ᠦᠬᠠᠶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠨᠥᠬᠦᠪᠥᠷᠢ ᠰᠠᠨᠠᠯ
ᠨᠡᠶᠢᠲᠡᠯᠡᠭᠰᠡᠨ ᠴᠠᠭ᠄
2021/3/10
          ᠦᠬᠠᠶ ᠵᠠᠰᠠᠭ ᠲᠠᠷᠬᠠᠭᠠᠭᠰᠠᠨ ﹇2021﹈ 7 ᠳ᠋ᠤᠭᠠᠷ ᠲᠣᠭᠠᠲᠤ ᠦᠬᠠᠶ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠭᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠨᠥᠬᠦᠪᠥᠷᠢ ᠰᠠᠨᠠᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄      ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷ ᠪᠠᠶᠢᠰᠢᠩ ᠭᠠᠵᠠᠷ ᠬᠥᠷᠥᠩᠭᠡ ᠶᠢᠨ ᠵᠠᠬ᠎ᠠ ᠳᠡᠯᠭᠡᠭᠦᠷ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠣᠲᠣ ᠶᠢᠨ ︽ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠦᠬᠠᠶ ᠵᠠᠰᠠᠭ ᠲᠠᠷᠬᠠᠭᠠᠭᠰᠠᠨ ﹇2020﹈ 38 ᠳ᠋ᠤᠭᠠᠷ ᠲᠣᠭᠠᠲᠤ︶ ᠤᠨ ᠰᠠᠭᠤᠷᠢᠨ ᠳᠡᠭᠡᠷ᠎ᠡ᠂ ᠳᠣᠤᠷᠠᠬᠢ ᠮᠡᠲᠦ ᠨᠥᠬᠦᠪᠥᠷᠢ ᠰᠠᠨᠠᠯ ᠳᠤᠷᠠᠳᠪᠠ᠃      ᠨᠢᠭᠡ᠂ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠬᠠᠤᠯᠢ ᠲᠦᠷᠢᠮ ᠲᠣᠭᠲᠠᠭᠠᠯ ᠶᠤᠰᠣᠭᠠᠷ᠂ ᠵᠦᠶ ᠵᠣᠬᠢᠰᠲᠠᠶ ᠨᠥᠬᠦᠪᠥᠷᠢᠯᠡᠬᠦ᠂ ᠦᠷ᠎ᠡ ᠳ᠋ᠦᠩ ᠢ ᠢᠯᠡ ᠪᠣᠯᠭᠠᠬᠤ︾ ᠵᠠᠷᠴᠢᠮ ᠢ ᠵᠢᠷᠤᠮᠯᠠᠨ᠂ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠯᠤᠰ ᠤᠨ ᠥᠮᠴᠢᠯᠡᠯᠲᠦ ᠭᠠᠵᠠᠷ ᠰᠢᠷᠣᠶ ᠳᠡᠭᠡᠷᠡᠬᠢ ᠬᠡᠷ ᠪᠠᠶᠢᠰᠢᠩ ᠢ ᠲᠠᠲᠠᠪᠤᠷᠢᠯᠠᠬᠤ ᠪᠠ ᠬᠤᠲᠠ ᠶᠢᠨ ᠬᠤᠭᠤᠯᠠᠶ ᠱᠤᠭᠤᠮ ᠢ ᠨᠡᠭᠦᠯᠭᠡᠨ ᠥᠭᠡᠷᠡᠴᠢᠯᠡᠬᠦ ᠬᠤᠯᠪᠤᠭᠳᠠᠯ ᠪᠥᠬᠦᠶ ᠯᠠᠪᠯᠠᠯᠲᠠ ᠶᠢᠨ ᠦᠨ᠎ᠡ ᠬᠠᠩᠰᠢ ᠬᠢᠭᠡᠳ ᠪᠠᠶᠢᠭᠤᠯᠤᠭᠰᠠᠨ ᠦᠨ᠎ᠡ ᠶᠢᠨ ᠮᠡᠳᠡᠭᠡ ᠵᠠᠩᠭᠢ ᠶᠢ ᠴᠠᠭ ᠲᠤᠨᠢ ᠳᠣᠭᠢᠷᠠᠭᠤᠯᠤᠨ ᠨᠡᠶᠢᠲᠡᠯᠡᠬᠦ ᠶᠢᠨ ᠬᠠᠮᠲᠤ᠂ ᠡᠯ᠎ᠡ ᠲᠣᠭᠤᠷᠢᠭ ᠤᠨ ᠲᠠᠲᠠᠪᠤᠷᠢᠯᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠨ᠎ᠠ᠃ ᠡᠯ᠎ᠡ ᠲᠣᠭᠤᠷᠢᠭ ᠤᠨ ᠵᠠᠰᠠᠭ ᠤᠨ ᠣᠷᠳᠣᠨ ᠨᠢ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷ ᠪᠠᠶᠢᠰᠢᠩ ᠢ ᠲᠠᠲᠠᠪᠤᠷᠢᠯᠠᠨ ᠨᠦᠬᠦᠪᠦᠷᠢᠯᠡᠬᠦ ᠠᠵᠢᠯ ᠢ ᠬᠠᠷᠢᠭᠤᠴᠠᠵᠤ᠂ ᠵᠥᠪᠳᠡᠯᠴᠡᠬᠡᠷ ᠢᠶᠠᠷ ᠨᠡᠭᠦᠯᠭᠡᠬᠦ ᠠᠷᠭ᠎ᠠ ᠮᠠᠶ᠋ᠢᠭ ᠢ ᠬᠡᠷᠡᠭᠯᠡᠬᠦ ᠶᠢ ᠵᠣᠷᠢᠭᠵᠢᠭᠤᠯᠤᠨ᠎ᠠ᠃ ︽ᠲᠠᠲᠠᠪᠤᠷᠢᠯᠠᠬᠤ ᠲᠣᠭᠲᠠᠭᠠᠯ︾ ᠢ ᠨᠡᠶᠢᠲᠡᠯᠡᠬᠦ ᠠᠷᠭ᠎ᠠ ᠮᠠᠶ᠋ᠢᠭ ᠠᠪᠤᠭᠰᠠᠨ ᠪᠣᠯ ᠬᠠᠤᠯᠢ ᠪᠠᠷ ᠲᠣᠭᠲᠠᠭᠠᠭᠰᠠᠨ ᠲᠡᠰ ᠳᠠᠷᠠᠭᠠᠯᠠᠯ ᠢᠶᠠᠷ ᠴᠢᠩᠭ᠎ᠠ ᠭᠦᠢᠴᠡᠳᠬᠡᠬᠦ ᠬᠡᠷᠡᠭᠲᠡᠶ᠃ ᠭᠠᠵᠠᠷ ᠰᠢᠷᠣᠶ ᠶᠢ ᠡᠷᠬᠡᠪᠰᠢ ︽ᠴᠡᠪᠡᠷ ᠭᠠᠵᠠᠷ︾ ᠤᠨ ᠬᠡᠯᠪᠡᠷᠢ ᠪᠠᠷ ᠰᠢᠯᠵᠢᠭᠦᠯᠦᠨ ᠥᠭᠴᠦ᠂ ᠨᠤᠷᠠᠭᠠᠵᠤ ᠨᠡᠭᠦᠯᠭᠡᠬᠦ ᠵᠡᠷᠭᠡ ᠰᠢᠯᠲᠠᠭᠠᠨ ᠠᠴᠠ ᠪᠤᠯᠵᠤ ᠭᠠᠵᠠᠷ ᠰᠢᠷᠣᠶ ᠶᠢ ᠰᠤᠯᠠ ᠪᠠᠶᠢᠯᠭᠠᠬᠤ ᠠᠴᠠ ᠵᠠᠶᠢᠯᠠᠰᠬᠢᠬᠦ ᠬᠡᠷᠡᠭᠲᠡᠶ᠃      ᠬᠤᠶᠠᠷ᠂ ᠬᠤᠳᠠ ᠶᠢᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠵᠥᠪᠯᠡᠯ ᠪᠦᠬᠦ ᠬᠤᠳᠠ ᠶᠢᠨ ᠡᠯ᠎ᠡ ᠲᠦᠷᠦᠯ ᠤᠨ ᠤᠯᠤᠰ ᠤᠨ ᠭᠠᠵᠠᠷ ᠰᠢᠷᠣᠢ ᠶᠢᠨ ᠣᠷᠣᠨ ᠵᠠᠢ ᠶᠢᠨ ᠲᠥᠯᠥᠪᠵᠢᠭᠦᠯᠭᠡ ᠶᠢᠨ ᠦᠷ᠎ᠡ ᠪᠦᠲᠦᠭᠡᠯ ᠢ ᠬᠢᠨᠠᠨ ᠪᠠᠶᠢᠴᠠᠭᠠᠬᠤ ᠡᠷᠬᠡ ᠶᠢ ᠲᠥᠪᠯᠡᠷᠡᠭᠦᠯᠦᠨ ᠬᠡᠷᠡᠭᠵᠢᠬᠦᠯᠦᠨ᠎ᠡ᠃ ᠡᠯ᠎ᠡ ᠲᠣᠭᠤᠷᠢᠭ ᠲᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠪᠠᠶᠢᠭᠤᠯᠬᠤ ᠥᠬᠡᠶ᠂ ᠲᠥᠯᠥᠪᠵᠢᠭᠦᠯᠭᠡ ᠶᠢᠨ ᠬᠠᠮᠢᠶᠠᠷᠤᠯᠲᠠ ᠶᠢ ᠡᠯ᠎ᠡ ᠲᠣᠭᠤᠷᠢᠭ ᠤᠨ ᠵᠠᠰᠠᠭ ᠤᠨ ᠣᠷᠳᠣᠨ ᠬᠠᠷᠢᠭᠤᠴᠠᠨ᠎ᠠ᠃      ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠠᠴᠠ ᠪᠥᠬᠦ ᠬᠤᠲᠠ ᠶᠢᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠥᠭᠵᠢᠯᠲᠡ ᠪᠥᠲᠥᠭᠡᠨ ᠪᠠᠶᠢᠭᠤᠯᠤᠯᠲᠠ ᠶᠢᠨ ᠴᠢᠭᠯᠡᠯᠲᠡ ᠲᠥᠷᠥ ᠶᠢᠨ ᠪᠣᠳᠣᠯᠭ᠎ᠠ ᠶᠢ ᠪᠥᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ᠂ ᠨᠠᠷᠢᠨ ᠲᠥᠯᠥᠪᠵᠢᠭᠦᠯᠭᠡ ᠪᠠ ᠡᠯ᠎ᠡ ᠲᠤᠰᠬᠠᠶ ᠲᠥᠯᠥᠪᠵᠢᠭᠦᠯᠭᠡ ᠶᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠪᠠ ᠬᠢᠨᠠᠨ ᠵᠥᠪᠯᠡᠨ᠎ᠡ᠃ ᠪᠦᠬᠦ ᠬᠤᠳᠠ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠬᠤᠳᠠ ᠶᠢᠨ ᠵᠢᠷᠤᠭ ᠪᠥᠬᠦ ᠬᠤᠲᠠ ᠶᠢᠨ ᠡᠯ᠎ᠡ ᠲᠥᠷᠥᠯ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠵᠠᠰᠠᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠪᠤᠶᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠨ᠎ᠡ᠃ ᠭᠤᠤᠯᠳᠠᠯᠭ᠎ᠠ ᠲᠠᠢ ᠣᠷᠣᠨ ᠪᠦᠰᠡ ᠶᠢᠨ ᠪᠠᠷᠢᠯᠭ᠎ᠠ ᠶᠢᠨ ᠪᠣᠰᠤᠭ᠎ᠠ ᠨᠢᠭᠤᠷ ᠤᠨ ᠵᠠᠰᠠᠯ ᠴᠢᠮᠡᠭᠯᠡᠯ ᠤᠨ ᠲᠥᠰᠦᠯ᠂ ᠵᠠᠷ ᠪᠠᠶᠢᠷᠢᠯᠠᠭᠤᠯᠬᠤ ᠲᠥᠰᠦᠯ᠂ ᠭᠡᠷᠡᠯᠲᠦᠭᠦᠯᠭᠡ ᠶᠢᠨ ᠢᠨᠵᠧᠨᠧᠷᠢᠩ ᠤᠨ ᠵᠢᠷᠤᠭ ᠲᠥᠯᠥᠪᠯᠡᠭᠡ ᠶᠢᠨ ᠲᠥᠰᠦᠯ ᠪᠠ ᠱᠤᠭᠤᠮᠠᠯ ᠤᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠨ᠎ᠡ᠃ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠤᠤᠯᠳᠠᠯᠭ᠎ᠠ ᠲᠠᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠭᠠᠵᠠᠷ ᠰᠣᠩᠭᠤᠬᠤ ᠵᠢᠴᠢ ᠲᠥᠯᠥᠪᠵᠢᠭᠦᠯᠭᠡ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠨ᠎ᠡ᠃ ᠲᠥᠯᠥᠪᠵᠢᠭᠦᠯᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠬᠢᠨᠠᠯᠲᠠ ᠲᠠᠯᠪᠢᠬᠤ ᠪᠠ ᠦᠨᠡᠯᠡᠨ ᠵᠢᠱᠢᠯᠲᠡ ᠬᠢᠨ᠎ᠠ᠃      ᠡᠯ᠎ᠡ ᠲᠣᠭᠤᠷᠢᠭ ᠤᠨ ᠵᠠᠰᠠᠭ ᠤᠨ ᠣᠷᠳᠣᠨ ᠨᠢ ᠬᠤᠲᠠ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠵᠥᠪᠯᠡᠯ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠠᠴᠠ ᠭᠠᠳᠠᠨᠠᠬᠢ ᠡᠯ᠎ᠡ ᠲᠥᠷᠥᠯ ᠤᠨ ᠲᠥᠯᠥᠪᠵᠢᠭᠦᠯᠭᠡ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠪᠤᠶᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃ ᠰᠢᠨ᠎ᠡ ᠪᠠᠷ ᠨᠡᠮᠡᠭᠳᠡᠭᠰᠡᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨᠡᠬᠢ ᠡᠪᠬᠡᠮᠡᠯ ᠪᠠᠶᠢᠭᠤᠯᠬᠤ ᠠᠵᠢᠯ ᠢ ᠬᠠᠷᠢᠭᠤᠴᠠᠨ᠎ᠠ᠃ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠬᠤ ᠲᠥᠰᠦᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠨ᠎ᠠ᠃ ᠡᠯ᠎ᠡ ᠲᠣᠭᠤᠷᠢᠭ ᠤᠨ ᠠᠵᠤ ᠦᠢᠯᠡᠳᠪᠦᠷᠢ ᠶᠢᠨ ᠲᠥᠷᠥᠯ ᠵᠦᠢᠯ ᠤᠨ ᠲᠥᠯᠥᠪᠵᠢᠭᠦᠯᠭᠡ ᠶᠢᠨ ᠭᠠᠵᠠᠷ ᠰᠣᠩᠭᠤᠬᠤ᠂ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠪᠤᠶᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠬᠦ ᠶᠢ ᠬᠠᠷᠢᠭᠤᠴᠠᠨ᠎ᠠ᠃ ᠡᠯ᠎ᠡ ᠲᠥᠷᠥᠯ ᠤᠨ ᠬᠤᠭᠤᠯᠠᠶ ᠤᠲᠠᠰᠤ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠭᠠᠵᠠᠷ ᠰᠣᠩᠭᠤᠬᠤ ᠪᠠ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠬᠦ ᠶᠢ ᠬᠠᠷᠢᠭᠤᠴᠠᠨ᠎ᠠ᠃      ᠦᠬᠠᠶ ᠶᠢᠨ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠵᠥᠪᠯᠡᠯ ᠨᠢ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠳᠣᠲᠣᠷᠠᠬᠢ ᠡᠯ᠎ᠡ ᠲᠥᠷᠥᠯ ᠤᠨ ᠬᠤᠭᠤᠯᠠᠶ ᠱᠤᠭᠤᠮ᠂ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠭᠠᠵᠠᠷ ᠰᠣᠩᠭᠤᠬᠤ ᠪᠠ ᠵᠢᠷᠤᠭ ᠲᠥᠯᠥᠪᠯᠡᠭᠡ ᠶᠢᠨ ᠲᠥᠰᠦᠯ ᠢ ᠬᠢᠨᠠᠨ ᠵᠥᠪᠯᠡᠬᠦ ᠶᠢ ᠬᠠᠷᠢᠭᠤᠴᠠᠨ᠎ᠠ᠃      ᠭᠤᠷᠪᠠ᠂ ᠶᠠᠮᠠᠷᠪᠠ ᠨᠢᠭᠡᠴᠡ ᠪᠠ ᠬᠤᠪᠢ ᠬᠥᠮᠦᠨ ᠴᠥᠮ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠳᠤ ᠲᠣᠭᠲᠠᠭᠠᠭᠰᠠᠨ ᠪᠠᠭᠲᠠᠭᠠᠮᠵᠢ ᠶᠢᠨ ᠨᠤᠷᠮ᠎ᠠ ᠶᠢᠨ ᠬᠦᠢᠴᠡᠳᠭᠡᠯ ᠲᠤᠭ᠎ᠠ ᠶᠢ ᠵᠢᠷᠤᠮᠯᠠᠬᠤ ᠬᠡᠷᠡᠭᠲᠡᠶ᠂ ᠳᠤᠷ᠎ᠠ ᠪᠠᠷ ᠢᠶᠠᠨ ᠲᠣᠬᠢᠷᠠᠭᠤᠯᠵᠤ ᠪᠣᠯᠬᠤ ᠦᠭᠡᠢ᠃ ᠦᠨᠡᠨᠬᠦ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽︿ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠪᠠᠭᠲᠠᠭᠠᠮᠵᠢ ᠶᠢᠨ ᠨᠣᠷᠮ᠎ᠠ ᠶᠢᠨ ᠬᠠᠮᠢᠶᠠᠷᠤᠯᠲᠠ ᠶᠢᠨ ᠠᠷᠭ᠎ᠠ﹀ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠪᠥᠲᠥᠭᠡᠨ ᠪᠠᠶᠢᠭᠤᠯᠤᠯᠲᠠ ᠲᠣᠭᠲᠠᠭᠠᠯ ﹇2012﹈ 22 ᠳ᠋ᠤᠭᠠᠷ ᠲᠣᠭᠠᠲᠤ︶ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃     ᠳᠥᠷᠪᠡ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠭᠠᠵᠠᠷ ᠰᠢᠷᠣᠶ ᠶᠢ ᠬᠢᠮᠳᠠ ᠪᠠᠷ ᠬᠤᠳᠠᠯᠳᠤᠭᠰᠠᠨ ᠦᠨ᠎ᠡ ᠶᠢᠨ ᠵᠣᠭᠤᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠲᠤ ᠲᠤᠰᠢᠶᠠᠨ᠎ᠠ᠃ ᠪᠢᠨ ᠾᠧ ᠰᠢᠨ᠎ᠡ ᠲᠣᠭᠤᠷᠢᠭ ᠤᠨ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠬᠤᠳᠠᠯᠳᠤᠨ ᠠᠪᠴᠤ ᠨᠥᠭᠡᠴᠡᠯᠡᠭᠰᠡᠨ ᠭᠠᠵᠠᠷ ᠰᠢᠷᠣᠢ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠦᠨ᠎ᠡ ᠶᠢᠨ ᠵᠣᠭᠤᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠲᠤ ᠲᠤᠰᠢᠶᠠᠨ᠎ᠠ᠃ ᠪᠢᠨ ᠾᠧ ᠰᠢᠨ᠎ᠡ ᠲᠣᠭᠤᠷᠢᠭ ᠢ ᠬᠠᠶᠢᠷᠤᠪ ᠤᠨ ᠲᠤᠬᠤᠢ ᠲᠣᠭᠤᠷᠢᠭ ᠤᠨ ᠵᠠᠰᠠᠭ ᠤᠨ ᠣᠷᠳᠣᠨ ᠠᠴᠠ ᠲᠠᠲᠠᠪᠤᠷᠢᠯᠠᠨ ᠨᠤᠷᠠᠭᠠᠬᠤ ᠶᠢ ᠬᠠᠷᠢᠭᠤᠴᠠᠭᠰᠠᠨ ᠪᠠᠶᠢᠪᠠᠯ᠂ ᠭᠠᠵᠠᠷ ᠰᠢᠷᠣᠢ ᠶᠢ ᠰᠢᠯᠵᠢᠭᠦᠯᠦᠨ ᠥᠭᠭᠦᠭᠰᠡᠨ ᠦᠨ᠎ᠡ ᠶᠢᠨ ᠵᠣᠭᠤᠰ ᠢ ᠬᠤᠲᠠ ᠶᠢᠨ ᠱᠠᠲᠤᠨ ᠤ ᠡᠳ᠋ ᠤᠨ ᠵᠠᠰᠠᠭ ᠲᠤ ᠲᠤᠰᠢᠶᠠᠵᠤ᠂ ᠵᠣᠬᠢᠬᠤ ᠬᠠᠷᠢᠴᠠᠯ ᠢᠶᠠᠷ ᠬᠠᠶᠢᠷᠤᠪ ᠤᠨ ᠲᠤᠬᠤᠢ ᠲᠣᠭᠤᠷᠢᠭ ᠲᠤ ᠵᠠᠷᠤᠳᠠᠯ ᠭᠠᠷᠭᠠᠨ ᠠᠪᠬᠤ ᠪᠤᠶᠤ ᠬᠤᠪᠢᠳᠠᠨ᠎ᠠ᠃ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠬᠤᠳᠠᠯᠳᠤᠨ ᠠᠪᠴᠤ ᠨᠥᠭᠡᠴᠡᠯᠡᠭᠰᠡᠨ ᠬᠡᠰᠡᠭ ᠭᠠᠵᠠᠷ ᠤᠨ ᠬᠠᠶᠢᠷᠤᠪ ᠤᠨ ᠲᠤᠬᠤᠢ ᠶᠢᠨ ᠬᠤᠳᠠ ᠶᠢᠨ ᠲᠣᠭᠤᠷᠢᠭ ᠲᠠᠬᠢ ᠭᠠᠵᠠᠷ ᠰᠢᠷᠣᠢ ᠶᠢᠨ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠦᠨ᠎ᠡ ᠶᠢᠨ ᠵᠣᠭᠤᠰ ᠢ ᠬᠠᠶᠢᠷᠤᠪ ᠤᠨ ᠲᠤᠬᠤᠢ ᠲᠣᠭᠤᠷᠢᠭ ᠤᠨ ᠡᠳ᠋ ᠤᠨ ᠵᠠᠰᠠᠭ ᠠᠴᠠ ᠬᠤᠷᠢᠶᠠᠨ ᠠᠪᠴᠤ᠂ ᠬᠤᠳᠠ ᠶᠢᠨ ᠱᠠᠲᠤᠨ ᠤ ᠡᠳ᠋ ᠤᠨ ᠵᠠᠰᠠᠭ ᠤᠨ ᠬᠤᠳᠠᠯᠳᠤᠨ ᠠᠪᠴᠤ ᠨᠥᠭᠡᠴᠡᠯᠡᠭᠰᠡᠨ ᠰᠦᠢᠳᠬᠡᠯ ᠢ ᠪᠤᠴᠠᠭᠠᠨ ᠥᠭᠴᠦ᠂ ᠪᠤᠰᠤᠳ ᠬᠤᠳᠠ ᠶᠢᠨ ᠱᠠᠲᠤᠨ ᠤ ᠡᠳ᠋ ᠤᠨ ᠵᠠᠰᠠᠭ ᠠᠴᠠ ᠪᠡᠯᠡ ᠭᠠᠷᠭᠠᠵᠤ ᠬᠤᠳᠠᠯᠳᠤᠨ ᠠᠪᠴᠤ ᠨᠥᠭᠡᠴᠡᠯᠡᠭᠰᠡᠨ ᠭᠠᠵᠠᠷ ᠰᠢᠷᠣᠢ ᠶᠢᠨ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠦᠨ᠎ᠡ ᠶᠢᠨ ᠵᠣᠭᠤᠰ ᠢ ᠬᠤᠳᠠ ᠶᠢᠨ ᠱᠠᠲᠤᠨ ᠤ ᠡᠳ᠋ ᠤᠨ ᠵᠠᠰᠠᠭ ᠲᠤ ᠲᠤᠰᠢᠶᠠᠨ᠎ᠠ᠃ ᠪᠤᠰᠤᠳ ᠡᠯ᠎ᠡ ᠲᠤᠭᠤᠷᠢᠭ ᠤᠨ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠦᠨ᠎ᠡ ᠶᠢᠨ ᠵᠣᠭᠤᠰ ᠢ ᠡᠯ᠎ᠡ ᠬᠠᠷᠢᠶ᠎ᠠ ᠲᠤᠭᠤᠷᠢᠭ ᠤᠨ ᠡᠳ᠋ ᠤᠨ ᠵᠠᠰᠠᠭ ᠲᠤ ᠲᠤᠰᠢᠶᠠᠨ᠎ᠠ᠃      ᠲᠠᠪᠤ᠂ ᠡᠯ᠎ᠡ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠭᠤᠷᠪᠠᠳᠤᠭᠠᠷ ᠳᠡᠰ ᠵᠢᠴᠢ ᠲᠡᠭᠦᠨ ᠠᠴᠠ ᠳᠣᠷᠣᠭᠰᠢᠬᠢ ᠬᠢᠷᠢ ᠴᠢᠳᠠᠮᠵᠢ ᠶᠢ ᠠᠩᠬ᠎ᠠ ᠬᠢᠨᠠᠬᠤ ᠠᠵᠢᠯ ᠢ ᠬᠠᠷᠢᠭᠤᠴᠠᠵᠤ᠂ ︽ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠲᠣᠭᠲᠠᠭᠠᠵᠤ ᠬᠢᠨᠠᠨ ᠵᠥᠪᠰᠢᠶᠡᠷᠡᠬᠦ ᠠᠵᠢᠯ ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ︾ ︵ᠥᠪᠥᠷ ᠬᠡᠷ ᠪᠠᠶᠢᠰᠢᠩ ᠪᠠᠶᠢᠭᠤᠯᠬᠤ ᠵᠠᠬᠢᠳᠠᠯ ﹇2018﹈ 477 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠡᠳᠡᠭᠦᠯᠦᠭᠰᠡᠨ ᠮᠠᠲ᠋ᠧᠷᠢᠶᠠᠯ ᠨᠢ ᠦᠨᠡᠨ ᠪᠣᠳᠠᠲᠠᠶ ᠪᠠᠶᠢᠬᠤ ᠡᠰᠡᠬᠦ᠂ ᠬᠠᠤᠯᠢ ᠪᠠᠷ ᠲᠣᠭᠲᠠᠭᠠᠭᠰᠠᠨ ᠨᠥᠬᠦᠴᠡᠯ ᠳᠤ ᠨᠡᠶᠢᠴᠡᠬᠦ ᠡᠰᠡᠬᠦ ᠵᠡᠷᠭᠡ ᠶᠢ ᠴᠢᠩᠭ᠎ᠠ ᠬᠢᠨᠠᠨ ᠪᠠᠶᠢᠴᠠᠭᠠᠬᠤ ᠬᠡᠷᠡᠭᠲᠡᠶ᠃      ᠵᠢᠷᠭᠤᠭ᠎ᠠ᠂ ᠡᠯ᠎ᠡ ᠲᠣᠭᠤᠷᠢᠭ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠲᠥᠷᠥᠯ ᠵᠦᠢᠯ ᠤᠨ ᠬᠤᠲᠠ ᠶᠢᠨ ᠶᠠᠪᠤᠳᠠᠯ ᠤᠨ ᠨᠡᠶᠢᠲᠡ ᠶᠢᠨ ᠬᠡᠷᠡᠭᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠠᠷᠤᠳᠠᠯ ᠬᠤᠷᠢᠶᠠᠬᠤ ᠠᠵᠢᠯ ᠢ ᠬᠠᠷᠢᠭᠤᠴᠠᠵᠤ᠂ ᠲᠣᠰ ᠵᠠᠷᠤᠳᠠᠯ ᠢ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠨᠢ ᠪᠠᠷᠢᠯᠭ᠎ᠠ ᠶᠢᠨ ᠲᠥᠯᠥᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠢ ᠤᠯᠬᠤ ᠠᠴᠠ ᠡᠮᠦᠨ᠎ᠡ ᠨᠢᠭᠡ ᠤᠳᠠᠭ᠎ᠠ ᠳᠤ ᠲᠤᠰᠢᠶᠠᠵᠤ ᠲᠠᠭᠤᠰᠬᠠᠬᠤ ᠬᠡᠷᠡᠭᠳᠡᠢ᠃ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠨᠢ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠨ ᠭᠠᠷᠭᠠᠭᠰᠠᠨ ᠰᠦᠢᠳᠭᠡᠯ ᠬᠤᠷᠢᠶᠠᠬᠤ ᠭᠡᠷᠡᠴᠢ ᠪᠠᠷᠢᠮᠲᠠ ᠶᠢ ᠦᠨᠳᠦᠰᠦᠯᠡᠨ ᠪᠥᠲᠥᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠠᠷᠠᠳ ᠤᠨ ᠠᠭᠠᠷ ᠤᠨ ᠰᠡᠷᠭᠡᠶᠢᠯᠡᠯᠲᠡ᠂ ᠨᠣᠭᠤᠭᠠᠷᠠᠭᠤᠯᠤᠯᠲᠠ ᠶᠢᠨ ᠣᠨᠳᠣᠤ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠵᠠᠷᠤᠳᠠᠯ ᠵᠡᠷᠭᠡ ᠶᠢ ᠡᠯ᠎ᠡ ᠰᠦᠢᠳᠭᠡᠯ ᠬᠤᠷᠢᠶᠠᠬᠤ ᠰᠠᠯᠠᠭ᠎ᠠ ᠮᠥᠴᠢᠷ ᠠᠴᠠ ᠭᠠᠷᠳᠠᠮ ᠬᠦᠢᠴᠡᠳᠭᠡᠬᠦ ᠠᠴᠠ ᠡᠮᠦᠨ᠎ᠡ ᠪᠠᠷᠢᠮᠵᠢᠶ᠎ᠠ ᠶᠣᠰᠣᠭᠠᠷ ᠬᠤᠷᠢᠶᠠᠬᠤ ᠬᠡᠷᠡᠭᠲᠡᠶ᠃ ᠡᠯ᠎ᠡ ᠵᠦᠢᠯ ᠤᠨ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠭᠡᠯ ᠬᠤᠷᠢᠶᠠᠬᠤ ᠵᠢᠴᠢ ᠵᠠᠰᠠᠭ ᠤᠨ ᠣᠷᠳᠣᠨ ᠤ ᠴᠢᠨᠠᠷᠲᠠᠶ ᠰᠠᠭᠤᠷᠢ ᠮᠥᠩᠭᠦ ᠶᠢ ᠬᠠᠰᠣᠨ ᠭᠡᠯᠳᠦᠷᠢᠭᠦᠯᠵᠤ᠂ ᠬᠤᠶᠢᠰᠢᠯᠠᠭᠤᠯᠤᠨ ᠲᠤᠰᠢᠶᠠᠵᠤ ᠪᠣᠯᠬᠤ ᠥᠬᠡᠶ᠃      ᠳᠣᠯᠤᠭ᠎ᠠ᠂ ᠪᠥᠲᠥᠭᠡᠨ ᠪᠠᠶᠢᠭᠤᠯᠬᠤ ᠨᠢᠭᠡᠴᠡ ᠨᠢ ᠢᠯᠡ ᠪᠠᠷ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠠᠷᠭ᠎ᠠ ᠮᠠᠶ᠋ᠢᠭ ᠢᠶᠠᠷ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠶᠢᠨ ᠥᠯᠢᠭᠡᠷ ᠪᠢᠴᠢᠭ ᠢᠶᠠᠷ ᠯᠠᠪᠯᠠᠯᠲᠠ ᠪᠣᠯᠭᠠᠵᠤ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠲᠣᠭᠲᠠᠬᠤ ᠶᠢᠨ ᠬᠠᠮᠲᠤ᠂ ᠲᠥᠷᠥᠯ ᠵᠦᠢᠯ ᠤᠨ ᠪᠠᠶᠢᠭ᠎ᠠ ᠭᠠᠵᠠᠷ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠲᠤ ᠬᠦᠷᠴᠦ ᠳᠠᠩᠰᠠᠯᠠᠭᠤᠯᠬᠤ ᠬᠡᠷᠡᠭᠲᠡᠶ᠃ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠨᠢ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠦᠢᠯᠡᠴᠢᠯᠡᠭᠡᠨ ᠤ ᠭᠡᠷ᠎ᠡ ᠲᠣᠭᠲᠠᠭᠰᠠᠨ ᠤ ᠳᠠᠷᠠᠭ᠎ᠠ ᠶᠠᠰᠤ ᠴᠢᠨᠠᠷᠵᠢᠭᠤᠯᠬᠤ᠂ ᠲᠤᠰᠬᠠᠶᠢᠵᠢᠭᠤᠯᠬᠤ᠂ ᠤᠶᠤᠨᠵᠢᠭᠤᠯᠬᠤ ᠠᠳᠠᠯ ᠠᠬᠤᠶ ᠶᠢᠨ ᠦᠢᠯᠡᠴᠢᠯᠡᠭᠡ ᠪᠠᠷ ᠬᠠᠷᠠᠯᠲᠠ ᠪᠣᠯᠭᠠᠵᠤ᠂ ᠲᠤᠰᠬᠠᠶ ᠮᠡᠷᠭᠡᠵᠢᠯ ᠤᠨ ᠠᠵᠢᠯᠲᠠᠨ ᠢ ᠴᠠᠭ ᠲᠤᠬᠠᠶ ᠳᠤᠨᠢ ᠵᠣᠬᠢᠶᠠᠨ ᠪᠠᠶᠢᠭᠤᠯᠵᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠳᠤ ᠬᠠᠮᠵᠢᠯᠴᠠᠭᠤᠯᠤᠨ᠂ ᠢᠨᠵᠧᠨᠧᠷᠢᠩ ᠢ ᠰᠢᠯᠭᠠᠨ ᠠᠪᠬᠤ ᠳᠤ ᠣᠷᠣᠯᠴᠠᠭᠤᠯᠵᠤ᠂ ᠬᠤᠯᠪᠤᠭᠳᠠᠯ ᠪᠥᠬᠦᠶ ᠰᠠᠨᠠᠭᠤᠯᠭ᠎ᠠ ᠳᠤᠷᠠᠳᠬᠤ ᠬᠡᠷᠡᠭᠲᠡᠶ᠃      ᠨᠠᠢᠮᠠ᠂ ︽ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠲᠤᠬᠠᠶ ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠰᠠᠨᠠᠯ ᠤᠳ︾ ︵ᠦᠬᠠᠶ ᠵᠠᠰᠠᠭ ᠲᠠᠷᠬᠠᠭᠠᠭᠰᠠᠨ ﹇2020﹈ 38 ᠳ᠋ᠤᠭᠠᠷ ᠲᠣᠭᠠᠲᠤ︶ ᠵᠢᠴᠢ ᠬᠤᠲᠠ ᠶᠢᠨ ᠵᠠᠰᠠᠭ ᠤᠨ ᠣᠷᠳᠣᠨ ᠤ ᠨᠢᠭᠡᠨᠲᠡ ᠨᠡᠶᠢᠲᠡᠯᠡᠭᠰᠡᠨ ᠬᠤᠯᠪᠤᠭᠳᠠᠯ ᠪᠥᠬᠦᠶ ᠪᠢᠴᠢᠭ ᠮᠠᠲ᠋ᠧᠷᠢᠶᠠᠯ ᠨᠢ ᠲᠣᠰ ᠨᠥᠬᠦᠪᠥᠷᠢ ᠰᠠᠨᠠᠯ ᠯᠤᠭ᠎ᠠ ᠨᠢᠭᠡᠳᠦᠯ ᠥᠬᠡᠶ ᠪᠠᠶᠢᠪᠠᠯ᠂ ᠲᠣᠰ ᠨᠥᠬᠦᠪᠥᠷᠢ ᠰᠠᠨᠠᠯ ᠢᠶᠠᠷ ᠪᠠᠷᠢᠮᠵᠢᠶ᠎ᠠ ᠪᠣᠯᠭᠠᠨ᠎ᠠ᠃                              2021 ᠣᠨ ᠤ 2 ᠰᠠᠷ᠎ᠠ ᠶᠢᠨ 8 ᠤ ᠡᠳᠦᠷ      ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ︵ᠬᠢᠨᠠᠨ ᠪᠠᠶᠢᠴᠠᠭᠠᠬᠤ ᠵᠥᠪᠯᠡᠯ︶᠂ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ᠃ ᠡᠯ᠎ᠡ ᠠᠷᠠᠳ ᠤᠨ ᠪᠦᠯᠬᠦᠮ᠂ ᠰᠣᠨᠢᠨ ᠮᠡᠳᠡᠭᠡᠨ ᠤ ᠨᠢᠭᠡᠴᠡ᠂ ᠬᠤᠲᠠ ᠳᠤ ᠰᠠᠭᠤᠭ᠎ᠠ ᠨᠢᠭᠡᠴᠡ᠃               ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                        2021 ᠣᠨ ᠤ 2 ᠰᠠᠷ᠎ᠠ ᠶᠢᠨ 10 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号