ᠲᠠᠩ ᠢ ︽ᠥᠪᠥᠷ ᠮᠣᠩᠭᠤᠯ ᠤᠨ ᠡᠳᠦᠷ ᠤᠨ ᠰᠣᠨᠢᠨ︾ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠵᠢᠭᠠᠵᠤ ᠭᠠᠷᠭᠠᠭᠰᠠᠨ ᠨᠢ ᠴᠢᠨᠠᠷ ᠰᠠᠶᠢᠲᠠᠶ ᠬᠥᠭᠵᠢᠯᠲᠡ ᠪᠠ ᠴᠢᠨᠠᠷ ᠰᠠᠶᠢᠲᠠᠶ ᠠᠮᠢᠳᠤᠷᠠᠯ ᠤᠨ ᠥᠨᠳᠥᠷ ᠪᠦᠲᠦᠮᠵᠢᠲᠡᠶ ᠵᠠᠰᠠᠯᠲᠠ ᠶᠢ ᠬᠦᠴᠦ ᠪᠠᠨ ᠲᠥᠪᠯᠡᠷᠡᠭᠦᠯᠦᠨ ᠬᠢᠵᠦ ᠦᠬᠠᠶ ᠶᠢᠨ ᠠᠮᠢ ᠠᠬᠤᠶ ᠶᠢᠨ ᠬᠤᠲᠠ ᠶᠢᠨ ᠰᠢᠨ᠎ᠡ ᠶᠢ ᠡᠭᠦᠳᠬᠦ ᠬᠤᠲᠠ ᠵᠦᠭ ᠤᠷᠤᠭᠰᠢᠯᠠᠨ ᠳᠠᠪᠰᠢᠬᠤ ᠶᠢ ᠲᠦᠷᠭᠡᠳᠬᠡᠨ ᠠᠬᠢᠭᠤᠯᠬᠤ ᠬᠡᠷᠡᠭᠲᠡᠶ ᠬᠡᠵᠡᠢ
ᠨᠡᠶᠢᠲᠡᠯᠡᠭᠰᠡᠨ ᠴᠠᠭ᠄
2021/2/1
     1 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ︽ᠥᠪᠥᠷ ᠮᠣᠩᠭᠤᠯ ᠤᠨ ᠡᠳᠦᠷ ᠤᠨ ᠰᠣᠨᠢᠨ︾ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠶᠢᠨ ᠰᠤᠷᠪᠤᠯᠵᠢᠯᠠᠭ᠎ᠠ ᠶᠢ ᠬᠦᠯᠢᠶᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ  ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠲᠤᠬᠠᠶ ᠦᠬᠠᠶ ᠶᠢᠨ ᠰᠡᠳᠬᠢᠴᠡ ᠠᠷᠭ᠎ᠠ ᠬᠡᠮᠵᠢᠶ᠎ᠡ ᠪᠠᠨ ᠶᠠᠷᠢᠪᠠ᠃      ᠲᠠᠩ ᠢ ᠬᠡᠯᠡᠭᠰᠡᠨ ᠨᠢ᠂ ᠦᠬᠠᠶ ᠬᠤᠲᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ᠂ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠳᠤᠭᠠᠷ ᠬᠤᠭᠤᠴᠠᠭᠠᠨ ᠤ ᠠᠷᠪᠠᠨ ᠭᠤᠷᠪᠠᠳᠤᠭᠠᠷ ᠪᠥᠬᠦᠳᠡ ᠬᠤᠷᠠᠯ ᠵᠢᠴᠢ ᠪᠥᠬᠦ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠲᠠᠢ ᠤᠶᠠᠯᠳᠤᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢ ᠣᠨᠣᠪᠴᠢᠲᠠᠶ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠮᠢ ᠠᠬᠤᠶ ᠶᠢ ᠣᠷᠢᠳᠠᠪᠡᠷ ᠪᠤᠲᠤᠯᠭᠢᠯᠠᠭᠰᠠᠨ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ  ᠢᠶᠠᠷ ᠡᠷᠡᠰ ᠰᠠᠶᠢᠲᠤᠷ ᠵᠠᠮᠨᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠰᠠᠶᠢᠨ ᠰᠠᠶᠢᠬᠠᠨ ᠡᠬᠢᠯᠡᠯᠲᠡ ᠲᠠᠢ ᠪᠣᠯᠬᠤ ᠶᠢ ᠦᠨᠡᠨ ᠬᠦ ᠪᠠᠲᠤᠯᠠᠨ᠎ᠠ ᠬᠡᠵᠡᠢ᠃      ᠲᠠᠩ ᠢ ᠢᠯᠡᠷᠭᠡᠶᠢᠯᠡᠭᠰᠡᠨ ᠨᠢ᠂ ᠨᠢᠭᠡ ᠳᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠬᠤ ᠶᠢ ᠪᠠᠷᠢᠮᠲᠠᠯᠠᠵᠤ᠂ ᠨᠡᠭᠦᠷᠡᠰᠦ ᠬᠡᠦᠷᠰᠢᠭᠦᠯᠬᠦ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠳᠠᠪᠠᠭᠤᠯᠢᠭ ᠠᠵᠤ ᠦᠢᠯᠡᠰ ᠲᠤ ᠰᠠᠭᠤᠷᠢᠯᠠᠵᠤ᠂ ᠠᠵᠤ ᠦᠢᠯᠡᠰ ᠤᠨ ᠰᠠᠭᠤᠷᠢ ᠶᠢ ᠳᠠᠬᠢᠨ ᠴᠣᠭᠴᠠᠯᠠᠬᠤ ᠢᠨᠵᠧᠨᠧᠷᠢᠩ ᠢ ᠬᠡᠷᠡᠭᠵᠢᠭᠦᠯᠵᠦ᠂ ᠠᠵᠤ ᠦᠢᠯᠡᠰ ᠤᠨ ᠬᠡᠯᠬᠢᠶ᠎ᠡ ᠪᠠᠨ ᠤᠷᠲᠤᠳᠬᠠᠵᠤ᠂ ᠦᠷᠲᠡᠭ ᠤᠨ ᠬᠡᠯᠬᠢᠶ᠎ᠡ ᠪᠠᠨ ᠳᠡᠭᠡᠭᠰᠢᠯᠡᠭᠦᠯᠵᠦ ᠂ ᠬᠠᠩᠭᠠᠯᠭ᠎ᠠ ᠶᠢᠨ ᠬᠡᠯᠬᠢᠶ᠎ᠡ ᠪᠠᠨ ᠲᠣᠭᠲᠠᠪᠤᠷᠢᠵᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠯᠳᠡ ᠂ ᠤᠶᠤᠨᠴᠢᠯᠠᠯᠳᠠ᠂ ᠪᠣᠬᠢᠷᠲᠤᠯ ᠦᠬᠡᠶᠢᠵᠢᠯᠳᠡ ᠶᠢ ᠠᠬᠢᠭᠤᠯᠤᠨ᠎ᠠ︔ ᠲᠣᠮᠣ ᠳ᠋ᠡᠶᠢᠲᠵᠢᠯᠲᠡ᠂ ᠰᠦᠯᠵᠢᠶᠡᠵᠢᠯᠳᠡ᠂ ᠤᠶᠤᠨᠴᠢᠯᠠᠯᠳᠠ᠂ ᠠᠦ᠋ᠲ᠋ᠣᠴᠢᠯᠠᠯᠲᠠ ᠪᠠᠷ ᠳᠠᠮᠵᠢᠭᠤᠯᠤᠨ ᠤᠯᠠᠮᠵᠢᠯᠠᠯᠲᠤ ᠠᠵᠤ ᠦᠶᠯᠡᠰ ᠲᠤ ᠨᠢᠭᠡ ᠪᠦᠯᠦᠭ ᠤᠶᠤᠨᠲᠤ ᠠᠭᠤᠷᠬᠠᠶ᠂ ᠤᠶᠤᠨᠲᠤ ᠦᠶᠯᠡᠳᠪᠦᠷᠢ᠂ ᠤᠶᠤᠨᠲᠤ ᠦᠶᠯᠡᠳᠪᠦᠷᠢ ᠶᠢᠨ ᠲᠠᠰᠤᠭ ᠢ ᠪᠥᠲᠥᠭᠡᠨ ᠪᠠᠶᠢᠭᠤᠯᠵᠤ ᠂ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ ᠬᠤᠪᠢᠰᠤᠯᠲᠠ ᠶᠢ ᠠᠬᠢᠭᠤᠯᠤᠨ᠎ᠠ᠃ ᠬᠤᠶᠠᠷ ᠲᠤ᠂ ᠴᠢᠨᠠᠷ ᠰᠠᠶᠢᠲᠠᠢ ᠠᠮᠢᠳᠤᠷᠠᠯ ᠢ ᠬᠦᠴᠦᠯᠡᠨ ᠡᠭᠦᠳᠦᠨ᠎ᠡ᠃ ᠶᠡᠷᠦᠩᠬᠡᠢ ᠱᠦᠵᠢ ᠰᠢ ᠶᠢᠨ ᠫᠢᠩ ᠤᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠣᠷᠣᠨ ᠪᠦᠰᠡ ᠶᠢᠨ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠦᠢᠯᠡᠴᠢᠯᠡᠭᠡᠨ ᠤ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠦᠨ᠎ᠡ᠃ ᠭᠤᠷᠪᠠ ᠳᠤ᠂ ᠥᠨᠳᠥᠷ ᠪᠦᠲᠦᠮᠵᠢᠲᠡᠢ ᠵᠠᠰᠠᠯᠲᠠ ᠶᠢ ᠬᠦᠴᠦᠯᠡᠨ ᠪᠡᠶᠡᠯᠡᠭᠦᠯᠦᠨ᠎ᠡ᠃ ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠤᠶᠤᠨᠲᠤ ᠬᠤᠲᠠ ᠶᠢ ᠪᠥᠲᠥᠭᠡᠨ ᠪᠠᠶᠢᠭᠤᠯᠵᠤ᠂ ᠲᠣᠭᠠᠴᠢᠯᠠᠭᠰᠠᠨ ᠵᠠᠰᠠᠭ ᠤᠨ ᠣᠷᠳᠣᠨ ᠢ ᠪᠠᠶᠢᠭᠤᠯᠵᠤ᠂ ︽ᠬᠤᠲᠠ ᠶᠢᠨ ᠲᠠᠷᠢᠬᠢ︾ ᠶᠢᠨ ᠶᠡᠷᠦᠩᠬᠡᠶᠢᠯᠡᠭᠰᠡᠨ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠤᠨ ᠪᠥᠲᠥᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠲᠠ ᠶᠢᠨ ᠬᠡᠪᠴᠢᠶᠡᠨ ᠤ ᠨᠡᠶᠢᠭᠡᠮ ᠤᠨ ︽ᠣᠶᠤᠨᠴᠢ ᠵᠠᠰᠠᠯᠲᠠ︾  ᠶᠢᠨ ᠰᠢᠨ᠎ᠡ ᠪᠠᠶᠢᠷᠢᠰᠢᠯ ᠢ ᠪᠠᠶᠢᠭᠤᠯᠤᠨ᠎ᠠ ᠬᠡᠵᠡᠢ  ᠃      ᠲᠠᠩ ᠢ ᠴᠢᠬᠤᠯᠠᠴᠢᠯᠠᠭᠰᠠᠨ ᠨᠢ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠲᠠᠮᠵᠢᠨ ᠴᠢᠨᠠᠷ ᠰᠠᠶᠢᠲᠠᠢ ᠠᠮᠢᠳᠤᠷᠠᠯ ᠢ ᠡᠭᠦᠳᠴᠦ᠂ ᠥᠨᠳᠥᠷ ᠪᠦᠲᠦᠮᠵᠢᠲᠡᠢ ᠵᠠᠰᠠᠯᠲᠠ ᠶᠢ ᠪᠡᠶᠡᠯᠡᠭᠦᠯᠵᠦ᠂ ᠠᠮᠢ ᠠᠬᠤᠢ ᠶᠢᠨ ᠴᠢᠨᠠᠷ ᠴᠢᠨᠰᠠᠭ᠎ᠠ ᠨᠡᠩ ᠥᠨᠳᠥᠷ᠂ ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠨᠡᠩ ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠭᠦᠢᠴᠡᠳ᠂ ᠬᠤᠳᠠ ᠶᠢᠨ ᠴᠢᠳᠠᠮᠵᠢ ᠨᠡᠩ ᠴᠢᠩᠭ᠎ᠠ᠂ ᠠᠮᠢᠳᠤᠷᠠᠯ ᠤᠨ ᠴᠢᠨᠠᠷ ᠴᠢᠨᠰᠠᠭ᠎ᠠ ᠨᠡᠩ ᠰᠢᠯᠢᠳᠡᠭ ᠬᠥᠭᠵᠢᠯᠲᠡ ᠶᠢᠨ ᠬᠠᠷᠠᠯᠲᠠ ᠳᠤ ᠬᠦᠷᠭᠡᠨ᠎ᠡ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号