤᠨ ᠲᠠᠨᠢᠯᠴᠠᠭᠤᠯᠵᠤ᠂

ᠦᠬᠠᠢ ᠶᠢᠨ ᠲᠠᠭᠤᠨ ᠢ ᠳᠠᠮᠵᠢᠭᠤᠯᠵᠤ᠂ ᠦᠬᠠᠢ ᠶᠢᠨ ᠦᠯᠢᠭᠡᠷ ᠢ ᠰᠠᠶᠢᠲᠤᠷ ᠶᠠᠷᠢᠵᠤ᠂ ᠨᠡᠩ ᠤᠯᠠᠨ ᠬᠥᠮᠦᠨ ᠳᠤ

ᠦᠬᠠᠢ ᠶᠢ ᠮᠡᠳᠡᠭᠦᠯᠵᠦ᠂ ᠦᠬᠠᠢ ᠳᠤ ᠢᠷᠡᠭᠦᠯᠬᠦ ᠬᠡᠷᠡᠭᠲᠡᠢ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠣᠳᠣᠬᠠᠨ ᠳᠤ ᠮᠠᠨ ᠤ ᠬᠤᠲᠠ ᠶᠠᠭ ᠴᠢᠨᠠᠷ ᠰᠠᠶᠢᠲᠠᠶ ᠬᠥᠭᠵᠢᠯᠲᠡ᠂

ᠴᠢᠨᠠᠷ ᠰᠠᠶᠢᠲᠠᠶ ᠠᠮᠢᠳᠤᠷᠠᠯ᠂ ᠴᠢᠨᠠᠷ ᠰᠠᠶᠢᠲᠠᠶ ᠵᠠᠰᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ

ᠪᠠᠶᠢᠨ᠎ᠠ᠂ ᠲᠠᠮᠢᠷᠴᠢᠳ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠥᠬᠡᠶ ᠪᠠᠷ ᠡᠷᠡᠯᠬᠡᠭᠯᠡᠨ ᠲᠡᠮᠡᠴᠡᠵᠦ᠂ ᠢᠷᠠᠭᠤ

ᠠᠯᠳᠠᠷ ᠢ ᠲᠡᠮᠡᠴᠡᠨ ᠣᠯᠵᠤ᠂ ᠪᠥᠬᠦ ᠬᠤᠲᠠ ᠶᠢᠨ ᠠᠷᠠᠳ ᠲᠦᠮᠡᠨ ᠳᠤ ᠯᠤᠲᠤ ᠶᠡᠭᠡ ᠵᠣᠷᠢᠭᠵᠢᠭᠤᠯᠤᠯ ᠪᠣᠯᠵᠣ᠂

ᠡᠷᠡᠯᠬᠡᠭᠯᠡᠨ ᠤᠷᠤᠭᠰᠢᠯᠠᠬᠤ ᠬᠦᠴᠦᠨ ᠴᠢᠳᠠᠯ ᠨᠡᠮᠡᠷᠢᠯᠡᠭᠰᠡᠨ ᠪᠠᠶᠢᠨ᠎ᠠ᠃ ᠪᠦᠬᠦ ᠬᠤᠳᠠ ᠪᠠᠷ ᠢᠶᠠᠨ ᠪᠡᠶ᠎ᠡ ᠲᠠᠮᠢᠷ ᠤᠨ

ᠲᠠᠮᠢᠷᠴᠢᠳ ᠢᠶᠠᠷ ᠳᠠᠭᠤᠷᠢᠶᠠᠯ ᠪᠣᠯᠭᠠᠵᠤ᠂ ᠳᠤᠮᠳᠠᠳᠤ ᠶᠢᠨ ᠪᠡᠶ᠎ᠡ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ ᠶᠢ

ᠡᠯ᠎ᠡ ᠵᠦᠢᠯ ᠤᠨ ᠠᠵᠢᠯ ᠢᠶᠠᠨ ᠠᠬᠢᠭᠤᠯᠬᠤ ᠯᠤᠭ᠎ᠠ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ᠂ ᠴᠤᠭ

ᠰᠦᠯᠳᠡ ᠪᠠᠨ ᠲᠠᠰᠤᠷᠠᠯᠳᠠ ᠦᠭᠡᠢ ᠪᠠᠳᠠᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠢ ᠵᠣᠷᠢᠭᠵᠢᠭᠤᠯᠤᠨ ᠲᠤᠰ

ᠲᠤᠰ ᠤᠨ ᠠᠵᠢᠯ ᠤᠨ ᠪᠠᠶᠢᠷᠢ ᠳᠡᠭᠡᠷ᠎ᠡ ᠪᠠᠨ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠰᠢᠷᠭᠠᠭᠤ

ᠠᠵᠢᠯᠯᠠᠵᠤ ᠪᠣᠳᠠᠲᠠᠢ ᠪᠠᠷ ᠠᠵᠢᠯᠯᠠᠬᠤ ᠪᠣᠯᠭᠠᠬᠤ ᠬᠡᠷᠡᠭᠲᠡᠢ᠃ ᠡᠯ᠎ᠡ ᠱᠠᠳᠣ ᠡᠯ᠎ᠡ ᠬᠤᠯᠪᠣᠭᠳᠠᠯ ᠪᠦᠬᠦᠢ ᠰᠠᠯᠠᠭ᠎ᠠ

ᠮᠥᠴᠢᠷ ᠤᠳ ᠤᠷᠤᠯᠳᠤᠭᠠᠨ ᠤ ᠪᠡᠶ᠎ᠡ ᠲᠠᠮᠢᠷ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠨᠢ

ᠭᠦᠢᠴᠡᠳ ᠪᠠᠳᠠᠷᠠᠭᠤᠯᠵᠤ᠂ ᠣᠯᠠᠨ ᠲᠦᠮᠡᠨᠴᠢ ᠪᠡᠶ᠎ᠡ ᠲᠠᠮᠢᠷ ᠢ ᠶᠡᠬᠡᠪᠡᠷ ᠬᠥᠭᠵᠢᠭᠦᠯᠵᠦ᠂ ᠮᠠᠨ ᠤ ᠬᠤᠲᠠ ᠶᠢᠨ ᠪᠡᠶ᠎ᠡ

ᠲᠠᠮᠢᠷ ᠤᠨ ᠦᠢᠯᠡᠰ ᠤᠨ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠶ᠃ ᠪᠡᠶ᠎ᠡ

ᠲᠠᠮᠢᠷ ᠤᠨ ᠲᠦᠷᠦᠯ ᠵᠦᠢᠯ ᠤᠨ ᠵᠥᠭᠡᠯᠡᠨ ᠬᠠᠲᠠᠭᠤ ᠬᠡᠷᠡᠭᠰᠡᠯ ᠤᠨ ᠲᠦᠪᠰᠢᠨ ᠢᠶᠠᠨ ᠲᠦᠷᠭᠡᠨ ᠳᠡᠭᠡᠭᠰᠢᠯᠡᠭᠦᠯᠵᠦ᠂

ᠲᠠᠮᠢᠷᠴᠢᠳ ᠤᠨ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ

ᠡᠭᠦᠳᠴᠦ᠂ ᠪᠠᠲᠤ ᠴᠢᠩᠭ᠎ᠠ ᠪᠠᠲᠤᠯᠠᠭ᠎ᠠ ᠬᠠᠩᠭᠠᠵᠤ᠂ ᠲᠠᠮᠢᠷᠴᠢᠳ ᠢ ᠰᠡᠳᠬᠢᠯ ᠰᠠᠨᠠᠭ᠎ᠠ ᠪᠠᠨ ᠨᠢᠭᠡᠳᠬᠡᠨ

ᠪᠣᠯᠪᠠᠰᠤᠷᠠᠯ ᠳᠤ ᠣᠷᠣᠯᠴᠠᠭᠤᠯᠵᠤ᠂ ᠨᠡᠩ ᠤᠯᠠᠨ ᠰᠢᠯᠢᠳᠡᠭ ᠲᠠᠮᠢᠷᠴᠢᠳ ᠢ ᠬᠥᠮᠦᠵᠢᠭᠦᠯᠬᠦ ᠪᠠᠷ ᠴᠢᠷᠮᠠᠶᠢᠬᠤ ᠬᠡᠷᠡᠭᠲᠡᠢ

ᠬᠡᠵᠡᠢ᠃

     ᠶᠠᠷᠢᠯᠴᠠᠬᠤ ᠬᠤᠷᠠᠯ ᠳᠡᠭᠡᠷ᠎ᠡ᠂ ᠡᠮᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠮᠠᠩᠯᠠᠶ ᠶᠠᠩ

ᠵᠢᠶᠠ ᠢᠦᠶ᠂ ᠡᠷᠡᠭᠲᠡᠶ ᠶᠢᠨ 20 ᠺᠢᠯᠣᠮᠧᠲᠷ ᠤᠨ ᠠᠯᠬᠤᠭ᠎ᠠ ᠤᠷᠤᠯᠳᠤᠭᠠᠨ ᠤ ᠪᠦᠯᠬᠦᠮ ᠤᠨ ᠭᠤᠷᠪᠠᠳᠤᠭᠠᠷ ᠨᠡᠷ᠎ᠡ

ᠯᠦ ᠨᠢᠩ᠂ ᠵᠠᠩ ᠶᠣᠣ᠂ ᠡᠷᠡᠭᠲᠡᠶ ᠶᠢᠨ ᠡᠯᠡᠰᠦᠨ ᠳᠠᠬᠢ ᠬᠥᠯ ᠪᠥᠮᠪᠦᠭᠡ ᠶᠢᠨ ᠠᠩᠭᠢ ᠶᠢᠨ ᠭᠡᠰᠢᠭᠦᠨ ᠸᠠᠩ ᠢᠦᠶ᠂

ᠡᠷᠡᠭᠲᠡᠶ ᠶᠢᠨ 200 ᠮᠧᠲᠷ ᠤᠨ ᠮᠡᠯᠡᠬᠡᠶ ᠤᠮᠪᠠᠯᠲᠠ ᠶᠢᠨ ᠠᠷᠪᠠᠨ ᠭᠤᠷᠪᠠᠳᠤᠭᠠᠷ ᠨᠡᠷ᠎ᠡ ᠵᠠᠩ ᠢ ᠰᠢᠤᠢ᠂ 42

ᠮᠠᠶ᠋ᠢᠭ ᠤᠨ ᠨᠡᠷᠡᠭᠦᠶ ᠨᠢᠳᠤᠷᠭ᠎ᠠ ᠶᠢᠨ ᠳᠠᠰᠬᠠᠯᠵᠢᠭᠤᠯᠤᠭᠴᠢ ᠴᠦ᠋ ᠬᠤᠩ ᠲᠤᠤ ᠨᠠᠷ ᠤᠷᠢᠳ ᠬᠤᠵᠢᠳ ᠶᠠᠷᠢᠶ᠎ᠠ

ᠲᠠᠯᠪᠢᠵᠤ᠂ ᠢᠷᠠᠭᠤ ᠠᠯᠳᠠᠷ ᠢᠶᠠᠨ ᠨᠠᠨᠳᠢᠩᠨᠠᠵᠤ᠂ ᠦᠷᠭᠦᠯᠵᠢᠯᠡᠨ ᠴᠢᠷᠮᠠᠶᠢᠨ ᠲᠡᠮᠡᠴᠡᠵᠦ᠂ ᠨᠠᠩ ᠰᠠᠶᠢᠨ ᠬᠢᠷᠢ

ᠪᠦᠲᠦᠮᠵᠢ ᠪᠠᠷ ᠨᠤᠲᠤᠭ ᠤᠨ ᠠᠷᠠᠳ ᠲᠦᠮᠡᠨ ᠤ ᠬᠦᠰᠡᠯ ᠡᠷᠡᠮᠡᠯᠵᠡᠯ ᠤᠨ ᠠᠴᠢ ᠶᠢ ᠬᠠᠷᠢᠭᠤᠯᠤᠨ᠎ᠠ ᠭᠡᠵᠦ

ᠢᠯᠡᠷᠬᠡᠶᠢᠯᠡᠵᠡᠶ᠃  

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号