ᠲᠥᠯᠥᠭᠡᠯᠡᠭᠴᠢ ᠲᠠᠩ ᠢ᠄ ᠰᠢᠨ᠎ᠡ ᠠᠶᠠᠨ ᠵᠠᠮ ᠳᠤ ᠦᠬᠠᠶ ᠶᠢᠨ ᠨᠠᠩ ᠶᠡᠭᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠨ᠎ᠡ
ᠨᠡᠶᠢᠲᠡᠯᠡᠭᠰᠡᠨ ᠴᠠᠭ᠄
2021/12/1
     11 ᠰᠠᠷ᠎ᠠ‌‍ᠶᠢᠨ 30 ᠤ ᠡᠳᠦᠷ᠂ ᠥᠪᠥᠷ ᠮᠣᠩᠭᠤᠯ‌‍ᠤᠨ ᠡᠳᠦᠷ ᠤᠨ ᠰᠣᠨᠢᠨ ᠲᠣᠰ ᠲᠣᠰ ᠰᠣᠨᠢᠨ ᠪᠣᠯᠤᠨ ᠲᠠᠯ᠎ᠠ ᠨᠤᠲᠤᠭ ᠰᠢᠯᠵᠢᠶ᠎ᠡ ᠳᠤ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ‌‍ᠤᠨ ᠲᠥᠯᠥᠭᠡᠯᠡᠭᠴᠢᠳ‌‍ᠤᠨ ᠶᠡᠭᠡ ᠬᠤᠷᠠᠯ‌‍ᠤᠨ ᠲᠥᠯᠥᠭᠡᠯᠡᠭᠴᠢ ᠲᠠᠩ ᠢ ᠶᠢᠨ ᠲᠤᠰᠬᠠᠶ ᠰᠤᠷᠪᠤᠯᠵᠢᠯᠠᠭ᠎ᠠ ᠶᠢ ᠨᠡᠶᠢᠲᠡᠯᠡᠪᠡ᠃      ᠦᠬᠠᠢ ᠬᠤᠳᠠ‌‍ᠶᠢᠨ ᠲᠥᠯᠥᠭᠡᠯᠡᠭᠴᠢᠳ ᠤᠨ ᠪᠦᠯᠬᠦᠮ‌‍ᠤᠨ ᠲᠠᠩ ᠢ ᠶᠢᠨ ᠦᠵᠡᠬᠦ ᠪᠠᠷ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ‌‍ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠤᠨ ᠤᠯᠤᠰ ᠲᠦᠷᠦ ᠶᠢᠨ ᠵᠣᠭᠰᠣᠯᠲᠠ ᠥᠨᠳᠥᠷ᠂ ᠠᠵᠢᠯ ᠨᠢ ᠪᠠᠷᠢᠮᠵᠢᠶ᠎ᠠ ᠳᠤ ᠲᠤᠬᠢᠷᠠᠵᠤ᠂ ᠲᠤᠬᠢᠷᠠᠭᠤᠯᠤᠯᠲᠠ ᠪᠠᠶᠢᠷᠢᠯᠠᠭᠤᠯᠤᠯᠲᠠ ᠨᠢ ᠪᠣᠳᠠᠲᠠᠢ᠂ ᠢᠷᠡᠭᠡᠳᠦᠢ‌‍ᠶᠢᠨ ᠲᠠᠪᠤᠨ ᠵᠢᠯ ᠤᠨ ᠥᠪᠥᠷ ᠮᠣᠩᠭᠤᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠵᠤ ᠬᠥᠮᠦᠰ‌‍ᠤᠨ ᠰᠡᠳᠬᠢᠯ ᠢ ᠵᠣᠷᠢᠭᠵᠢᠭᠤᠯᠵᠤ᠂ ᠬᠥᠮᠦᠰ ᠤᠨ ᠤᠷᠮ᠎ᠠ ᠵᠣᠷᠢᠭ ᠢ ᠬᠥᠪᠴᠢᠯᠡᠵᠦ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠭᠰᠡᠨ᠂ ᠭᠤᠣᠯ ᠰᠡᠳᠦᠪ ᠢᠯᠡ ᠲᠣᠳᠣ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ ᠰᠠᠶᠢᠨ ᠢᠯᠡᠳᠭᠡᠯ ᠪᠠᠶᠢᠵᠤ᠂ ᠪᠢᠳᠡᠨ ᠳᠤ ᠮᠠᠰᠢ ᠶᠡᠭᠡ ᠵᠣᠷᠢᠭᠵᠢᠭᠤᠯᠤᠯ ᠪᠤᠯᠵᠦ᠂ ᠪᠢᠳᠡᠨ ᠢ ᠮᠠᠰᠢ ᠶᠡᠭᠡ ᠪᠠᠷ ᠣᠷᠮᠠᠰᠢᠭᠤᠯᠵᠤ᠂ ᠬᠥᠳᠡᠯᠭᠡᠬᠦ ᠬᠦᠴᠦᠨ ᠢ ᠨᠡᠮᠡᠭᠳᠡᠭᠦᠯᠵᠡᠢ ᠭᠡᠪᠡ᠃      ᠲᠠᠩ ᠢ ᠢᠯᠡᠷᠭᠡᠶᠢᠯᠡᠭᠰᠡᠨ ᠨᠢ᠂ ᠦᠬᠠᠢ ᠬᠤᠳᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠣᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠲᠠᠭᠠᠨ ᠦᠢᠯᠡᠴᠢᠯᠡᠵᠦ᠂ ᠪᠦᠬᠦ ᠣᠷᠣᠨ ᠤ ᠶᠡᠭᠡ ᠲᠠᠯ᠎ᠠ ᠠᠴᠠ ᠦᠬᠠᠢ ᠶᠢᠨ ᠠᠵᠢᠯ ᠢ ᠲᠥᠯᠥᠪᠵᠢᠭᠦᠯᠬᠦ ᠶᠢ ᠪᠠᠷᠢᠮᠲᠠᠯᠠᠵᠤ᠂ ᠦᠬᠠᠢ ᠶᠢᠨ ᠬᠠᠷᠢᠭᠤᠴᠠᠯᠭ᠎ᠠ ᠪᠠᠷ ᠪᠦᠬᠦ ᠣᠷᠣᠨ ᠤ ᠶᠡᠭᠡ ᠲᠠᠯ᠎ᠠ ᠳᠤ ᠦᠢᠯᠡᠴᠢᠯᠡᠨ᠎ᠡ᠃ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠬᠦᠴᠦᠯᠡᠨ ᠰᠠᠶᠢᠲᠤᠷ ᠠᠳᠬᠤᠬᠤ ᠶᠢ ᠴᠢᠬᠤᠯᠠ ᠵᠢᠷᠤᠮᠯᠠᠯ ᠪᠣᠯᠭᠠᠵᠤ᠂ ︽ᠬᠤᠣᠰ ᠨᠡᠭᠦᠷᠡᠰᠦᠲᠥ᠋ᠷᠥᠭᠴᠢ︾ ︽ᠬᠤᠣᠰ ᠡᠵᠡᠮᠳᠡᠯ︾ ᠤᠨ ᠴᠢᠬᠤᠯᠠ ᠶᠡᠭᠡ ᠠᠵᠠ ᠲᠣᠬᠢᠶᠠᠯ ᠢ ᠪᠠᠲᠤ ᠡᠵᠡᠮᠳᠡᠵᠦ᠂ ᠵᠣᠷᠢᠭ ᠰᠢᠭᠤᠳᠤᠨ ᠪᠦᠲᠦᠴᠡ ᠳᠤ ᠳᠤᠬᠢᠷᠠᠭᠤᠯᠤᠯᠳᠠ ᠬᠢᠵᠦ᠂ ᠴᠢᠳᠠᠪᠬᠢ ᠪᠠᠨ ᠬᠤᠪᠢᠷᠠᠭᠤᠯᠵᠤ᠂ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠠᠵᠤ ᠠᠬᠤᠢ ᠶᠢᠨ ᠬᠡᠯᠪᠡᠷᠢ ᠪᠠᠨ ᠪᠣᠬᠢᠷᠲᠤᠯ ᠦᠭᠡᠢ ᠲᠤᠤᠷ᠎ᠠ ᠨᠡᠭᠦᠷᠡᠰᠦᠲᠥ᠋ᠷᠥᠭᠴᠢᠲᠤ ᠪᠤᠯᠭᠠᠨ ᠬᠤᠪᠢᠷᠠᠭᠤᠯᠬᠤ ᠶᠢ ᠠᠬᠢᠭᠤᠯᠤᠨ᠎ᠠ᠃ ᠡᠪᠳᠡᠬᠦ ᠪᠠᠶᠢᠭᠤᠯᠬᠤ ᠶᠢ ᠵᠡᠷᠭᠡᠪᠡᠷ ᠠᠳᠬᠤᠬᠤ᠂ ᠨᠡᠮᠡᠬᠦ ᠬᠠᠰᠤᠬᠤ ᠶᠢ ᠵᠡᠷᠭᠡᠪᠡᠷ ᠬᠢᠬᠦ ᠶᠢ ᠪᠠᠷᠢᠮᠲᠠᠯᠠᠵᠤ᠂ ᠤᠯᠠᠮᠵᠢᠯᠠᠯᠲᠤ ᠠᠵᠤ ᠦᠢᠯᠡᠰ ᠤᠨ ᠳᠠᠪᠬᠤᠴᠠᠨ ᠲᠠᠰ ᠳᠡᠪᠰᠢᠬᠦ ᠶᠢ ᠶᠡᠬᠡᠪᠡᠷ ᠠᠬᠢᠭᠤᠯᠵᠤ᠂ ︽ᠡᠭᠦᠯᠡᠨ ᠳᠤ ᠭᠠᠷᠴᠤ ᠲᠤᠭ᠎ᠠ ᠪᠠᠷᠢᠮᠳᠠ ᠪᠠᠷ ᠣᠶᠤᠨ ᠤᠬᠠᠭᠠᠨ ᠣᠯᠭᠤᠬᠤ︾ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠵᠦ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠠᠰ ᠤᠨ᠂ ᠣᠶᠣᠨᠴᠢᠯᠠᠭᠰᠠᠨ᠂ ᠪᠣᠬᠢᠷᠲᠤᠯ ᠥᠬᠡᠶ ᠬᠡᠯᠪᠡᠷᠢ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠬᠤ ᠶᠢ ᠲᠦᠷᠭᠡᠳᠬᠡᠨ ᠠᠬᠢᠭᠤᠯᠵᠤ᠂ ᠰᠠᠯᠬᠢ ᠬᠡᠷᠡᠯ ᠤᠰᠤᠲᠥ᠋ᠷᠥᠭᠴᠢ ᠡᠨᠧᠷᠭᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠤᠬᠴᠠᠵᠢᠭᠤᠯᠤᠬᠰᠠᠨ ᠰᠢᠨ᠎ᠡ ᠡᠨᠧᠷᠭᠢ᠂ ᠵᠠᠳᠠᠷᠠᠵᠤ ᠪᠣᠯᠬᠤ ᠰᠦᠯᠢᠶᠣᠣ ᠪᠠᠷ ᠭᠤᠣᠯ ᠴᠢᠭᠯᠡᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠰᠠᠭᠤᠷᠢᠨ ᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号