︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/15
           ᠦᠬᠠᠶ ᠵᠠᠰᠠᠭ ᠲᠠᠷᠬᠠᠭᠠᠭᠰᠠᠨ︹2021︺ 27 ᠳ᠋ᠤᠭᠠᠷ ᠲᠣᠭᠠᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤ᠄      2021 ᠣᠨ ᠤ 1 ᠰᠠᠷ᠎ᠠ ᠶᠢᠨ 4 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ 248 ᠳ᠋ᠤᠭᠠᠷ ᠵᠠᠷᠯᠢᠭ ᠢᠶᠠᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾ ︵ᠳᠣᠷᠣᠭᠰᠢ ︽ᠲᠣᠭᠲᠠᠭᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 2021 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠲᠣᠭᠲᠠᠭᠠᠯ︾ ᠢ ᠮᠠᠨ ᠤ ᠬᠤᠲᠠ ᠳᠤ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠬᠢᠬᠦ ᠶᠢᠨ ᠲᠥᠯᠥᠭᠡ᠂ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠵᠣᠭᠰᠣᠴᠠ ᠪᠠᠨ ᠳᠡᠭᠡᠭᠰᠢᠯᠡᠭᠦᠯᠵᠦ᠂ ︽ᠲᠣᠭᠲᠠᠭᠠᠯ︾ ᠤᠨ ᠴᠢᠬᠤᠯᠠ ᠶᠡᠭᠡ ᠠᠴᠢ ᠬᠤᠯᠪᠣᠭᠳᠠᠯ ᠢ ᠬᠦᠢᠴᠡᠳ ᠲᠠᠨᠢᠬᠤ ᠬᠡᠷᠡᠭᠲᠡᠶ      ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠬᠤ ᠪᠣᠯ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ ᠰᠢᠰᠲ᠋ᠧᠮ ᠢ ᠲᠡᠭᠦᠯᠳᠡᠷᠵᠢᠭᠦᠯᠬᠦ᠂ ᠤᠯᠤᠰ ᠢᠶᠠᠨ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢ ᠲᠦᠯᠬᠢᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ︽ᠲᠣᠭᠲᠠᠭᠠᠯ︾ ᠢ ᠨᠡᠶᠢᠲᠡᠯᠡᠨ ᠬᠡᠷᠡᠭᠵᠢᠭᠦᠯᠦᠭᠰᠡᠨ ᠨᠢ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠬᠢᠴᠠ ᠶᠢ ᠲᠦᠷᠭᠡᠪᠴᠢᠯᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠲᠡᠭᠦᠨ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶᠢᠯᠭᠠᠬᠤ ᠶᠢᠨ ᠶᠡᠭᠡ ᠲᠠᠯ᠎ᠠ ᠶᠢ ᠨᠡᠩ ᠰᠠᠶᠢᠲᠤᠷ ᠬᠠᠮᠠᠭᠠᠯᠠᠬᠤ ᠳᠤ ᠠᠰᠢᠭᠲᠠᠶ ᠶᠤᠮ᠃ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠬᠢᠨ ︽ᠲᠣᠭᠲᠠᠭᠠᠯ︾ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠲᠣᠭᠲᠠᠭᠠᠯ︾ ᠢ ᠬᠡᠷᠡᠭᠵᠢᠭᠦᠯᠬᠦ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠣᠯᠤᠮᠵᠢᠲᠤ ᠴᠢᠨᠠᠷ᠂ ᠲᠣᠭᠲᠠᠪᠤᠷᠢᠲᠤ ᠴᠢᠨᠠᠷ ᠢ ᠴᠢᠩᠭᠠᠳᠬᠠᠬᠤ ᠳᠤ ᠦᠵᠡᠭᠦᠯᠬᠦ ᠴᠢᠬᠤᠯᠠ ᠶᠡᠭᠡ ᠲᠣᠭᠲᠠᠭᠠᠯ ᠢ ᠭᠦᠨᠵᠡᠭᠡᠶ ᠲᠠᠨᠢᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢᠶᠠᠨ ᠳᠡᠭᠡᠭᠰᠢᠯᠡᠭᠦᠯᠦᠨ᠂ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ︽ᠲᠣᠭᠲᠠᠭᠠᠯ︾ ᠢ ᠨᠠᠷᠢᠨ ᠬᠢᠨᠠᠮᠠᠭᠠᠶ ᠲᠤᠤᠰᠯᠠᠭᠤᠯᠤᠨ ᠬᠡᠷᠡᠭᠵᠢᠭᠦᠯᠵᠦ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠦᠨᠡᠨ ᠬᠦ ᠪᠠᠲᠤᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠨᠡᠩ ᠰᠠᠶᠢᠲᠤᠷ ᠪᠠᠲᠤᠯᠠᠬᠤ ᠬᠡᠷᠡᠭᠳᠡᠢ᠃      ᠬᠤᠶᠠᠷ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠰᠤᠷᠤᠯᠴᠠᠵᠤ ᠤᠬᠠᠭᠤᠯᠬᠤ ︽ᠲᠣᠭᠲᠠᠭᠠᠯ︾ ᠢ ᠪᠦᠷᠢᠨ ᠪᠦᠷᠬᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ      ︵ᠨᠢᠭᠡ︶ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ︽ᠲᠣᠭᠲᠠᠭᠠᠯ︾ ᠢ ᠰᠤᠷᠤᠯᠴᠠᠬᠤ᠂ ᠤᠬᠠᠭᠤᠯᠬᠤ ᠶᠠᠪᠤᠳᠠᠯ ᠢ ᠡᠳᠦᠷ ᠲᠤᠳᠤᠮ ᠤᠨ ᠴᠢᠬᠤᠯᠠ ᠵᠥᠪᠯᠡᠬᠦ ᠵᠦᠢᠯᠡᠰ ᠲᠡᠭᠡᠨ ᠣᠷᠣᠭᠤᠯᠵᠤ᠂ ᠪᠣᠳᠠᠲᠠᠶ ᠪᠠᠶᠢᠷᠢᠯᠠᠭᠤᠯᠤᠯᠲᠠ ᠬᠢᠵᠦ᠂ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠵᠢᠴᠢ ᠬᠤᠯᠪᠣᠭᠳᠠᠯ ᠪᠥᠬᠦᠶ ᠤᠳᠤᠷᠢᠳᠬᠤ ᠺᠠᠳ᠋ᠷᠴᠤᠳ ᠢᠯᠠᠩᠭᠤᠶ᠎ᠠ ᠭᠤᠤᠯ ᠤᠳᠤᠷᠢᠳᠬᠤ ᠺᠠᠳ᠋ᠷᠴᠤᠳ ᠲᠦᠷᠦᠭᠦᠯᠡᠨ ᠰᠤᠷᠤᠯᠴᠠᠵᠤ᠂ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠶ ᠤᠶᠢᠯᠠᠭᠠᠨ᠂ ︽ᠲᠣᠭᠲᠠᠭᠠᠯ︾ ᠤᠨ ᠪᠣᠳᠠᠲᠠᠶ ᠠᠭᠤᠯᠭ᠎ᠠ ᠶᠢ ᠪᠣᠯᠪᠠᠰᠤᠷᠠᠩᠭᠤᠶ ᠡᠵᠡᠮᠰᠢᠬᠦ ᠬᠡᠷᠡᠭᠲᠡᠶ᠃ ︽ᠲᠣᠭᠲᠠᠭᠠᠯ︾ ᠢ ᠮᠠᠨ ᠤ ᠬᠤᠲᠠ ᠶᠢᠨ ᠠᠯᠪᠠᠲᠠᠨ ᠢ ᠪᠣᠯᠪᠠᠰᠤᠷᠠᠭᠤᠯᠬᠤ ᠲᠥᠯᠥᠪᠯᠡᠭᠡ ᠪᠠ ᠬᠢᠨᠠᠨ ᠰᠢᠯᠭᠠᠬᠤ ᠠᠭᠤᠯᠭ᠎ᠠ ᠳᠤ ᠣᠷᠣᠭᠤᠯᠵᠤ᠂ ᠮᠠᠨ ᠤ ᠬᠤᠲᠠ ᠶᠢᠨ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠠᠵᠢᠯᠲᠠᠨ ᠤ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠨᠡᠮᠡᠭᠳᠡᠭᠦᠯᠬᠦ ᠬᠡᠷᠡᠭᠲᠡᠶ᠃ ᠭᠤᠣᠯ ᠵᠠᠭᠤᠴᠢᠯᠠᠭᠤᠷ ᠵᠡᠷᠭᠡ ᠤᠬᠠᠭᠤᠯᠭ᠎ᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ︽ᠲᠣᠭᠲᠠᠭᠠᠯ︾ ᠢ ᠰᠤᠷᠤᠯᠴᠠᠨ ᠲᠤᠤᠱᠯᠠᠭᠤᠯᠬᠤ ᠠᠷᠭ᠎ᠠ ᠬᠡᠮᠵᠢᠶ᠎ᠡ ᠪᠠ ᠦᠷ᠎ᠡ ᠪᠦᠲᠦᠮᠵᠢ ᠶᠢ ᠤᠬᠠᠭᠤᠯᠤᠨ ᠮᠡᠳᠡᠭᠡᠯᠡᠬᠦ ᠬᠡᠷᠡᠭᠲᠡᠶ᠃      ︵ᠬᠤᠶᠠᠷ︶ ᠬᠤᠲᠠ ᠶᠢᠨ ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ ᠨᠢ ᠪᠥᠬᠦ ᠬᠤᠲᠠ ᠶᠢᠨ ᠰᠢᠶᠠᠨ ᠭᠠᠵᠠᠷ ᠤᠨ ᠲᠠᠰ ᠤᠨ ᠺᠠᠳ᠋ᠷᠴᠤᠳ ᠤᠨ ︽ᠲᠣᠭᠲᠠᠭᠠᠯ︾ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠰᠢᠶᠠᠨ ᠭᠠᠵᠠᠷ ᠤᠨ ᠲᠠᠰ ᠠᠴᠠ ᠳᠡᠭᠡᠭᠰᠢᠬᠢ ᠺᠠᠳ᠋ᠷᠴᠤᠳ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠣᠷᠣᠯᠴᠠᠭᠤᠯᠬᠤ ᠬᠡᠷᠡᠭᠳᠡᠢ᠃      ︵ᠭᠤᠷᠪᠠ︶ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠴᠠ ᠪᠥᠬᠦ ᠬᠤᠲᠠ ᠶᠢᠨ ᠰᠠᠯᠠᠭᠠᠨ ᠲᠠᠰ ᠵᠢᠴᠢ ᠲᠡᠭᠦᠨ ᠠᠴᠠ ᠳᠣᠷᠣᠭᠰᠢᠬᠢ ᠺᠠᠳ᠋ᠷᠴᠤᠳ ᠤᠨ ︽ᠲᠣᠭᠲᠠᠭᠠᠯ︾ ᠤᠨ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠬᠠᠷᠢᠭᠤᠴᠠᠨ ᠵᠣᠬᠢᠶᠠᠨ ᠪᠠᠶᠢᠭᠤᠯᠵᠤ᠂ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠨ ᠰᠠᠯᠠᠭᠠᠨ ᠲᠠᠰ ᠵᠢᠴᠢ ᠲᠡᠭᠦᠨ ᠠᠴᠠ ᠳᠣᠷᠣᠭᠰᠢᠬᠢ ᠺᠠᠳ᠋ᠷᠴᠤᠳ ᠢ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠣᠷᠣᠯᠴᠠᠭᠤᠯᠬᠤ ᠶᠢᠨ ᠬᠠᠮᠲᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠶᠢᠨ ᠬᠤᠯᠪᠤᠭᠳᠠᠯ ᠪᠥᠬᠦᠶ ᠠᠵᠢᠯᠲᠠᠨ ᠳᠤ ᠵᠢᠯ ᠪᠦᠷᠢ ᠨᠢᠭᠡ ᠤᠳᠠᠭ᠎ᠠ ︽ᠲᠣᠭᠲᠠᠭᠠᠯ︾ ᠤᠨ ᠲᠤᠰᠬᠠᠶ ᠰᠡᠳᠦᠪᠲᠦ ᠰᠢᠯᠭᠠᠯᠲᠠ ᠬᠢᠵᠦ᠂ ᠰᠢᠯᠭᠠᠯᠲᠠ ᠳᠤ ᠬᠢᠷᠢ ᠲᠡᠩᠴᠡᠭᠰᠡᠨ ᠥᠬᠡᠶ ᠠᠵᠢᠯᠲᠠᠨ ᠢ ᠳᠠᠬᠢᠨ ᠰᠢᠨ᠎ᠡ ᠪᠠᠷ ᠪᠣᠯᠪᠠᠰᠤᠷᠠᠭᠤᠯᠬᠤ ᠬᠡᠷᠡᠭᠲᠡᠶ᠃      ᠭᠤᠷᠪᠠ᠂ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ︽ᠲᠣᠭᠲᠠᠭᠠᠯ︾ ᠤᠨ ᠭᠤᠤᠯ ᠠᠭᠤᠯᠭ᠎ᠠ ᠶᠢ ᠣᠨᠣᠪᠴᠢᠲᠠᠶ ᠡᠵᠡᠮᠳᠡᠬᠦ ᠬᠡᠷᠡᠭᠲᠡᠶ      ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠭᠤᠤᠯᠳᠠᠯᠭ᠎ᠠ ᠶᠢ ᠡᠵᠡᠮᠳᠡᠨ᠂ ︽ᠲᠣᠭᠲᠠᠭᠠᠯ︾ ᠤᠨ ᠡᠯ᠎ᠡ ᠵᠦᠢᠯ ᠤᠨ ᠲᠠᠰ ᠳᠠᠷᠠᠭᠠᠯᠠᠯ ᠢ ᠴᠢᠩᠭ᠎ᠠ ᠵᠢᠷᠤᠮᠵᠢᠭᠤᠯᠵᠤ᠂ ︽ᠲᠣᠭᠲᠠᠭᠠᠯ︾ ᠤᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠬᠦᠷᠢᠶ᠎ᠡ ᠬᠡᠪᠴᠢᠶ᠎ᠡ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠪᠠ ᠳᠣᠭᠢᠷᠠᠭᠤᠯᠬᠤ ᠲᠠᠰ ᠳᠠᠷᠠᠭᠠᠯᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠲᠦᠷᠢᠮ ᠢ ᠲᠣᠳᠣᠷᠬᠠᠶᠢᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠡᠯ᠎ᠡ ᠭᠤᠭᠴᠤᠭ᠎ᠠ ᠶᠢ ᠪᠦᠲᠦᠮᠵᠢᠲᠡᠶ ᠬᠡᠷᠡᠭᠵᠢᠭᠦᠯᠬᠦ ᠶᠢ ᠰᠠᠶᠢᠲᠤᠷ ᠠᠳᠬᠤᠬᠤ ᠬᠡᠷᠡᠭᠲᠡᠶ᠃ ᠢᠯᠠᠩᠭᠤᠶ᠎ᠠ ᠤᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠬᠠᠤᠯᠢ ᠪᠠᠷ ᠲᠣᠭᠲᠠᠭᠠᠭᠰᠠᠨ ᠵᠢᠷᠤᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠃      ︵ᠨᠢᠭᠡ︶ ᠣᠯᠠᠨ ᠨᠡᠶᠢᠲᠡ ᠶᠢᠨ ᠣᠷᠣᠯᠴᠠᠬᠤ ᠲᠣᠭᠲᠠᠴᠠ ᠶᠢ ᠪᠦᠷᠢᠨᠰᠢᠭᠦᠯᠬᠦ ᠬᠡᠷᠡᠭᠳᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠨᠢ ᠨᠡᠶᠢᠭᠡᠮ ᠨᠡᠶᠢᠲᠡ ᠶᠢᠨ ᠣᠷᠣᠯᠴᠠᠬᠤ ᠳᠤ ᠲᠥᠬᠦᠮ ᠦᠵᠡᠭᠦᠯᠬᠦ ᠠᠷᠭ᠎ᠠ ᠮᠠᠶ᠋ᠢᠭ ᠢ ᠠᠪᠴᠤ ᠪᠠᠶᠢᠭᠠᠳ ᠰᠠᠨᠠᠯ ᠢ ᠨᠢ ᠬᠦᠢᠴᠡᠳ ᠰᠣᠨᠣᠰᠬᠤ ᠶᠢᠨ ᠬᠠᠮᠲᠤ᠂ ᠵᠠᠰᠠᠭ ᠤᠨ ᠣᠷᠳᠣᠨ ᠤ ᠰᠦᠯᠵᠢᠶ᠎ᠡ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠵᠢᠴᠢ ᠰᠣᠨᠢᠨ ᠰᠡᠳᠬᠦᠯ᠂ ᠷᠠᠳᠢᠣ᠋ ᠨᠡᠪᠲᠡᠷᠡᠭᠦᠯᠭᠡ᠂ ᠲᠧᠯᠸᠢᠰ ᠵᠡᠷᠭᠡ ᠨᠡᠶᠢᠭᠡᠮ ᠨᠡᠶᠢᠲᠡ ᠶᠢᠨ ᠮᠡᠳᠡᠬᠦ ᠳᠤ ᠲᠥᠬᠦᠮ ᠦᠵᠡᠭᠦᠯᠬᠦ ᠠᠷᠭ᠎ᠠ ᠵᠠᠮ ᠢᠶᠠᠷ ᠳᠠᠮᠵᠢᠭᠤᠯᠤᠨ ᠣᠯᠠᠨ ᠨᠡᠶᠢᠲᠡ ᠶᠢᠨ ᠣᠷᠣᠯᠴᠠᠬᠤ ᠬᠠᠷᠢᠴᠠᠯ ᠢ ᠳᠡᠭᠡᠭᠰᠢᠯᠡᠭᠦᠯᠬᠦ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠨᠢ ᠠᠷᠠᠳ ᠢᠷᠭᠡᠨ᠂ ᠬᠠᠤᠯᠢ ᠶᠢᠨ ᠡᠷᠬᠡᠲᠡᠨ᠂ ᠪᠤᠰᠤᠳ ᠵᠣᠬᠢᠶᠠᠨ ᠪᠠᠶᠢᠭᠤᠯᠤᠯᠲᠠ ᠶᠢᠨ ᠲᠣᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠬᠤ ᠪᠤᠶᠤ ᠨᠡᠯᠢᠶᠡᠳ ᠶᠡᠭᠡ ᠵᠥᠷᠢᠯᠳᠦᠭᠡᠨ ᠲᠠᠢ ᠪᠠᠶᠢᠪᠠᠯ᠂ ᠭᠡᠷᠡᠴᠢᠯᠡᠭᠡ ᠰᠣᠨᠣᠰᠬᠤ ᠬᠤᠷᠠᠯ ᠬᠤᠷᠠᠯᠳᠤᠭᠤᠯᠵᠤ ᠪᠣᠯᠤᠨ᠎ᠠ᠃      ︵ᠬᠤᠶᠠᠷ︶ ᠲᠤᠰᠬᠠᠶ ᠮᠡᠷᠭᠡᠵᠢᠯᠲᠡᠨ ᠤ ᠨᠤᠲᠠᠯᠠᠬᠤ ᠲᠦᠷᠢᠮ ᠢ ᠲᠡᠭᠦᠯᠳᠡᠷᠵᠢᠭᠦᠯᠬᠦ ᠬᠡᠷᠡᠭᠳᠡᠢ᠃ ᠲᠤᠰᠬᠠᠶ ᠴᠢᠨᠠᠷ᠂ ᠮᠡᠷᠭᠡᠵᠢᠯ ᠤᠨ ᠴᠢᠨᠠᠷ ᠢᠶᠠᠷ ᠨᠡᠯᠢᠶᠡᠳ ᠴᠢᠩᠭ᠎ᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠦᠢᠯᠡᠰ ᠲᠤ ᠲᠤᠰᠬᠠᠶ ᠮᠡᠷᠭᠡᠵᠢᠯᠲᠡᠨ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ ᠲᠡᠭᠦᠨ ᠤ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠵᠡᠷᠭᠡ ᠶᠢ ᠨᠤᠲᠠᠯᠠᠭᠤᠯᠵᠤ᠂ ᠨᠤᠲᠠᠯᠠᠯᠲᠠ ᠶᠢᠨ ᠦᠨᠡᠯᠡᠨ ᠵᠢᠱᠢᠭᠰᠡᠨ ᠦᠷ᠎ᠡ ᠳ᠋ᠦᠩ ᠢ ᠲᠥᠰᠦᠯ ᠳᠤ ᠲᠣᠬᠢᠷᠠᠭᠤᠯᠤᠯᠲᠠ ᠬᠢᠬᠦ ᠡᠰᠡᠬᠦ ᠪᠤᠶᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠲᠦᠷ ᠬᠤᠶᠢᠰᠢᠯᠠᠭᠤᠯᠬᠤ ᠪᠠ ᠳᠠᠭᠤᠰᠬᠠᠬᠤ ᠶᠢᠨ ᠴᠢᠬᠤᠯᠠ ᠦᠨᠳᠦᠰᠦᠯᠡᠯ ᠪᠣᠯᠭᠠᠬᠤ ᠬᠡᠷᠡᠭᠲᠡᠶ᠃ ᠲᠤᠰᠬᠠᠶ ᠮᠡᠷᠭᠡᠵᠢᠯᠲᠡᠨ᠂ ᠲᠤᠰᠬᠠᠶ ᠮᠡᠷᠭᠡᠵᠢᠯ ᠤᠨ ᠪᠠᠶᠢᠭᠤᠯᠤᠮᠵᠢ ᠶᠢ ᠰᠣᠩᠭᠤᠵᠤ ᠨᠤᠲᠠᠯᠠᠯᠲᠠ ᠬᠢᠬᠦ ᠳᠤ ᠣᠷᠣᠯᠴᠠᠭᠤᠯᠬᠤ ᠳᠠᠭᠠᠨ ᠲᠤᠰᠬᠠᠶ ᠮᠡᠷᠭᠡᠵᠢᠯ ᠤᠨ ᠴᠢᠨᠠᠷ᠂ ᠲᠥᠯᠥᠭᠡᠯᠡᠬᠦ ᠴᠢᠨᠠᠷ᠂ ᠬᠡᠪ ᠢᠶᠠᠨ ᠰᠠᠬᠢᠬᠤ ᠴᠢᠨᠠᠷ ᠢ ᠪᠠᠷᠢᠮᠲᠠᠯᠠᠬᠤ ᠬᠡᠷᠡᠭᠲᠡᠶ᠃      ︵ᠭᠤᠷᠪᠠ︶ ᠲᠦᠭᠰᠢᠭᠦᠷᠢ ᠶᠢ ᠦᠨᠡᠯᠡᠨ ᠵᠢᠱᠢᠬᠦ ᠬᠠᠮᠢᠶᠠᠷᠤᠯᠲᠠ ᠶᠢ ᠵᠢᠷᠤᠮᠵᠢᠭᠤᠯᠬᠤ ᠬᠡᠷᠡᠭᠳᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠪᠤᠶᠤ ᠲᠦᠭᠰᠢᠭᠦᠷᠢ ᠶᠢ ᠦᠨᠡᠯᠡᠨ ᠵᠢᠱᠢᠬᠦ ᠠᠵᠢᠯ ᠢ ᠬᠠᠷᠢᠭᠤᠴᠠᠵᠤ ᠪᠠᠶᠢᠭ᠎ᠠ ᠪᠤᠰᠤᠳ ᠨᠢᠭᠡᠴᠡ ᠨᠦᠭᠦᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠤᠨ ᠲᠦᠭᠰᠢᠭᠦᠷᠢ ᠶᠢᠨ ᠡᠵᠡᠮᠳᠡᠵᠦ ᠪᠣᠯᠬᠤ ᠴᠢᠨᠠᠷ ᠢ ᠵᠣᠬᠢᠶᠠᠨ ᠪᠠᠶᠢᠭᠤᠯᠤᠨ ᠦᠨᠡᠯᠡᠨ ᠵᠢᠱᠢᠬᠦ ᠬᠡᠷᠡᠭᠲᠡᠶ᠃ ᠲᠦᠭᠰᠢᠭᠦᠷᠢ ᠶᠢᠨ ᠦᠨᠡᠯᠡᠨ ᠵᠢᠱᠢᠯᠲᠡ ᠶᠢ ᠥᠷᠨᠢᠭᠦᠯᠬᠦ ᠳᠤ ᠲᠤᠰᠬᠠᠶ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠡᠷᠭᠡ ᠭᠤᠷᠪᠠᠳᠠᠬᠢ ᠡᠲᠡᠭᠡᠳ ᠲᠤ ᠨᠠᠶᠢᠳᠠᠨ ᠬᠢᠯᠭᠡᠵᠦ ᠪᠣᠯᠤᠨ᠎ᠠ᠂ ᠲᠦᠭᠰᠢᠭᠦᠷᠢ ᠶᠢᠨ ᠦᠨᠡᠯᠡᠨ ᠵᠢᠱᠢᠯᠲᠡ ᠶᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ ᠵᠡᠷᠭᠡ ᠠᠵᠢᠯ ᠲᠠᠢ ᠤᠶᠠᠯᠳᠤᠭᠤᠯᠤᠨ ᠵᠡᠷᠭᠡ ᠳᠤᠨᠢ ᠥᠷᠨᠢᠭᠦᠯᠵᠦ ᠪᠣᠯᠤᠨ᠎ᠠ᠃ ᠦᠨᠡᠯᠡᠨ ᠵᠢᠱᠢᠭᠰᠡᠨ ᠦᠷ᠎ᠡ ᠳ᠋ᠦᠩ ᠢ ᠵᠠᠰᠠᠭ ᠵᠠᠬᠢᠷᠭᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠲᠣᠭᠲᠠᠭᠠᠬᠤ ᠶᠢᠨ ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠶ᠃      ︵ᠳᠥᠷᠪᠡ︶ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠲᠠᠰ ᠳᠠᠷᠠᠭᠠᠯᠠᠯ ᠢ ᠴᠢᠩᠳᠠᠯᠠᠬᠤ ᠬᠡᠷᠡᠭᠳᠡᠢ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠨᠢ ᠣᠯᠠᠨ ᠨᠡᠶᠢᠲᠡ ᠪᠠᠷ ᠢᠶᠠᠨ ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠲᠦᠭᠰᠢᠭᠦᠷᠢ ᠶᠢ ᠦᠨᠡᠯᠡᠨ ᠵᠢᠱᠢᠬᠦ ᠲᠠᠰ ᠳᠠᠷᠠᠭᠠᠯᠠᠯ ᠢ ᠬᠠᠤᠯᠢ ᠶᠣᠰᠣᠭᠠᠷ ᠬᠦᠢᠴᠡᠳᠬᠡᠭᠰᠡᠨ ᠤ ᠳᠠᠷᠠᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠶᠢᠨ ᠬᠠᠤᠯᠢ ᠲᠦᠷᠢᠮ ᠤᠨ ᠠᠵᠢᠯ ᠤᠨ ᠪᠠᠶᠢᠭᠤᠯᠤᠮᠵᠢ ᠪᠤᠶᠤ ᠤᠷᠢᠭᠰᠠᠨ ᠬᠠᠤᠯᠢ ᠴᠠᠭᠠᠵᠠ ᠶᠢᠨ ᠵᠥᠪᠯᠡᠭᠴᠢ᠂ ᠠᠯᠪᠠᠨ ᠲᠤᠰᠢᠶᠠᠯᠲᠤ ᠬᠠᠤᠯᠢᠴᠢ ᠠᠴᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠦᠨ ᠶᠠᠷᠢᠯᠴᠠᠭᠤᠯᠬᠤ ᠠᠴᠠ ᠡᠮᠦᠨ᠎ᠡ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠠᠷᠢᠭᠤᠴᠠᠬᠤ ᠰᠠᠯᠠᠭ᠎ᠠ ᠮᠥᠴᠢᠷ ᠠᠴᠠ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠬᠢᠬᠦ ᠬᠡᠷᠡᠭᠲᠡᠶ᠂ ᠰᠠᠨᠠᠯ ᠬᠤᠷᠢᠶᠠᠬᠤ᠂ ᠬᠠᠮᠲᠤᠷᠠᠨ ᠭᠠᠷ ᠤᠨ ᠥᠰᠥᠭ ᠵᠢᠷᠤᠬᠤ ᠵᠡᠷᠭᠡ ᠠᠷᠭ᠎ᠠ ᠮᠠᠶ᠋ᠢᠭ ᠢᠶᠠᠷ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠥᠬᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠳᠠᠮᠵᠢᠭᠰᠠᠨ ᠥᠬᠡᠶ ᠪᠤᠶᠤ ᠬᠢᠨᠠᠨ ᠪᠠᠶᠢᠴᠠᠭᠠᠭᠠᠳ ᠬᠠᠤᠯᠢ ᠳᠤ ᠨᠡᠶᠢᠴᠡᠬᠦ ᠥᠬᠡᠶ ᠪᠠᠶᠢᠪᠠᠯ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠳᠤ ᠳᠡᠪᠰᠢᠭᠦᠯᠦᠨ ᠶᠠᠷᠢᠯᠴᠠᠭᠤᠯᠵᠤ ᠪᠣᠯᠬᠤ ᠥᠬᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠨᠢ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠳᠤ ᠴᠢᠬᠤᠯᠠ ᠪᠥᠬᠦᠶ ᠲᠣᠬᠢᠷᠠᠭᠤᠯᠤᠯᠲᠠ ᠪᠠ ᠨᠥᠬᠦᠪᠥᠷᠢ ᠬᠢᠬᠦ ᠬᠡᠷᠡᠭᠲᠡᠶ᠃      ᠳᠥᠷᠪᠡ᠂ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠬᠤ ᠬᠡᠷᠡᠭᠳᠡᠢ᠃      ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠤᠳ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠠᠵᠢᠯ ᠢ ᠳᠥᠯᠭᠢᠨ ᠠᠬᠢᠭᠤᠯᠬᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠪᠣᠳᠠᠲᠠᠶ ᠠᠵᠢᠯᠲᠠᠨ ᠢ ᠲᠣᠳᠣᠷᠬᠠᠶᠢᠯᠠᠵᠤ᠂ ᠲᠣᠰ ᠠᠵᠢᠯ ᠢ ᠦᠨᠡᠨᠬᠦ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠲᠠᠢ ᠬᠠᠮᠲᠤᠷᠠᠨ ︽ᠲᠣᠭᠲᠠᠭᠠᠯ︾ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ ᠰᠠᠶᠢᠲᠤᠷ ᠬᠢᠬᠦ ᠬᠡᠷᠡᠭᠳᠡᠢ᠃      ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠶᠢᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠭᠰᠡᠨ ᠵᠥᠪᠯᠡᠬᠦ ᠰᠡᠳᠦᠪ ᠵᠢᠴᠢ ᠳᠠᠭᠠᠯᠳᠤᠭᠤᠯᠤᠯ ᠮᠠᠲ᠋ᠧᠷᠢᠶᠠᠯ ᠨᠢ ᠲᠣᠭᠲᠠᠭᠠᠭᠰᠠᠨ ᠱᠠᠭᠠᠷᠳᠠᠯᠭ᠎ᠠ ᠳᠤ ᠨᠡᠶᠢᠴᠡᠬᠦ ᠡᠰᠡᠬᠦ ᠶᠢ ᠳᠠᠩᠰᠠᠯᠠᠬᠤ ᠪᠠ ᠬᠢᠨᠠᠨ ᠬᠠᠷᠭᠤᠭᠤᠯᠬᠤ ᠶᠢ ᠬᠠᠷᠢᠭᠤᠴᠠᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠶᠢᠨ ᠮᠡᠳᠡᠭᠦᠯᠦᠭᠰᠡᠨ ᠵᠦᠢᠯᠡᠰ᠂ ᠳᠤᠷᠠᠳᠤᠭᠰᠠᠨ ᠲᠦᠭᠰᠢᠭᠦᠷᠢ ᠶᠢ ᠠᠷᠭᠠᠴᠠᠭᠠᠬᠤ ᠪᠣᠳᠣᠯᠭ᠎ᠠ ᠪᠤᠶᠤ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠳᠤ᠂ ᠬᠦᠢᠴᠡᠳᠬᠡᠬᠦ ᠪᠠᠷ ᠪᠠᠶᠢᠭ᠎ᠠ ᠰᠠᠨᠠᠯ ᠢᠶᠠᠨ ᠴᠠᠭ ᠲᠤᠬᠠᠶ ᠳᠤᠨᠢ ᠳᠤᠷᠠᠳᠤᠨ ᠭᠠᠷᠭᠠᠵᠤ᠂ ᠱᠠᠲᠤ ᠳᠠᠷᠠᠭᠠᠯᠠᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ ᠮᠡᠳᠡᠭᠦᠯᠦᠨ ᠴᠣᠬᠤᠯᠠᠪᠤᠷᠢᠯᠠᠭᠤᠯᠬᠤ ᠬᠡᠷᠡᠭᠳᠡᠢ᠃      ︵ᠭᠤᠷᠪᠠ︶ ᠡᠯ᠎ᠡ ᠲᠣᠭᠤᠷᠢᠭ᠂ ᠡᠯ᠎ᠡ ᠰᠠᠯᠠᠭ᠎ᠠ ᠮᠥᠴᠢᠷ ᠪᠣᠯ ᠲᠣᠰ ᠰᠠᠯᠠᠭ᠎ᠠ ᠮᠥᠴᠢᠷ ᠤᠨ ᠢᠶᠠᠨ ᠬᠠᠤᠯᠢᠵᠢᠯ  ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠶᠢ ᠬᠦᠢᠴᠡᠳᠬᠡᠬᠦ ᠬᠠᠷᠢᠭᠤᠴᠠᠯᠭ᠎ᠠ ᠶᠢᠨ ᠭᠤᠤᠯ ᠴᠣᠭᠴᠠ ᠮᠦᠨ᠂ ᠲᠣᠰ ᠲᠣᠭᠤᠷᠢᠭ᠂ ᠲᠣᠰ ᠰᠠᠯᠠᠭ᠎ᠠ ᠮᠥᠴᠢᠷ ᠤᠨ ᠢᠶᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠵᠦᠢᠯᠡᠰ ᠤᠨ ᠭᠠᠷᠴᠠᠭ ᠤᠨ ᠨᠠᠷᠢᠨ ᠬᠠᠭᠤᠳᠠᠰᠤ ᠶᠢ ᠨᠠᠶᠢᠷᠠᠭᠤᠯᠤᠨ ᠵᠣᠬᠢᠶᠠᠬᠤ ᠪᠤᠶᠤ ᠵᠠᠰᠠᠪᠤᠷᠢ ᠣᠷᠣᠭᠤᠯᠬᠤ ᠶᠢ ᠬᠠᠷᠢᠭᠤᠴᠠᠨ᠎ᠠ᠃      ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠭᠦᠢᠴᠡᠳᠬᠡᠬᠦ ᠨᠢᠭᠡᠴᠡ ᠠᠴᠠ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠬᠠᠷᠢᠭᠤᠴᠠᠨ ᠲᠣᠭᠲᠠᠭᠠᠵᠤ᠂ ᠣᠯᠠᠨ ᠨᠡᠶᠢᠲᠡ ᠶᠢᠨ ᠰᠠᠨᠠᠯ᠂ ᠲᠤᠰᠬᠠᠶ ᠮᠡᠷᠭᠡᠵᠢᠯᠲᠡᠨ ᠤ ᠨᠤᠲᠠᠯᠠᠯᠲᠠ᠂ ᠲᠦᠭᠰᠢᠭᠦᠷᠢ ᠶᠢ ᠦᠨᠡᠯᠡᠨ ᠵᠢᠱᠢᠬᠦ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠯᠲᠠ᠂ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠰᠣᠨᠣᠰᠴᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠥᠰᠦᠯ ᠢ ᠪᠦᠷᠢᠯᠳᠦᠭᠦᠯᠬᠦ ᠶᠠᠪᠤᠴᠠ ᠳᠤ ᠬᠤᠯᠪᠣᠭᠳᠠᠯ ᠪᠥᠬᠦᠶ ᠬᠤᠷᠠᠯ ᠤᠨ ᠲᠡᠮᠳᠡᠭᠯᠡᠯ᠂ ᠪᠢᠴᠢᠭ ᠤᠨ ᠮᠠᠲ᠋ᠧᠷᠢᠶᠠᠯ ᠪᠤᠶᠤ ᠡᠯᠧᠺᠲᠷᠣᠨ ᠪᠢᠴᠢᠭ ᠮᠠᠲ᠋ᠧᠷᠢᠶᠠᠯ᠂ ᠦᠵᠡᠵᠦ ᠰᠣᠨᠣᠰᠬᠤ ᠮᠠᠲ᠋ᠧᠷᠢᠶᠠᠯ ᠵᠡᠷᠭᠡ ᠶᠢ ᠴᠤᠭᠯᠠᠭᠤᠯᠵᠤ᠂ ᠲᠠᠩᠰᠠ ᠡᠪᠬᠡᠮᠡᠯ ᠳᠤ ᠣᠷᠣᠭᠤᠯᠬᠤ ᠶᠢᠨ ᠬᠠᠮᠲᠤ ᠬᠠᠳᠠᠭᠠᠯᠠᠨ ᠬᠠᠮᠢᠶᠠᠷᠤᠨ᠎ᠠ᠃      ︵ᠲᠠᠪᠤ︶ ᠬᠤᠲᠠ ᠶᠢᠨ ᠬᠢᠨᠠᠨ ᠪᠤᠳᠤᠬᠤ ᠲᠣᠪᠴᠢᠶ᠎ᠠ ᠨᠢ ᠲᠣᠭᠲᠠᠭᠠᠯ ᠶᠣᠰᠣᠭᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠳᠤ ᠬᠢᠨᠠᠯᠲᠠ ᠲᠠᠯᠪᠢᠨ᠎ᠠ᠃      ᠲᠠᠪᠤ᠂ ᠲᠣᠭᠲᠠᠴᠠ ᠪᠠᠨ ᠲᠡᠭᠦᠯᠳᠡᠷᠵᠢᠭᠦᠯᠵᠦ᠂ ︽ᠲᠣᠭᠲᠠᠭᠠᠯ︾ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠶ      ︵ᠨᠢᠭᠡ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠲᠣᠰ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠬᠢᠨᠠᠨ ᠪᠤᠳᠤᠬᠤ ᠪᠠᠶᠢᠭᠤᠯᠭ᠎ᠠ ᠶᠢᠨ ᠬᠢᠨᠠᠯᠲᠠ ᠶᠢ ᠬᠠᠤᠯᠢ ᠶᠣᠰᠣᠭᠠᠷ ᠬᠦᠯᠢᠶᠡᠬᠦ ᠬᠡᠷᠡᠭᠲᠡᠶ᠃ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠳᠠᠯ ᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠪᠠᠶᠢᠭᠤᠯᠭ᠎ᠠ ᠵᠢᠴᠢ ᠲᠡᠭᠦᠨ ᠤ ᠤᠳᠤᠷᠢᠳᠬᠤ ᠬᠥᠮᠦᠰ ᠢ ᠬᠢᠨᠠᠨ ᠰᠢᠯᠭᠠᠵᠤ ᠦᠨᠡᠯᠡᠬᠦ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ᠂ ᠣᠨ ᠤ ᠬᠠᠤᠯᠢ ᠪᠠᠷ ᠬᠤᠲᠠ ᠪᠠᠨ ᠵᠠᠰᠠᠬᠤ ᠶᠢ ᠬᠢᠨᠠᠨ ᠰᠢᠯᠭᠠᠵᠤ ᠦᠨᠡᠯᠡᠬᠦ ᠬᠦᠢᠴᠡᠳᠬᠡᠯ ᠲᠤᠭ᠎ᠠ ᠶᠢᠨ ᠰᠢᠰᠲ᠋ᠧᠮᠵᠢ ᠪᠠ ᠬᠠᠤᠯᠢᠵᠢᠯ ᠤᠨ ᠪᠠᠶᠢᠭᠤᠯᠤᠯᠲᠠ ᠶᠢᠨ ᠰᠢᠮᠳᠠᠭᠤᠯᠤᠨ ᠪᠠᠶᠢᠴᠠᠭᠠᠬᠤ ᠬᠦᠷᠢᠶ᠎ᠡ ᠬᠡᠪᠴᠢᠶ᠎ᠡ ᠳᠤ ᠣᠷᠣᠭᠤᠯᠬᠤ ᠬᠡᠷᠡᠭᠲᠡᠶ᠃      ︵ᠬᠤᠶᠠᠷ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠳᠠᠭᠠᠭᠠᠨ ᠬᠦᠢᠴᠡᠳᠬᠡᠬᠦ ᠨᠢᠭᠡᠴᠡ ᠪᠤᠶᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠤᠯᠪᠣᠭᠳᠠᠯ ᠪᠥᠬᠦᠶ ᠠᠵᠢᠯ ᠢ ᠡᠭᠦᠷᠭᠡᠯᠡᠵᠦ ᠪᠥᠬᠦᠶ ᠬᠤᠯᠪᠤᠭᠳᠠᠯ ᠪᠥᠬᠦᠶ ᠨᠢᠭᠡᠴᠡ ᠨᠢ ︽ᠲᠣᠭᠲᠠᠭᠠᠯ︾ ᠤᠨ ᠶᠣᠰᠣᠭᠠᠷ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠬᠦᠢᠴᠡᠳᠬᠡᠭᠰᠡᠨ ᠥᠬᠡᠶ ᠪᠤᠶᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠲᠠᠰ ᠳᠠᠷᠠᠭᠠᠯᠠᠯ ᠢ ᠬᠦᠢᠴᠡᠳᠬᠡᠭᠰᠡᠨ ᠥᠬᠡᠶ ᠦᠶ᠎ᠡ ᠳᠤ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ︽ᠲᠣᠭᠲᠠᠭᠠᠯ︾ ᠤᠨ ᠶᠣᠰᠣᠭᠠᠷ ᠰᠢᠢᠳᠪᠦᠷᠢᠯᠡᠬᠦ ᠬᠡᠷᠡᠭᠳᠡᠢ᠃      ︵ᠭᠤᠷᠪᠠ︶ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠨᠢᠭᠡᠴᠡ ᠨᠢ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠶᠢ ᠲᠡᠪᠴᠢᠭᠰᠡᠨ᠂ ᠰᠢᠯᠲᠠᠭᠯᠠᠨ ᠬᠡᠷᠡᠭᠵᠢᠭᠦᠯᠦᠭᠰᠡᠨ᠂ ᠬᠡᠷᠡᠭᠵᠢᠭᠦᠯᠬᠦ ᠶᠢ ᠤᠳᠠᠭᠠᠰᠢᠷᠠᠭᠤᠯᠤᠭᠰᠠᠨ᠂ ᠡᠰᠡᠬᠦᠯ᠎ᠡ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠴᠢᠬᠤᠯᠠ ᠶᠡᠭᠡ ᠠᠰᠠᠭᠤᠳᠠᠯ ᠢ ᠮᠡᠳᠡᠭᠦᠯᠬᠦ ᠥᠬᠡᠶ ᠨᠢᠭᠤᠭᠰᠠᠨ᠂ ᠬᠤᠳᠠᠯ ᠢᠶᠠᠷ ᠮᠡᠳᠡᠭᠦᠯᠦᠭᠰᠡᠨ᠂ ᠣᠷᠬᠢᠭᠳᠠᠭᠤᠯᠤᠭᠰᠠᠨ ᠪᠠᠶᠢᠪᠠᠯ᠂ ︽ᠲᠣᠭᠲᠠᠭᠠᠯ︾ ᠤᠨ ᠶᠣᠰᠣᠭᠠᠷ ᠰᠢᠢᠳᠪᠦᠷᠢᠯᠡᠬᠦ ᠬᠡᠷᠡᠭᠳᠡᠢ᠃                                    2021 ᠣᠨ ᠤ 10 ᠰᠠᠷ᠎ᠠ ᠶᠢᠨ 28 ᠤ ᠡᠳᠦᠷ      ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃      ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃                     ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                   2021 ᠣᠨ ᠤ 10 ᠰᠠᠷ᠎ᠠ ᠶᠢᠨ 28 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号