ᠬᠡᠰᠡᠭ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/11/30
ᠬᠡᠰᠡᠭ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ           ᠦᠬᠠᠶ ᠵᠠᠰᠠᠭ ᠠᠯᠪᠠᠨ ᠲᠠᠷᠬᠠᠭᠠᠭᠰᠠᠨ︹2021︺23 ᠳ᠋ᠤᠭᠠᠷ ᠲᠣᠭᠠᠲᠤ  ᠬᠡᠰᠡᠭ ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠡᠯ᠎ᠡ ᠲᠤᠭᠤᠷᠢᠭ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠦᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠦᠷᠭᠦᠯᠵᠢᠯᠡᠨ ᠠᠬᠢᠭᠤᠯᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠤ 2021 ᠣᠨ ᠤ 16 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢᠶᠠᠷ ᠰᠣᠳᠣᠯᠬᠤ ᠪᠠᠷ ᠳᠡᠮᠵᠢᠨ᠂ ᠳᠣᠤᠷᠠᠬᠢ 2 ᠪᠢᠴᠢᠭ ᠮᠠᠲ᠋ᠧᠷᠢᠶᠠᠯ ᠢ ᠬᠦᠴᠦᠨ ᠥᠬᠡᠶ ᠪᠣᠯᠭᠠᠬᠤ ᠪᠠᠷ ᠲᠣᠭᠲᠠᠪᠠ᠄      1. ︽ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠡᠯ᠎ᠡ ᠲᠣᠭᠤᠷᠢᠭ ᠤᠨ ᠵᠠᠰᠠᠭ ᠤᠨ ᠣᠷᠳᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠦᠬᠠᠶ ᠶᠢᠨ ᠬᠤᠸ᠎ᠠ ᠶᠸᠤ ᠪᠠᠶᠢᠭᠠᠯᠢ ᠶᠢᠨ ᠰᠢᠲᠠᠮᠠᠬᠠᠶ ᠬᠡᠶ ᠶᠢᠨ ᠺᠣᠮᠫᠠᠨᠢ ᠪᠠ ᠱᠠᠨᠰᠢ ᠶᠢᠨ ᠮᠠᠰᠢᠨ ᠲᠡᠷᠭᠡᠨ ᠤ ᠦᠬᠠᠶ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠢᠵᠠᠭᠠᠷᠲᠤ ᠺᠣᠮᠫᠠᠨᠢ ᠶᠢ ᠲᠡᠳᠬᠦᠬᠦ ᠬᠠᠷᠠᠭᠠᠯᠵᠠᠯ ᠤᠨ ᠲᠥᠷᠥ ᠶᠢᠨ ᠪᠣᠳᠣᠯᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠦᠬᠠᠶ ᠵᠠᠰᠠᠭ ᠠᠯᠪᠠᠨ ᠲᠠᠷᠬᠠᠭᠠᠭᠰᠠᠨ︹2012︺38 ᠳ᠋ᠤᠭᠠᠷ ᠲᠣᠭᠠᠲᠤ︶᠃      2. ︽ᠢᠳᠡᠰᠢᠨ ᠨᠣᠭᠤᠭ᠎ᠠ ᠵᠢᠴᠢ ᠠᠮᠢᠳᠤ ᠰᠣᠷᠭᠤᠭ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠰᠢᠭᠤᠳ ᠪᠣᠷᠣᠯᠠᠭᠤᠯᠭ᠎ᠠ ᠶᠢᠨ ᠬᠠᠮᠢᠶᠠᠷᠤᠯᠲᠠ ᠶᠢ ᠴᠢᠩᠭᠠᠳᠬᠠᠨ ᠵᠢᠷᠤᠮᠵᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠰᠠᠨᠠᠯ︾ ︵ᠦᠬᠠᠶ ᠵᠠᠰᠠᠭ ᠠᠯᠪᠠᠨ ᠲᠠᠷᠬᠠᠭᠠᠭᠰᠠᠨ︹2012︺60 ᠳ᠋ᠤᠭᠠᠷ ᠲᠣᠭᠠᠲᠤ︶᠃      ᠳᠡᠭᠡᠷᠡᠬᠢ ᠬᠦᠴᠦᠨ ᠥᠬᠡᠶ ᠪᠣᠯᠭᠠᠭᠰᠠᠨ 2 ᠪᠢᠴᠢᠭ ᠮᠠᠲ᠋ᠧᠷᠢᠶᠠᠯ ᠢ ᠲᠣᠰ ᠮᠡᠳᠡᠭᠳᠡᠯ ᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠬᠦ ᠶᠢ ᠵᠣᠭᠰᠣᠭᠠᠨ᠎ᠠ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠠ ᠨᠢᠭᠡᠴᠡ ᠨᠦᠭᠦᠳ ᠦᠷᠭᠦᠯᠵᠢᠯᠡᠨ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠵᠤ ᠪᠣᠯᠬᠤ ᠦᠭᠡᠢ᠃                     2021 ᠣᠨ ᠤ 9 ᠰᠠᠷ᠎ᠠ ᠶᠢᠨ 16 ᠤ ᠡᠳᠦᠷ      ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃                   ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                   2021 ᠣᠨ ᠤ 9 ᠰᠠᠷ᠎ᠠ ᠶᠢᠨ 17 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号