ᠱᠢ ᠸᠠᠨ ᠵᠢᠶᠦ᠋ᠨ ︽ᠥᠪᠥᠷ ᠮᠣᠩᠭᠤᠯ ᠤᠨ ᠡᠳᠦᠷ ᠤᠨ ᠰᠣᠨᠢᠨ︾ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ ᠴᠢᠬᠤᠯᠠᠴᠢᠯᠠᠭᠰᠠᠨ ᠨᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠠᠮᠵᠢᠯᠴᠠᠨ ᠠᠬᠢᠭᠤᠯᠬᠤ ᠬᠡᠷᠡᠭᠲᠡᠶ ᠬᠡᠵᠡᠢ
ᠨᠡᠶᠢᠲᠡᠯᠡᠭᠰᠡᠨ ᠴᠠᠭ᠄
2021/2/1
     1 ᠰᠠᠷ᠎ᠠ ᠶᠢᠨ 29 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ︽ᠥᠪᠥᠷ ᠮᠣᠩᠭᠤᠯ ᠤᠨ ᠡᠳᠦᠷ ᠤᠨ ᠰᠣᠨᠢᠨ︾ ᠤ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠬᠠᠮᠵᠢᠯᠴᠠᠨ ᠠᠬᠢᠭᠤᠯᠬᠤ ᠠᠰᠠᠭᠤᠳᠠᠯ ᠤᠨ ᠲᠤᠬᠠᠶ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃      ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠪᠣᠯ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠮᠥᠨ᠂ ᠪᠠᠰᠠ ᠴᠤ ᠬᠠᠲᠤᠨ ᠭᠤᠤᠯ ᠳᠠᠭᠠᠤ ᠭᠠᠵᠠᠷ ᠣᠷᠣᠨ ᠤ ᠡᠷᠬᠡᠪᠰᠢ ᠬᠠᠮᠲᠤ ᠪᠠᠷ ᠡᠭᠦᠷᠭᠡᠯᠡᠬᠦ ᠬᠡᠷᠡᠭᠲᠡᠶ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠮᠥᠨ︾᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠯᠠᠪᠳᠠᠭᠤᠨ ᠪᠠᠲᠤᠲᠠᠶ ᠠᠬᠢᠭᠤᠯᠬᠤ ᠬᠡᠷᠡᠭᠲᠡᠶ︾ ᠭᠡᠵᠦ ᠲᠣᠳᠣᠷᠬᠠᠶ ᠳᠤᠷᠠᠳᠴᠤ᠂ ᠪᠢᠳᠡᠨ ᠤ ᠡᠨᠡ ᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠶᠢ ᠴᠢᠩᠭ᠎ᠠ ᠠᠳᠬᠤᠵᠤ ᠪᠣᠳᠠᠲᠠᠶ ᠠᠳᠬᠤᠬᠤ ᠳᠤ ᠪᠣᠳᠠᠲᠠᠶ ᠠᠷᠭ᠎ᠠ ᠵᠠᠮ ᠢ ᠲᠣᠳᠣᠷᠬᠠᠶᠢᠯᠠᠵᠤ ᠥᠭᠴᠡᠶ ᠬᠡᠵᠦ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠱᠢ ᠸᠠᠨ ᠵᠢᠶᠦ᠋ᠨ ᠬᠡᠯᠡᠵᠡᠢ᠃      ᠲᠡᠭᠡᠪᠡᠯ᠂ ᠬᠠᠲᠤᠨ ᠭᠤᠤᠯ ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠪᠣᠯᠤᠭᠰᠠᠨ ᠤ ᠬᠤᠪᠢ  ᠳᠤ᠂ ᠦᠬᠠᠶ ᠬᠤᠲᠠ ᠬᠡᠷᠬᠢᠪᠡᠯ ᠵᠣᠬᠢᠬᠤ ᠪᠣᠶ︖      ᠱᠢ ᠸᠠᠨ ᠵᠢᠶᠦ᠋ᠨ ᠢᠯᠡᠷᠭᠡᠶᠢᠯᠡᠭᠰᠡᠨ ᠨᠢ᠂ ᠦᠬᠠᠢ ᠬᠤᠳᠠ ᠢᠮᠠᠭᠲᠠ ᠤᠯᠤᠰ ᠤᠨ ᠪᠠᠶᠢᠯᠳᠤᠬᠤ ᠪᠤᠳᠤᠯᠭ᠎ᠠ ᠪᠣᠯᠤᠨ ᠬᠥᠭᠵᠢᠯᠲᠡ ᠶᠢᠨ ᠪᠦᠬᠦ ᠲᠠᠯ᠎ᠠ ᠳᠤ ᠦᠢᠯᠡᠴᠢᠯᠡᠬᠦ ᠦᠨᠳᠦᠷᠴᠡ ᠳᠤ ᠵᠣᠭᠰᠣᠵᠤ᠂ ᠨᠠᠮ ᠤᠨ ᠲᠥᠪ ᠬᠤᠷᠢᠶ᠎ᠠ  ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠶᠡᠷᠦᠩᠬᠡᠶ ᠱᠦᠵᠢ ᠰᠢ ᠶᠢᠨ ᠫᠢᠩ ᠤᠨ ︽ᠬᠠᠳᠤᠨ ᠭᠤᠤᠯ ᠢ ᠵᠠᠰᠠᠬᠤ ᠳᠤ᠂ ᠭᠤᠤᠯᠳᠠᠯᠭ᠎ᠠ ᠨᠢ ᠬᠠᠮᠠᠭᠠᠯᠠᠬᠤ᠂ ᠴᠢᠬᠤᠯᠠ ᠨᠢ ᠵᠠᠰᠠᠬᠤ ᠳᠤ ᠪᠤᠢ︾ ᠬᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ ᠥᠪᠥᠷ ᠮᠣᠩᠭᠤᠯ ᠳᠠᠬᠢ ᠬᠡᠰᠡᠭ ᠤᠨ ︽ᠠᠩᠬᠠᠨ ᠤ ᠥᠷᠲᠡᠭᠡ︾ ︽ᠠᠩᠬᠠᠨ ᠤ ᠬᠠᠷᠢᠭᠤᠴᠠᠯᠭ᠎ᠠ︾ ᠶᠢᠨ ᠦᠵᠡᠯ ᠤᠬᠠᠮᠰᠠᠷ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠠᠮᠢ ᠠᠬᠤᠢ ᠶᠢ ᠲᠡᠷᠢᠭᠦᠨ ᠳᠤ ᠪᠤᠲᠤᠯᠭᠢᠯᠠᠬᠤ᠂ ᠪᠣᠬᠢᠷᠲᠤᠯ ᠦᠭᠡᠢ ᠬᠥᠭᠵᠢᠯᠲᠡ᠂ ᠤᠰᠤ ᠪᠠᠷ ᠲᠤᠭᠳᠠᠭᠠᠬᠤ᠂ ᠣᠰᠣᠨ ᠤ ᠬᠡᠮᠵᠢᠶ᠎ᠡ ᠪᠠᠷ ᠬᠢᠬᠦ ᠶᠢ ᠪᠠᠷᠢᠮᠳᠠᠯᠠᠵᠣ᠂ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠵᠤ᠂  ᠠᠮᠢ ᠠᠬᠤᠶ ᠶᠢ ᠬᠠᠮᠠᠭᠠᠯᠠᠨ ᠰᠡᠷᠭᠦᠭᠡᠬᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠬᠦ᠂ ᠣᠷᠣᠨ ᠪᠦᠰᠡ ᠶᠢ ᠬᠠᠮᠵᠢᠯᠴᠠᠭᠤᠯᠤᠨ ᠨᠢᠭᠡ ᠴᠤᠬᠴᠠᠵᠢᠭᠤᠯᠬᠤ᠂ ᠬᠠᠲᠤᠨ ᠭᠤᠤᠯ ᠤᠨ ᠰᠣᠶᠣᠯ ᠢ ᠬᠠᠮᠠᠭᠠᠯᠠᠬᠤ ᠵᠡᠷᠭᠡ ᠵᠢᠷᠭᠤᠭᠠᠨ ᠢᠨᠵᠧᠨᠧᠷᠢᠩ ᠢ ᠦᠷᠭᠦᠯᠵᠢᠯᠡᠨ ᠠᠬᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠤ ᠥᠨᠳᠥᠷ ᠲᠦᠪᠰᠢᠨ ᠲᠠᠢ ᠬᠠᠮᠠᠭᠠᠯᠠᠯᠲᠠ ᠶᠢ ᠬᠠᠮᠵᠢᠯᠴᠠᠨ ᠠᠬᠢᠭᠤᠯᠤᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号