ᠲᠠᠩ ᠢ᠄ ᠪᠦᠬᠦ ᠣᠷᠣᠨ ᠤ ᠶᠡᠭᠡ ᠲᠠᠯ᠎ᠠ ᠠᠴᠠ ᠦᠬᠠᠢ ᠶᠢᠨ ᠠᠵᠢᠯ ᠢ ᠲᠥᠯᠥᠪᠵᠢᠭᠦᠯᠬᠦ ᠶᠢ ᠪᠠᠷᠢᠮᠲᠠᠯᠠᠨ᠎ᠠ
ᠨᠡᠶᠢᠲᠡᠯᠡᠭᠰᠡᠨ ᠴᠠᠭ᠄
2021/11/30
     11 ᠳ᠋ᠤᠭᠡᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠷᠠᠳᠢᠣ᠋ ᠲᠧᠯᠸᠢᠰ ᠬᠤᠷᠢᠶᠠᠨ ᠤ ᠰᠣᠨᠢᠨ ᠮᠡᠳᠡᠭᠡᠨ ᠤ ᠳᠠᠮᠵᠢᠭᠤᠯᠬᠤ ᠨᠡᠪᠲᠡᠷᠡᠭᠦᠯᠭᠡ ᠪᠠᠷ ︽ᠰᠢᠨ᠎ᠡ ᠠᠶᠠᠨ ᠵᠠᠮ ᠳᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠬᠠᠷᠢᠭᠤᠴᠠᠯᠭ᠎ᠠ ᠪᠠ ᠢᠷᠠᠭᠤ ᠠᠯᠳᠠᠷᠲᠤ ᠡᠭᠦᠷᠭᠡ ᠪᠠᠨ ᠰᠠᠶᠢᠲᠤᠷ ᠬᠦᠢᠴᠡᠳᠬᠡᠶ᠎ᠡ︾ ᠭᠡᠳᠡᠭ ᠢ ᠨᠡᠪᠲᠡᠷᠡᠭᠦᠯᠵᠦ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠩ ᠢ ᠰᠤᠷᠪᠤᠯᠵᠢᠯᠠᠭ᠎ᠠ ᠬᠦᠯᠢᠶᠡᠪᠡ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ᠥᠪᠥᠷ ᠮᠣᠩᠭᠤᠯ ᠪᠣᠯ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠴᠢᠬᠤᠯᠠ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠲᠠᠢ ᠶᠤᠮ᠂ ᠪᠢᠳᠡ ᠡᠷᠬᠡᠪᠰᠢ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ ᠣᠷᠣᠨ ᠪᠣᠯᠤᠭᠰᠠᠨ ᠤ ᠬᠤᠪᠢ ᠳᠤ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠠᠪᠤᠴᠠ ᠳᠠᠬᠢ ᠴᠢᠬᠤᠯᠠ ᠶᠡᠭᠡ ᠬᠠᠷᠢᠭᠤᠴᠠᠯᠭ᠎ᠠ ᠪᠣᠯᠤᠨ ᠢᠷᠠᠭᠤ ᠠᠯᠳᠠᠷᠲᠤ ᠡᠭᠦᠷᠭᠡ ᠶᠢ ᠪᠠᠲᠤ ᠡᠭᠦᠷᠭᠡᠯᠡᠬᠦ ᠬᠡᠷᠡᠭᠲᠡᠢ ᠭᠡᠵᠦ ᠳᠤᠷᠠᠳᠴᠠᠢ᠃ ᠲᠥᠯᠥᠭᠡᠯᠡᠭᠴᠢᠳ ᠢᠯᠡᠷᠭᠡᠶᠢᠯᠡᠵᠡᠭᠡᠭᠰᠡᠨ ᠨᠢ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠪᠠᠨ ᠵᠣᠷᠢᠭᠲᠠᠢ ᠪᠠᠷ ᠡᠭᠦᠷᠭᠡᠯᠡᠵᠦ᠂ ᠨᠠᠮ ᠪᠣᠯᠤᠨ ᠤᠯᠤᠰ ᠤᠨ ᠠᠵᠢᠯ ᠤᠨ ᠶᠡᠭᠡ ᠲᠠᠯ᠎ᠠ ᠳᠤ ᠲᠠᠰᠤᠷᠠᠯᠳᠡ ᠦᠭᠡᠢ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠡᠢ᠃      ᠢᠯᠡᠳᠬᠡᠯ ᠳᠤ ᠲᠤᠷᠠᠳᠣᠭᠰᠠᠨ ᠨᠢ᠂ ᠡᠷᠬᠡᠪᠰᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠰᠠᠶᠢᠲᠤᠷ ᠭᠦᠢᠴᠡᠳᠬᠡᠬᠦ ᠬᠡᠷᠡᠭᠲᠡᠢ ᠭᠡᠵᠡᠢ᠃ ᠲᠥᠯᠥᠭᠡᠯᠡᠭᠴᠢᠳ ᠢᠯᠡᠷᠭᠡᠶᠢᠯᠡᠵᠡᠭᠡᠭᠰᠡᠨ ᠨᠢ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠠᠩ ᠢ ᠬᠡᠯᠡᠭᠰᠡᠨ ᠨᠢ᠄      ᠪᠦᠬᠦ ᠣᠷᠣᠨ ᠤ ᠶᠡᠭᠡ ᠲᠠᠯ᠎ᠠ ᠠᠴᠠ ᠦᠬᠠᠢ ᠶᠢᠨ ᠠᠵᠢᠯ ᠢ ᠰᠦᠪᠡᠭᠴᠢᠯᠡᠬᠦ ᠶᠢ ᠪᠠᠷᠢᠮᠲᠠᠯᠠᠵᠤ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠪᠠᠷ ᠴᠢᠬᠤᠯᠠ ᠵᠢᠷᠤᠮᠯᠠᠯ ᠪᠣᠯᠭᠠᠵᠤ᠂ ᠵᠣᠷᠢᠭ ᠰᠢᠭᠤᠳᠤᠨ ᠪᠦᠲᠦᠴᠡ ᠪᠠᠨ ᠲᠤᠬᠢᠷᠠᠭᠤᠯᠬᠤ᠂ ᠴᠢᠳᠠᠪᠬᠢ ᠪᠠᠨ ᠬᠤᠪᠢᠷᠠᠭᠤᠯᠬᠤ᠂ ᠶᠠᠰᠤ ᠴᠢᠨᠠᠷ ᠢᠶᠠᠨ ᠳᠡᠭᠡᠭᠰᠢᠯᠡᠭᠦᠯᠬᠦ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠡᠰ ᠳᠡᠪᠰᠢᠬᠦ ᠶᠢ ᠶᠡᠬᠡᠪᠡᠷ ᠠᠬᠢᠭᠤᠯᠵᠤ᠂ ᠠᠵᠤ ᠦᠢᠯᠡᠰ ᠤᠨ ᠳᠡᠭᠡᠳᠦ ᠲᠡᠰ ᠤᠨ᠂ ᠤᠶᠤᠨᠴᠢᠯᠠᠬᠰᠠᠨ᠂ ᠪᠣᠬᠢᠷᠲᠤᠯ ᠦᠬᠡᠢ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠤᠶᠢᠵᠢᠯᠲᠠ ᠶᠢ ᠲᠦᠷᠭᠡᠨ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号