ᠬᠠᠲᠤᠨ ᠭᠤᠤᠯ ᠤᠨ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠬᠠᠷᠢᠭᠤᠴᠠᠯᠭ᠎ᠠ ᠶᠢ ᠡᠭᠦᠷᠭᠡᠯᠡᠨ᠂ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠨ᠎ᠠ
ᠨᠡᠶᠢᠲᠡᠯᠡᠭᠰᠡᠨ ᠴᠠᠭ᠄
2021/12/31
     — ᠦᠬᠠᠶ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠶᠠᠩ ᠶᠢᠨ ᠢ ᠰᠤᠷᠪᠤᠯᠵᠢᠯᠠᠭᠰᠠᠨ ᠨᠢ        ︽ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠶᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠪᠣᠯ ᠮᠠᠨ ᠤ ᠣᠷᠣᠨ ᠤ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠵᠠᠩᠭᠢᠯᠠᠭ᠎ᠠ ᠶᠢᠨ ᠬᠤᠭᠤᠴᠠᠭᠠᠨ ᠳᠤ ᠬᠤᠷᠠᠯᠳᠤᠭᠤᠯᠤᠭᠰᠠᠨ ᠨᠢᠭᠡ ᠤᠳᠠᠭᠠᠨ ᠤ ᠴᠢᠬᠤᠯᠠ ᠬᠤᠷᠠᠯ ᠪᠣᠯᠤᠨ᠎ᠠ᠂ ᠢᠯᠠᠩᠭᠤᠶ᠎ᠠ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠪᠢᠳᠡ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ︾ ᠭᠡᠵᠦ ᠦᠬᠠᠢ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠬᠡᠯᠡᠪᠡ᠃      ᠶᠠᠩ ᠶᠢᠨ ᠢᠯᠡᠷᠭᠡᠶᠢᠯᠡᠭᠰᠡᠨ ᠨᠢ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠣᠯ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ ᠥᠨᠢᠳᠡ ᠶᠢᠨ ᠶᠡᠭᠡ ᠪᠣᠳᠣᠯᠭ᠎ᠠ᠂ ᠥᠨᠢᠳᠡ ᠶᠢᠨ ᠶᠡᠭᠡ ᠦᠢᠯᠡᠰ ᠮᠥᠨ᠃ ᠡᠨᠡ ᠣᠳᠠᠭᠠᠨ ᠤ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠳᠡᠭᠡᠷ᠎ᠡ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠭᠦᠨᠵᠡᠭᠡᠢ ᠠᠬᠢᠭᠤᠯᠬᠤ ᠲᠤᠬᠠᠢ ᠲᠤᠰᠬᠠᠶᠢᠯᠠᠨ ᠪᠠᠶᠢᠷᠢᠯᠠᠭᠤᠯᠤᠯᠲᠠ ᠬᠢᠵᠦ᠂ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ ᠢᠶᠠᠷ ᠮᠠᠰᠢ ᠴᠢᠩᠭ᠎ᠠ ᠶᠤᠮ᠃ ᠦᠬᠠᠶ ᠬᠤᠲᠠ ᠶᠢᠨ ᠬᠢᠨ ᠡᠨᠡᠬᠦ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠤᠯᠤᠰ ᠲᠥᠷᠥ ᠶᠢᠨ ᠱᠠᠭᠠᠷᠳᠠᠯᠭ᠎ᠠ ᠪᠠ ᠤᠯᠤᠰ ᠲᠥᠷᠥ ᠶᠢᠨ ᠬᠤᠪᠢ ᠶᠢᠨ ᠵᠢᠩ ᠢ ᠭᠦᠨᠵᠡᠭᠡᠶ ᠣᠶᠢᠯᠠᠭᠠᠵᠤ᠂ ᠨᠠᠮ ᠤᠨ ᠲᠥᠪ ᠬᠤᠷᠢᠶᠠᠨ ᠤ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠᠷ ᠦᠨᠳᠦᠰᠦᠨ ᠵᠢᠷᠤᠮᠯᠠᠯ ᠪᠣᠯᠭᠠᠬᠤ ᠶᠢ ᠪᠠᠷᠢᠮᠲᠠᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠬᠢᠬᠦᠢ ᠪᠠᠷ ᠨᠢᠭᠡᠳᠦᠯᠲᠡᠢ ᠲᠥᠯᠥᠪᠵᠢᠭᠦᠯᠦᠨ ᠵᠠᠰᠠᠵᠤ᠂ ᠪᠦᠬᠦ ᠲᠠᠯ᠎ᠠ ᠶᠢᠨ ᠦᠵᠡᠯᠲᠡ ᠪᠠᠷ ᠬᠥᠭᠵᠢᠯᠲᠡ ᠶᠢ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠳᠠᠷᠠᠭᠠᠴᠢ ᠶᠢᠨ ᠠᠯᠬᠤᠮ ᠳᠤ᠂ ᠦᠬᠠᠢ ᠬᠤᠳᠠ ᠶᠢᠨ ᠬᠢᠨ ᠭᠤᠷᠪᠠᠨ ᠵᠦᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠨ᠎ᠠ᠃ ᠨᠢᠭᠡ ᠳᠤ᠂ ︽ᠲᠦᠷᠪᠡᠨ ᠤᠰᠤ ᠪᠠᠷ ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤ ᠡᠯᠡᠰᠦᠨ ᠤ ᠬᠠᠷᠢᠴᠠᠭ᠎ᠠ ᠶᠢ ᠵᠣᠬᠢᠴᠠᠭᠤᠯᠬᠤ᠂ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ᠂ ᠬᠠᠳᠤᠨ ᠭᠤᠣᠯ ᠤᠨ ᠡᠷᠭᠢ ᠶᠢᠨ ᠱᠤᠭᠤᠮ ᠢ ᠰᠡᠷᠭᠡᠶᠢᠯᠡᠨ ᠬᠠᠮᠠᠭᠠᠯᠠᠬᠤ᠂ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢ ᠨᠣᠭᠤᠭᠠᠷᠠᠭᠤᠯᠬᠤ ᠵᠡᠷᠭᠡ ᠠᠵᠢᠯ ᠢ ᠴᠢᠩᠭ᠎ᠠ ᠪᠦᠭᠡᠳ ᠪᠣᠳᠠᠲᠠᠢ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠴᠢᠩᠭ᠎ᠠ ᠪᠥᠭᠡᠳ ᠨᠠᠷᠢᠯᠢᠭ ᠥᠷᠨᠢᠭᠦᠯᠵᠦ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠢ ᠵᠠᠰᠠᠬᠤ᠂ ᠰᠢᠲᠠᠮᠠᠬᠠᠢ ᠬᠡᠢ ᠶᠢ ᠵᠠᠰᠠᠬᠤ᠂ ᠲᠠᠯᠠᠪᠤᠷ ᠢ ᠵᠠᠰᠠᠬᠤ ᠳᠤ ᠤᠨᠢᠨ ᠳᠡᠭᠡᠷ᠎ᠡ ᠨᠢ ᠬᠦᠴᠦᠯᠡᠵᠦ᠂ ᠭᠠᠵᠠᠷ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠪᠠᠲᠤᠯᠠᠨ᠎ᠠ᠃ ᠬᠤᠶᠠᠷ ᠲᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠳᠣᠲᠣᠭᠠᠳᠤ ᠱᠠᠭᠠᠷᠳᠠᠯᠭ᠎ᠠ ᠪᠣᠯᠬᠤ ᠶᠢ ᠭᠦᠨᠵᠡᠭᠡᠢ ᠲᠠᠨᠢᠵᠤ᠂ ᠡᠨᠧᠷᠭᠢ ᠶᠢᠨ ᠬᠤᠷᠣᠭᠳᠠᠯ ᠤᠨ ᠬᠤᠣᠰ ᠡᠵᠡᠮᠳᠡᠯ ᠤᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠡᠮᠬᠢ ᠵᠢᠷᠤᠮ ᠲᠠᠢ ᠰᠠᠶᠢᠲᠤᠷ ᠬᠢᠵᠦ᠂ ︽ᠬᠤᠶᠠᠷ ᠶᠡᠬᠡᠳᠡᠢ︾ ᠲᠦᠷᠦᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠭᠤᠷᠪᠠᠨ ᠵᠢᠯ ᠤᠨ ᠬᠤᠭᠤᠴᠠᠭ᠎ᠠ ᠶᠢ ᠬᠡᠷᠡᠭᠰᠡᠵᠦ ᠪᠠᠶᠢᠭᠠᠳ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠦᠷᠦᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠰᠢᠭᠰᠢᠭᠳᠡᠯ ᠢ ᠪᠦᠬᠦ ᠲᠠᠯ᠎ᠠ ᠪᠠᠷ ᠪᠡᠶᠡᠯᠡᠭᠦᠯᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠭᠤᠷᠪᠠ ᠳᠤ᠂ ᠨᠡᠭᠦᠷᠡᠰᠦ ᠪᠠᠷ ᠭᠤᠣᠯ ᠪᠣᠯᠭᠠᠭᠰᠠᠨ ᠬᠤᠲᠠ ᠶᠢᠨ ᠦᠨᠳᠦᠰᠦᠨ ᠪᠠᠶᠢᠳᠠᠯ ᠳᠤ ᠰᠠᠭᠤᠷᠢᠯᠠᠵᠤ᠂ ᠨᠡᠭᠦᠷᠡᠰᠦ ᠶᠢ ᠴᠡᠪᠡᠷ ᠪᠥᠭᠡᠳ ᠥᠨᠳᠥᠷ ᠪᠦᠲᠦᠮᠵᠢᠲᠡᠶ ᠠᠰᠢᠭᠯᠠᠬᠤ ᠪᠠ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠶᠢ ᠰᠠᠶᠢᠲᠤᠷ ᠠᠳᠬᠤᠵᠤ᠂ ᠰᠠᠯᠬᠢ ᠬᠡᠷᠡᠯ ᠤᠰᠤᠲᠥ᠋ᠷᠥᠭᠴᠢ ᠡᠨᠧᠷᠭᠢ ᠶᠢ ᠨᠥᠭᠡᠴᠡᠯᠡᠨ ᠬᠡᠷᠡᠭᠯᠡᠬᠦ ᠶᠢ ᠨᠢᠭᠡ ᠴᠣᠠᠠᠴᠠᠵᠢᠭᠤᠯᠥᠠᠰᠠᠨ ᠰᠢᠨ᠎ᠡ ᠡᠨᠧᠷᠭᠢ ᠶᠢᠨ ᠰᠤᠷᠪᠤᠯᠵᠢ᠂ ᠵᠠᠳᠠᠷᠠᠵᠤ ᠪᠣᠯᠬᠤ ᠰᠦᠯᠢᠶᠣᠣ ᠪᠠᠷ ᠭᠤᠤᠯ ᠴᠢᠭᠯᠡᠯ ᠪᠣᠯᠭᠠᠭᠰᠠᠨ ᠰᠢᠨ᠎ᠡ ᠮᠠᠲ᠋ᠧᠷᠢᠶᠠᠯ ᠤᠨ ᠪᠥᠬᠦ ᠠᠵᠤ ᠦᠢᠯᠡᠰ ᠤᠨ ᠬᠡᠯᠬᠢᠶᠡᠵᠢᠯ ᠤᠨ ᠰᠠᠭᠤᠷᠢᠨ ᠭᠠᠵᠠᠷ ᠢ ᠬᠦᠴᠦᠯᠡᠨ ᠪᠣᠶ ᠪᠣᠯᠭᠠᠵᠤ᠂ ᠲᠣᠭᠠᠴᠢᠯᠠᠭᠰᠠᠨ ᠠᠵᠤ ᠠᠬᠤᠶ᠂ ᠨᠠᠶᠢᠳᠡᠮ ᠬᠡᠷᠡᠭᠴᠡᠭᠡᠨ ᠤ ᠠᠭᠠᠷ ᠠᠶᠠᠯᠠᠯ ᠤᠨ ᠠᠵᠤ ᠦᠢᠯᠡᠰ᠂ ᠲᠠᠪᠴᠠᠩ ᠤᠨ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠰᠢᠨ᠎ᠡ ᠵᠠᠭᠪᠤᠷ ᠢ ᠪᠤᠶᠢᠵᠢᠭᠤᠯᠤᠨ ᠬᠥᠭᠵᠢᠭᠦᠯᠵᠦ᠂ ᠠᠵᠤ ᠦᠢᠯᠡᠰ ᠤᠨ ᠳᠡᠭᠡᠳᠦ ᠲᠠᠰ ᠤᠨ᠂ ᠤᠶᠤᠨᠴᠢᠯᠠᠭᠰᠠᠨ᠂ ᠪᠣᠬᠢᠷᠲᠤᠯ ᠥᠬᠡᠶ ᠳᠠᠰᠢ ᠤᠷᠤᠭᠰᠢᠯᠠᠬᠤ ᠶᠢ ᠠᠬᠢᠭᠤᠯᠤᠨ᠎ᠠ ᠭᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号