ᠶᠠᠩ ᠶᠢᠨ᠄ ᠦᠪᠡᠷ ᠤᠨ ᠨᠢᠳᠣᠨ ᠴᠡᠴᠡᠭᠡᠢ ᠪᠠᠨ ᠬᠠᠶᠢᠷᠠᠯᠠᠨ ᠬᠠᠮᠠᠭᠠᠯᠠᠵᠤ ᠪᠠᠶᠢᠭ᠎ᠠ ᠰᠢᠭ᠋ ᠢᠶᠠᠷ ᠠᠮᠢ ᠠᠬᠤᠶ ᠶᠢᠨ ᠣᠷᠴᠢᠨ ᠲᠤᠭᠤᠷᠢᠨ ᠢ ᠬᠠᠶᠢᠷᠠᠯᠠᠨ ᠬᠠᠮᠠᠭᠠᠯᠠᠨ᠎ᠠ
ᠨᠡᠶᠢᠲᠡᠯᠡᠭᠰᠡᠨ ᠴᠠᠭ᠄
2021/11/30
     ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠬᠤ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠶᠢᠨ ᠲᠩᠷᠢ ᠰᠣᠨᠢᠨ ᠮᠡᠳᠡᠭᠡᠨ ᠤ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠶᠢᠨ ᠬᠡᠯᠡᠭᠰᠡᠨ ᠨᠢ᠄      ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ ᠰᠢ ᠶᠢᠨ ᠫᠢᠩ ᠶᠡᠷᠦᠩᠬᠡᠢ ᠱᠦᠵᠢ ᠠᠴᠠ ᠥᠪᠡᠷᠲᠡᠭᠡᠨ ᠵᠠᠰᠠᠬᠤ ᠣᠷᠣᠨ ᠳᠤ ᠲᠣᠭᠲᠠᠭᠠᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠴᠢᠬᠤᠯᠠ ᠪᠠᠶᠢᠷᠢᠯᠠᠭᠤᠯᠤᠯᠲᠠ ᠪᠠ ᠲᠤᠬᠢᠷᠠᠭᠤᠯᠤᠯᠳᠠ ᠬᠢᠵᠡᠢ᠃ ᠦᠬᠠᠶ ᠳᠤ ᠠᠪᠴᠣ ᠬᠡᠯᠡᠪᠡᠯ᠂ ᠪᠢᠳᠡ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠠᠬᠢ ᠠᠮᠢ ᠠᠬᠤᠶ ᠶᠢ ᠤᠷᠢᠳᠠᠪᠡᠷ ᠪᠤᠲᠤᠯᠭᠢᠯᠠᠬᠤ᠂ ᠪᠣᠬᠢᠷᠲᠤᠯ ᠦᠭᠡᠶ ᠬᠥᠭᠵᠢᠯᠲᠡ ᠶᠢᠨ ᠲᠤᠬᠠᠶ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠡᠷᠡᠰ ᠭᠤᠶᠢᠪᠢᠰᠢ ᠦᠭᠡᠶ ᠪᠠᠷ᠂ ᠲᠡᠷᠡ ᠶᠣᠰᠣᠭᠠᠷ ᠨᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠪᠠᠶᠢᠷᠢᠯᠠᠭᠤᠯᠤᠯᠲᠠ ᠱᠠᠭᠠᠷᠳᠠᠯᠭ᠎ᠠ᠂ ᠢᠯᠠᠩᠭᠤᠶ᠎ᠠ ᠮᠠᠨ ᠤ ᠦᠬᠠᠢ ᠶᠢᠨ ᠠᠭᠤᠷᠬᠠᠢ ᠶᠢᠨ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠬᠤ ᠪᠣᠯ ᠭᠤᠣᠯ ᠳᠠᠶᠢᠨ ᠤ ᠲᠠᠯᠠᠪᠤᠷ ᠪᠣᠯᠤᠨ᠎ᠠ᠂ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ︶ ᠢ ᠨᠠᠶᠢᠳᠠᠪᠤᠷᠢᠵᠢᠭᠤᠯᠵᠤ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠵᠠᠮ ᠢ ᠵᠠᠰᠠᠬᠤ᠂ ᠮᠠᠰᠢᠨ ᠲᠡᠷᠭᠡ ᠶᠢ ᠵᠠᠰᠠᠬᠤ᠂ ᠬᠡᠢ ᠶᠢ ᠵᠠᠰᠠᠬᠤ᠂ ᠲᠠᠯᠠᠪᠠᠢ ᠶᠢ ᠵᠠᠰᠠᠬᠤ ᠶᠢ ᠭᠦᠨᠵᠡᠭᠡᠢ ᠠᠬᠢᠭᠤᠯᠵᠤ᠂ ᠪᠣᠬᠢᠷᠲᠤᠯ ᠦᠭᠡᠢ ᠠᠭᠤᠷᠬᠠᠢ᠂ ᠤᠶᠤᠨᠲᠤ ᠠᠭᠤᠷᠬᠠᠢ᠂ ᠠᠮᠢ ᠠᠬᠤᠢ ᠶᠢᠨ ᠠᠭᠤᠷᠬᠠᠢ ᠵᠡᠷᠭᠡ ᠲᠠᠯ᠎ᠠ ᠪᠠᠷ ᠪᠦᠬᠦ ᠬᠦᠴᠦᠨ ᠢᠶᠠᠷ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ᠮᠠᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠰᠠᠭᠤᠷᠢᠨ ᠤ ᠪᠦᠳᠦᠭᠡᠨ ᠪᠠᠶᠢᠭᠤᠯᠤᠯᠲᠠ ᠳᠤ ᠲᠦᠰᠢᠭᠯᠡᠵᠦ᠂ ᠤᠯᠠᠮᠵᠢᠯᠠᠯᠲᠤ ᠨᠡᠭᠦᠷᠡᠰᠦ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠡᠾᠯᠤᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠰᠢᠩᠭᠡᠯᠢᠭ ᠢᠶᠠᠨ ᠰᠤᠯᠠᠯᠠᠨ ᠰᠢᠪᠠᠭᠤ ᠪᠠᠨ ᠰᠣᠯᠢᠵᠤ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠦᠬᠠᠢ ᠶᠢᠨ ᠬᠥᠭᠵᠢᠯᠲᠡ ᠶᠢᠨ ᠴᠢᠬᠤᠯᠠ ᠲᠤᠯᠭᠠᠭᠤᠷᠢᠯᠠᠯ ᠪᠣᠯᠭᠠᠵᠤ᠂ ᠮᠠᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠪᠠᠨ ᠠᠷᠠᠳ ᠤᠯᠠᠨ ᠤ ᠵᠣᠯ ᠵᠢᠷᠭᠠᠯᠲᠤ ᠠᠮᠢᠳᠤᠷᠠᠯ ᠳᠤ ᠦᠨᠡᠨᠬᠦ ᠭᠡᠷᠡᠯ ᠭᠢᠯᠪᠠᠭ᠎ᠠ ᠨᠡᠮᠡᠷᠢᠯᠡᠨ᠎ᠡ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号