ᠰᠡᠳᠬᠢᠯ ᠤᠨ ᠲᠠᠷᠤᠭᠠᠰᠦ ᠶᠢᠨ ᠬᠤᠤᠷ ᠨᠦᠯᠤᠭᠡ
ᠨᠡᠶᠢᠲᠡᠯᠡᠭᠰᠡᠨ ᠴᠠᠭ᠄
2021/12/13
     ᠰᠡᠳᠬᠢᠯ ᠤᠨ ᠲᠠᠷᠤᠭᠠᠰᠦ ᠬᠦᠮᠦᠨ ᠢ ᠪᠤᠬᠢᠨᠢᠳᠤᠬᠤ᠂ ᠨᠦᠢᠷ ᠬᠤᠯᠵᠢᠬᠤ ᠪᠠᠶᠢᠳᠠᠯ ᠲᠠᠢ ᠪᠤᠯᠭᠠᠳᠠᠭ᠃ ᠠᠮᠧᠷᠢᠺᠠ ᠶᠢᠨ ᠶᠠᠩ ᠪᠠᠢ ᠬᠠᠨ ᠶᠡᠭᠡ ᠰᠤᠷᠭᠠᠭᠤᠯᠢ ᠪᠠ ᠱᠠᠩᠬᠠᠢ ᠶᠢᠨ ᠵᠠᠮ ᠬᠠᠷᠢᠯᠴᠠᠭᠠᠨ ᠤ ᠶᠡᠭᠡ ᠰᠤᠷᠭᠠᠭᠤᠯᠢ ᠶᠢᠨ ᠬᠠᠮᠳᠤᠷᠠᠨ ᠪᠡᠶᠡᠯᠡᠬᠦᠯᠦᠭᠰᠡᠨ ᠬᠠᠮᠤᠬ ᠤᠨ ᠰᠢᠨ᠎ᠡ ᠰᠤᠳᠤᠯᠭᠠᠨ ᠳᠤ ᠬᠠᠷᠠᠭᠤᠯᠤᠭᠰᠠᠨ ᠢᠶᠠᠷ᠂ ᠰᠡᠳᠬᠢᠯ ᠤᠨ ᠲᠠᠷᠤᠭᠠᠰᠦ ᠶᠢᠨ ᠬᠦᠮᠦᠨ ᠤ ᠮᠠᠬᠠᠪᠤᠳ ᠲᠤ ᠦᠵᠡᠬᠦᠯᠬᠦ ᠬᠤᠬᠢᠷᠠᠯ ᠨᠢ ᠨᠤᠪᠰᠢᠠ ᠢᠳᠡᠭᠡᠨ ᠢᠳᠡᠭᠰᠡᠨ ᠲᠠᠢ ᠠᠳᠠᠯᠢ ᠪᠠᠶᠢᠳᠠᠭ᠃ ᠳᠤᠭᠤᠢᠢᠯᠠᠩ ᠬᠤᠪᠢᠶᠠᠭᠠᠳ ᠲᠡᠬᠦᠨ ᠤ ᠳᠤᠳᠤᠷᠠᠬᠢ ᠨᠢᠭᠡ ᠳᠤᠭᠤᠢᠢᠯᠠᠩ ᠤᠨ ᠬᠤᠯᠤᠭᠠᠨ᠎ᠠ ᠶᠢ ᠦᠭᠡᠬᠦ ᠳᠤᠰᠤ ᠶᠡᠭᠡᠳᠡᠢ ᠢᠳᠡᠭᠡᠨ ᠢᠶᠠᠷ ᠲᠡᠵᠢᠭᠡᠵᠡᠢ᠃ 16 ᠭᠠᠷᠠᠭ ᠤᠨ ᠳᠠᠷᠠᠭ᠎ᠠ᠂ ᠬᠤᠶᠠᠷ ᠳᠤᠭᠤᠢᠢᠯᠠᠩ ᠬᠤᠯᠤᠭᠠᠨ᠎ᠠ ᠶᠢ ᠰᠡᠳᠬᠢᠯ ᠤᠨ ᠲᠠᠷᠤᠭᠠᠰᠦ ᠲᠠᠢ ᠤᠷᠴᠢᠨ ᠳᠤ 18 ᠭᠠᠷᠠᠭ ᠪᠠᠶᠢᠯᠭᠠᠪᠠ᠃      ᠳᠤᠷᠰᠢᠯᠳᠠ ᠶᠢᠨ ᠶᠠᠪᠤᠴᠠ ᠳᠤ᠂ ᠰᠤᠳᠤᠯᠭᠠᠳᠠᠳ ᠰᠡᠳᠬᠢᠯ ᠤᠨ ᠲᠠᠷᠤᠭᠠᠰᠦ ᠶᠢ ᠭᠡᠮᠵᠢᠨ ᠲᠤᠷᠰᠢᠯᠲᠠ ᠠᠴᠠ ᠡᠮᠦᠨ᠎ᠡ ᠪᠡ ᠬᠤᠶᠢᠨ᠎ᠠ ᠬᠤᠯᠤᠭᠠᠨ᠎ᠠ ᠶᠢᠨ ᠪᠠᠭᠠᠰᠤᠨ ᠠᠴᠠ ᠳᠤᠰ ᠪᠦᠷᠢ ᠬᠤᠮᠠᠬᠢ ᠡᠳ᠋ ᠤᠨ DNA ᠶᠢᠨ ᠵᠠᠬᠪᠤᠷ ᠢ ᠴᠤᠭᠯᠠᠭᠤᠯᠵᠠᠢ᠃ ᠡᠬᠦᠨ ᠳᠤ᠂ ᠡᠷ᠎ᠡ ᠬᠤᠯᠤᠭᠠᠨ᠎ᠠ ᠪᠠ ᠡᠮ᠎ᠡ ᠬᠤᠯᠤᠭᠠᠨ᠎ᠠ ᠰᠡᠳᠬᠢᠯ ᠤᠨ ᠲᠠᠷᠤᠭᠠᠰᠦ ᠲᠠᠢ ᠤᠷᠴᠢᠨ ᠤ ᠨᠦᠯᠦᠭᠡᠯᠡᠯ ᠳᠤᠤᠷ᠎ᠠ ᠠᠳᠠᠯᠢ ᠪᠤᠰᠤ ᠮᠠᠬᠠᠪᠤᠳ ᠤᠨ ᠳᠤᠰᠬᠠᠯ ᠲᠠᠢ ᠪᠠᠶᠢᠬᠰᠠᠨ ᠢ ᠤᠯᠵᠤ ᠮᠡᠳᠡᠪᠡ᠃ ᠦᠭᠡᠬᠦ ᠳᠤᠰᠤ ᠪᠠᠭ᠎ᠠ ᠢᠳᠡᠭᠡᠨ ᠤᠮᠳᠠᠭᠠᠨ ᠢᠶᠠᠷ ᠲᠡᠵᠢᠭᠡᠭᠰᠡᠨ ᠡᠷ᠎ᠡ ᠬᠤᠯᠤᠭᠠᠨ᠎ᠠ ᠶᠢᠨ ᠭᠡᠳᠡᠰᠦᠨ ᠵᠠᠮ ᠤᠨ ᠪᠠᠺᠲ᠋ᠧᠷᠢ ᠶᠢᠨ ᠪᠦᠯᠦᠭᠯᠡᠯ ᠳᠤ ᠬᠤᠪᠢᠷᠠᠯᠳᠠ ᠭᠠᠷᠴᠤ᠂ ᠦᠭᠡᠬᠦ ᠳᠤᠰᠤ ᠶᠡᠭᠡᠳᠡᠢ ᠢᠳᠡᠭᠡᠨ ᠢᠶᠠᠷ ᠲᠡᠵᠢᠭᠡᠭᠰᠡᠨ ᠬᠤᠯᠤᠭᠠᠨ᠎ᠠ ᠲᠠᠢ ᠠᠳᠠᠯᠢᠪᠳᠤᠷ ᠪᠤᠯᠴᠢᠬᠠᠬᠰᠠᠨ ᠪᠠᠶᠢᠪᠠ᠃ ᠳᠠᠷᠤᠯᠳᠠ ᠨᠢ ᠰᠡᠳᠬᠢᠴᠡ ᠶᠢᠨ ᠢᠯᠡᠷᠡᠯ ᠪᠤᠯᠬᠤ ᠪᠠᠷ ᠪᠠᠷᠠᠬᠤ ᠦᠭᠡᠢ᠂ ᠮᠦᠨᠴᠦ ᠮᠠᠬᠠᠪᠤᠳ ᠤᠨ ᠹᠢᠽᠢᠺ ᠤᠨ ᠬᠤᠪᠢᠷᠠᠯᠳᠠ ᠪᠤᠯᠬᠤ ᠶᠢ ᠡᠬᠦᠨ ᠠᠴᠠ ᠮᠡᠳᠡᠵᠦ ᠪᠤᠯᠤᠨ᠎ᠠ ᠭᠡᠵᠦ ᠰᠤᠳᠤᠯᠭᠠᠳᠠᠳ ᠦᠵᠡᠪᠡ᠃      ᠪᠤᠳᠠᠳᠤ ᠠᠮᠢᠳᠤᠷᠠᠯ ᠳᠤᠮᠳᠠ᠂ ᠡᠮᠡᠭᠳᠡᠶᠢᠴᠤᠳ ᠰᠡᠳᠬᠢᠯ ᠤᠨ ᠲᠠᠷᠤᠭᠠᠰᠦ ᠲᠠᠢ ᠦᠶᠡᠰ ᠨᠡᠩ ᠠᠮᠠᠷᠬᠠᠨ ᠭᠤᠳᠤᠷᠠᠵᠤ ᠪᠤᠬᠢᠨᠢᠳᠤᠳᠠᠭ᠃ ᠡᠷᠡᠭᠳᠡᠶᠢᠴᠤᠳ ᠤᠨ ᠰᠡᠳᠬᠢᠯ ᠤᠨ ᠲᠠᠷᠤᠭᠠᠰᠦ ᠶᠢᠨ ᠡᠮᠦᠨᠡᠬᠢ ᠳᠤᠰᠬᠠᠯ ᠨᠢ ᠡᠮᠡᠭᠳᠡᠶᠢᠴᠤᠳ ᠲᠠᠢ ᠠᠳᠠᠯᠢ ᠪᠤᠰᠤ ᠪᠠᠶᠢᠳᠠᠭ ᠨᠢ ᠲᠡᠳᠡᠨ ᠤ ᠭᠡᠳᠡᠰᠦᠨ ᠵᠠᠮ ᠤᠨ ᠪᠠᠺᠲ᠋ᠧᠷᠢ ᠶᠢᠨ ᠪᠦᠯᠦᠭᠯᠡᠯ ᠤᠨ ᠰᠡᠳᠬᠢᠯ ᠤᠨ ᠲᠠᠷᠤᠭᠠᠰᠦ ᠠᠴᠠ ᠪᠤᠯᠬᠤ ᠳᠤᠰᠬᠠᠯ ᠨᠢ ᠠᠳᠠᠯᠢ ᠪᠤᠰᠤ ᠪᠠᠶᠢᠳᠠᠭ ᠠᠴᠠ ᠪᠤᠯᠤᠭᠰᠠᠨ ᠪᠠᠶᠢᠬ᠎ᠠ ᠭᠡᠵᠦ ᠰᠤᠳᠤᠯᠭᠠᠳᠠᠳ ᠢᠯᠡᠷᠭᠡᠶᠢᠯᠡᠪᠡ᠃
 
ᠢᠷᠡᠯᠲᠡ᠄ ᠬᠤᠯᠪᠤᠭ᠎ᠠ ᠪᠦᠷᠭᠡ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号