ᠦᠬᠠᠶ ᠵᠠᠰᠠᠭ ᠠᠯᠪᠠᠨ ᠲᠠᠷᠬᠠᠭᠠᠭᠰᠠᠨ︹2021︺29 ᠳ᠋ᠣᠭᠡᠷ ᠲᠣᠭᠠᠲᠤ | ︽ᠦᠬᠠᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ | ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ | ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠦᠬᠠᠢ ᠬᠤᠳᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠬᠤᠳᠠ ᠶᠢᠨ ᠵᠠᠰᠠᠭ ᠤᠨ | ᠣᠷᠳᠣᠨ ᠠᠴᠠ ᠨᠢᠭᠡᠨᠲᠡ ᠵᠥᠪᠰᠢᠶᠡᠷᠡᠪᠡ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠢ᠃ | 2021 ᠣᠨ ᠤ 11 ᠰᠠᠷ᠎ᠠ ᠶᠢᠨ 30 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠢ | ᠲᠦᠷᠭᠡᠳᠭᠡᠨ ᠪᠠᠶᠢᠭᠤᠯᠬᠤ ᠶᠢᠨ ᠲᠦᠯᠦᠭᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ︿ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ ᠲᠥᠰᠦᠯ﹀ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠲᠥᠪ ᠠᠯᠪᠠᠨ ᠲᠠᠷᠬᠠᠭᠠᠭᠰᠠᠨ︹2017︺68 ᠳ᠋ᠤᠭᠠᠷ ᠲᠣᠭᠠᠲᠤ︶ | ᠪᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ﹀ ᠢ ᠳᠠᠷᠤᠮᠠᠯᠯᠠᠨ | ᠲᠠᠷᠬᠠᠭᠠᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ | ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ | ︵ᠥᠪᠥᠷ ᠨᠠᠮ ᠠᠯᠪᠠᠨ ᠲᠠᠷᠬᠠᠭᠠᠭᠰᠠᠨ︹2018︺38 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠵᠦ᠂ | ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ ᠪᠠ ᠬᠠᠷᠠᠯᠲᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ᠴᠢᠬᠤᠯᠠ ᠶᠠᠷᠢᠶ᠎ᠠ ᠪᠣᠯᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ | ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ | ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠬᠦᠭᠡ ᠠᠭᠤᠯᠠ ᠬᠥᠬᠡᠮᠳᠦᠭ ᠤᠰᠤ ᠪᠣᠯ ᠲᠠᠷᠣᠢ ᠠᠯᠳᠠ ᠮᠥᠩᠭᠦᠨ ᠠᠭᠤᠯᠠ ᠮᠥᠨ ᠭᠡᠬᠦ | ᠬᠥᠭᠵᠢᠯᠲᠡ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠬᠤ ᠬᠡᠷᠡᠭᠲᠡᠢ᠃ ᠬᠠᠶᠢᠨ ᠰᠦᠪᠡᠭᠴᠢᠯᠡᠵᠦ | ᠦᠢᠯᠡᠳᠦᠯᠭᠡᠵᠢᠭᠦᠯᠬᠦ ᠪᠠᠷ ᠳᠡᠮᠵᠢᠨ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠬᠦᠷᠢᠶ᠎ᠡ ᠬᠡᠪᠴᠢᠶ᠎ᠡ᠂ ᠬᠠᠷᠢᠭᠤᠴᠠᠯᠭ᠎ᠠ ᠶᠢᠨ ᠭᠤᠣᠯ ᠴᠣᠭᠴᠠ᠂ ᠲᠥᠯᠥᠪᠦᠷᠢ ᠠᠪᠬᠤ ᠭᠤᠣᠯ | ᠴᠣᠭᠴᠠ᠂ ᠬᠤᠬᠢᠷᠠᠯ ᠤᠨ ᠲᠥᠯᠥᠪᠦᠷᠢ ᠶᠢ ᠰᠢᠢᠳᠪᠦᠷᠢᠯᠡᠬᠦ ᠠᠷᠭ᠎ᠠ ᠵᠠᠮ ᠵᠡᠷᠭᠡ ᠵᠦᠢᠯᠡᠰ ᠢ ᠴᠢᠨᠠᠭᠰᠢᠳᠠ | ᠲᠣᠳᠣᠷᠬᠠᠶᠢᠯᠠᠵᠤ᠂ ᠬᠠᠷᠢᠭᠤᠴᠠᠯᠭ᠎ᠠ ᠨᠢ ᠲᠣᠳᠣᠷᠬᠠᠢ᠂ ᠠᠷᠭ᠎ᠠ ᠵᠠᠮ ᠨᠢ ᠰᠠᠭᠠᠳ ᠦᠭᠡᠢ᠂ ᠲᠣᠭᠲᠠᠴᠠ ᠨᠢ ᠲᠡᠭᠦᠯᠳᠡᠷ᠂ | ᠮᠡᠷᠭᠡᠵᠢᠯ ᠨᠢ ᠵᠢᠷᠤᠮᠵᠢᠯ ᠲᠠᠢ᠂ ᠪᠠᠲᠤᠯᠠᠭ᠎ᠠ ᠨᠢ ᠬᠦᠴᠦᠲᠡᠢ᠂ ᠲᠥᠯᠥᠪᠦᠷᠢ ᠨᠢ ᠪᠣᠳᠠᠲᠠᠶᠢᠵᠢᠭᠰᠠᠨ᠂ ᠰᠡᠷᠭᠦᠭᠡᠯᠲᠡ ᠨᠢ | ᠪᠦᠲᠦᠮᠵᠢᠲᠡᠢ᠂ ᠢᠯᠡ ᠲᠣᠳᠣ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠲᠦᠷᠢᠮ ᠢ ᠪᠠᠶᠢᠭᠤᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ | ᠳᠠᠶᠢᠯᠠᠯᠳᠤᠭᠠᠨ ᠢ ᠰᠠᠶᠢᠲᠤᠷ ᠬᠢᠬᠦ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠳᠡᠢ᠃ | ᠬᠤᠶᠠᠷ᠂ ᠬᠡᠷᠡᠭᠯᠡᠬᠦ ᠬᠡᠪᠴᠢᠶ᠎ᠡ | ᠲᠣᠰ ᠲᠥᠰᠦᠯ ᠳᠤ ᠬᠡᠯᠡᠵᠦ ᠪᠠᠶᠢᠭ᠎ᠠ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠬᠤ ᠭᠡᠳᠡᠭ ᠨᠢ | ᠣᠷᠴᠢᠨ ᠲᠣᠭᠤᠷᠢᠨ ᠢ ᠪᠣᠬᠢᠷᠲᠤᠭᠤᠯᠵᠤ᠂ ᠠᠮᠢ ᠠᠬᠤᠶ ᠶᠢ ᠡᠪᠳᠡᠭᠰᠡᠨ ᠠᠴᠠ ᠪᠣᠯᠵᠣ ᠠᠭᠠᠷ ᠮᠠᠨᠳᠠᠯ᠂ ᠭᠠᠵᠠᠷ | ᠳᠡᠭᠡᠷᠡᠬᠢ ᠤᠰᠤ᠂ ᠭᠠᠵᠠᠷ ᠳᠣᠤᠷᠠᠬᠢ ᠤᠰᠤ᠂ ᠬᠥᠷᠥᠰᠥ ᠰᠢᠷᠣᠶ᠂ ᠣᠶ ᠰᠢᠭᠤᠶ᠂ ᠨᠤᠲᠤᠭ ᠪᠡᠯᠴᠢᠭᠡᠷ᠂ ᠡᠯᠡᠰᠦ ᠮᠠᠩᠬ᠎ᠠ᠂ | ᠨᠤᠭᠤ ᠭᠠᠵᠠᠷ ᠵᠡᠷᠭᠡ ᠣᠷᠴᠢᠨ ᠲᠣᠭᠤᠷᠢᠨ ᠤ ᠴᠢᠬᠤᠯᠠ ᠡᠯᠧᠮᠧᠨ᠋ᠲ ᠪᠠ ᠤᠷᠭᠤᠮᠠᠯ᠂ ᠠᠮᠢᠲᠠᠨ᠂ ᠮᠢᠺᠷᠣᠪ ᠵᠡᠷᠭᠡ | ᠠᠮᠢᠳᠤ ᠪᠣᠳᠠᠰ ᠤᠨ ᠴᠢᠬᠤᠯᠠ ᠡᠯᠧᠮᠧᠨ᠋ᠲ ᠲᠤ ᠠᠰᠢᠭ ᠥᠬᠡᠶ ᠬᠤᠪᠢᠷᠠᠯᠲᠠ ᠭᠠᠷᠭᠠᠭᠰᠠᠨ ᠵᠢᠴᠢ ᠳᠡᠭᠡᠷ᠎ᠡ | ᠳᠤᠷᠠᠳᠤᠭᠰᠠᠨ ᠴᠢᠬᠤᠯᠠ ᠡᠯᠧᠮᠧᠨ᠋ᠲ ᠢᠶᠠᠷ ᠪᠦᠷᠢᠯᠳᠦᠭᠰᠡᠨ ᠠᠮᠢ ᠠᠬᠤᠶ ᠶᠢᠨ ᠰᠢᠰᠲ᠋ᠧᠮ ᠤᠨ ᠴᠢᠳᠠᠮᠵᠢ ᠶᠢᠨ | ᠮᠠᠭᠤᠳᠠᠯ ᠢ ᠵᠢᠭᠠᠵᠤ ᠪᠣᠶ᠃ | ︵ᠨᠢᠭᠡ︶ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠤᠰ ᠲᠥᠰᠦᠯ ᠤᠨ ᠱᠠᠭᠠᠷᠳᠠᠯᠭ᠎ᠠ | ᠶᠣᠰᠣᠭᠠᠷ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ | ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠄ | 1. ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢ ᠣᠷᠴᠢᠨ ᠲᠤᠭᠤᠷᠢᠨ ᠤ ᠭᠡᠨᠡᠳᠲᠡ ᠶᠢᠨ ᠬᠡᠷᠡᠭ | ᠡᠭᠦᠰᠦᠭᠰᠡᠨ᠂ ᠠᠶᠤᠯᠭᠦᠶ ᠦᠢᠯᠡᠳᠪᠦᠷᠢᠯᠡᠯ ᠤᠨ ᠠᠳᠡᠯ ᠠᠴᠠ ᠪᠤᠯᠵᠤ ᠣᠷᠴᠢᠨ ᠲᠤᠭᠤᠷᠢᠨ ᠢ ᠬᠦᠨᠳᠦ ᠨᠣᠴᠢᠲᠠᠶ | ᠪᠣᠬᠢᠷᠲᠤᠭᠤᠯᠤᠭᠰᠠᠨ ᠪᠤᠶᠤ ᠠᠮᠢ ᠠᠬᠤᠶ ᠶᠢ ᠬᠦᠨᠳᠦ ᠨᠣᠴᠢᠲᠠᠶ ᠡᠪᠳᠡᠭᠰᠡᠨ᠃ | 2. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠵᠠᠭᠠᠭᠯᠠᠨ | ᠲᠣᠭᠲᠠᠭᠠᠭᠰᠠᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠦ ᠣᠷᠣᠨ ᠳᠤ ᠣᠷᠴᠢᠨ ᠲᠤᠭᠤᠷᠢᠨ ᠢ | ᠪᠣᠬᠢᠷᠲᠤᠭᠤᠯᠤᠭᠰᠠᠨ᠂ ᠠᠮᠢ ᠠᠬᠤᠶ ᠶᠢ ᠡᠪᠳᠡᠭᠰᠡᠨ ᠬᠡᠷᠡᠭ ᠭᠠᠷᠤᠭᠰᠠᠨ᠃ | 3. ᠣᠷᠴᠢᠨ ᠲᠤᠭᠤᠷᠢᠨ ᠪᠣᠬᠢᠷᠲᠤᠭᠤᠯᠵᠤ᠂ ᠠᠮᠢ ᠠᠬᠤᠶ ᠶᠢ ᠡᠪᠳᠡᠭᠰᠡᠨ ᠠᠴᠠ ᠪᠤᠯᠵᠤ ᠶᠠᠯ᠎ᠠ ᠪᠤᠯᠵᠤ | ᠪᠦᠷᠢᠯᠳᠦᠭᠰᠡᠨ ᠪᠥᠭᠡᠳ ᠠᠮᠢ ᠠᠬᠤᠶ ᠶᠢᠨ ᠣᠷᠴᠢᠨ ᠲᠤᠭᠤᠷᠢᠨ ᠢ ᠬᠤᠬᠢᠷᠠᠭᠤᠯᠤᠭᠰᠠᠨ᠃ | 4. ᠰᠠᠴᠤᠷᠠᠭ ᠢᠳᠡᠪᠬᠢ ᠴᠢᠨᠠᠷᠲᠠᠶ ᠬᠠᠶᠠᠭᠳᠠᠮᠠᠯ ᠪᠣᠳᠠᠰ᠂ ᠬᠠᠯᠳᠠᠪᠤᠷᠢᠲᠤ ᠡᠪᠡᠳᠴᠢᠨ ᠤ ᠡᠪᠡᠳᠴᠢᠨ | ᠡᠭᠦᠰᠭᠡᠭᠴᠢ ᠪᠦᠬᠦᠢ ᠬᠠᠶᠠᠭᠳᠠᠮᠠᠯ ᠪᠣᠳᠠᠰ᠂ ᠬᠤᠣᠷᠲᠤ ᠪᠣᠳᠠᠰ ︵ᠠᠶᠤᠯᠲᠠᠶ ᠬᠠᠶᠠᠭᠳᠠᠮᠠᠯ ᠪᠣᠳᠠᠰ᠂ ᠤᠳᠠᠭᠠᠨ | ᠳᠠᠭᠠᠭᠠᠮᠠᠭᠠᠶ ᠴᠢᠨᠠᠷᠲᠠᠶ ᠣᠷᠭᠠᠨᠢᠭ ᠪᠣᠬᠢᠷᠲᠤᠯ ᠪᠣᠳᠠᠰ᠂ ᠬᠦᠨᠳᠦ ᠲᠡᠮᠦᠷᠯᠢᠭ ᠠᠭᠤᠯᠤᠭᠰᠠᠨ ᠪᠣᠬᠢᠷᠲᠤᠯ ᠪᠣᠳᠠᠰ ᠪᠠ | ᠪᠤᠰᠤᠳ ᠬᠤᠣᠷᠲᠤ ᠴᠢᠨᠠᠷᠲᠠᠶ᠂ ᠤᠷᠴᠢᠨ ᠲᠤᠭᠤᠷᠢᠨ ᠢ ᠪᠣᠬᠢᠷᠲᠤᠭᠤᠯᠵᠤ ᠮᠡᠳᠡᠬᠦ ᠪᠣᠳᠠᠰ ᠪᠠᠭᠲᠠᠨ᠎ᠠ︶ ᠢ ᠬᠠᠤᠯᠢ | ᠪᠤᠰᠤ ᠪᠠᠷ ᠭᠠᠳᠠᠭᠰᠢᠯᠠᠭᠤᠯᠵᠤ᠂ ᠴᠢᠳᠬᠤᠵᠤ᠂ ᠰᠢᠢᠳᠪᠦᠷᠢᠯᠡᠭᠰᠡᠨ ᠠᠴᠠ ᠪᠤᠯᠵᠤ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ᠃ | 5. ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ᠂ ᠤᠢ ᠰᠢᠭᠤᠶ ᠶᠢᠨ ᠴᠡᠴᠡᠷᠯᠢᠭ᠂ ᠭᠠᠵᠠᠷ ᠰᠢᠨᠵᠢᠯᠡᠭᠡᠨ ᠤ | ᠴᠡᠴᠡᠷᠯᠢᠭ᠂ ᠨᠤᠭᠤ ᠭᠠᠵᠠᠷ ᠤᠨ ᠴᠡᠴᠡᠷᠯᠢᠭ᠂ ᠠᠯᠳᠠᠷᠲᠤ ᠦᠵᠡᠮᠵᠢ ᠶᠢᠨ ᠣᠷᠣᠨ᠂ ᠳᠡᠯᠡᠬᠡᠶ ᠶᠢᠨ ᠰᠣᠶᠣᠯ ᠪᠠ | ᠪᠠᠶᠢᠭᠠᠯᠢ ᠶᠢᠨ ᠥᠪ ᠤᠨ ᠭᠠᠵᠠᠷ᠂ ᠤᠰᠤᠨ ᠭᠠᠷᠤᠯᠲᠠ ᠵᠢᠴᠢ ᠬᠡᠭᠡᠷ᠎ᠡ ᠶᠢᠨ ᠤᠷᠭᠤᠮᠠᠯ ᠤᠨ ᠦᠷ᠎ᠡ ᠡᠳ᠋ ᠤᠨ ᠡᠬᠢ | ᠪᠠᠶᠠᠯᠢᠭ ᠤᠨ ᠬᠠᠮᠠᠭᠠᠯᠠᠯᠲᠠ ᠶᠢᠨ ᠣᠷᠣᠨ ᠬᠦᠨᠳᠦ ᠨᠣᠴᠢᠲᠠᠶ ᠣᠷᠴᠢᠨ ᠲᠤᠭᠤᠷᠢᠨ ᠤ ᠪᠣᠬᠢᠷᠲᠤᠯ ᠳᠤ ᠤᠴᠠᠷᠠᠭᠰᠠᠨ | ᠪᠤᠶᠤ ᠠᠮᠢ ᠠᠬᠤᠶ ᠶᠢᠨ ᠡᠪᠳᠡᠯᠡᠭᠡ ᠳᠤ ᠤᠴᠠᠷᠠᠭᠰᠠᠨ᠃ | 6. ᠦᠬᠠᠶ ᠨᠠᠭᠤᠷ ᠪᠣᠯᠤᠨ ᠬᠠᠲᠤᠨ ᠭᠤᠤᠯ ᠤᠨ ᠦᠬᠠᠶ ᠶᠢᠨ ᠬᠡᠰᠡᠭ ᠣᠷᠴᠢᠨ ᠲᠣᠭᠤᠷᠢᠨ ᠤ | ᠪᠣᠬᠢᠷᠲᠤᠯ ᠳᠤ ᠤᠴᠠᠷᠠᠭᠰᠠᠨ ᠪᠤᠶᠤ ᠠᠮᠢ ᠠᠬᠤᠶ ᠶᠢᠨ ᠡᠪᠳᠡᠯᠡᠭᠡ ᠠᠴᠠ ᠪᠣᠯᠵᠣ ᠤᠰᠤᠨ ᠤ ᠴᠢᠨᠠᠷ ᠢ | ᠪᠠᠭᠤᠷᠠᠭᠤᠯᠤᠭᠰᠠᠨ᠃ | 7. ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠣᠷᠴᠢᠨ ᠲᠣᠭᠤᠷᠢᠨ ᠤ | ᠪᠣᠬᠢᠷᠲᠤᠯ ᠪᠤᠶᠤ ᠠᠮᠢ ᠠᠬᠤᠶ ᠶᠢᠨ ᠡᠪᠳᠡᠯᠡᠭᠡ ᠠᠴᠠ ᠪᠣᠯᠵᠣ ᠤᠰᠤᠨ ᠤ ᠴᠢᠨᠠᠷ ᠢ ᠪᠠᠭᠤᠷᠠᠭᠤᠯᠤᠭᠰᠠᠨ᠃ | 8. ᠬᠠᠤᠯᠢ ᠠᠴᠠ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠠᠴᠠ ᠪᠣᠯᠵᠣ ᠣᠷᠴᠢᠨ ᠲᠣᠭᠤᠷᠢᠨ ᠢ | ᠬᠦᠨᠳᠦ ᠨᠣᠴᠢᠲᠠᠶ ᠪᠣᠬᠢᠷᠲᠤᠭᠤᠯᠤᠭᠰᠠᠨ ᠪᠤᠶᠤ ᠠᠮᠢ ᠠᠬᠤᠶ ᠶᠢ ᠡᠪᠳᠡᠵᠦ᠂ ᠤᠰᠤᠨ ᠤ ᠴᠢᠳᠠᠮᠵᠢᠳᠣ ᠣᠷᠣᠨ ᠤ | ᠤᠰᠤᠨ ᠤ ᠴᠢᠨᠠᠷ ᠢ ᠪᠠᠭᠤᠷᠠᠭᠤᠯᠤᠭᠰᠠᠨ ᠪᠤᠶᠤ ᠪᠠᠷᠢᠮᠵᠢᠶ᠎ᠠ ᠳᠤ ᠬᠥᠷᠬᠦ ᠥᠬᠡᠶ ᠪᠣᠯᠭᠠᠭᠰᠠᠨ᠃ | 9. ᠠᠮᠢ ᠠᠬᠤᠶ ᠶᠢᠨ ᠣᠷᠴᠢᠨ ᠲᠤᠭᠤᠷᠢᠨ ᠢ ᠬᠦᠨᠳᠦ ᠨᠣᠴᠢᠲᠠᠶ ᠨᠥᠯᠥᠭᠡᠯᠡᠵᠤ ᠪᠤᠰᠤᠳ ᠦᠷ᠎ᠡ ᠳ᠋ᠦᠩ | ᠭᠠᠷᠭᠠᠭᠰᠠᠨ᠃ | ︵ᠬᠤᠶᠠᠷ︶ ᠳᠣᠤᠷᠠᠬᠢ ᠪᠠᠶᠢᠳᠠᠯ ᠳᠤ ᠲᠣᠰ ᠲᠥᠰᠦᠯ ᠢ ᠬᠡᠷᠡᠭᠯᠡᠬᠦ ᠥᠬᠡᠶ᠄ | 1. ᠬᠥᠮᠦᠨ ᠤ ᠪᠡᠶ᠎ᠡ ᠶᠢᠨ ᠭᠡᠮᠲᠦᠯ᠂ ᠬᠤᠪᠢ ᠬᠥᠮᠦᠨ ᠪᠠ ᠬᠠᠮᠲᠤ ᠶᠢᠨ ᠡᠳ᠋ ᠬᠦᠷᠦᠩᠭᠡ ᠶᠢᠨ ᠬᠤᠬᠢᠷᠠᠯ ᠳᠤ | ᠬᠤᠯᠪᠣᠭᠳᠠᠵᠤ ᠲᠥᠯᠥᠪᠦᠷᠢ ᠠᠪᠬᠤ ᠪᠠᠷ ᠱᠠᠭᠠᠷᠳᠠᠭᠰᠠᠨ ᠪᠠᠶᠢᠪᠠᠯ᠂ ᠡᠷᠬᠡ ᠳᠤ ᠬᠠᠯᠳᠠᠭᠰᠠᠨ ᠬᠠᠷᠢᠭᠤᠴᠠᠯᠭ᠎ᠠ ᠶᠢᠨ | ᠬᠠᠤᠯᠢ ᠵᠡᠷᠭᠡ ᠬᠠᠤᠯᠢ ᠴᠠᠭᠠᠵᠠ ᠶᠢᠨ ᠲᠣᠭᠲᠠᠭᠠᠯ ᠢ ᠬᠡᠷᠡᠭᠯᠡᠬᠦ ᠳᠤ ᠲᠤᠬᠢᠷᠠᠭᠰᠠᠨ᠃ | 2. ᠲᠡᠤᠬᠡᠨ ᠠᠴᠠ ᠦᠯᠡᠳᠡᠭᠳᠡᠵᠦ ᠢᠷᠡᠭᠰᠡᠨ ᠮᠥᠷᠲᠡᠭᠡᠨ ᠬᠠᠷᠢᠭᠤᠴᠠᠯᠭ᠎ᠠ ᠶᠢᠨ ᠭᠤᠤᠯ ᠴᠣᠭᠴᠠ ᠥᠬᠡᠶ ᠠᠮᠢ | ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠠᠰᠠᠭᠤᠳᠠᠯ ᠢ ᠪᠠᠶᠢᠭ᠎ᠠ ᠭᠠᠵᠠᠷ ᠤᠨ ᠵᠠᠰᠠᠭ ᠤᠨ | ᠣᠷᠳᠣᠨ ᠠᠴᠠ ᠬᠡᠪ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠣᠷᠣᠭᠤᠯᠣᠭᠰᠠᠨ᠃ | 3. ᠬᠠᠷᠢᠭᠤᠴᠠᠯᠭ᠎ᠠ ᠶᠢᠨ ᠭᠤᠤᠯ ᠴᠣᠭᠴᠠ ᠶᠢᠨ ᠤᠰᠠᠳᠴᠤ ᠭᠡᠭᠡᠭᠳᠡᠭᠰᠡᠨ ᠪᠤᠶᠤ ᠲᠣᠭᠲᠠᠭᠠᠬᠤ ᠶᠢᠨ ᠠᠷᠭ᠎ᠠ | ᠥᠬᠡᠶ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠠᠰᠠᠭᠤᠳᠠᠯ ᠢ ᠪᠠᠶᠢᠭ᠎ᠠ ᠭᠠᠵᠠᠷ ᠤᠨ ᠵᠠᠰᠠᠭ ᠤᠨ | ᠣᠷᠳᠣᠨ ᠠᠴᠠ ᠬᠡᠪ ᠤᠨ ᠣᠷᠴᠢᠨ ᠲᠣᠭᠤᠷᠢᠨ ᠤ ᠵᠠᠰᠠᠯᠲᠠ ᠶᠢᠨ ᠠᠵᠢᠯ ᠳᠤ ᠣᠷᠣᠭᠤᠯᠣᠭᠰᠠᠨ᠃ | ᠭᠤᠷᠪᠠ᠂ ᠠᠵᠢᠯ ᠤᠨ ᠠᠭᠤᠯᠭ᠎ᠠ | ︵ᠨᠢᠭᠡ︶ ᠲᠥᠯᠥᠪᠦᠷᠢ ᠶᠢᠨ ᠬᠦᠷᠢᠶ᠎ᠡ ᠬᠡᠪᠴᠢᠶ᠎ᠡ ᠪᠠᠨ ᠲᠣᠳᠣᠷᠬᠠᠶᠢᠯᠠᠬᠤ ᠬᠡᠷᠡᠭᠳᠡᠢ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠦᠷᠢᠶ᠎ᠡ | ᠬᠡᠪᠴᠢᠶ᠎ᠡ ᠳᠤ ᠪᠠᠭᠳᠠᠬᠤ ᠨᠢ᠄ | 1. ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠠᠷᠤᠳᠠᠯ᠃ ᠣᠷᠴᠢᠨ ᠲᠤᠭᠤᠷᠢᠨ ᠤ ᠭᠡᠨᠡᠳᠲᠡ ᠶᠢᠨ | ᠬᠡᠷᠡᠭ ᠡᠭᠦᠰᠦᠭᠰᠡᠨ ᠤ ᠳᠠᠷᠠᠭ᠎ᠠ᠂ ᠲᠣᠰ ᠤᠳᠠᠭᠠᠨ ᠤ ᠣᠷᠴᠢᠨ ᠲᠤᠭᠤᠷᠢᠨ ᠤ ᠭᠡᠨᠡᠳᠲᠡ ᠶᠢᠨ ᠬᠡᠷᠡᠭ ᠠᠴᠠ | ᠪᠣᠯᠤᠭᠰᠠᠨ ᠠᠮᠢ ᠠᠬᠤᠶ ᠶᠢᠨ ᠣᠷᠴᠢᠨ ᠲᠤᠭᠤᠷᠢᠨ ᠤ ᠬᠤᠬᠢᠷᠠᠯ ᠢ ᠤᠷᠢᠳᠴᠢᠯᠠᠨ ᠰᠡᠷᠭᠡᠶᠢᠯᠡᠬᠦ ᠪᠠ ᠪᠠᠭᠠᠰᠬᠠᠬᠤ ᠶᠢᠨ | ᠲᠥᠯᠥᠭᠡ ᠵᠠᠷᠤᠴᠠᠭᠤᠯᠤᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠢᠨᠠᠨ ᠬᠡᠮᠵᠢᠯᠲᠡ᠂ ᠪᠣᠬᠢᠷᠲᠤᠯ ᠢ ᠡᠵᠡᠮᠳᠡᠬᠦ ᠪᠠ | ᠪᠣᠬᠢᠷᠲᠤᠯ ᠢ ᠠᠷᠢᠯᠭᠠᠬᠤ ᠵᠡᠷᠭᠡ ᠳᠤ ᠵᠠᠷᠣᠴᠠᠭᠤᠯᠤᠭᠰᠠᠨ ᠬᠤᠯᠪᠤᠭᠳᠠᠯ ᠪᠥᠬᠦᠶ ᠵᠠᠷᠤᠳᠠᠯ᠃ | 2. ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠵᠠᠷᠤᠳᠠᠯ᠃ ᠠᠮᠢ ᠠᠬᠤᠶ ᠶᠢᠨ ᠣᠷᠴᠢᠨ | ᠲᠣᠭᠤᠷᠢᠨ ᠤ ᠬᠤᠬᠢᠷᠠᠯ ᠨᠢᠭᠡᠨᠲᠡ ᠡᠭᠦᠰᠴᠦ᠂ ᠬᠤᠬᠢᠷᠠᠯ ᠳᠤ ᠤᠴᠠᠷᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ | ᠴᠢᠳᠠᠮᠵᠢ ᠶᠢ ᠰᠡᠷᠭᠦᠭᠡᠬᠦ ᠪᠤᠶᠤ ᠬᠡᠰᠡᠭ ᠲᠠᠯ᠎ᠠ ᠪᠠᠷ ᠰᠡᠷᠭᠦᠭᠡᠬᠦ ᠶᠢᠨ ᠲᠥᠯᠥᠭᠡ᠂ ᠵᠠᠰᠠᠬᠤ ᠲᠥᠰᠦᠯ ᠢ ᠦᠨᠳᠦᠰᠦᠯᠡᠨ | ᠨᠢᠭᠡᠨᠲᠡ ᠠᠪᠤᠭᠰᠠᠨ ᠪᠤᠶᠤ ᠠᠷᠭ᠎ᠠ ᠬᠡᠮᠵᠢᠶ᠎ᠡ ᠠᠪᠬᠤ ᠳᠤ ᠵᠠᠷᠣᠴᠠᠭᠤᠯᠤᠭᠰᠠᠨ ᠬᠤᠯᠪᠤᠭᠳᠠᠯ ᠪᠥᠬᠦᠶ ᠵᠠᠷᠤᠳᠠᠯ᠃ | 3. ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠬᠤᠭᠤᠴᠠᠭᠠᠨ ᠳᠠᠬᠢ ᠦᠢᠯᠡᠴᠢᠯᠡᠭᠡᠨ ᠤ | ᠴᠢᠳᠠᠮᠵᠢ ᠶᠢᠨ ᠬᠤᠬᠢᠷᠠᠯ᠃ ᠬᠤᠬᠢᠷᠠᠯ ᠳᠤ ᠤᠴᠠᠷᠠᠭᠰᠠᠨ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢᠨ | ᠬᠡᠰᠡᠭ ᠪᠤᠶᠤ ᠪᠦᠷᠢᠮᠦᠰᠦᠨ ᠰᠡᠷᠭᠦᠬᠦ ᠠᠴᠠ ᠡᠮᠦᠨ᠎ᠡ᠂ ᠲᠣᠰ ᠠᠮᠢ ᠠᠬᠤᠶ ᠶᠢᠨ ᠣᠷᠴᠢᠨ ᠲᠣᠭᠤᠷᠢᠨ ᠤ ᠴᠢᠳᠠᠮᠵᠢ ᠶᠢ | ᠠᠰᠢᠭᠯᠠᠬᠤ ᠶᠢᠨ ᠠᠷᠭ᠎ᠠ ᠥᠬᠡᠶ ᠠᠴᠠ ᠪᠣᠯᠤᠭᠰᠠᠨ ᠬᠤᠬᠢᠷᠠᠯ᠃ | 4. ᠠᠮᠢ ᠠᠬᠤᠶ ᠶᠢᠨ ᠣᠷᠴᠢᠨ ᠲᠤᠭᠤᠷᠢᠨ ᠤ ᠴᠢᠳᠠᠮᠵᠢ ᠶᠢᠨ ᠥᠨᠢᠳᠡ ᠶᠢᠨ ᠴᠢᠨᠠᠷᠲᠠᠶ ᠬᠤᠬᠢᠷᠠᠯ ᠠᠴᠠ | ᠪᠣᠯᠤᠭᠰᠠᠨ ᠬᠤᠬᠢᠷᠠᠯ᠃ ᠬᠤᠬᠢᠷᠠᠯ ᠳᠤ ᠤᠴᠠᠷᠠᠭᠰᠠᠨ ᠠᠮᠢ ᠠᠬᠤᠶ ᠶᠢᠨ ᠣᠷᠴᠢᠨ ᠲᠣᠭᠤᠷᠢᠨ ᠵᠢᠴᠢ ᠲᠡᠭᠦᠨ ᠤ | ᠴᠢᠳᠠᠮᠵᠢ ᠶᠢ ᠰᠡᠷᠭᠦᠭᠡᠬᠦ ᠳᠤ ᠪᠡᠷᠬᠡᠲᠡᠶ᠂ ᠲᠡᠭᠦᠨ ᠤ ᠤᠯᠠᠨ ᠨᠡᠶᠢᠳᠡ ᠪᠤᠶᠤ ᠪᠤᠰᠤᠳ ᠠᠮᠢ ᠠᠬᠤᠶ ᠶᠢᠨ ᠰᠢᠰᠲ᠋ᠧᠮ ᠳᠤ | ᠦᠢᠯᠡᠴᠢᠯᠡᠭᠡ ᠬᠠᠩᠭᠠᠬᠤ ᠴᠢᠳᠠᠪᠤᠷᠢ ᠶᠢ ᠪᠦᠷᠢᠮᠦᠰᠦᠨ ᠠᠯᠳᠠᠭᠰᠠᠨ ᠠᠴᠠ ᠪᠣᠯᠤᠭᠰᠠᠨ ᠬᠤᠬᠢᠷᠠᠯ᠃ | 5. ᠪᠠᠶᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱᠢᠬᠦ ᠵᠠᠷᠤᠳᠠᠯ᠃ ᠠᠮᠢ ᠠᠬᠤᠶ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠠᠴᠠ ᠪᠣᠯᠵᠣ᠂ ᠪᠤᠬᠢᠷᠲᠤᠭᠰᠠᠨ ᠡᠪᠳᠡᠭᠳᠡᠭᠰᠡᠨ ᠣᠷᠣᠨ ᠪᠦᠰᠡ ᠶᠢ ᠪᠠᠶᠢᠴᠠᠭᠠᠬᠤ᠂ | ᠬᠢᠨᠠᠨ ᠬᠡᠮᠵᠢᠬᠦ᠂ ᠬᠠᠶᠢᠨ ᠪᠠᠶᠢᠴᠠᠭᠠᠬᠤ ᠠᠵᠢᠯ ᠢ ᠥᠷᠨᠢᠭᠦᠯᠵᠦ᠂ ᠪᠤᠭᠢᠷᠲᠤᠭᠰᠠᠨ ᠡᠪᠳᠡᠭᠳᠡᠭᠰᠡᠨ ᠬᠤᠬᠢᠷᠠᠯ ᠤᠨ | ᠲᠦᠭᠰᠢᠭᠦᠷᠢ᠂ ᠪᠣᠳᠠᠲᠠᠶ ᠬᠤᠬᠢᠷᠠᠯ ᠵᠢᠴᠢ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠰᠡᠷᠭᠦᠭᠡᠭᠰᠡᠨ ᠤ | ᠳᠠᠷᠠᠭᠠᠬᠢ ᠬᠢᠨᠠᠨ ᠲᠣᠭᠲᠠᠭᠠᠵᠤ ᠦᠨᠡᠯᠡᠬᠦ ᠳᠤ ᠵᠠᠷᠣᠴᠠᠭᠤᠯᠤᠭᠰᠠᠨ ᠬᠤᠯᠪᠤᠭᠳᠠᠯ ᠪᠥᠬᠦᠶ ᠵᠠᠷᠤᠳᠠᠯ᠃ | 6. ᠲᠤᠰᠬᠠᠶ ᠮᠡᠷᠭᠡᠵᠢᠯᠲᠡᠨ ᠤ ᠵᠠᠷᠤᠳᠠᠯ᠃ ᠲᠤᠰᠬᠠᠶ ᠮᠡᠷᠭᠡᠵᠢᠯᠲᠡᠨ ᠢ ᠤᠷᠢᠵᠤ ᠰᠠᠨᠠᠯ ᠭᠠᠷᠭᠠᠭᠤᠯᠬᠤ ᠳᠤ | ᠵᠠᠷᠣᠴᠠᠭᠤᠯᠤᠭᠰᠠᠨ ᠬᠤᠯᠪᠤᠭᠳᠠᠯ ᠪᠥᠬᠦᠶ ᠵᠠᠷᠤᠳᠠᠯ᠃ | 7. ᠵᠥᠪᠳᠡᠯᠴᠡᠬᠦ ᠶᠠᠪᠤᠴᠠ ᠶᠢᠨ ᠵᠠᠷᠤᠳᠠᠯ᠃ ᠲᠥᠯᠥᠪᠦᠷᠢ ᠶᠢᠨ ᠡᠷᠬᠡᠲᠦ ᠬᠥᠮᠦᠨ ᠤ ᠲᠥᠯᠥᠪᠦᠷᠢ ᠶᠢᠨ | ᠡᠭᠦᠷᠭᠡᠲᠦ ᠬᠥᠮᠦᠨ ᠲᠠᠢ ᠵᠥᠪᠳᠡᠯᠴᠡᠬᠦ ᠶᠠᠪᠤᠴᠠ ᠳᠤ ᠭᠠᠷᠤᠭᠰᠠᠨ ᠵᠦᠢ ᠵᠣᠬᠢᠰᠲᠠᠶ ᠵᠠᠷᠤᠳᠠᠯ᠃ | 8. ᠵᠠᠷᠭᠤ ᠶᠢᠨ ᠵᠠᠷᠤᠳᠠᠯ᠃ ᠲᠥᠯᠥᠪᠦᠷᠢ ᠶᠢᠨ ᠡᠷᠬᠡᠲᠦ ᠬᠥᠮᠦᠨ ᠤ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠢᠷᠭᠡᠨ ᠤ ᠬᠡᠷᠡᠭ ᠤᠨ ᠵᠠᠷᠭᠤ ᠳᠤᠷᠠᠳᠤᠭᠰᠠᠨ ᠠᠴᠠ ᠪᠣᠯᠤᠭᠰᠠᠨ | ᠵᠦᠢ ᠵᠣᠬᠢᠰᠲᠠᠢ ᠵᠠᠷᠤᠳᠠᠯ᠃ | 9. ᠪᠤᠰᠤᠳ ᠵᠠᠷᠤᠳᠠᠯ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠭᠰᠡᠨ ᠠᠴᠠ ᠪᠤᠯᠵᠤ ᠲᠥᠯᠥᠪᠦᠷᠢ | ᠥᠭᠬᠦ ᠡᠭᠦᠷᠭᠡᠲᠦ ᠬᠥᠮᠦᠨ ᠤ ᠡᠭᠦᠷᠭᠡᠯᠡᠬᠦ ᠴᠢᠬᠤᠯᠠᠲᠠᠢ ᠪᠤᠰᠤᠳ ᠬᠤᠯᠪᠣᠭᠳᠠᠯ ᠪᠦᠬᠦᠢ ᠵᠦᠢ ᠵᠣᠬᠢᠰᠲᠠᠢ ᠵᠠᠷᠤᠳᠠᠯ᠃ | ᠲᠣᠰ ᠲᠥᠯᠥᠪᠦᠷᠢ ᠶᠢᠨ ᠬᠦᠷᠢᠶ᠎ᠡ ᠬᠡᠪᠴᠢᠶ᠎ᠡ ᠶᠢ ᠥᠪᠡᠷᠲᠡᠭᠡᠨ ᠵᠠᠰᠠᠬᠤ ᠣᠷᠣᠨ ᠵᠢᠴᠢ ᠮᠠᠨ ᠤ ᠬᠤᠲᠠ ᠶᠢᠨ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ | ᠥᠭᠡᠷᠡᠴᠢᠯᠡᠯᠲᠡ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠦᠨᠳᠦᠰᠦᠯᠡᠨ ᠴᠠᠭ ᠲᠤᠨᠢ ᠲᠣᠬᠢᠷᠠᠭᠤᠯᠤᠯᠲᠠ ᠬᠢᠵᠦ | ᠪᠣᠯᠤᠨ᠎ᠠ᠃ | ᠲᠥᠯᠥᠪᠦᠷᠢ ᠶᠢᠨ ᠡᠭᠦᠷᠭᠡᠲᠦ ᠬᠥᠮᠦᠨ ᠠᠳᠠᠯᠢ ᠨᠢᠭᠡᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠠᠴᠠ ᠪᠤᠯᠵᠤ ᠵᠠᠰᠠᠭ ᠵᠠᠬᠢᠷᠭᠠᠨ ᠤ ᠬᠠᠷᠢᠭᠤᠴᠠᠯᠭ᠎ᠠ ᠪᠤᠶᠤ ᠡᠷᠡᠭᠦᠦ ᠶᠢᠨ | ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠢ ᠪᠠᠶᠢᠪᠠᠯ᠂ ᠲᠡᠭᠦᠨ ᠤ ᠬᠠᠤᠯᠢ ᠶᠣᠰᠣᠭᠠᠷ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠠᠷᠢᠭᠤᠴᠠᠯᠭ᠎ᠠ ᠡᠭᠦᠷᠭᠡᠯᠡᠬᠦ ᠶᠢ ᠨᠥᠯᠥᠭᠡᠯᠡᠬᠦ ᠦᠭᠡᠢ᠃ | ᠲᠥᠯᠥᠪᠦᠷᠢ ᠶᠢᠨ ᠡᠷᠬᠡᠲᠦ ᠬᠥᠮᠦᠨ ᠬᠢᠭᠡᠳ ᠲᠥᠯᠥᠪᠦᠷᠢ ᠶᠢᠨ ᠡᠭᠦᠷᠭᠡᠲᠦ ᠬᠥᠮᠦᠨ ᠵᠥᠪᠳᠡᠯᠴᠡᠬᠦ ᠪᠠᠷ ᠲᠠᠮᠵᠢᠨ ᠰᠠᠨᠠᠯ | ᠨᠢᠭᠡᠳᠴᠦ᠂ ᠲᠥᠯᠥᠪᠦᠷᠢ ᠶᠢᠨ ᠡᠭᠦᠷᠭᠡᠲᠦ ᠬᠥᠮᠦᠨ ᠪᠣᠬᠢᠷᠲᠤᠯ ᠢ ᠠᠷᠢᠯᠭᠠᠬᠤ ᠪᠤᠶᠤ ᠠᠮᠢ ᠠᠬᠤᠶ ᠶᠢ ᠵᠠᠰᠠᠨ ᠰᠡᠷᠭᠦᠭᠡᠬᠦ | ᠠᠵᠢᠯ ᠢ ᠬᠠᠷᠢᠭᠤᠴᠠᠭᠰᠠᠨ ᠪᠠᠶᠢᠪᠠᠯ᠂ ᠪᠣᠬᠢᠷᠲᠤᠯ ᠢ ᠠᠷᠢᠯᠭᠠᠬᠤ᠂ ᠠᠮᠢ ᠠᠬᠤᠶ ᠶᠢ ᠵᠠᠰᠠᠨ ᠰᠡᠷᠭᠦᠭᠡᠬᠦ ᠵᠠᠷᠤᠳᠠᠯ ᠢ | ᠲᠥᠯᠥᠪᠦᠷᠢ ᠶᠢᠨ ᠬᠡᠪᠴᠢᠶᠡᠨ ᠳᠤ ᠣᠷᠣᠭᠤᠯᠬᠤ ᠦᠭᠡᠢ᠂ ᠭᠡᠪᠡᠴᠦ ᠵᠥᠪᠳᠡᠯᠴᠡᠬᠦ ᠪᠠᠷ ᠲᠣᠭᠲᠠᠭᠠᠭᠰᠠᠨ ᠵᠠᠰᠠᠨ | ᠰᠡᠷᠭᠦᠭᠡᠬᠦ ᠦᠷ᠎ᠡ ᠳ᠋ᠦᠩ ᠳᠤ ᠬᠦᠷᠭᠡᠬᠦ ᠬᠡᠷᠡᠭᠲᠡᠶ᠃ | ︵ᠬᠤᠶᠠᠷ︶ ᠲᠥᠯᠥᠪᠦᠷᠢ ᠶᠢᠨ ᠡᠭᠦᠷᠭᠡᠲᠦ ᠬᠥᠮᠦᠨ ᠢᠶᠠᠨ ᠲᠤᠭᠳᠠᠭᠠᠬᠤ ᠬᠡᠷᠡᠭᠳᠡᠢ | ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠵᠦ᠂ ᠠᠮᠢ ᠠᠬᠤᠢ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠨᠢᠭᠡᠴᠡ ᠪᠤᠶᠤ ᠬᠤᠪᠢ ᠬᠥᠮᠦᠨ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ | ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ | ᠪᠠᠶᠢᠭᠤᠯᠤᠮᠵᠢ᠂ ᠣᠷᠴᠢᠨ ᠲᠣᠭᠤᠷᠢᠨ ᠢ ᠬᠢᠨᠠᠨ ᠬᠡᠮᠵᠢᠬᠦ ᠪᠠᠶᠢᠭᠤᠯᠤᠮᠵᠢ ᠵᠢᠴᠢ ᠣᠷᠴᠢᠨ ᠲᠣᠭᠤᠷᠢᠨ ᠢ ᠬᠢᠨᠠᠨ ᠬᠡᠮᠵᠢᠬᠦ | ᠲᠥᠬᠦᠭᠡᠷᠦᠮᠵᠢ ᠪᠣᠯᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠥᠬᠦᠭᠡᠷᠦᠮᠵᠢ ᠶᠢ ᠡᠵᠡᠩᠨᠡᠵᠦ ᠬᠠᠮᠠᠭᠠᠯᠠᠬᠤ ᠠᠵᠢᠯ ᠢ | ᠡᠷᠬᠢᠯᠡᠵᠦ ᠪᠠᠶᠢᠭ᠎ᠠ ᠪᠠᠶᠢᠭᠤᠯᠤᠮᠵᠢ ᠨᠢ ᠬᠤᠯᠪᠣᠭᠳᠠᠯ ᠪᠦᠬᠦᠢ ᠣᠷᠴᠢᠨ ᠲᠣᠭᠤᠷᠢᠨ ᠤ ᠦᠢᠯᠡᠴᠢᠯᠡᠭᠡᠨ ᠤ | ᠠᠵᠢᠯᠯᠠᠭ᠎ᠠ ᠶᠢᠨ ᠳᠤᠮᠳᠠ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠴᠦ᠂ ᠣᠷᠴᠢᠨ ᠲᠣᠭᠤᠷᠢᠨ ᠢ | ᠪᠣᠬᠢᠷᠲᠤᠭᠤᠯᠤᠭᠰᠠᠨ ᠪᠠ ᠠᠮᠢ ᠠᠬᠤᠢ ᠶᠢ ᠡᠪᠳᠡᠭᠰᠡᠨ ᠶᠠᠪᠤᠳᠠᠯ ᠳᠤ ᠬᠠᠷᠢᠭᠤᠴᠠᠯᠭ᠎ᠠ ᠲᠠᠢ ᠪᠠᠶᠢᠪᠠᠯ᠂ ᠲᠥᠯᠥᠪᠦᠷᠢ ᠶᠢᠨ | ᠡᠭᠦᠷᠭᠡᠲᠦ ᠬᠥᠮᠦᠨ ᠲᠠᠢ ᠬᠤᠯᠪᠣᠯᠳᠤᠭᠰᠠᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠃ ᠤᠳᠤ ᠶᠢᠨ ᠬᠡᠷᠡᠭᠵᠢᠭᠦᠯᠵᠦ | ᠪᠠᠶᠢᠭ᠎ᠠ ᠢᠷᠭᠡᠨ ᠤ ᠬᠡᠷᠡᠭ ᠤᠨ ᠬᠠᠤᠯᠢ ᠴᠠᠭᠠᠵᠠ ᠪᠠ ᠡᠬᠢ ᠪᠠᠶᠠᠯᠢᠭ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠤᠯᠢ ᠴᠠᠭᠠᠵᠠ ᠳᠤ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ | ᠬᠠᠷᠢᠭᠤᠴᠠᠯᠭ᠎ᠠ ᠶᠢ ᠬᠡᠯᠲᠦᠷᠢᠭᠦᠯᠬᠦ ᠪᠤᠶᠤ ᠬᠥᠩᠭᠡᠷᠡᠭᠦᠯᠬᠦ ᠬᠤᠯᠪᠣᠭᠳᠠᠯ ᠪᠦᠬᠦᠢ ᠲᠣᠭᠲᠠᠭᠠᠯ ᠲᠠᠢ ᠪᠠᠶᠢᠪᠠᠯ᠂ | ᠲᠣᠭᠲᠠᠭᠠᠯ ᠶᠣᠰᠣᠭᠠᠷ ᠵᠣᠬᠢᠴᠠᠩᠭᠤᠢ ᠬᠡᠷᠡᠭᠵᠢᠭᠦᠯᠦᠨ᠎ᠡ᠃ | ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠵᠥᠪᠳᠡᠯᠴᠡᠭᠡ ᠳᠤ | ᠢᠳᠡᠪᠬᠢᠲᠡᠶ ᠣᠷᠣᠯᠴᠠᠵᠤ᠂ ᠡᠭᠦᠨ ᠤ ᠬᠠᠮᠲᠤ ᠲᠥᠯᠥᠪᠦᠷᠢ ᠶᠢᠨ ᠬᠡᠯᠡᠯᠴᠡᠭᠡᠷ ᠢ ᠴᠠᠭ ᠲᠤᠬᠠᠢ ᠳᠤᠨᠢ ᠭᠦᠢᠴᠡᠳᠬᠡᠵᠦ᠂ | ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠠᠵᠢᠯ ᠢ ᠥᠷᠨᠢᠭᠦᠯᠦᠭᠰᠡᠨ ᠲᠥᠯᠥᠪᠦᠷᠢ ᠶᠢᠨ ᠡᠭᠦᠷᠭᠡᠲᠦ | ᠬᠥᠮᠦᠨ᠂ ᠲᠥᠯᠥᠪᠦᠷᠢ ᠶᠢᠨ ᠡᠷᠬᠡᠲᠦ ᠬᠥᠮᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠠᠴᠠ ᠲᠡᠭᠦᠨ ᠤ ᠲᠥᠯᠥᠪᠦᠷᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠬᠤᠯᠪᠣᠭᠳᠠᠯ | ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠠᠩᠭᠠᠵᠤ᠂ ᠵᠠᠰᠠᠭ ᠵᠠᠬᠢᠷᠭᠠᠨ ᠤ ᠰᠢᠳᠬᠡᠯ ᠥᠭᠬᠦ ᠲᠠᠰᠤᠯᠤᠯᠳᠠ | ᠭᠠᠷᠭᠠᠬᠤ ᠦᠶ᠎ᠡ ᠳᠤ ᠪᠣᠳᠣᠯᠬᠢᠯᠠᠬᠤ ᠪᠤᠶᠤ ᠬᠠᠤᠯᠢ ᠴᠠᠭᠠᠵᠠ ᠶᠢᠨ ᠪᠠᠶᠢᠭᠤᠯᠭ᠎ᠠ ᠳᠤ ᠲᠤᠰᠢᠶᠠᠵᠤ᠂ ᠲᠡᠭᠦᠨ ᠤ ᠬᠡᠷᠡᠭ ᠢ | ᠰᠢᠭᠦᠨ ᠰᠢᠢᠳᠪᠦᠷᠢᠯᠡᠬᠦ ᠦᠶ᠎ᠡ ᠳᠤ ᠯᠠᠪᠯᠠᠯᠲᠠ ᠪᠣᠯᠭᠠᠬᠤ ᠪᠠᠷ ᠬᠠᠩᠭᠠᠵᠤ ᠪᠣᠯᠤᠨ᠎ᠠ᠃ | ︵ᠭᠤᠷᠪᠠ︶ ᠲᠥᠯᠥᠪᠦᠷᠢ ᠶᠢᠨ ᠡᠷᠬᠡᠲᠦ ᠬᠥᠮᠦᠨ ᠢᠶᠠᠨ ᠲᠣᠳᠣᠷᠬᠠᠶᠢᠯᠠᠬᠤ ᠬᠡᠷᠡᠭᠳᠡᠢ | ᠬᠤᠳᠠ ᠶᠢᠨ ᠠᠷᠠᠳ ᠤᠨ ᠵᠠᠰᠠᠭ ᠤᠨ ᠣᠷᠳᠣᠨ ᠦᠬᠠᠢ ᠬᠤᠳᠠ ᠶᠢᠨ ᠵᠠᠰᠠᠭ ᠵᠠᠬᠢᠷᠭᠠᠨ ᠤ ᠣᠷᠣᠨ ᠤ | ᠳᠣᠲᠣᠷᠠᠬᠢ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠡᠷᠬᠡᠲᠦ ᠬᠥᠮᠦᠨ | ᠪᠤᠯᠤᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠶ ᠶᠢᠨ | ᠣᠷᠴᠢᠨ ᠲᠣᠭᠤᠷᠢᠨ᠂ ᠤᠰᠤᠨ ᠤ ᠶᠠᠪᠤᠳᠠᠯ᠂ ᠡᠨᠧᠷᠭᠢ᠂ ᠲᠠᠷᠢᠶᠠᠯᠠᠩ ᠮᠠᠯ ᠠᠵᠤ ᠠᠬᠤᠶ᠂ ᠣᠶ ᠰᠢᠭᠤᠶ ᠨᠤᠲᠤᠭ | ᠪᠡᠯᠴᠢᠭᠡᠷ ᠵᠡᠷᠭᠡ ᠠᠷᠠᠳ ᠨᠡᠶᠢᠲᠡ ᠶᠢᠨ ᠥᠮᠴᠢᠯᠡᠯ ᠤᠨ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ | ᠥᠮᠴᠢᠯᠡᠭᠴᠢ ᠶᠢᠨ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠰᠠᠯᠠᠭ᠎ᠠ ᠮᠥᠴᠢᠷ ᠪᠤᠶᠤ ᠠᠮᠢ | ᠠᠬᠤᠶ ᠶᠢᠨ ᠣᠷᠴᠢᠨ ᠲᠣᠭᠤᠷᠢᠨ ᠢ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠲᠠᠢ ᠪᠤᠰᠤᠳ ᠪᠠᠶᠢᠭᠤᠯᠤᠮᠵᠢ ᠶᠢ | ᠵᠢᠭᠠᠨ ᠲᠣᠭᠲᠠᠭᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠪᠣᠳᠠᠲᠠᠶ | ᠠᠵᠢᠯ ᠢ ᠬᠠᠷᠢᠭᠤᠴᠠᠭᠤᠯᠵᠤ ᠪᠣᠯᠤᠨ᠎ᠠ᠃ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ | ᠲᠥᠯᠥᠪᠦᠷᠢ ᠶᠢᠨ ᠵᠥᠪᠳᠡᠯᠴᠡᠭᠡ᠂ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ | ᠵᠥᠪᠯᠡᠯᠴᠡᠭᠡᠷ ᠲᠤ ᠭᠠᠷ ᠤᠨ ᠦᠰᠦᠭ ᠵᠢᠷᠣᠬᠤ᠂ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠬᠤ᠂ | ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠢᠷᠭᠡᠨ ᠤ ᠬᠡᠷᠡᠭ ᠤᠨ ᠵᠠᠷᠭᠤ | ᠲᠤᠷᠠᠳᠬᠤ᠂ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠭᠰᠡᠨ ᠪᠠ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢ ᠬᠦᠢᠴᠡᠳᠭᠡᠭᠰᠡᠨ ᠪᠠᠶᠢᠳᠠᠯ ᠳᠤ ᠬᠢᠨᠠᠯᠳᠠ ᠲᠠᠯᠪᠢᠬᠤ ᠵᠡᠷᠭᠡ ᠬᠤᠯᠪᠤᠭᠳᠠᠯ ᠪᠦᠬᠦᠢ ᠵᠦᠢᠯᠡᠰ ᠢ | ᠵᠣᠬᠢᠶᠠᠨ ᠪᠠᠶᠢᠭᠤᠯᠤᠨ ᠥᠷᠨᠢᠭᠦᠯᠤᠨ᠎ᠡ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠪᠣᠳᠠᠲᠠᠢ ᠲᠥᠯᠥᠪᠦᠷᠢ ᠶᠢᠨ ᠠᠵᠢᠯ ᠨᠢ ᠬᠤᠶᠠᠷ ᠠᠴᠠ ᠳᠡᠭᠡᠭᠰᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ | ᠬᠤᠯᠪᠣᠭᠳᠠᠪᠠᠯ᠂ ᠲᠥᠯᠥᠪᠦᠷᠢ ᠶᠢᠨ ᠡᠷᠬᠡᠲᠦ ᠬᠥᠮᠦᠨ ᠠᠴᠠ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠶᠢ ᠵᠢᠭᠠᠨ ᠲᠣᠭᠲᠠᠭᠠᠨ᠎ᠠ᠃ ᠲᠦᠷᠦᠭᠦᠯᠡᠨ ᠬᠢᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠦᠬᠦ ᠲᠥᠯᠥᠪᠦᠷᠢ ᠶᠢᠨ ᠲᠤᠬᠠᠢ ᠬᠠᠮᠲᠤ ᠳᠤᠨᠢ | ᠵᠥᠪᠳᠡᠯᠴᠡᠵᠦ᠂ ᠪᠤᠰᠤᠳ ᠬᠤᠯᠪᠤᠭᠳᠠᠯ ᠪᠦᠬᠦᠢ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠢᠳᠡᠪᠬᠢᠲᠡᠢ | ᠬᠠᠮᠵᠢᠯᠴᠠᠬᠤ ᠬᠡᠷᠡᠭᠲᠡᠢ᠃ | ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠢᠯᠡᠴᠢᠯᠡᠨ | ᠮᠡᠳᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠠᠪᠬᠤ ᠪᠠᠷ | ᠱᠠᠭᠠᠷᠳᠠᠭᠰᠠᠨ ᠪᠠᠶᠢᠪᠠᠯ᠂ ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ | ᠮᠥᠴᠢᠷ ᠪᠤᠶᠤ ᠪᠠᠶᠢᠭᠤᠯᠤᠮᠵᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠬᠦ ᠪᠠ ᠬᠠᠷᠢᠭᠤᠯᠲᠠ ᠥᠭᠬᠦ ᠬᠡᠷᠡᠭᠲᠡᠢ᠃ | ︵ᠳᠥᠷᠪᠡ︶ ᠬᠡᠷᠡᠭ ᠤᠨ ᠰᠦᠪᠡᠭᠴᠢ ᠶᠢᠨ ᠢᠷᠡᠯᠲᠡ | ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠲᠤᠰ ᠲᠥᠰᠦᠯ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠳᠣᠣᠷᠠᠬᠢ ᠠᠷᠭ᠎ᠠ ᠵᠠᠮ ᠢᠶᠠᠷ ᠬᠡᠷᠡᠭ ᠤᠨ ᠰᠦᠪᠡᠭᠴᠢ ᠶᠢ ᠭᠤᠣᠯᠳᠠᠯᠭ᠎ᠠ ᠲᠠᠢ ᠪᠠᠷ ᠢᠯᠡᠷᠡᠭᠦᠯᠵᠦ | ᠪᠣᠯᠤᠨ᠎ᠠ᠄ | 1. ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ | ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠳᠤ ᠢᠯᠡᠷᠡᠭᠦᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠠᠪᠬᠤ ᠠᠵᠢᠯ ᠢ ᠦᠷᠨᠢᠬᠦᠯᠬᠦ ᠴᠢᠬᠤᠯᠠᠳᠠᠢ ᠪᠠᠶᠢᠬᠤ᠃ | 2. ᠠᠮᠢ ᠠᠬᠤᠶ ᠶᠢᠨ ᠣᠷᠴᠢᠨ ᠲᠣᠭᠤᠷᠢᠨ ᠤ ᠭᠡᠨᠡᠳᠲᠡ ᠶᠢᠨ ᠡᠭᠦᠰᠦᠭᠰᠡᠨ ᠬᠡᠷᠡᠭ᠃ | 3. ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠡᠬᠢ ᠪᠠᠶᠠᠯᠢᠭ ᠬᠢᠭᠡᠳ ᠣᠷᠴᠢᠨ | ᠲᠣᠭᠤᠷᠢᠨ ᠢ ᠬᠤᠬᠢᠷᠠᠭᠤᠯᠤᠭᠰᠠᠨ ᠵᠠᠰᠠᠭ ᠵᠠᠬᠢᠷᠭᠠᠨ ᠤ ᠰᠢᠳᠬᠡᠯ ᠤᠨ ᠬᠡᠷᠡᠭ᠃ | 4. ᠣᠷᠴᠢᠨ ᠲᠤᠭᠤᠷᠢᠨ ᠡᠬᠢ ᠪᠠᠶᠠᠯᠢᠭ ᠤᠨ ᠬᠠᠮᠠᠭᠠᠯᠠᠯᠲᠠ ᠶᠢ ᠡᠪᠳᠡᠭᠰᠡᠨ ᠶᠠᠯ᠎ᠠ ᠶᠢ ᠪᠦᠷᠢᠯᠳᠦᠭᠦᠯᠦᠭᠰᠡᠨ | ᠰᠡᠵᠢᠭᠯᠡᠯᠲᠡᠶ ᠬᠡᠷᠡᠭ᠃ | 5. ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠲᠥᠯᠥᠪᠵᠢᠭᠦᠯᠭᠡ ᠳᠤ ᠲᠣᠭᠲᠠᠭᠠᠭᠰᠠᠨ | ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ᠂ ᠨᠡᠭᠡᠭᠡᠨ ᠬᠥᠭᠵᠢᠭᠦᠯᠬᠦ ᠶᠢ ᠴᠠᠭᠠᠵᠠᠯᠠᠬᠤ ᠣᠷᠣᠨ ᠳᠤ | ᠡᠭᠦᠰᠦᠭᠰᠡᠨ ᠤᠷᠴᠢᠨ ᠲᠤᠭᠤᠷᠢᠨ ᠤ ᠪᠣᠬᠢᠷᠲᠤᠯ᠂ ᠠᠮᠢ ᠠᠬᠤᠶ ᠶᠢᠨ ᠡᠪᠳᠡᠯᠡᠭᠡ ᠶᠢᠨ ᠬᠡᠷᠡᠭ᠃ | 6. ᠡᠯ᠎ᠡ ᠵᠦᠢᠯ ᠤᠨ ᠡᠬᠢ ᠪᠠᠶᠠᠯᠢᠭ ᠬᠢᠭᠡᠳ ᠣᠷᠴᠢᠨ ᠲᠣᠭᠤᠷᠢᠨ ᠤ ᠲᠤᠰᠬᠠᠢ ᠠᠵᠢᠯᠯᠠᠭ᠎ᠠ᠂ ᠬᠠᠤᠯᠢ | ᠬᠡᠷᠡᠭᠵᠢᠭᠦᠯᠦᠯᠲᠡ ᠶᠢᠨ ᠲᠣᠭᠤᠷᠢᠨ ᠪᠠᠶᠢᠴᠠᠭᠠᠯᠲᠠ ᠳᠤ ᠢᠯᠡᠷᠡᠭᠦᠯᠦᠭᠰᠡᠨ ᠬᠡᠷᠡᠭ ᠤᠨ ᠰᠦᠪᠡᠭᠴᠢ᠃ | 7. ᠵᠠᠬᠢᠳᠠᠯ ᠰᠤᠷᠪᠤᠯᠵᠢᠯᠠᠭ᠎ᠠ ᠪᠠᠷ ᠵᠠᠭᠠᠯᠳᠤᠬᠤ᠂ ᠢᠯᠡᠴᠢᠯᠡᠨ ᠮᠡᠳᠡᠭᠦᠯᠬᠦ ᠪᠠ ᠵᠠᠭᠤᠴᠢᠯᠠᠭᠤᠷ ᠢᠶᠠᠷ | ᠢᠯᠡᠴᠢᠯᠡᠬᠦ ᠳᠤ ᠬᠤᠯᠪᠣᠭᠳᠠᠭᠰᠠᠨ ᠬᠡᠷᠡᠭ ᠤᠨ ᠰᠦᠪᠡᠭᠴᠢ᠃ | ᠲᠥᠯᠥᠪᠦᠷᠢᠶᠢᠨ ᠡᠷᠬᠡᠲᠦ ᠬᠥᠮᠦᠨ ᠵᠢᠴᠢ ᠲᠡᠭᠦᠨᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠠᠮᠢ ᠠᠬᠤᠢᠶᠢᠨ ᠣᠷᠴᠢᠨ ᠲᠣᠭᠤᠷᠢᠨᠢ ᠡᠪᠳᠡᠵᠦ ᠬᠤᠬᠢᠷᠠᠭᠤᠯᠤᠭᠰᠠᠨ ᠲᠥᠯᠥᠪᠦᠷᠢᠶᠢᠨ ᠬᠡᠷᠡᠭᠤᠨ | ᠰᠦᠪᠡᠭᠴᠢᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠰᠢᠭᠰᠢᠨ ᠪᠠᠶᠢᠴᠠᠭᠠᠬᠤ ᠶᠢᠨ ᠬᠠᠮᠲᠤ ᠬᠡᠷᠡᠭ | ᠰᠢᠢᠳᠪᠦᠷᠢᠯᠡᠭᠰᠡᠨ ᠡᠬᠡ ᠳᠠᠩᠰᠠ ᠪᠠᠶᠢᠭᠤᠯᠵᠤ᠂ ᠮᠥᠷᠳᠡᠨ ᠬᠠᠮᠢᠶᠠᠷᠬᠤᠶᠢ ᠬᠡᠷᠡᠭᠵᠢᠭᠦᠯᠵᠦ᠂ ᠠᠮᠢ ᠠᠬᠤᠢᠶᠢᠨ ᠣᠷᠴᠢᠨ | ᠲᠣᠭᠤᠷᠢᠨᠢ ᠡᠪᠳᠡᠵᠦ ᠬᠤᠬᠢᠷᠠᠭᠤᠯᠤᠭᠰᠠᠨ ᠲᠥᠯᠥᠪᠦᠷᠢᠶᠢᠨ ᠠᠵᠢᠯ ᠢ ᠢᠳᠡᠪᠬᠢᠲᠡᠢ ᠠᠬᠢᠭᠤᠯᠬᠤ ᠬᠡᠷᠡᠭᠲᠡᠢ᠃ | ︵ᠲᠠᠪᠤ︶ ᠲᠥᠯᠥᠪᠦᠷᠢ ᠶᠢᠨ ᠵᠢᠷᠤᠮᠵᠢᠯ ᠢᠶᠠᠨ ᠲᠣᠳᠣᠷᠬᠠᠶ ᠪᠣᠯᠭᠠᠬᠤ ᠬᠡᠷᠡᠭᠳᠡᠢ | 1. ᠵᠢᠷᠤᠮᠵᠢᠯ ᠢᠶᠠᠨ ᠡᠬᠢᠯᠡᠭᠦᠯᠬᠦ᠃ ᠲᠥᠯᠥᠪᠦᠷᠢ ᠶᠢᠨ ᠡᠷᠬᠡᠲᠦ ᠬᠥᠮᠦᠨ ᠤ ᠵᠢᠭᠠᠨ ᠲᠣᠭᠲᠠᠭᠠᠭᠰᠠᠨ ᠰᠠᠯᠠᠭ᠎ᠠ | ᠮᠥᠴᠢᠷ ᠪᠤᠶᠤ ᠪᠠᠶᠢᠭᠤᠯᠤᠮᠵᠢ ᠨᠢ ᠲᠥᠯᠥᠪᠦᠷᠢ ᠠᠪᠬᠤ ᠪᠠᠷ ᠳᠤᠷᠠᠳᠤᠭᠰᠠᠨ ᠬᠡᠷᠡᠭ ᠤᠨ ᠰᠦᠪᠡᠭᠴᠢ ᠳᠤ ᠴᠠᠭ | ᠲᠤᠬᠠᠶ ᠳᠤᠨᠢ ᠪᠠᠶᠢᠴᠠᠭᠠᠯᠲᠠ ᠬᠢᠨ᠎ᠠ᠃ ᠪᠠᠶᠢᠴᠠᠭᠠᠯᠲᠠ ᠬᠢᠬᠦ ᠪᠠᠷ ᠳᠠᠮᠵᠢᠭᠠᠳ ᠲᠥᠯᠥᠪᠦᠷᠢ ᠨᠡᠬᠡᠬᠦ ᠶᠢ ᠡᠬᠢᠯᠡᠭᠦᠯᠦᠭᠰᠡᠨ | ᠪᠠᠶᠢᠳᠠᠯ ᠳᠤ ᠨᠡᠶᠢᠴᠡᠬᠦ ᠶᠢ ᠣᠯᠵᠤ ᠮᠡᠳᠡᠪᠡᠯ᠂ ᠲᠣᠰ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢᠨ | ᠬᠠᠷᠢᠭᠤᠴᠠᠯᠭᠠᠲᠠᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠥᠯᠥᠪᠦᠷᠢ ᠨᠡᠬᠡᠬᠦ ᠶᠢ ᠥᠷᠨᠢᠭᠦᠯᠦᠨ᠎ᠡ᠃ | ᠲᠥᠯᠥᠪᠦᠷᠢ ᠨᠡᠬᠡᠬᠦ ᠠᠵᠢᠯ ᠤᠨ ᠪᠠᠶᠢᠳᠠᠯ ᠢᠶᠠᠨ ᠲᠥᠯᠥᠪᠦᠷᠢ ᠶᠢᠨ ᠡᠷᠬᠡᠲᠦ ᠬᠥᠮᠦᠨ ᠳᠤ ᠮᠡᠳᠡᠭᠦᠯᠬᠦ ᠬᠡᠷᠡᠭᠲᠡᠶ᠃ | ᠲᠥᠯᠥᠪᠦᠷᠢ ᠨᠡᠬᠡᠬᠦ ᠠᠵᠢᠯ ᠢᠶᠠᠨ ᠴᠠᠭ ᠲᠤᠬᠠᠶ ᠳᠤᠨᠢ ᠡᠬᠢᠯᠡᠭᠦᠯᠦᠭᠰᠡᠨ ᠦᠭᠡᠢ ᠪᠠᠶᠢᠪᠠᠯ᠂ ᠲᠥᠯᠥᠪᠦᠷᠢ ᠶᠢᠨ ᠡᠷᠬᠡᠲᠦ | ᠬᠥᠮᠦᠨ ᠨᠢ ᠲᠥᠯᠥᠪᠦᠷᠢ ᠨᠡᠬᠡᠬᠦ ᠠᠵᠢᠯ ᠢ ᠪᠣᠳᠠᠲᠠᠶ ᠥᠷᠨᠢᠭᠦᠯᠦᠭᠰᠡᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ | ᠱᠠᠭᠠᠷᠳᠠᠵᠤ ᠪᠠᠶᠢᠭᠠᠳ ᠲᠥᠯᠥᠪᠦᠷᠢ ᠨᠡᠬᠡᠬᠦ ᠠᠵᠢᠯ ᠢᠶᠠᠨ ᠴᠠᠭ ᠲᠤᠬᠠᠶ ᠳᠤᠨᠢ ᠡᠬᠢᠯᠡᠭᠦᠯᠬᠦ ᠬᠡᠷᠡᠭᠲᠡᠶ᠃ | 2. ᠲᠥᠯᠥᠪᠦᠷᠢ ᠶᠢᠨ ᠵᠥᠪᠳᠡᠯᠴᠡᠭᠡ ᠥᠷᠨᠢᠭᠦᠯᠬᠦ᠃ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ | ᠪᠤᠶᠤ ᠬᠤᠬᠢᠷᠠᠯ ᠢ ᠳᠥᠯᠥᠭᠦᠯᠬᠦ ᠠᠵᠢᠯ ᠢ ᠡᠬᠢᠯᠡᠭᠦᠯᠬᠦ ᠴᠢᠬᠤᠯᠠᠲᠠᠶ ᠪᠠᠶᠢᠪᠠᠯ᠂ ᠲᠥᠯᠥᠪᠦᠷᠢ ᠶᠢᠨ ᠡᠷᠬᠡᠲᠦ ᠬᠥᠮᠦᠨ ᠤ | ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ | ᠲᠤᠰᠬᠠᠢ ᠮᠡᠷᠭᠡᠵᠢᠯᠲᠡᠨ ᠤ ᠰᠠᠨᠠᠯ ᠢᠶᠠᠷ ᠯᠠᠪᠯᠠᠯᠲᠠ ᠪᠣᠯᠭᠠᠵᠤ᠂ ︽ᠬᠡᠨ ᠡᠪᠳᠡᠵᠦ ᠬᠤᠬᠢᠷᠠᠭᠤᠯᠤᠭᠰᠠᠨ ᠪᠠᠶᠢᠪᠠᠯ ᠵᠠᠰᠠᠵᠤ | ᠰᠡᠷᠭᠦᠭᠡᠬᠦ ᠬᠠᠷᠢᠭᠤᠴᠠᠯᠭ᠎ᠠ ᠶᠢ ᠬᠡᠨ ᠡᠭᠦᠷᠭᠡᠯᠡᠬᠦ︾ ᠵᠠᠷᠴᠢᠮ ᠶᠣᠰᠣᠭᠠᠷ᠂ ᠵᠠᠰᠠᠵᠤ ᠰᠡᠷᠭᠦᠭᠡᠬᠦ ᠶᠢ ᠡᠬᠢᠯᠡᠭᠦᠯᠬᠦ ᠴᠠᠭ ᠪᠠ | ᠬᠤᠭᠤᠴᠠᠭ᠎ᠠ᠂ ᠲᠥᠯᠥᠪᠦᠷᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠠᠷᠭ᠎ᠠ ᠬᠡᠯᠪᠡᠷᠢ ᠪᠠ ᠬᠤᠭᠤᠴᠠᠭ᠎ᠠ ᠵᠡᠷᠭᠡ ᠪᠣᠳᠠᠲᠠᠢ | ᠠᠰᠠᠭᠤᠳᠠᠯ ᠤᠨ ᠲᠤᠬᠠᠢ ᠲᠥᠯᠥᠪᠦᠷᠢ ᠶᠢᠨ ᠡᠭᠦᠷᠭᠡᠲᠦ ᠬᠥᠮᠦᠨ ᠲᠠᠢ ᠵᠥᠪᠳᠡᠯᠴᠡᠨ᠎ᠡ᠃ ᠬᠡᠷᠡᠭ ᠤᠨ ᠪᠠᠶᠢᠳᠠᠯ ᠨᠢ | ᠨᠡᠯᠢᠶᠡᠳ ᠪᠤᠳᠤᠯᠢᠶᠠᠨᠲᠠᠶ ᠪᠠᠶᠢᠪᠠᠯ᠂ ᠠᠩᠬ᠎ᠠ ᠤᠳᠠᠭ᠎ᠠ ᠵᠥᠪᠳᠡᠯᠴᠡᠬᠦ ᠠᠴᠠ ᠡᠮᠦᠨ᠎ᠡ ᠨᠡᠪᠲᠡᠷᠡᠯᠴᠡᠨ ᠰᠣᠯᠢᠯᠴᠠᠬᠤ ᠶᠢ | ᠵᠣᠬᠢᠶᠠᠨ ᠪᠠᠶᠢᠭᠤᠯᠵᠤ ᠪᠣᠯᠤᠨ᠎ᠠ᠃ | ᠵᠥᠪᠳᠡᠯᠴᠡᠬᠦ ᠬᠤᠭᠤᠴᠠᠭ᠎ᠠ ᠶᠢ ᠵᠠᠷᠴᠢᠮ ᠳᠡᠭᠡᠷ᠎ᠡ ᠪᠠᠨ 90 ᠡᠳᠦᠷ ᠠᠴᠠ ᠬᠡᠲᠦᠷᠡᠭᠦᠯᠵᠦ ᠪᠣᠯᠬᠤ ᠦᠭᠡᠢ᠂ | ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠠᠴᠠ ᠡᠭᠦᠷᠭᠡᠲᠦ ᠬᠥᠮᠦᠨ ᠳᠤ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠵᠥᠪᠳᠡᠯᠴᠡᠭᠡᠨ ᠤ ᠪᠢᠴᠢᠭ ᠤᠨ ᠮᠡᠳᠡᠭᠳᠡᠯ ᠢ ᠬᠦᠷᠭᠡᠭᠰᠡᠨ ᠡᠳᠦᠷ ᠠᠴᠠ | ᠡᠬᠢᠯᠡᠵᠦ ᠪᠤᠳᠤᠨ᠎ᠠ᠃ ᠵᠥᠪᠳᠡᠯᠴᠡᠬᠦ ᠬᠤᠷᠠᠯ ᠢ ᠵᠠᠷᠴᠢᠮ ᠳᠡᠭᠡᠷ᠎ᠡ ᠪᠠᠨ 3 ᠤᠳᠠᠭ᠎ᠠ ᠠᠴᠠ ᠬᠡᠲᠦᠷᠡᠭᠦᠯᠵᠦ ᠪᠣᠯᠬᠤ | ᠦᠭᠡᠢ᠃ | ᠵᠥᠪᠳᠡᠯᠴᠡᠭᠡᠳ ᠰᠠᠨᠠᠯ ᠨᠢᠭᠡᠳᠦᠭᠰᠡᠨ ᠪᠠᠶᠢᠪᠠᠯ᠂ ᠬᠡᠯᠡᠯᠴᠡᠭᠡᠷ ᠲᠤ ᠭᠠᠷ ᠤᠨ ᠦᠰᠦᠭ ᠵᠢᠷᠤᠨ᠎ᠠ᠃ | ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠴᠠᠭ ᠲᠤᠬᠠᠶ ᠳᠤᠨᠢ ᠵᠠᠭᠠᠯᠳᠤᠯᠭ᠎ᠠ ᠭᠠᠷᠭᠠᠨ᠎ᠠ᠃ ᠳᠣᠣᠷᠠᠬᠢ | ᠪᠠᠶᠢᠳᠠᠯ ᠲᠠᠢ ᠪᠠᠶᠢᠪᠠᠯ᠂ ᠵᠥᠪᠳᠡᠯᠴᠡᠭᠡᠳ ᠪᠦᠲᠦᠭᠰᠡᠨ ᠦᠭᠡᠢ ᠪᠠᠷ ᠦᠵᠡᠵᠦ ᠪᠣᠯᠤᠨ᠎ᠠ᠄ | ︵1︶ ᠲᠥᠯᠥᠪᠦᠷᠢ ᠶᠢᠨ ᠡᠭᠦᠷᠭᠡᠲᠦ ᠬᠥᠮᠦᠨ ᠵᠥᠪᠳᠡᠯᠴᠡᠬᠦ ᠶᠢ ᠲᠡᠪᠴᠢᠬᠦ ᠪᠠᠨ ᠲᠣᠳᠣᠷᠬᠠᠶ ᠢᠯᠡᠷᠬᠡᠶᠢᠯᠡᠭᠰᠡᠨ | ᠪᠤᠶᠤ ᠵᠥᠪᠳᠡᠯᠴᠡᠬᠦ ᠵᠠᠬᠢᠳᠠᠯ ᠳᠤ ᠲᠣᠭᠲᠠᠭᠠᠭᠰᠠᠨ ᠴᠠᠭ ᠤᠨ ᠳᠣᠲᠣᠷ᠎ᠠ ᠬᠠᠷᠢᠭᠤᠯᠲᠠ ᠥᠭᠬᠦ ᠰᠠᠨᠠᠯ ᠢᠶᠠᠨ ᠡᠰᠡ | ᠲᠤᠰᠢᠶᠠᠭᠰᠠᠨ᠃ | ︵2︶ ᠲᠥᠯᠥᠪᠦᠷᠢ ᠶᠢᠨ ᠡᠭᠦᠷᠭᠡᠲᠦ ᠬᠥᠮᠦᠨ ᠤᠴᠢᠷ ᠰᠢᠯᠲᠠᠭᠠᠨ ᠦᠭᠡᠢ ᠪᠠᠷ ᠵᠥᠪᠳᠡᠯᠴᠡᠬᠦ ᠬᠤᠷᠠᠯ ᠳᠤ | ᠣᠷᠣᠯᠴᠠᠬᠤ ᠦᠭᠡᠢ ᠪᠤᠶᠤ ᠵᠥᠪᠳᠡᠯᠴᠡᠬᠦ ᠬᠤᠷᠠᠯ ᠠᠴᠠ ᠭᠠᠷᠤᠭᠰᠠᠨ᠃ | ︵3︶ ᠵᠥᠪᠳᠡᠯᠴᠡᠬᠦ ᠬᠤᠷᠠᠯ ᠢ ᠨᠢᠭᠡᠨᠲᠡ 3 ᠤᠳᠠᠭ᠎ᠠ ᠬᠤᠷᠠᠯᠳᠤᠭᠤᠯᠵᠤ᠂ ᠲᠥᠯᠥᠪᠦᠷᠢ ᠶᠢᠨ ᠡᠷᠬᠡᠲᠦ ᠬᠥᠮᠦᠨ | ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠵᠥᠪᠳᠡᠯᠴᠡᠭᠡᠳ ᠰᠠᠨᠠᠯ | ᠨᠢᠭᠡᠳᠬᠦ ᠳᠤ ᠪᠡᠷᠬᠡᠲᠡᠶ ᠭᠡᠵᠦ ᠦᠵᠡᠭᠰᠡᠨ᠃ | ︵4︶ ᠵᠥᠪᠳᠡᠯᠴᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠮᠥᠨ ᠯᠡ ᠲᠥᠯᠥᠪᠦᠷᠢ ᠶᠢᠨ ᠬᠡᠯᠡᠯᠴᠡᠭᠡᠷ | ᠲᠤᠬᠢᠷᠠᠵᠤ ᠴᠢᠳᠠᠭᠰᠠᠨ ᠦᠭᠡᠢ᠃ | ︵5︶ ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠠᠴᠠ ᠵᠥᠪᠳᠡᠯᠴᠡᠭᠡᠳ ᠪᠦᠲᠦᠭᠰᠡᠨ ᠦᠭᠡᠢ ᠭᠡᠵᠦ ᠦᠵᠡᠭᠰᠡᠨ ᠪᠤᠰᠤᠳ ᠪᠠᠶᠢᠳᠠᠯ᠃ | ᠵᠥᠪᠳᠡᠯᠴᠡᠬᠦ ᠪᠠᠷ ᠳᠡᠮᠵᠢᠨ ᠲᠥᠯᠥᠪᠦᠷᠢ ᠶᠢᠨ ᠬᠡᠯᠡᠯᠴᠡᠭᠡᠷ ᠳᠣᠭᠢᠷᠬᠠᠰᠠᠨ ᠪᠠᠶᠢᠪᠠᠯ᠂ ᠲᠥᠯᠥᠪᠦᠷᠢ ᠶᠢᠨ ᠡᠷᠬᠡᠲᠦ | ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠬᠢᠭᠡᠳ ᠲᠥᠯᠥᠪᠦᠷᠢ ᠶᠢᠨ | ᠡᠭᠦᠷᠭᠡᠲᠦ ᠬᠥᠮᠦᠨ ᠨᠢ ᠦᠬᠠᠶ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠳᠤ ᠬᠠᠤᠯᠢ | ᠴᠠᠭᠠᠵᠠ ᠶᠢᠨ ᠨᠤᠲᠠᠯᠠᠯᠲᠠ ᠬᠢᠯᠭᠡᠬᠦ ᠪᠠᠷ ᠭᠤᠶᠤᠴᠢᠯᠠᠵᠤ ᠪᠣᠯᠤᠨ᠎ᠠ᠃ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠪᠠᠷ | ᠭᠤᠶᠤᠴᠢᠯᠠᠬᠤ ᠦᠶ᠎ᠡ ᠳᠤ᠂ ᠬᠠᠤᠯᠢ ᠴᠠᠭᠠᠵᠠ ᠶᠢᠨ ᠨᠤᠲᠠᠯᠠᠯᠲᠠ ᠬᠢᠯᠭᠡᠬᠦ ᠭᠤᠶᠤᠴᠢᠯᠠᠯ ᠤᠨ ᠪᠢᠴᠢᠭ᠂ ᠲᠥᠯᠥᠪᠦᠷᠢ ᠶᠢᠨ | ᠬᠡᠯᠡᠯᠴᠡᠭᠡᠷ᠂ ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ ᠲᠤᠰᠬᠠᠶ ᠮᠡᠷᠭᠡᠵᠢᠯᠲᠡᠨ ᠤ ᠰᠠᠨᠠᠯ ᠵᠡᠷᠭᠡ | ᠮᠠᠲ᠋ᠧᠷᠢᠶᠠᠯ ᠢᠶᠠᠨ ᠲᠤᠰᠢᠶᠠᠬᠤ ᠬᠡᠷᠡᠭᠲᠡᠶ᠃ | 3. ᠢᠷᠭᠡᠨ ᠤ ᠵᠠᠷᠭᠤ ᠬᠢᠬᠦ᠃ ᠵᠥᠪᠳᠡᠯᠴᠡᠬᠦ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠤᠶᠤ ᠵᠥᠪᠳᠡᠯᠴᠡᠭᠡᠳ | ᠰᠠᠨᠠᠯ ᠨᠢᠭᠡᠳᠦᠭᠰᠡᠨ ᠦᠭᠡᠢ ᠪᠠᠶᠢᠪᠠᠯ᠂ ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ | ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠢᠷᠭᠡᠨ ᠤ ᠬᠡᠷᠡᠭ ᠤᠨ ᠵᠠᠷᠭᠤ ᠶᠢ ᠴᠠᠭ ᠲᠤᠬᠠᠢ ᠳᠤᠨᠢ ᠳᠤᠷᠠᠳᠴᠤ᠂ ᠠᠮᠢ | ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠣᠳᠠᠲᠠᠢ ᠪᠠᠶᠢᠳᠠᠯ ᠢᠶᠠᠨ ᠦᠨᠳᠦᠰᠦᠯᠡᠨ᠂ | ᠬᠠᠯᠳᠠᠯᠭ᠎ᠠ ᠶᠢ ᠵᠣᠭᠰᠣᠭᠠᠬᠤ᠂ ᠬᠠᠷᠰᠢ ᠰᠠᠭᠠᠳ ᠢ ᠠᠷᠢᠯᠭᠠᠬᠤ᠂ ᠠᠶᠤᠯ ᠲᠦᠭᠰᠢᠭᠦᠷᠢ ᠶᠢ ᠠᠷᠢᠯᠭᠠᠬᠤ᠂ ᠠᠮᠢ ᠠᠬᠤᠢ ᠶᠢ | ᠰᠡᠷᠭᠦᠭᠡᠬᠦ᠂ ᠬᠤᠬᠢᠷᠠᠯ ᠢ ᠲᠦᠯᠦᠬᠦ ᠵᠡᠷᠭᠡ ᠵᠠᠷᠭᠤ ᠶᠢᠨ ᠭᠤᠶᠤᠴᠢᠯᠠᠯ ᠢ ᠬᠠᠤᠯᠢ ᠶᠣᠰᠣᠭᠠᠷ ᠲᠤᠷᠠᠳᠴᠦ ᠪᠤᠯᠤᠨ᠎ᠠ᠃ | ᠵᠠᠷᠭᠤ ᠶᠢᠨ ᠲᠠᠰᠤᠯᠤᠯᠲᠠ ᠭᠠᠷᠭᠠᠬᠤ ᠠᠴᠠ ᠡᠮᠦᠨ᠎ᠡ᠂ ᠰᠢᠭᠦᠬᠦ ᠬᠤᠷᠢᠶ᠎ᠠ ᠪᠠᠷ ᠵᠥᠪᠰᠢᠶᠡᠷᠡᠭᠦᠯᠦᠭᠡᠳ᠂ ᠲᠥᠯᠥᠪᠦᠷᠢ ᠶᠢᠨ | ᠡᠷᠬᠡᠲᠦ ᠬᠥᠮᠦᠨ ᠨᠢ ᠲᠥᠯᠥᠪᠦᠷᠢ ᠶᠢᠨ ᠡᠭᠦᠷᠭᠡᠲᠦ ᠬᠥᠮᠦᠨ ᠲᠠᠢ ᠦᠷᠭᠦᠯᠵᠢᠯᠡᠨ ᠵᠥᠪᠳᠡᠯᠴᠡᠵᠦ᠂ ᠲᠢᠩᠬᠢᠮ ᠤᠨ | ᠭᠠᠳᠠᠨ᠎ᠠ ᠡᠶᠡᠳᠡᠬᠦ ᠪᠤᠶᠤ ᠰᠢᠭᠦᠬᠦ ᠬᠤᠷᠢᠶᠠᠨ ᠤ ᠡᠷᠬᠢᠯᠡᠯ ᠳᠣᠣᠷ᠎ᠠ ᠡᠶᠡᠳᠡᠭᠦᠯᠭᠡ ᠬᠢᠵᠦ ᠪᠣᠯᠤᠨ᠎ᠠ᠃ | ᠠᠷᠠᠳ ᠤᠨ ᠰᠢᠭᠦᠬᠦ ᠬᠤᠷᠢᠶ᠎ᠠ ᠤᠳᠤ ᠪᠠᠶᠢᠭ᠎ᠠ ᠡᠬᠢ ᠪᠠᠶᠠᠯᠢᠭ ᠲᠠᠭᠠᠨ ᠲᠦᠰᠢᠭᠯᠡᠨ᠂ ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠢᠷᠭᠡᠨ ᠤ ᠬᠡᠷᠡᠭ ᠢ ᠬᠠᠤᠯᠢ ᠶᠣᠰᠣᠭᠠᠷ | ᠰᠢᠭᠦᠨ ᠰᠢᠢᠳᠪᠦᠷᠢᠯᠡᠵᠦ᠂ ᠲᠥᠯᠥᠪᠦᠷᠢ ᠥᠭᠬᠦ ᠡᠭᠦᠷᠭᠡᠲᠦ ᠬᠥᠮᠦᠨ ᠤ ᠪᠡᠶᠡᠴᠢ ᠲᠠᠯ᠎ᠠ ᠶᠢᠨ ᠤᠰᠤᠯ ᠪᠤᠷᠤᠭᠤ᠂ | ᠡᠵᠡᠩᠨᠡᠯᠲᠡ ᠶᠢᠨ ᠪᠠᠶᠢᠳᠠᠯ ᠵᠡᠷᠭᠡ ᠡᠯᠧᠮᠧᠨ᠋ᠲ ᠢᠶᠠᠨ ᠦᠨᠳᠦᠰᠦᠯᠡᠨ ᠬᠤᠭᠤᠴᠠᠭ᠎ᠠ ᠬᠤᠪᠢᠶᠠᠨ ᠲᠥᠯᠥᠪᠦᠷᠢ ᠥᠭᠬᠦ ᠶᠢ | ᠲᠤᠷᠰᠢᠨ ᠬᠡᠷᠡᠭᠵᠢᠭᠦᠯᠵᠦ᠂ ᠤᠯᠠᠨ ᠶᠠᠩᠵᠤ ᠶᠢᠨ ᠬᠠᠷᠢᠭᠤᠴᠠᠯᠭ᠎ᠠ ᠡᠭᠦᠷᠭᠡᠯᠡᠬᠦ ᠠᠷᠭ᠎ᠠ ᠬᠡᠯᠪᠡᠷᠢ ᠶᠢ ᠬᠠᠶᠢᠨ | ᠰᠦᠪᠡᠭᠴᠢᠯᠡᠵᠦ ᠪᠣᠯᠤᠨ᠎ᠠ᠃ | 4. ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠥᠷᠨᠢᠭᠦᠯᠬᠦ᠃ ᠠᠮᠢ ᠠᠬᠤᠢ ᠶᠢᠨ | ᠣᠷᠴᠢᠨ ᠲᠣᠭᠤᠷᠢᠨ ᠤ ᠡᠪᠳᠡᠭᠳᠡᠯ ᠢ ᠵᠠᠰᠠᠨ ᠰᠡᠷᠭᠦᠭᠡᠵᠦ ᠪᠣᠯᠬᠤ ᠬᠡᠷᠡᠭ ᠲᠤ᠂ ᠣᠷᠴᠢᠨ ᠲᠣᠭᠤᠷᠢᠨ ᠤ ᠡᠬᠢ | ᠪᠠᠶᠠᠯᠢᠭ ᠤᠨ ᠠᠮᠢ ᠠᠬᠤᠢ ᠶᠢᠨ ᠴᠢᠳᠠᠪᠬᠢ ᠶᠢᠨ ᠦᠷᠳᠡᠭ ᠢ ᠢᠯᠡᠷᠡᠭᠦᠯᠵᠦ᠂ ᠲᠥᠯᠥᠪᠦᠷᠢ ᠥᠭᠬᠦ ᠡᠭᠦᠷᠭᠡᠲᠦ ᠬᠥᠮᠦᠨ ᠤ | ᠡᠪᠳᠡᠭᠰᠡᠨ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠶᠢ ᠠᠬᠢᠭᠤᠯᠬᠤ ᠬᠡᠷᠡᠭᠲᠡᠢ᠃ ᠵᠥᠪᠳᠡᠯᠴᠡᠭᠡᠳ | ᠰᠠᠨᠠᠯ ᠨᠢᠭᠡᠳᠦᠭᠰᠡᠨ ᠪᠠᠶᠢᠪᠠᠯ᠂ ᠲᠥᠯᠥᠪᠦᠷᠢ ᠶᠢᠨ ᠡᠭᠦᠷᠭᠡᠲᠦ ᠬᠥᠮᠦᠨ ᠥᠪᠡᠷ ᠢᠶᠠᠨ ᠵᠠᠰᠠᠨ ᠰᠡᠷᠭᠦᠭᠡᠬᠦ ᠪᠤᠶᠤ ᠵᠠᠰᠠᠨ | ᠰᠡᠷᠭᠦᠭᠡᠬᠦ ᠴᠢᠳᠠᠪᠤᠷᠢ ᠲᠠᠢ ᠨᠡᠶᠢᠭᠡᠮ ᠤᠨ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠳᠤ ᠨᠠᠶᠢᠳᠠᠵᠤ ᠬᠤᠬᠢᠷᠠᠯ ᠳᠤ | ᠤᠴᠠᠷᠠᠭᠰᠠᠨ ᠠᠮᠢ ᠠᠬᠤᠶ ᠶᠢᠨ ᠣᠷᠴᠢᠨ ᠲᠤᠭᠤᠷᠢᠨ ᠢ ᠵᠠᠰᠠᠨ ᠰᠡᠷᠭᠦᠭᠡᠵᠦ᠂ ᠲᠥᠯᠥᠪᠦᠷᠢ ᠶᠢᠨ ᠡᠷᠬᠡᠲᠦ ᠬᠥᠮᠦᠨ | ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠳᠤ ᠬᠢᠨᠠᠯᠲᠠ ᠲᠠᠯᠪᠢᠬᠤ ᠵᠡᠷᠭᠡ | ᠠᠵᠢᠯ ᠢᠶᠠᠨ ᠰᠠᠶᠢᠲᠤᠷ ᠬᠢᠵᠦ ᠪᠣᠯᠤᠨ᠎ᠠ᠃ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠥᠯᠥᠪᠦᠷᠢ ᠶᠢᠨ ᠡᠷᠬᠡᠲᠦ | ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠴᠠᠭ ᠲᠤᠬᠠᠶ ᠳᠤᠨᠢ | ᠵᠠᠭᠠᠯᠳᠤᠯᠭ᠎ᠠ ᠭᠠᠷᠭᠠᠵᠤ᠂ ᠲᠥᠯᠥᠪᠦᠷᠢ ᠶᠢᠨ ᠡᠭᠦᠷᠭᠡᠲᠦ ᠬᠥᠮᠦᠨ ᠢᠶᠠᠷ ᠵᠠᠰᠠᠨ ᠰᠡᠷᠭᠦᠭᠡᠬᠦ ᠬᠠᠷᠢᠭᠤᠴᠠᠯᠭ᠎ᠠ | ᠡᠭᠦᠷᠭᠡᠯᠡᠭᠦᠯᠬᠦ ᠪᠠᠷ ᠱᠠᠭᠠᠷᠳᠠᠬᠤ ᠬᠡᠷᠡᠭᠲᠡᠶ᠃ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠠᠵᠢᠯᠯᠠᠭ᠎ᠠ ᠶᠢ ᠵᠠᠰᠠᠨ | ᠰᠡᠷᠭᠦᠭᠡᠬᠦ ᠶᠢᠨ ᠠᠷᠭ᠎ᠠ ᠦᠭᠡᠢ ᠪᠣᠯᠤᠭᠰᠠᠨ ᠬᠡᠷᠡᠭ ᠲᠤ᠂ ᠲᠥᠯᠥᠪᠦᠷᠢ ᠥᠭᠬᠦ ᠡᠭᠦᠷᠭᠡᠲᠦ ᠬᠥᠮᠦᠨ ᠲᠥᠯᠥᠪᠦᠷᠢ ᠶᠢᠨ | ᠮᠥᠩᠭᠦ ᠪᠠᠨ ᠲᠤᠰᠢᠶᠠᠭᠰᠠᠨ ᠤ ᠳᠠᠷᠠᠭ᠎ᠠ᠂ ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠭᠦᠨ ᠤ ᠵᠢᠭᠠᠨ | ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠤᠯᠤᠰ ᠪᠠ ᠲᠤᠰ ᠭᠠᠵᠠᠷ ᠣᠷᠣᠨ ᠤ ᠬᠤᠯᠪᠣᠭᠳᠠᠯ | ᠪᠦᠬᠦᠢ ᠲᠣᠭᠲᠠᠭᠠᠯ ᠢ ᠦᠨᠳᠦᠰᠦᠯᠡᠨ᠂ ᠠᠮᠢ ᠠᠬᠤᠢ ᠶᠢᠨ ᠣᠷᠴᠢᠨ ᠲᠣᠭᠤᠷᠢᠨ ᠢ ᠣᠷᠣᠯᠠᠨ ᠵᠠᠰᠠᠨ ᠰᠡᠷᠭᠦᠭᠡᠬᠦ | ᠠᠵᠢᠯ ᠢ ᠨᠢᠭᠡᠳᠦᠯᠲᠡᠢ ᠲᠥᠯᠥᠪᠵᠢᠭᠦᠯᠦᠨ ᠵᠣᠬᠢᠶᠠᠨ ᠪᠠᠶᠢᠭᠤᠯᠵᠤ ᠥᠷᠨᠢᠭᠦᠯᠬᠦ ᠬᠡᠷᠡᠭᠳᠡᠢ᠃ | ᠵᠥᠪᠳᠡᠯᠴᠡᠭᠡᠳ ᠰᠠᠨᠠᠯ ᠨᠢᠭᠡᠳᠬᠦ ᠠᠴᠠ ᠡᠮᠦᠨ᠎ᠡ᠂ ᠲᠥᠯᠥᠪᠦᠷᠢ ᠶᠢᠨ ᠡᠭᠦᠷᠭᠡᠲᠦ ᠬᠥᠮᠦᠨ | ᠰᠠᠨᠠᠭᠠᠴᠢᠯᠠᠭ᠎ᠠ ᠠᠴᠠ ᠪᠠᠨ ᠠᠮᠢ ᠠᠬᠤᠶ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ ᠪᠠᠷ ᠱᠠᠭᠠᠷᠳᠠᠭᠰᠠᠨ ᠪᠠᠶᠢᠪᠠᠯ᠂ | ᠬᠤᠶᠠᠷ ᠲᠠᠯ᠎ᠠ ᠶᠢᠨ ᠲᠤᠬᠠᠶ ᠶᠢᠨ ᠬᠥᠮᠦᠨ ᠬᠤᠬᠢᠷᠠᠯ ᠤᠨ ᠪᠣᠳᠠᠲᠤ ᠬᠡᠷᠡᠭ ᠢ ᠪᠢᠴᠢᠭ ᠢᠶᠠᠷ ᠨᠤᠲᠠᠯᠠᠭᠰᠠᠨ ᠤ ᠳᠠᠷᠠᠭ᠎ᠠ᠂ | ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ | ᠵᠥᠪᠰᠢᠶᠡᠷᠡᠵᠦ ᠪᠣᠯᠬᠤ ᠪᠥᠭᠡᠳ ᠶᠠᠪᠤᠴᠠ ᠶᠢᠨ ᠬᠢᠨᠠᠯᠲᠠ ᠬᠠᠮᠢᠶᠠᠷᠤᠯᠲᠠ ᠪᠠᠨ ᠰᠠᠶᠢᠲᠤᠷ ᠬᠢᠬᠦ ᠬᠡᠷᠡᠭᠲᠡᠶ᠃ | ᠲᠥᠯᠥᠪᠦᠷᠢ ᠶᠢᠨ ᠡᠭᠦᠷᠭᠡᠲᠦ ᠬᠥᠮᠦᠨ ᠬᠦᠴᠦᠨ ᠲᠠᠢ ᠪᠣᠯᠤᠭᠰᠠᠨ ᠵᠠᠷᠭᠤ ᠶᠢᠨ ᠬᠡᠷᠡᠭ ᠤᠨ ᠲᠠᠰᠤᠯᠤᠯᠲᠠ᠂ | ᠬᠠᠤᠯᠢ ᠴᠠᠭᠠᠵᠠ ᠪᠠᠷ ᠨᠤᠲᠠᠯᠠᠭᠰᠠᠨ ᠲᠥᠯᠥᠪᠦᠷᠢ ᠶᠢᠨ ᠬᠡᠯᠡᠯᠴᠡᠭᠡᠷ ᠢ ᠭᠦᠢᠴᠡᠳᠬᠡᠬᠦ ᠦᠭᠡᠢ ᠪᠤᠶᠤ ᠪᠦᠷᠢᠨ | ᠭᠦᠢᠴᠡᠳᠬᠡᠬᠦ ᠦᠭᠡᠢ ᠪᠠᠶᠢᠪᠠᠯ᠂ ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ | ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠠᠷᠠᠳ ᠤᠨ ᠰᠢᠭᠦᠬᠦ ᠬᠤᠷᠢᠶ᠎ᠠ ᠳᠤ ᠠᠯᠪᠠᠳᠠᠨ ᠭᠦᠢᠴᠡᠳᠬᠡᠭᠦᠯᠬᠦ ᠪᠠᠷ | ᠭᠤᠶᠤᠴᠢᠯᠠᠵᠤ ᠪᠣᠯᠤᠨ᠎ᠠ᠃ ᠲᠥᠯᠥᠪᠦᠷᠢ ᠶᠢᠨ ᠡᠭᠦᠷᠭᠡᠲᠦ ᠬᠥᠮᠦᠨ ᠤ ᠡᠭᠦᠷᠭᠡ ᠪᠠᠨ ᠬᠦᠢᠴᠡᠳᠬᠡᠭᠰᠡᠨ ᠥᠬᠡᠶ ᠪᠤᠶᠤ | ᠪᠦᠷᠢᠮᠦᠰᠦᠨ ᠬᠦᠢᠴᠡᠳᠬᠡᠭᠰᠡᠨ ᠥᠬᠡᠶ ᠪᠠᠶᠢᠳᠠᠯ ᠢ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠳᠤ ᠣᠷᠣᠭᠤᠯᠵᠤ᠂ | ᠵᠣᠬᠢᠬᠤ ᠬᠤᠭᠤᠴᠠᠭᠠᠨ ᠤ ᠳᠣᠲᠣᠷ᠎ᠠ ᠵᠠᠬ᠎ᠠ ᠳᠡᠯᠭᠡᠭᠦᠷ ᠪᠠ ᠠᠵᠢᠯ ᠲᠥᠷᠥᠯ ᠳᠤ ᠣᠷᠣᠬᠤ ᠶᠢ ᠴᠠᠭᠠᠵᠠᠯᠠᠬᠤ᠂ | ᠬᠢᠵᠠᠭᠠᠷᠯᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠶ᠃ | 5. ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠶᠢ ᠥᠷᠨᠢᠭᠦᠯᠬᠦ᠃ ᠲᠥᠯᠥᠪᠦᠷᠢ ᠶᠢᠨ | ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ | ᠲᠥᠯᠥᠪᠦᠷᠢ ᠶᠢᠨ ᠡᠭᠦᠷᠭᠡᠲᠦ ᠬᠥᠮᠦᠨ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠰᠡᠷᠭᠦᠭᠡᠨ ᠵᠠᠰᠠᠬᠤ ᠠᠵᠢᠯ ᠢ ᠪᠡᠶᠡᠯᠡᠭᠦᠯᠦᠭᠰᠡᠨ ᠲᠤᠬᠠᠢ ᠵᠠᠷᠯᠠᠯ ᠢ ᠣᠯᠤᠭᠰᠠᠨ ᠤ ᠳᠠᠷᠠᠭ᠎ᠠ᠂ | ᠬᠤᠬᠢᠷᠠᠯ ᠳᠤ ᠤᠴᠠᠷᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠵᠠᠰᠠᠭᠰᠠᠨ ᠦᠷ᠎ᠡ ᠪᠦᠲᠦᠮᠵᠢ ᠶᠢ | ᠦᠨᠡᠯᠡᠨ ᠵᠢᠱᠢᠬᠦ ᠶᠢ ᠵᠣᠬᠢᠶᠠᠨ ᠪᠠᠶᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠴᠠᠭ ᠲᠤᠬᠠᠢ ᠳᠤᠨᠢ | ᠪᠦᠲᠦᠮᠵᠢᠲᠡᠢ ᠰᠡᠷᠭᠦᠭᠡᠨ ᠵᠠᠰᠠᠬᠤ ᠶᠢ ᠪᠠᠲᠤᠯᠠᠬᠤ ᠬᠡᠷᠡᠭᠳᠡᠢ᠃ | ᠵᠠᠰᠠᠵᠤ ᠰᠡᠷᠭᠦᠭᠡᠭᠰᠡᠨ ᠦᠷ᠎ᠡ ᠳ᠋ᠦᠩ ᠨᠢ ᠵᠠᠰᠠᠵᠤ ᠰᠡᠷᠭᠦᠭᠡᠬᠦ ᠲᠥᠰᠦᠯ ᠳᠤ ᠲᠣᠭᠲᠠᠭᠠᠭᠰᠠᠨ ᠵᠠᠰᠠᠵᠤ | ᠰᠡᠷᠭᠦᠭᠡᠬᠦ ᠬᠠᠷᠠᠯᠲᠠ ᠳᠤ ᠬᠦᠷᠦᠭᠰᠡᠨ ᠦᠭᠡᠢ ᠪᠠᠶᠢᠪᠠᠯ᠂ ᠲᠥᠯᠥᠪᠦᠷᠢ ᠶᠢᠨ ᠡᠭᠦᠷᠭᠡᠲᠦ ᠬᠥᠮᠦᠨ ᠲᠥᠯᠥᠪᠦᠷᠢ ᠶᠢᠨ | ᠬᠡᠯᠡᠯᠴᠡᠭᠡᠷ ᠪᠤᠶᠤ ᠰᠢᠭᠦᠬᠦ ᠬᠤᠷᠢᠶᠠᠨ ᠤ ᠲᠠᠰᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ ᠵᠠᠰᠠᠵᠤ ᠰᠡᠷᠭᠦᠭᠡᠬᠦ | ᠠᠵᠢᠯ ᠢ ᠦᠷᠭᠦᠯᠵᠢᠯᠡᠨ ᠥᠷᠨᠢᠭᠦᠯᠬᠦ ᠬᠡᠷᠡᠭᠲᠡᠶ᠃ | ᠵᠠᠰᠠᠵᠤ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠳᠤ ᠬᠤᠯᠪᠣᠭᠳᠠᠬᠤ ᠠᠵᠢᠯ ᠤᠨ ᠠᠭᠤᠯᠭ᠎ᠠ ᠶᠢ | ᠲᠥᠯᠥᠪᠦᠷᠢ ᠶᠢᠨ ᠬᠡᠯᠡᠯᠴᠡᠭᠡᠷ ᠲᠤ ᠲᠣᠭᠲᠠᠭᠠᠵᠤ ᠪᠣᠯᠤᠨ᠎ᠠ᠂ ᠵᠠᠷᠤᠳᠠᠯ ᠢ ᠲᠣᠭᠲᠠᠭᠠᠯ ᠢ ᠦᠨᠳᠦᠰᠦᠯᠡᠨ | ᠲᠥᠯᠥᠪᠦᠷᠢ ᠶᠢᠨ ᠡᠭᠦᠷᠭᠡᠲᠦ ᠬᠥᠮᠦᠨ ᠡᠭᠦᠷᠭᠡᠯᠡᠨ᠎ᠡ᠃ | ︵ᠵᠢᠷᠭᠤᠭ᠎ᠠ︶ ᠠᠮᠢ ᠠᠬᠤᠶ ᠶᠢᠨ ᠣᠷᠴᠢᠨ ᠲᠣᠭᠤᠷᠢᠨ ᠤ ᠡᠪᠳᠡᠭᠳᠡᠯ ᠢ ᠬᠢᠨᠠᠨ ᠲᠣᠭᠲᠠᠭᠠᠵᠤ ᠦᠨᠡᠯᠡᠨ | ᠵᠢᠱᠢᠬᠦ ᠶᠢ ᠵᠢᠷᠣᠮᠵᠢᠭᠤᠯᠬᠤ ᠬᠡᠷᠡᠭᠳᠡᠢ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠪᠣᠳᠠᠲᠤ ᠬᠡᠷᠡᠭ ᠢ ᠪᠠᠶᠢᠴᠠᠭᠠᠨ | ᠲᠤᠳᠤᠯᠠᠬᠤ ᠶᠢᠨ ᠲᠥᠯᠥᠭᠡ᠂ ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ | ᠮᠥᠴᠢᠷ ᠪᠤᠶᠤ ᠪᠠᠶᠢᠭᠤᠯᠤᠮᠵᠢ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠨᠥᠬᠦᠴᠡᠯ ᠳᠤ ᠨᠡᠶᠢᠴᠡᠭᠰᠡᠨ | ᠪᠠᠶᠢᠭᠤᠯᠤᠮᠵᠢ ᠳᠤ ᠨᠠᠶᠢᠳᠠᠵᠤ ᠬᠢᠨᠠᠨ ᠲᠣᠭᠲᠠᠭᠠᠯᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠯᠭᠠᠵᠤ ᠪᠣᠯᠤᠨ᠎ᠠ᠂ | ᠪᠠᠰᠠ ᠲᠥᠯᠥᠪᠦᠷᠢ ᠶᠢᠨ ᠡᠭᠦᠷᠭᠡᠲᠦ ᠬᠥᠮᠦᠨ ᠲᠠᠢ ᠵᠥᠪᠳᠡᠯᠴᠡᠵᠦ ᠪᠠᠶᠢᠭᠠᠳ ᠳᠡᠭᠡᠷ᠎ᠡ ᠳᠤᠷᠠᠳᠤᠭᠰᠠᠨ | ᠪᠠᠶᠢᠭᠤᠯᠤᠮᠵᠢ ᠳᠤ ᠨᠠᠶᠢᠳᠠᠵᠤ ᠬᠢᠨᠠᠨ ᠲᠣᠭᠲᠠᠭᠠᠯᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠭᠠᠷᠭᠠᠯᠭᠠᠵᠤ ᠪᠣᠯᠤᠨ᠎ᠠ᠃ | ᠬᠢᠨᠠᠨ ᠲᠣᠭᠲᠠᠭᠠᠵᠤ ᠦᠨᠡᠯᠡᠨ ᠵᠢᠱᠢᠭᠰᠡᠨ ᠮᠡᠳᠡᠭᠦᠯᠦᠯᠲᠡ ᠳᠤ ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠢ | ᠵᠠᠰᠠᠨ ᠰᠡᠷᠭᠦᠭᠡᠵᠦ ᠪᠣᠯᠬᠤ ᠡᠰᠡᠬᠦ ᠶᠢ ᠲᠣᠳᠣᠷᠬᠠᠶᠢᠯᠠᠬᠤ ᠬᠡᠷᠡᠭᠲᠡᠢ᠃ ᠬᠡᠰᠡᠭ ᠲᠠᠯ᠎ᠠ ᠪᠠᠷ ᠵᠠᠰᠠᠨ ᠰᠡᠷᠭᠦᠭᠡᠵᠦ | ᠪᠣᠯᠬᠤ ᠳᠤ ᠭᠦᠷᠪᠡᠯ᠂ ᠵᠠᠰᠠᠨ ᠰᠡᠷᠭᠦᠭᠡᠵᠦ ᠪᠣᠯᠬᠤ ᠣᠷᠣᠨ ᠪᠦᠰᠡ ᠶᠢᠨ ᠬᠡᠪᠴᠢᠶ᠎ᠡ ᠪᠠ ᠱᠠᠭᠠᠷᠳᠠᠯᠭ᠎ᠠ ᠶᠢ | ᠲᠣᠳᠣᠷᠬᠠᠶᠢᠯᠠᠬᠤ ᠬᠡᠷᠡᠭᠲᠡᠶ᠃ | ᠬᠤᠬᠢᠷᠠᠯ ᠤᠴᠠᠷᠠᠭᠤᠯᠤᠭᠰᠠᠨ ᠪᠣᠳᠠᠲᠤ ᠶᠠᠪᠤᠳᠠᠯ ᠨᠢ ᠳᠥᠭᠦᠮᠬᠡᠨ᠂ ᠬᠠᠷᠢᠭᠤᠴᠠᠯᠭ᠎ᠠ ᠶᠢ ᠮᠠᠭᠠᠳᠯᠠᠨ | ᠲᠣᠭᠲᠠᠭᠠᠬᠤ ᠳᠤ ᠮᠠᠷᠭᠤᠯᠳᠤᠭᠠᠨ ᠦᠭᠡᠢ᠂ ᠬᠤᠬᠢᠷᠠᠯ ᠨᠢ ᠨᠡᠯᠢᠶᠡᠳ ᠪᠠᠭ᠎ᠠ ᠬᠡᠷᠡᠭ ᠲᠤ ᠲᠤᠰᠬᠠᠶ ᠮᠡᠷᠭᠡᠵᠢᠯᠲᠡᠨ ᠳᠤ | ᠨᠠᠶᠢᠳᠠᠵᠤ ᠦᠨᠡᠯᠡᠨ ᠵᠢᠱᠢᠭᠦᠯᠬᠦ ᠠᠷᠭ᠎ᠠ ᠮᠠᠶ᠋ᠢᠭ ᠢ ᠠᠪᠴᠤ ᠪᠠᠶᠢᠭᠠᠳ ᠲᠤᠰᠬᠠᠶ ᠮᠡᠷᠭᠡᠵᠢᠯᠲᠡᠨ ᠤ ᠰᠠᠨᠠᠯ ᠢ ᠭᠠᠷᠭᠠᠵᠤ | ᠪᠣᠯᠤᠨ᠎ᠠ᠃ ᠬᠡᠷᠡᠭ ᠲᠤ ᠬᠤᠯᠪᠣᠭᠳᠠᠬᠤ ᠬᠠᠤᠯᠢ ᠴᠠᠭᠠᠵᠠ ᠶᠢᠨ ᠪᠢᠴᠢᠭ ᠬᠠᠷ᠎ᠠ᠂ ᠬᠢᠨᠠᠨ ᠰᠢᠯᠭᠠᠭᠰᠠᠨ ᠮᠡᠳᠡᠭᠦᠯᠦᠯᠲᠡ | ᠵᠡᠷᠭᠡ ᠮᠠᠲ᠋ᠧᠷᠢᠶᠠᠯ ᠢ ᠦᠨᠳᠦᠰᠦᠯᠡᠨ ᠶᠡᠷᠦᠩᠬᠡᠶᠢᠯᠡᠨ ᠮᠠᠭᠠᠳᠯᠠᠨ ᠲᠣᠭᠲᠠᠭᠠᠭᠰᠠᠨ ᠴᠤ ᠪᠣᠯᠤᠨ᠎ᠠ᠃ | ᠲᠤᠰᠬᠠᠶ ᠮᠡᠷᠭᠡᠵᠢᠯᠲᠡᠨ ᠢ ᠤᠯᠤᠰ ᠪᠠ ᠣᠷᠣᠨ ᠨᠤᠲᠤᠭ ᠤᠨ ᠪᠠᠶᠢᠭᠤᠯᠤᠭᠰᠠᠨ ᠬᠤᠯᠪᠣᠭᠳᠠᠯ ᠪᠦᠬᠦᠢ ᠣᠷᠣᠨ | ᠪᠦᠰᠡ ᠶᠢᠨ ᠲᠤᠰᠬᠠᠶ ᠮᠡᠷᠭᠡᠵᠢᠯᠲᠡᠨ ᠤ ᠬᠥᠮᠥᠷᠭᠡ ᠪᠤᠶᠤ ᠲᠤᠰᠬᠠᠶ ᠮᠡᠷᠭᠡᠵᠢᠯᠲᠡᠨ ᠤ ᠵᠥᠪᠯᠡᠯ ᠤᠨ ᠳᠣᠲᠣᠷ᠎ᠠ ᠠᠴᠠ | ᠰᠣᠩᠭᠤᠵᠤ ᠪᠣᠯᠤᠨ᠎ᠠ᠃ ᠰᠢᠯᠭᠠᠨ ᠲᠣᠭᠲᠠᠭᠠᠬᠤ ᠪᠠᠶᠢᠭᠤᠯᠤᠮᠵᠢ ᠪᠠ ᠲᠤᠰᠬᠠᠶ ᠮᠡᠷᠭᠡᠵᠢᠯᠲᠡᠨ ᠲᠡᠭᠦᠨ ᠤ ᠭᠠᠷᠭᠠᠭᠰᠠᠨ | ᠮᠡᠳᠡᠭᠦᠯᠦᠯᠲᠡ ᠪᠠ ᠰᠠᠨᠠᠯ ᠳᠤ ᠬᠠᠷᠢᠭᠤᠴᠠᠬᠤ ᠬᠡᠷᠡᠭᠲᠡᠶ᠃ | ᠠᠮᠢ ᠠᠬᠤᠶ ᠶᠢᠨ ᠣᠷᠴᠢᠨ ᠲᠣᠭᠤᠷᠢᠨ ᠤ ᠡᠪᠳᠡᠭᠳᠡᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠳᠤ ᠠᠮᠢ | ᠠᠬᠤᠶ ᠶᠢᠨ ᠣᠷᠴᠢᠨ ᠲᠣᠭᠤᠷᠢᠨ ᠤ ᠶᠠᠮᠤᠨ ᠤ ︽ᠠᠮᠢ ᠠᠬᠤᠶ ᠶᠢᠨ ᠣᠷᠴᠢᠨ ᠲᠣᠭᠤᠷᠢᠨ ᠤ ᠡᠪᠳᠡᠭᠳᠡᠯ ᠢ ᠬᠢᠨᠠᠨ | ᠲᠣᠭᠲᠠᠭᠠᠵᠤ ᠦᠨᠡᠯᠡᠨ ᠵᠢᠱᠢᠬᠦ ᠮᠡᠷᠭᠡᠵᠢᠯ ᠤᠨ ᠵᠦᠭᠯᠡᠭᠦᠷ︾ ᠪᠠ ᠥᠪᠡᠷᠲᠡᠭᠡᠨ ᠵᠠᠰᠠᠬᠤ ᠣᠷᠣᠨ ᠤ ᠬᠤᠯᠪᠤᠭᠳᠠᠯ | ᠪᠥᠬᠦᠶ ᠠᠮᠢ ᠠᠬᠤᠶ ᠶᠢᠨ ᠣᠷᠴᠢᠨ ᠲᠣᠭᠤᠷᠢᠨ ᠤ ᠡᠪᠳᠡᠭᠳᠡᠯ ᠢ ᠬᠢᠨᠠᠨ ᠲᠣᠭᠲᠠᠭᠠᠵᠤ ᠦᠨᠡᠯᠡᠨ ᠵᠢᠱᠢᠬᠦ ᠠᠷᠭ᠎ᠠ ᠪᠠᠷ | ᠯᠠᠪᠯᠠᠯᠳᠠ ᠪᠤᠯᠭᠠᠵᠤ ᠭᠡᠷᠡᠭᠵᠢᠬᠦᠯᠬᠦ ᠬᠡᠷᠡᠭᠳᠡᠢ᠃ | ︵ᠲᠤᠯᠤᠭ᠎ᠠ︶ ᠨᠡᠶᠢᠲᠡᠶᠢᠨ ᠠᠰᠠᠷᠠᠮᠵᠢᠶᠢᠨ ᠵᠠᠷᠭᠤ ᠯᠤᠭᠠᠶᠢᠨ ᠵᠣᠯᠭᠠᠯᠴᠠᠭᠠᠪᠡᠨ ᠴᠢᠩᠭᠠᠳᠬᠠᠬᠤ ᠬᠡᠷᠡᠭᠳᠡᠢ | ᠲᠥᠯᠥᠪᠦᠷᠢ ᠶᠢᠨ ᠡᠷᠬᠡᠲᠦ ᠬᠥᠮᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠨᠢ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠪᠠᠶᠢᠴᠠᠭᠠᠯᠲᠠ ᠶᠢ | ᠡᠬᠢᠯᠡᠭᠦᠯᠦᠭᠰᠡᠨ ᠤ ᠳᠠᠷᠠᠭ᠎ᠠ ᠬᠤᠯᠪᠣᠭᠳᠠᠯ ᠪᠦᠬᠦᠢ ᠠᠷᠠᠳ ᠤᠨ ᠰᠢᠭᠦᠬᠦ ᠬᠤᠷᠢᠶ᠎ᠠ ᠪᠠ ᠪᠠᠶᠢᠴᠠᠭᠠᠬᠤ ᠪᠠᠶᠢᠭᠤᠯᠭ᠎ᠠ ᠳᠤ | ᠬᠠᠮᠲᠤ ᠳᠤᠨᠢ ᠮᠡᠳᠡᠭᠳᠡᠵᠦ ᠪᠣᠯᠤᠨ᠎ᠠ᠃ | ᠪᠠᠶᠢᠴᠠᠭᠠᠬᠤ ᠪᠠᠶᠢᠭᠤᠯᠭ᠎ᠠ ᠠᠴᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠲᠤᠬᠠᠢ ᠵᠥᠪᠳᠡᠯᠴᠡᠭᠡ ᠪᠠ ᠵᠠᠷᠭᠤ ᠳᠤ ᠬᠠᠤᠯᠢ ᠴᠠᠭᠠᠵᠠ ᠶᠢᠨ ᠳᠡᠮᠵᠢᠯᠭᠡ ᠬᠠᠩᠭᠠᠵᠤ ᠪᠣᠯᠤᠨ᠎ᠠ᠂ | ᠪᠠᠶᠢᠭᠠᠯᠢ ᠶᠢᠨ ᠡᠬᠢ ᠪᠠᠶᠠᠯᠢᠭ᠂ ᠠᠮᠢ ᠠᠬᠤᠢ ᠶᠢᠨ ᠣᠷᠴᠢᠨ ᠲᠣᠭᠤᠷᠢᠨ᠂ ᠤᠰᠤᠨ ᠤ ᠶᠠᠪᠤᠳᠠᠯ᠂ ᠡᠨᠧᠷᠭᠢ᠂ ᠲᠠᠷᠢᠶᠠᠯᠠᠩ | ᠮᠠᠯ ᠠᠵᠤ ᠠᠬᠤᠢ᠂ ᠤᠢ ᠰᠢᠭᠤᠢ ᠨᠤᠲᠤᠭ ᠪᠡᠯᠴᠢᠭᠡᠷ ᠵᠡᠷᠭᠡ ᠰᠠᠯᠠᠭ᠎ᠠ ᠮᠥᠴᠢᠷ ᠠᠴᠠ ᠪᠠᠶᠢᠴᠠᠭᠠᠬᠤ ᠪᠠᠶᠢᠭᠤᠯᠭ᠎ᠠ ᠶᠢᠨ | ᠣᠷᠴᠢᠨ ᠲᠣᠭᠤᠷᠢᠨ ᠤ ᠢᠷᠭᠡᠨ ᠤ ᠬᠡᠷᠡᠭ ᠤᠨ ᠨᠡᠶᠢᠲᠡ ᠶᠢᠨ ᠠᠰᠠᠷᠠᠮᠵᠢ ᠶᠢᠨ ᠵᠠᠷᠭᠤ ᠬᠢᠬᠦ ᠳᠤ ᠬᠡᠷᠡᠴᠢ ᠮᠠᠲ᠋ᠧᠷᠢᠶᠠᠯ | ᠪᠠ ᠮᠡᠷᠭᠡᠵᠢᠯ ᠤᠨ ᠲᠠᠯ᠎ᠠ ᠶᠢᠨ ᠳᠡᠮᠵᠢᠯᠭᠡ ᠬᠠᠩᠭᠠᠵᠤ ᠪᠣᠯᠤᠨ᠎ᠠ᠃ | ︵ᠨᠠᠢᠮᠠ︶ ᠪᠡᠯᠡ ᠮᠥᠩᠭᠦ ᠶᠢᠨ ᠬᠠᠮᠢᠶᠠᠷᠤᠯᠲᠠ ᠪᠠᠨ ᠴᠢᠩᠭᠠᠳᠬᠠᠬᠤ ᠬᠡᠷᠡᠭᠳᠡᠢ | ᠠᠮᠢ ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠢ ᠵᠠᠰᠠᠨ ᠰᠡᠷᠭᠦᠭᠡᠵᠦ ᠪᠣᠯᠬᠤ ᠬᠡᠷᠡᠭ ᠲᠤ᠂ ᠲᠥᠯᠥᠪᠦᠷᠢ | ᠥᠭᠬᠦ ᠡᠭᠦᠷᠭᠡᠲᠦ ᠬᠥᠮᠦᠨ ᠪᠤᠶᠤ ᠨᠠᠶᠢᠳᠠᠯᠭ᠎ᠠ ᠪᠠᠷ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠬᠦ | ᠭᠤᠷᠪᠠᠳᠤᠭᠠᠷ ᠲᠠᠯ᠎ᠠ ᠶᠢᠨ ᠪᠠᠶᠢᠭᠤᠯᠤᠮᠵᠢ ᠨᠢ ᠵᠠᠰᠠᠨ ᠰᠡᠷᠭᠦᠭᠡᠬᠦ ᠪᠡᠯᠡ ᠮᠥᠩᠭᠦ ᠶᠢᠨ ᠬᠠᠮᠢᠶᠠᠷᠤᠯᠲᠠ ᠪᠠᠨ | ᠴᠢᠩᠭᠠᠳᠬᠠᠵᠤ᠂ ᠲᠥᠯᠥᠪᠦᠷᠢ ᠶᠢᠨ ᠵᠥᠪᠯᠡᠯᠴᠡᠭᠡᠷ ᠪᠤᠶᠤ ᠲᠠᠰᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠠᠮᠢ | ᠠᠬᠤᠢ ᠶᠢᠨ ᠣᠷᠴᠢᠨ ᠲᠣᠭᠤᠷᠢᠨ ᠤ ᠡᠪᠳᠡᠭᠳᠡᠯ ᠢ ᠵᠠᠰᠠᠨ ᠰᠡᠷᠭᠦᠭᠡᠬᠦ ᠠᠵᠢᠯ ᠢ ᠥᠷᠨᠢᠭᠦᠯᠬᠦ ᠬᠡᠷᠡᠭᠲᠡᠢ᠃ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠬᠡᠷᠡᠭ ᠢ ᠵᠠᠰᠠᠨ ᠰᠡᠷᠭᠦᠭᠡᠬᠦ ᠶᠢᠨ | ᠠᠷᠭ᠎ᠠ ᠦᠭᠡᠢ ᠪᠣᠯᠤᠭᠰᠠᠨ ᠪᠠᠶᠢᠪᠠᠯ᠂ ᠲᠥᠯᠥᠪᠦᠷᠢ ᠶᠢᠨ ᠪᠡᠯᠡ ᠮᠥᠩᠭᠦ ᠶᠢ ᠵᠠᠰᠠᠭ ᠤᠨ ᠣᠷᠳᠣᠨ ᠤ ᠭᠠᠶᠢᠯᠢ ᠶᠢᠨ | ᠪᠤᠰᠤ ᠣᠷᠣᠯᠭ᠎ᠠ ᠶᠢᠨ ᠬᠤᠪᠢ ᠪᠠᠷ ᠡᠩ ᠤᠨ ᠤᠯᠠᠨ ᠨᠡᠶᠢᠲᠡ ᠶᠢᠨ ᠲᠥᠰᠦᠪ ᠤᠨ ᠬᠠᠮᠢᠶᠠᠷᠤᠯᠲᠠ ᠳᠤ ᠣᠷᠣᠭᠤᠯᠵᠤ᠂ | ᠠᠳᠠᠯᠢ ᠱᠠᠲᠤᠨ ᠤ ᠤᠯᠤᠰ ᠤᠨ ᠬᠥᠮᠥᠷᠭᠡ ᠳᠤ ᠲᠤᠰᠢᠶᠠᠬᠤ ᠬᠡᠷᠡᠭᠳᠡᠢ᠃ ᠲᠥᠯᠥᠪᠦᠷᠢ ᠶᠢᠨ ᠪᠡᠯᠡ ᠮᠥᠩᠭᠦ ᠶᠢᠨ | ᠬᠠᠮᠢᠶᠠᠷᠤᠯᠲᠠ ᠶᠢ ᠡᠳ᠋ ᠤᠨ ᠵᠠᠰᠠᠭ ᠤᠨ ᠶᠠᠮᠤᠨ ᠬᠤᠯᠪᠤᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ | ᠳᠠᠷᠤᠮᠠᠯᠯᠠᠨ ᠲᠠᠷᠬᠠᠭᠠᠭᠰᠠᠨ ︽ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠪᠠᠶᠢᠭᠤᠯᠤᠮᠵᠢ ᠶᠢ ᠪᠠᠶᠢᠭᠤᠯᠤᠨ ᠪᠦᠷᠢᠨᠰᠢᠭᠦᠯᠬᠦ ᠬᠡᠷᠡᠭᠳᠡᠢ᠃ ᠦᠬᠠᠢ ᠬᠤᠳᠠ ᠶᠢᠨ ᠠᠮᠢ ᠠᠬᠤᠢ ᠶᠢᠨ | ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ | ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠥᠭᠡᠷᠡᠴᠢᠯᠡᠯᠲᠡ ᠶᠢ ᠬᠡᠷᠡᠭᠵᠢᠭᠦᠯᠬᠦ ᠶᠠᠪᠤᠴᠠ ᠳᠠᠬᠢ | ᠭᠤᠣᠯᠳᠠᠯᠭ᠎ᠠ ᠲᠠᠢ᠂ ᠬᠦᠴᠢᠷ ᠠᠰᠠᠭᠤᠳᠠᠯ ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠬᠡᠷᠡᠭᠳᠡᠢ᠃ | ᠬᠤᠲᠠ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ | ᠳᠠᠷᠤᠭ᠎ᠠ ᠶᠢᠨ ᠲᠤᠰᠢᠶᠠᠯ ᠡᠭᠦᠷᠭᠡᠯᠡᠵᠦ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠤᠰᠬᠠᠶ ᠠᠵᠢᠯ ᠤᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠶᠢᠨ ᠲᠤᠰᠢᠶᠠᠯ ᠡᠭᠦᠷᠭᠡᠯᠡᠵᠦ᠂ ᠡᠯ᠎ᠡ ᠲᠣᠭᠤᠷᠢᠭ ᠵᠢᠴᠢ ᠬᠤᠲᠠ ᠶᠢᠨ | ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠷᠠᠳ ᠤᠨ ᠪᠠᠶᠢᠴᠠᠭᠠᠬᠤ ᠬᠤᠷᠢᠶ᠎ᠠ ᠪᠠ ᠬᠤᠲᠠ ᠶᠢᠨ | ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠤᠯᠤᠰ ᠤᠨ | ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠣᠯᠳᠠ ᠶᠢᠨ ᠵᠦᠪᠯᠡᠯ᠂ ᠬᠠᠤᠯᠢ ᠴᠠᠭᠠᠵᠠ ᠶᠢᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ᠂ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ᠂ ᠡᠨᠧᠷᠭᠢ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ | ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ | ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠢᠶᠠᠷ | ᠪᠦᠷᠢᠯᠳᠦᠬᠦᠨ ᠨᠢᠭᠡᠴᠡ ᠪᠣᠯᠭᠠᠨ᠎ᠠ᠃ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠳᠤ ᠪᠠᠶᠢᠷᠢᠯᠠᠭᠤᠯᠵᠤ᠂ ᠬᠤᠯᠪᠤᠭᠳᠠᠯ ᠪᠥᠬᠦᠶ | ᠠᠵᠢᠯ ᠢ ᠵᠣᠬᠢᠴᠠᠭᠤᠯᠤᠨ ᠠᠬᠢᠭᠤᠯᠬᠤ ᠶᠢ ᠬᠠᠷᠢᠭᠤᠴᠠᠭᠤᠯᠵᠤ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ | ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠶᠢᠨ ᠲᠣᠪᠴᠢᠶᠠᠨ ᠳᠠᠷᠤᠭ᠎ᠠ ᠡᠭᠦᠷᠭᠡᠯᠡᠨ᠎ᠡ᠃ | ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠳᠡᠭᠡᠳᠦ ᠬᠡᠮᠵᠢᠶ᠎ᠡ ᠪᠠᠷ | ᠴᠢᠬᠤᠯᠠᠴᠢᠯᠠᠨ ᠦᠵᠡᠵᠦ᠂ ᠤᠳᠤᠷᠢᠳᠤᠯᠭ᠎ᠠ ᠪᠠᠨ ᠴᠢᠩᠭᠠᠳᠬᠠᠨ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠠᠵᠢᠯ ᠤᠨ ᠳᠤᠮᠳᠠ ᠢᠯᠡᠷᠡᠭᠰᠡᠨ ᠬᠦᠴᠢᠷᠳᠡᠯ ᠪᠠ ᠠᠰᠠᠭᠤᠳᠠᠯ ᠢ | ᠴᠠᠭ ᠲᠤᠬᠠᠶ ᠳᠤᠨᠢ ᠰᠤᠳᠤᠯᠤᠨ ᠰᠢᠢᠳᠪᠦᠷᠢᠯᠡᠵᠦ᠂ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠦᠨᠡᠨᠬᠦ | ᠪᠠᠲᠤᠯᠠᠬᠤ ᠬᠡᠷᠡᠭᠲᠡᠶ᠃ | ︵ᠬᠤᠶᠠᠷ︶ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠳᠡᠢ᠃ ᠬᠤᠳᠠ ᠶᠢᠨ | ᠵᠠᠰᠠᠭ ᠤᠨ ᠣᠷᠳᠣᠨ ᠠᠴᠠ ᠪᠦᠬᠦ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠢ ᠨᠢᠭᠡᠳᠦᠯᠳᠡᠢ ᠣᠳᠣᠷᠢᠳᠣᠨ᠎ᠠ᠃ | ᠡᠯ᠎ᠡ ᠲᠤᠭᠤᠷᠢᠭ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠠᠮᠢ ᠠᠬᠤᠢ ᠶᠢᠨ ᠣᠷᠴᠢᠨ ᠲᠣᠭᠤᠷᠢᠨ ᠢ | ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠦᠭᠡᠷᠡᠴᠢᠯᠡᠯᠳᠡ ᠶᠢᠨ ᠠᠵᠢᠯ ᠢ ᠢᠳᠡᠪᠬᠢᠲᠡᠢ | ᠥᠷᠨᠢᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠬᠡᠷᠡᠭ ᠢ ᠵᠠᠷᠯᠠᠬᠤ᠂ | ᠰᠢᠯᠵᠢᠭᠦᠯᠦᠨ ᠬᠦᠷᠭᠡᠬᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠮᠡᠳᠡᠭᠡ ᠵᠠᠩᠭᠢ ᠨᠡᠶᠢᠲᠡᠯᠡᠬᠦ ᠵᠡᠷᠭᠡ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ | 1. ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ ᠬᠤᠯᠪᠤᠭᠳᠠᠯ ᠪᠥᠬᠦᠶ ᠰᠠᠯᠠᠭ᠎ᠠ | ᠮᠥᠴᠢᠷ ᠲᠠᠢ ᠬᠠᠮᠲᠤᠷᠠᠨ ᠪᠥᠬᠦ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠪᠠᠶᠢᠳᠠᠯ ᠢ ᠪᠠᠶᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱᠢᠬᠦ᠂ ᠵᠠᠰᠠᠨ ᠰᠡᠷᠭᠦᠭᠡᠬᠦ ᠲᠥᠰᠦᠯ ᠢ | ᠨᠠᠶᠢᠷᠠᠭᠤᠯᠤᠨ ᠵᠣᠬᠢᠶᠠᠬᠤ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠵᠡᠷᠭᠡ ᠬᠤᠯᠪᠣᠭᠳᠠᠯ ᠪᠥᠬᠦᠶ | ᠠᠵᠢᠯ ᠢ ᠬᠠᠷᠢᠭᠤᠴᠠᠨ ᠵᠢᠯᠣᠭᠤᠳᠤᠨ᠎ᠠ᠃ | 2. ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠢ ᠬᠡᠷᠡᠭ ᠪᠣᠯᠭᠠᠨ ᠳᠠᠩᠰᠠᠯᠠᠬᠤ᠂ ᠰᠢᠭᠦᠬᠦ ᠪᠠ | ᠭᠦᠢᠴᠡᠳᠬᠡᠬᠦ ᠵᠡᠷᠭᠡ ᠠᠵᠢᠯ ᠢ ᠬᠠᠷᠢᠭᠤᠴᠠᠨ᠎ᠠ᠃ | 3. ᠬᠤᠳᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠬᠡᠷᠡᠭ ᠢ ᠪᠠᠶᠢᠴᠠᠭᠠᠬᠤ ᠠᠵᠢᠯ ᠢ ᠬᠠᠷᠢᠭᠤᠴᠠᠨ᠎ᠠ᠃ | 4. ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠮᠢ ᠠᠬᠤᠶ ᠶᠢᠨ ᠣᠷᠴᠢᠨ ᠲᠣᠭᠤᠷᠢᠨ ᠤ | ᠡᠪᠳᠡᠭᠳᠡᠯ ᠢ ᠦᠨᠡᠯᠡᠨ ᠵᠢᠱᠢᠬᠦ᠂ ᠬᠢᠨᠠᠨ ᠲᠣᠭᠲᠠᠭᠠᠬᠤ ᠵᠡᠷᠭᠡ ᠵᠠᠩᠭᠢᠯᠠᠭ᠎ᠠ ᠶᠢᠨ ᠮᠡᠷᠭᠡᠵᠢᠯ ᠳᠤ ᠬᠤᠯᠪᠤᠭᠳᠠᠯ ᠪᠥᠬᠦᠶ | ᠳᠡᠮᠵᠢᠯᠭᠡ ᠦᠵᠡᠭᠦᠯᠬᠦ ᠶᠢ ᠬᠠᠷᠢᠭᠤᠴᠠᠨ᠎ᠠ᠃ | 5. ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠶᠢᠨ ᠲᠥᠯᠥᠪᠦᠷᠢ ᠶᠢ ᠵᠥᠪᠳᠡᠯᠴᠡᠬᠦ᠂ ᠵᠠᠷᠭᠤᠯᠳᠤᠬᠤ ᠵᠡᠷᠭᠡ ᠬᠤᠯᠪᠤᠭᠳᠠᠯ ᠪᠥᠬᠦᠶ | ᠬᠠᠤᠯᠢ ᠲᠦᠷᠢᠮ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠶᠢᠨ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠪᠠᠶᠢᠭᠤᠯᠤᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠠᠵᠢᠯᠯᠠᠭ᠎ᠠ ᠠᠴᠠ ᠪᠣᠯᠵᠣ ᠬᠠᠤᠯᠢ ᠶᠣᠰᠣᠨ ᠤ ᠡᠷᠬᠡ ᠠᠰᠢᠭ ᠨᠢ ᠬᠠᠯᠳᠠᠯᠭ᠎ᠠ ᠳᠤ ᠤᠴᠠᠷᠠᠭᠰᠠᠨ ᠬᠠᠤᠯᠢ | ᠴᠠᠭᠠᠵᠠ ᠶᠢᠨ ᠲᠤᠰᠠᠯᠠᠮᠵᠢ ᠦᠵᠡᠭᠦᠯᠬᠦ ᠨᠥᠬᠦᠴᠡᠯ ᠳᠤ ᠨᠡᠶᠢᠴᠡᠭᠰᠡᠨ ᠠᠷᠠᠳ ᠢᠷᠭᠡᠳ ᠲᠤ ᠬᠠᠤᠯᠢ ᠴᠠᠭᠠᠵᠠ ᠶᠢᠨ | ᠲᠤᠰᠠᠯᠠᠮᠵᠢ ᠬᠠᠩᠭᠠᠨ᠎ᠠ᠃ | 6. ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠪᠡᠯᠡ ᠮᠥᠩᠭᠦ ᠶᠢᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠎ᠠ᠃ | 7. ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠭᠠᠵᠠᠷ ᠰᠢᠷᠣᠶ ᠶᠢᠨ ᠡᠬᠢ ᠪᠠᠶᠠᠯᠢᠭ᠂ ᠨᠡᠭᠦᠷᠡᠰᠦᠨ ᠤ | ᠪᠤᠰᠤ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ᠂ ᠠᠯᠳᠠᠷᠲᠤ ᠦᠵᠡᠮᠵᠢ ᠶᠢᠨ ᠣᠷᠣᠨ ᠵᠡᠷᠭᠡ ᠳᠤ | ᠬᠤᠯᠪᠣᠭᠳᠠᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠪᠣᠳᠠᠲᠠᠶ | ᠠᠵᠢᠯ ᠢ ᠵᠣᠬᠢᠶᠠᠨ ᠪᠠᠶᠢᠭᠤᠯᠵᠤ᠂ ᠡᠭᠦᠨ ᠤ ᠬᠠᠮᠲᠤ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠮᠠᠨ ᠤ ᠬᠤᠲᠠ ᠶᠢᠨ | ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠣᠢ ᠰᠢᠭᠤᠢ᠂ ᠨᠤᠲᠤᠭ ᠪᠡᠯᠴᠢᠭᠡᠷ᠂ ᠨᠤᠭᠤ ᠭᠠᠵᠠᠷ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠡᠭᠡ ᠬᠠᠭᠤᠷᠠᠢ ᠶᠢᠨ ᠬᠡᠭᠡᠷ᠎ᠡ ᠶᠢᠨ ᠠᠮᠢᠲᠠᠨ ᠤᠷᠭᠤᠮᠠᠯ ᠤᠨ ᠡᠬᠢ ᠪᠠᠶᠠᠯᠢᠭ ᠵᠡᠷᠭᠡ ᠳᠤ | ᠬᠤᠯᠪᠣᠭᠳᠠᠭᠰᠠᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ | ᠪᠣᠳᠠᠲᠠᠢ ᠠᠵᠢᠯ ᠢ ᠵᠣᠬᠢᠶᠠᠨ ᠪᠠᠶᠢᠭᠤᠯᠤᠨ᠎ᠠ᠃ | 8. ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ | ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠦᠭᠡᠭᠡᠯ ᠤᠰᠤᠨ ᠤ ᠦᠢᠯᠡᠳᠪᠦᠷᠢ᠂ | ᠬᠤᠲᠠ ᠪᠠᠯᠭᠠᠰᠤ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠪᠠ ᠬᠤᠲᠠ ᠪᠠᠯᠭᠠᠰᠤ ᠶᠢᠨ ᠤᠰᠤ ᠵᠠᠯᠠᠬᠤ᠂ | ᠠᠮᠢᠳᠤᠷᠠᠯ ᠤᠨ ᠬᠤᠭ ᠨᠣᠪᠰᠢ᠂ ᠪᠠᠷᠢᠯᠭ᠎ᠠ ᠶᠢᠨ ᠬᠤᠭ ᠨᠣᠪᠰᠢ ᠵᠡᠷᠭᠡ ᠳᠤ ᠬᠤᠯᠪᠣᠭᠳᠠᠭᠰᠠᠨ ᠠᠮᠢ ᠠᠬᠤᠶ ᠶᠢᠨ | ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠦᠯᠦᠪᠦᠷᠢ ᠶᠢᠨ ᠪᠣᠳᠠᠲᠠᠶ ᠠᠵᠢᠯ ᠢ ᠵᠣᠬᠢᠶᠠᠨ ᠪᠠᠶᠢᠭᠤᠯᠤᠨ᠎ᠠ᠃ | 9. ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠯᠠᠩ ᠳᠤ ᠬᠡᠷᠡᠭᠯᠡᠬᠦ ᠭᠠᠵᠠᠷ᠂ ᠲᠠᠷᠢᠶᠠᠯᠠᠩ ᠮᠠᠯ | ᠠᠵᠤ ᠠᠬᠤᠶ ᠶᠢᠨ ᠠᠮᠢᠳᠤ ᠪᠣᠳᠠᠰ᠂ ᠲᠠᠷᠢᠶᠠᠯᠠᠩ ᠤᠨ ᠡᠬᠢ ᠪᠠᠶᠠᠯᠢᠭ᠂ ᠲᠠᠷᠢᠶᠠᠯᠠᠩ ᠤᠨ ᠣᠷᠴᠢᠨ ᠲᠣᠭᠤᠷᠢᠨ᠂ | ᠵᠢᠭᠠᠰᠤᠨ ᠠᠵᠤ ᠠᠬᠤᠶ ᠶᠢᠨ ᠤᠰᠤᠨ ᠣᠷᠣᠨ ᠵᠡᠷᠭᠡ ᠳᠤ ᠬᠤᠯᠪᠣᠭᠳᠠᠭᠰᠠᠨ ᠠᠮᠢ ᠠᠬᠤᠶ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠦᠯᠦᠪᠦᠷᠢ ᠶᠢᠨ ᠪᠣᠳᠠᠲᠠᠶ ᠠᠵᠢᠯ ᠢ ᠵᠣᠬᠢᠶᠠᠨ ᠪᠠᠶᠢᠭᠤᠯᠤᠨ᠎ᠠ᠃ | 10. ᠬᠤᠳᠠ ᠶᠢᠨ ᠤᠰᠤᠨ ᠤ ᠶᠠᠪᠤᠳᠠᠯ ᠤᠨ ᠲᠤᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠮᠠᠨ ᠤ | ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠤᠰᠤᠨ ᠤ ᠡᠬᠢ ᠪᠠᠶᠠᠯᠢᠭ ᠢ ᠨᠡᠭᠡᠭᠡᠨ ᠮᠠᠯᠲᠠᠭᠰᠠᠨ ᠠᠴᠠ | ᠪᠤᠯᠵᠤ ᠠᠮᠢ ᠠᠬᠤᠢ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠵᠡᠷᠭᠡ ᠠᠮᠢ ᠠᠬᠤᠢ ᠶᠢᠨ ᠣᠷᠴᠢᠨ | ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠪᠣᠳᠠᠲᠠᠢ ᠠᠵᠢᠯ ᠢ ᠵᠣᠬᠢᠶᠠᠨ ᠪᠠᠶᠢᠭᠤᠯᠤᠨ᠎ᠠ᠃ | 11. ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠮᠠᠨ ᠤ ᠬᠤᠳᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠨᠡᠭᠦᠷᠡᠰᠦ᠂ ᠴᠠᠬᠢᠯᠭᠠᠨ ᠬᠦᠴᠦ ᠵᠡᠷᠭᠡ ᠳᠤ | ᠬᠤᠯᠪᠣᠭᠳᠠᠭᠰᠠᠨ ᠠᠮᠢ ᠠᠬᠤᠶ ᠶᠢᠨ ᠣᠷᠴᠢᠨ ᠲᠤᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ | ᠪᠣᠳᠠᠲᠠᠶ ᠠᠵᠢᠯ ᠢ ᠵᠣᠬᠢᠶᠠᠨ ᠪᠠᠶᠢᠭᠤᠯᠤᠨ᠎ᠠ᠃ | 12. ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠶᠣᠰᠣᠭᠠᠷ | ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠶᠤᠯᠲᠠᠶ ᠬᠢᠮᠢ ᠶᠢᠨ ᠪᠣᠳᠠᠰ᠂ ᠠᠶᠤᠯᠲᠠᠶ | ᠬᠠᠶᠠᠭᠳᠠᠮᠠᠯ ᠪᠣᠳᠠᠰ ᠤᠨ ᠵᠠᠮ ᠪᠠ ᠤᠰᠤᠨ ᠵᠠᠮ ᠤᠨ ᠲᠡᠭᠡᠭᠡᠪᠦᠷᠢ ᠶᠢᠨ ᠶᠠᠪᠤᠴᠠ ᠳᠤ ᠬᠤᠯᠪᠣᠭᠳᠠᠭᠰᠠᠨ ᠵᠠᠮ | ᠬᠠᠷᠢᠯᠴᠠᠭᠠᠨ ᠤ ᠠᠮᠤᠷ ᠲᠦᠪᠰᠢᠨ ᠤ ᠠᠳᠡᠯ ᠠᠴᠠ ᠪᠣᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠢ | ᠬᠤᠬᠢᠷᠠᠭᠤᠯᠤᠭᠰᠠᠨ ᠵᠡᠷᠭᠡ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠪᠣᠳᠠᠲᠠᠶ | ᠠᠵᠢᠯ ᠢ ᠵᠣᠬᠢᠶᠠᠨ ᠪᠠᠶᠢᠭᠤᠯᠤᠨ᠎ᠠ᠃ | 13. ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠡᠭᠦᠷᠭᠡ | ᠬᠠᠷᠢᠭᠤᠴᠠᠯᠭ᠎ᠠ ᠶᠢᠨ ᠶᠣᠰᠣᠭᠠᠷ ᠮᠠᠨ ᠤ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠠᠮᠤᠷ | ᠲᠦᠪᠰᠢᠨ ᠤ ᠠᠳᠡᠯ ᠠᠴᠠ ᠪᠣᠯᠤᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠵᠡᠷᠭᠡ ᠳᠤ | ᠬᠤᠯᠪᠣᠭᠳᠠᠭᠰᠠᠨ ᠠᠮᠢ ᠠᠬᠤᠶ ᠶᠢᠨ ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠶᠢᠨ ᠪᠣᠳᠠᠲᠠᠶ ᠠᠵᠢᠯ ᠢ | ᠵᠣᠬᠢᠶᠠᠨ ᠪᠠᠶᠢᠭᠤᠯᠤᠨ᠎ᠠ᠃ | 14. ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠡᠭᠦᠷᠭᠡ ᠬᠠᠷᠢᠭᠤᠴᠠᠯᠭ᠎ᠠ ᠶᠢᠨ | ᠶᠣᠰᠣᠭᠠᠷ ᠤᠯᠤᠰ ᠤᠨ ᠪᠠ ᠲᠣᠰ ᠬᠤᠲᠠ ᠶᠢᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠲᠥᠷᠥ ᠶᠢᠨ | ᠪᠣᠳᠣᠯᠭ᠎ᠠ ᠳᠤ ᠨᠡᠶᠢᠴᠡᠬᠦ ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠭᠰᠡᠨ ᠢ ᠰᠡᠷᠭᠦᠭᠡᠬᠦ ᠲᠥᠷᠥᠯ ᠵᠦᠢᠯ ᠳᠤ | ᠳᠡᠮᠵᠢᠯᠭᠡ ᠦᠵᠡᠭᠦᠯᠦᠨ᠎ᠡ᠃ | 15. ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠮᠢ ᠠᠬᠤᠶ ᠶᠢᠨ ᠣᠷᠴᠢᠨ | ᠲᠣᠭᠤᠷᠢᠨ ᠤ ᠲᠣᠪᠴᠢᠶ᠎ᠠ ᠡᠯ᠎ᠡ ᠭᠠᠵᠠᠷ ᠤᠨ ᠣᠷᠴᠢᠨ ᠲᠣᠭᠤᠷᠢᠨ ᠤ ᠡᠷᠡᠭᠦᠯ ᠮᠡᠨᠳᠦ ᠶᠢᠨ ᠠᠰᠠᠭᠤᠳᠠᠯ ᠳᠤ | ᠪᠠᠶᠢᠴᠠᠭᠠᠨ ᠰᠤᠳᠤᠯᠤᠯᠲᠠ ᠬᠢᠬᠦ ᠪᠤᠶᠤ ᠣᠷᠣᠨ ᠨᠤᠲᠤᠭ ᠢ ᠵᠢᠯᠣᠭᠤᠳᠤᠨ ᠪᠠᠶᠢᠴᠠᠭᠠᠨ ᠰᠤᠳᠤᠯᠤᠯᠲᠠ ᠥᠷᠨᠢᠭᠦᠯᠵᠦ᠂ | ᠣᠷᠴᠢᠨ ᠲᠣᠭᠤᠷᠢᠨ ᠬᠢᠭᠡᠳ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠨ ᠬᠡᠮᠵᠢᠯᠲᠡ ᠬᠢᠭᠡᠳ ᠲᠦᠭᠰᠢᠭᠦᠷᠢ ᠶᠢᠨ | ᠦᠨᠡᠯᠡᠨ ᠵᠢᠱᠢᠯᠲᠡ ᠪᠠᠨ ᠴᠢᠩᠭᠠᠳᠬᠠᠨ᠎ᠠ᠃ | ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ | ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠳᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠪᠡᠶ᠎ᠡ ᠲᠠᠮᠢᠷ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠤᠳ ᠠᠵᠢᠯ ᠤᠨ ᠡᠭᠦᠷᠭᠡ ᠬᠠᠷᠢᠭᠤᠴᠠᠯᠭ᠎ᠠ ᠪᠠ | ᠬᠠᠮᠢᠶᠠᠷᠤᠯᠲᠠ ᠶᠢᠨ ᠬᠦᠷᠢᠶ᠎ᠡ ᠬᠡᠪᠴᠢᠶ᠎ᠡ ᠪᠠᠨ ᠦᠨᠳᠦᠰᠦᠯᠡᠨ ᠲᠣᠰ ᠲᠣᠰ ᠤᠨ ᠬᠠᠷᠢᠭᠤᠴᠠᠯᠭ᠎ᠠ ᠪᠠᠨ ᠡᠭᠦᠷᠭᠡᠯᠡᠵᠦ᠂ | ᠠᠮᠢ ᠠᠬᠤᠶ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠬᠤᠯᠪᠣᠭᠳᠠᠯ ᠪᠥᠬᠦᠶ | ᠠᠵᠢᠯ ᠢ ᠰᠠᠶᠢᠲᠤᠷ ᠥᠷᠨᠢᠭᠦᠯᠬᠦ ᠬᠡᠷᠡᠭᠲᠡᠶ᠃ | ᠡᠯ᠎ᠡ ᠲᠣᠭᠤᠷᠢᠭ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠪᠠ ᠣᠷᠴᠢᠨ ᠲᠣᠭᠤᠷᠢᠨ ᠤ | ᠨᠡᠶᠢᠲᠡ ᠶᠢᠨ ᠠᠰᠠᠷᠠᠮᠵᠢ ᠶᠢᠨ ᠵᠠᠷᠭᠤ ᠶᠢᠨ ᠪᠠᠶᠢᠴᠠᠭᠠᠵᠤ ᠭᠡᠷᠡᠴᠢ ᠠᠪᠬᠤ ᠵᠡᠷᠭᠡ ᠠᠵᠢᠯ ᠳᠤ ᠢᠳᠡᠪᠬᠢᠲᠡᠢ | ᠬᠠᠮᠵᠢᠯᠴᠠᠬᠤ ᠬᠡᠷᠡᠭᠲᠡᠢ᠃ | ︵ᠭᠤᠷᠪᠠ︶ ᠵᠠᠷᠤᠳᠠᠯ ᠤᠨ ᠪᠠᠲᠤᠯᠠᠭ᠎ᠠ ᠪᠠᠨ ᠨᠠᠶᠢᠳᠠᠪᠤᠷᠢᠵᠢᠭᠤᠯᠬᠤ ᠬᠡᠷᠡᠭᠳᠡᠢ᠃ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠲᠦᠷᠢᠮ ᠤᠨ ᠥᠭᠡᠷᠡᠴᠢᠯᠡᠯᠲᠡ ᠶᠢᠨ ᠠᠵᠢᠯ ᠳᠤ | ᠬᠡᠷᠡᠭᠰᠡᠬᠦ ᠵᠠᠷᠤᠳᠠᠯ ᠢ ᠲᠤᠰ ᠱᠠᠲᠤᠨ ᠤ ᠡᠳ᠋ ᠤᠨ ᠵᠠᠰᠠᠭ ᠠᠴᠠ ᠲᠤᠬᠢᠷᠠᠭᠤᠯᠬᠤ ᠬᠡᠷᠡᠭᠳᠡᠢ᠃ | ︵ᠳᠥᠷᠪᠡ︶ ᠰᠢᠯᠭᠠᠨ ᠬᠢᠨᠠᠵᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠳᠡᠢ᠃ ᠡᠯ᠎ᠡ ᠲᠣᠭᠤᠷᠢᠭ ᠤᠨ | ᠵᠠᠰᠠᠭ ᠤᠨ ᠣᠷᠳᠣᠨ ᠪᠣᠯᠤᠨ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠥᠭᠡᠷᠡᠴᠢᠯᠡᠯᠲᠡ ᠶᠢᠨ ᠶᠠᠪᠤᠴᠠ ᠳᠤ᠂ | ᠲᠤᠷᠰᠢᠯᠭ᠎ᠠ ᠪᠠᠨ ᠴᠠᠭ ᠲᠤᠬᠠᠶ ᠳᠤᠨᠢ ᠳ᠋ᠦᠩᠨᠡᠵᠦ᠂ ᠬᠤᠯᠪᠤᠭᠳᠠᠯ ᠪᠦᠬᠦᠢ ᠲᠦᠷᠢᠮ ᠢᠶᠠᠨ ᠲᠡᠭᠦᠯᠳᠡᠷᠵᠢᠭᠦᠯᠬᠦ | ᠬᠡᠷᠡᠭᠲᠡᠶ᠃ ᠡᠯ᠎ᠡ ᠲᠣᠭᠤᠷᠢᠭ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠤᠭᠳᠠᠯ ᠪᠦᠬᠦᠢ ᠰᠠᠯᠠᠭ᠎ᠠ | ᠮᠥᠴᠢᠷ ᠤᠨ ᠬᠢᠨ ᠵᠢᠯ ᠪᠦᠷᠢ ᠶᠢᠨ 1 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠡᠭᠡᠷ᠎ᠡ ᠵᠢᠯ ᠤᠨ ᠲᠤᠰ ᠵᠠᠰᠠᠭ | ᠵᠠᠬᠢᠷᠭᠠᠨ ᠤ ᠣᠷᠣᠨ᠂ ᠲᠤᠰ ᠰᠠᠯᠠᠭ᠎ᠠ ᠮᠥᠴᠢᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠤᠨ ᠪᠠᠶᠢᠳᠠᠯ ᠢᠶᠠᠨ ᠬᠤᠲᠠ ᠶᠢᠨ | ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠤᠨ | ᠥᠭᠡᠷᠡᠴᠢᠯᠡᠯᠲᠡ ᠶᠢᠨ ᠲᠤᠰᠬᠠᠢ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠮᠡᠳᠡᠭᠦᠯᠦᠨ ᠬᠦᠷᠭᠡᠬᠦ | ᠬᠡᠷᠡᠭᠲᠡᠢ᠃ | ᠡᠯ᠎ᠡ ᠲᠣᠭᠤᠷᠢᠭ ᠤᠨ ᠵᠠᠰᠠᠭ ᠤᠨ ᠣᠷᠳᠣᠨ ᠪᠣᠯᠤᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠬᠢᠨ | ᠬᠤᠯᠪᠣᠭᠠᠴᠢᠨ ᠤ ᠳᠦᠷᠢᠮ ᠢ ᠪᠠᠶᠢᠭᠤᠯᠵᠤ᠂ ᠲᠤᠰᠬᠠᠢ ᠬᠥᠮᠦᠨ ᠵᠢᠭᠠᠨ ᠲᠣᠭᠲᠠᠭᠠᠵᠤ ᠮᠡᠳᠡᠭᠡ ᠵᠠᠩᠭᠢ ᠶᠢᠨ ᠮᠠᠲ᠋ᠧᠷᠢᠶᠠᠯ | ᠴᠤᠭᠯᠠᠭᠤᠯᠬᠤ ᠶᠢ ᠬᠠᠷᠢᠭᠤᠴᠠᠭᠤᠯᠵᠤ᠂ ᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠳᠦᠷᠢᠮ ᠤᠨ ᠥᠭᠡᠷᠡᠴᠢᠯᠡᠯᠲᠡ ᠶᠢᠨ ᠲᠤᠰᠬᠠᠢ ᠠᠵᠢᠯ ᠤᠨ ᠤᠳᠤᠷᠢᠳᠬᠤ | ᠳᠤᠭᠤᠶᠢᠯᠠᠩ ᠳᠤ ᠠᠵᠢᠯ ᠤᠨ ᠪᠠᠶᠢᠳᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠳᠠ ᠶᠢᠨ ᠵᠠᠰᠠᠭ ᠤᠨ ᠣᠷᠳᠣᠨ ᠤ ᠬᠢᠨᠠᠨ ᠪᠠᠶᠢᠴᠠᠭᠠᠬᠤ ᠲᠠᠰᠤᠭ ᠠᠴᠠ ᠡᠯ᠎ᠡ ᠲᠣᠭᠤᠷᠢᠭ ᠪᠣᠯᠤᠨ ᠡᠯ᠎ᠡ | ᠬᠤᠯᠪᠤᠭᠳᠠᠯ ᠪᠦᠬᠦᠢ ᠰᠠᠯᠠᠭ᠎ᠠ ᠮᠥᠴᠢᠷ ᠤᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠠᠵᠢᠯ ᠢ ᠥᠷᠨᠢᠭᠦᠯᠦᠭᠰᠡᠨ ᠪᠠᠶᠢᠳᠠᠯ ᠢ ᠮᠥᠷᠳᠡᠨ ᠬᠢᠨᠠᠨ ᠪᠠᠶᠢᠴᠠᠭᠠᠬᠤ ᠶᠢ ᠬᠠᠷᠢᠭᠤᠴᠠᠨ᠎ᠠ᠃ | ︵ᠲᠠᠪᠤ︶ ᠱᠠᠩᠨᠠᠵᠤ ᠲᠣᠷᠭᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠳᠡᠢ᠃ ᠠᠮᠢ ᠠᠬᠤᠢ ᠶᠢᠨ ᠣᠷᠴᠢᠨ | ᠲᠣᠭᠤᠷᠢᠨ ᠢ ᠡᠪᠳᠡᠵᠦ ᠬᠤᠬᠢᠷᠠᠭᠤᠯᠤᠭᠰᠠᠨ ᠲᠥᠯᠥᠪᠦᠷᠢ ᠶᠢᠨ ᠠᠵᠢᠯ ᠤᠨ ᠳᠤᠮᠳᠠ᠂ ᠢᠯᠡᠳᠲᠡ ᠠᠮᠵᠢᠯᠲᠠ | ᠪᠦᠲᠦᠮᠵᠢ ᠲᠠᠢ ᠨᠢᠭᠡᠴᠡ ᠪᠤᠶᠤ ᠬᠤᠪᠢ ᠬᠥᠮᠦᠨ᠂ ᠲᠥᠯᠥᠪᠦᠷᠢ ᠠᠪᠬᠤ ᠡᠷᠬᠡᠲᠦ ᠬᠥᠮᠦᠨ ᠵᠢᠴᠢ ᠲᠡᠭᠦᠨ ᠤ ᠵᠢᠭᠠᠨ | ᠲᠣᠭᠲᠠᠭᠠᠭᠰᠠᠨ ᠰᠠᠯᠠᠭ᠎ᠠ ᠮᠥᠴᠢᠷ ᠪᠤᠶᠤ ᠪᠠᠶᠢᠭᠤᠯᠤᠮᠵᠢ ᠶᠢ ᠱᠠᠩᠨᠠᠨ ᠬᠥᠬᠢᠭᠦᠯᠦᠨ᠎ᠡ᠃ | ᠲᠥᠯᠥᠪᠦᠷᠢ ᠶᠢᠨ ᠡᠷᠬᠡᠲᠦ ᠬᠥᠮᠦᠨ ᠵᠢᠴᠢ ᠲᠡᠭᠦᠨ ᠤ ᠵᠢᠭᠠᠨ ᠲᠣᠭᠲᠠᠭᠠᠭᠰᠠᠨ ᠰᠠᠯᠠᠭ᠎ᠠ ᠮᠥᠴᠢᠷ ᠪᠤᠶᠤ | ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠠᠵᠢᠯᠳᠠᠨ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠲᠥᠯᠥᠪᠦᠷᠢ ᠶᠢᠨ ᠠᠵᠢᠯ ᠤᠨ ᠳᠤᠮᠳᠠ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ | ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ | ᠪᠠᠶᠢᠳᠠᠯ ᠣᠷᠣᠰᠢᠵᠤ ᠪᠠᠶᠢᠪᠠᠯ᠂ ᠰᠠᠬᠢᠯᠭ᠎ᠠ ᠪᠠᠲᠤ ᠬᠠᠤᠯᠢ ᠴᠠᠭᠠᠵᠠ ᠶᠢᠨ ᠶᠣᠰᠣᠭᠠᠷ ᠬᠠᠷᠢᠭᠤᠴᠠᠯᠭ᠎ᠠ ᠨᠡᠬᠡᠮᠵᠢᠯᠡᠨ᠎ᠡ᠃ | ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠢᠨᠠᠨ ᠪᠠᠶᠢᠴᠠᠭᠠᠬᠤ ᠪᠠᠶᠢᠭᠤᠯᠭ᠎ᠠ᠂ ᠬᠠᠤᠯᠢ ᠴᠠᠭᠠᠵᠠ ᠶᠢᠨ ᠪᠠᠶᠢᠭᠤᠯᠭ᠎ᠠ ᠳᠤ | ᠰᠢᠯᠵᠢᠭᠦᠯᠦᠨ ᠬᠦᠷᠭᠡᠬᠦ ᠬᠡᠷᠡᠭᠲᠡᠶ᠃ | ︵ᠵᠢᠷᠭᠤᠭ᠎ᠠ︶ ᠣᠯᠠᠨ ᠨᠡᠶᠢᠲᠡ ᠶᠢᠨ ᠣᠷᠣᠯᠴᠠᠬᠤ ᠶᠢ ᠵᠣᠷᠢᠭᠵᠢᠭᠤᠯᠬᠤ ᠬᠡᠷᠡᠭᠳᠡᠢ᠃ ᠤᠯᠠᠨ ᠨᠡᠶᠢᠲᠡ ᠶᠢᠨ | ᠣᠷᠣᠯᠴᠠᠬᠤ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠲᠧᠯᠸᠢᠰ᠂ ᠰᠣᠨᠢᠨ ᠪᠠ ᠰᠢᠨ᠎ᠡ ᠵᠠᠭᠤᠴᠢᠯᠠᠭᠤᠷ ᠵᠡᠷᠭᠡ | ᠠᠴᠢᠶᠠᠯᠠᠪᠤᠷᠢ ᠶᠢ ᠭᠦᠢᠴᠡᠳ ᠠᠰᠢᠭᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ ᠬᠤᠬᠢᠷᠠᠭᠤᠯᠤᠭᠰᠠᠨ | ᠲᠥᠯᠥᠪᠦᠷᠢ ᠶᠢᠨ ᠬᠤᠯᠪᠣᠭᠳᠠᠯ ᠪᠦᠬᠦᠢ ᠬᠠᠤᠯᠢ ᠳᠦᠷᠢᠮ ᠢ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ︽ᠬᠡᠨ | ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ︾ ᠬᠠᠤᠯᠢ ᠴᠠᠭᠠᠵᠠ ᠶᠢᠨ | ᠮᠡᠳᠡᠯᠭᠡ ᠶᠢ ᠲᠦᠭᠡᠮᠡᠯᠵᠢᠭᠦᠯᠬᠦ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠵᠤ᠂ ᠠᠮᠢ ᠠᠬᠤᠢ ᠶᠢ ᠬᠠᠮᠠᠭᠠᠯᠠᠬᠤ᠂ | ᠬᠤᠬᠢᠷᠠᠭᠤᠯᠪᠠᠯ ᠵᠠᠪᠠᠯ ᠲᠥᠯᠥᠬᠦ ᠣᠶᠢᠯᠠᠭᠠᠭᠳᠠᠬᠤᠨ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠳᠡᠢ᠃ ᠲᠤᠰᠬᠠᠢ | ᠮᠡᠷᠭᠡᠵᠢᠯᠲᠡᠨ ᠪᠠ ᠠᠰᠢᠭ ᠲᠤᠰᠠ ᠳᠤ ᠬᠤᠯᠪᠣᠭᠳᠠᠬᠤ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ | ᠵᠣᠬᠢᠶᠠᠨ ᠪᠠᠶᠢᠭᠤᠯᠤᠯᠲᠠ ᠶᠢ ᠤᠷᠢᠵᠤ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠬᠦ ᠪᠤᠶᠤ ᠲᠥᠯᠥᠪᠦᠷᠢ | ᠥᠭᠬᠦ ᠵᠥᠪᠳᠡᠯᠴᠡᠭᠡᠨ ᠤ ᠠᠵᠢᠯ ᠳᠤ ᠣᠷᠣᠯᠴᠠᠭᠤᠯᠵᠤ᠂ ᠤᠯᠠᠨ ᠨᠡᠶᠢᠲᠡ ᠶᠢᠨ ᠰᠠᠨᠠᠯ ᠢ ᠬᠠᠷᠢᠭᠤ ᠲᠤᠰᠬᠠᠵᠤ | ᠰᠢᠢᠳᠪᠦᠷᠢᠯᠡᠬᠦ ᠪᠠᠨ ᠴᠢᠩᠭᠠᠳᠬᠠᠬᠤ ᠬᠡᠷᠡᠭᠳᠡᠢ᠃ ᠠᠮᠢ ᠠᠬᠤᠢ ᠶᠢᠨ ᠣᠷᠴᠢᠨ ᠲᠣᠭᠤᠷᠢᠨ ᠢ ᠡᠪᠳᠡᠵᠦ | ᠬᠤᠬᠢᠷᠠᠭᠤᠯᠤᠭᠰᠠᠨ ᠠᠵᠢᠯᠯᠠᠭ᠎ᠠ ᠶᠢ ᠪᠠᠶᠢᠴᠠᠭᠠᠬᠤ᠂ ᠬᠢᠨᠠᠨ ᠲᠣᠭᠲᠠᠭᠠᠵᠤ ᠦᠨᠡᠯᠡᠨ ᠵᠢᠱᠢᠬᠦ᠂ ᠲᠥᠯᠥᠪᠦᠷᠢ ᠥᠭᠬᠦ᠂ | ᠵᠠᠷᠭᠤ ᠶᠢᠨ ᠲᠠᠰᠤᠯᠤᠯᠲᠠ ᠶᠢᠨ ᠪᠢᠴᠢᠭ ᠬᠠᠷ᠎ᠠ ᠪᠠ ᠠᠮᠢ ᠠᠬᠤᠢ ᠶᠢᠨ ᠣᠷᠴᠢᠨ ᠲᠣᠭᠤᠷᠢᠨ ᠢ ᠵᠠᠰᠠᠨ ᠰᠡᠷᠭᠦᠭᠡᠭᠰᠡᠨ | ᠦᠷ᠎ᠡ ᠪᠦᠲᠦᠮᠵᠢ ᠶᠢᠨ ᠮᠡᠳᠡᠭᠦᠯᠦᠯᠲᠡ ᠵᠡᠷᠭᠡ ᠮᠡᠳᠡᠭᠡ ᠵᠠᠩᠭᠢ ᠶᠢ ᠬᠠᠤᠯᠢ ᠶᠣᠰᠣᠭᠠᠷ ᠢᠯᠡ ᠪᠣᠯᠭᠠᠵᠤ᠂ ᠤᠯᠠᠨ | ᠨᠡᠶᠢᠲᠡ ᠶᠢᠨ ᠪᠠᠶᠢᠳᠠᠯ ᠢ ᠮᠡᠳᠡᠬᠦ ᠡᠷᠬᠡ ᠶᠢ ᠪᠠᠲᠤᠯᠠᠬᠤ ᠬᠡᠷᠡᠭᠳᠡᠢ᠃ | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ | ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠴᠡᠷᠢᠭ ᠤᠨ ᠬᠤᠪᠢᠶᠠᠷᠢ ᠲᠤᠭᠤᠷᠢᠭ᠂ ᠬᠤᠲᠠ ᠶᠢᠨ ᠰᠠᠬᠢᠯᠭ᠎ᠠ | ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ | ᠬᠤᠷᠢᠶ᠎ᠠ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ᠃ | ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | 2021 ᠣᠨ ᠤ 11 ᠰᠠᠷ᠎ᠠ ᠶᠢᠨ 30 ᠤ ᠡᠳᠦᠷ ᠳᠠᠷᠤᠮᠠᠯᠯᠠᠨ ᠲᠠᠷᠬᠠᠭᠠᠪᠠ |