ᠵᠢᠶᠠ ᠴᠢᠩ ᠳ᠋ᠦᠩ
ᠨᠡᠶᠢᠲᠡᠯᠡᠭᠰᠡᠨ ᠴᠠᠭ᠄
2021/4/1
ᠲᠤᠰᠢᠶᠠᠯ᠄      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠤᠨ ᠤ ᠳᠡᠳ᠋ ᠬᠤᠲᠠ ᠶᠢᠨ ᠳᠠᠷᠤᠭ᠎ᠠ ᠤᠳᠤᠷᠢᠳᠤᠯᠭ᠎ᠠ ᠶᠢᠨ ᠲᠠᠨᠢᠯᠴᠠᠭᠤᠯᠭ᠎ᠠ᠄      ᠵᠢᠶᠠ ᠴᠢᠩ ᠳ᠋ᠦᠩ᠂ ᠡᠷᠡᠭᠲᠡᠶ᠂ ᠮᠣᠩᠭᠤᠯ ᠦᠨᠳᠦᠰᠦᠲᠡᠨ᠂ 1967 ᠣᠨ ᠤ 5 ᠰᠠᠷ᠎ᠠ ᠳᠤ ᠲᠥᠷᠦᠵᠡᠢ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠃ ᠠᠵᠢᠯ ᠤᠨ ᠡᠭᠦᠷᠭᠡ ᠬᠠᠷᠢᠭᠤᠴᠠᠯᠭ᠎ᠠ᠄     ᠪᠦᠬᠦ ᠬᠤᠳᠠ ᠶᠢᠨ ᠠᠵᠤ ᠠᠬᠤᠢ ᠶᠢᠨ ᠠᠵᠢᠯᠯᠠᠭᠠᠨ ᠪᠠ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠢᠭᠡᠳᠦᠯᠲᠡᠢ ᠲᠣᠬᠢᠷᠠᠭᠤᠯᠤᠨ᠎ᠠ᠃ ᠪᠢᠨ ᠾᠧ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠠᠵᠢᠯ ᠢ ᠨᠢᠭᠡᠳᠦᠯᠲᠡᠢ ᠲᠥᠯᠥᠪᠯᠡᠨ᠎ᠡ᠃ ᠬᠤᠲᠠ ᠶᠢᠨ ᠳᠠᠷᠤᠭ᠎ᠠ ᠶᠢ ᠬᠠᠮᠵᠢᠨ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ᠂ ᠲᠤᠭ᠎ᠠ ᠪᠦᠷᠢᠳᠬᠡᠯ᠂ ᠡᠨᠧᠷᠭᠢ᠂ ᠮᠥᠩᠭᠦᠨ ᠭᠦᠢᠯᠭᠡᠭᠡᠨ᠂ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ᠂ ᠠᠷᠠᠯᠵᠢᠶ᠎ᠠ ᠶᠢ ᠠᠬᠢᠭᠤᠯᠬᠤ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ᠂ ᠣᠷᠣᠨ ᠨᠤᠲᠤᠭ ᠤᠨ ᠣᠶᠢᠯᠠᠯᠭ᠎ᠠ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠤᠯᠤᠰ ᠤᠨ ᠥᠮᠴᠢᠯᠡᠯ ᠤᠨ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ᠂ ᠬᠤᠲᠠ ᠶᠢᠨ ᠡᠨᠧᠷᠭᠢ ᠶᠢᠨ ᠲᠣᠪᠴᠢᠶ᠎ᠠ᠂ ᠬᠤᠲᠠ ᠶᠢᠨ ᠵᠠᠰᠠᠭ ᠤᠨ ᠣᠷᠳᠣᠨ ᠤ ᠮᠥᠩᠭᠦᠨ ᠭᠦᠢᠯᠭᠡᠭᠡᠨ ᠤ ᠠᠵᠢᠯ ᠤᠨ ᠠᠯᠪᠠᠨ ᠭᠡᠷ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ᠂ ᠬᠤᠳᠠ ᠶᠢᠨ ᠪᠠᠶᠢᠭᠤᠯᠭ᠎ᠠ ᠶᠢᠨ ᠶᠠᠪᠤᠳᠠᠯ ᠤᠨ ᠦᠢᠯᠡᠴᠢᠯᠡᠭᠡᠨ ᠤ ᠲᠥᠪ ᠢ ᠬᠤᠪᠢᠳᠠᠨ ᠬᠠᠮᠢᠶᠠᠷᠴᠤ᠂ ᠬᠤᠲᠠ ᠶᠢᠨ ᠬᠠᠷᠢᠶᠠᠲᠤ ᠤᠯᠤᠰ ᠤᠨ ᠥᠮᠴᠢᠯᠡᠯᠲᠦ ᠠᠵᠤ ᠠᠬᠤᠶᠢᠯᠠᠯ᠂ ᠥᠪᠥᠷ ᠮᠣᠩᠭᠤᠯ ᠤᠨ ᠱᠢ ᠴᠧᠩ ᠤᠯᠤᠰ ᠤᠨ ᠥᠮᠴᠢᠯᠡᠯᠲᠦ ᠬᠥᠷᠥᠩᠭᠡ ᠶᠢᠨ ᠪᠡᠯᠡ ᠣᠷᠣᠭᠤᠯᠵᠤ ᠡᠵᠡᠩᠨᠡᠬᠦ ᠪᠦᠯᠦᠭᠯᠡᠯ ᠤᠨ ᠬᠢᠵᠠᠭᠠᠷᠲᠤ ᠺᠣᠮᠫᠠᠨᠢ᠂ ᠦᠬᠠᠢ ᠶᠢᠨ ᠮᠥᠩᠭᠦᠨ ᠭᠦᠢᠯᠭᠡᠭᠡᠨ ᠤ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠬᠢᠵᠠᠭᠠᠷᠲᠤ ᠺᠣᠮᠫᠠᠨᠢ᠂ ᠦᠬᠠᠢ ᠪᠠᠩᠬᠢ ᠶᠢ ᠢ ᠨᠢᠭᠡᠳᠦᠯᠲᠡᠢ ᠲᠥᠯᠥᠪᠯᠡᠨ ᠬᠠᠮᠢᠶᠠᠷᠤᠨ᠎ᠠ᠃ ᠬᠤᠲᠠ ᠶᠢᠨ ᠳᠠᠷᠤᠭ᠎ᠠ ᠶᠢ ᠬᠠᠮᠵᠢᠨ ᠬᠤᠲᠠ ᠶᠢᠨ ᠬᠢᠨᠠᠨ ᠪᠣᠳᠣᠬᠤ ᠲᠣᠪᠴᠢᠶ᠎ᠠ ᠶᠢ ᠬᠤᠪᠢᠳᠠᠨ ᠬᠠᠮᠢᠶᠠᠷᠤᠨ᠎ᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠴᠡᠷᠢᠭ ᠤᠨ ᠬᠤᠪᠢᠶᠠᠷᠢ ᠲᠣᠭᠤᠷᠢᠭ᠂ ᠵᠡᠪᠰᠡᠭᠲᠦ ᠴᠠᠭᠳᠠᠭ᠎ᠠ ᠶᠢᠨ ᠦᠬᠠᠢ ᠶᠢᠨ ᠰᠠᠯᠪᠤᠷᠢ ᠠᠩᠭᠢ᠂ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ᠂ ᠡᠯ᠎ᠡ ᠠᠷᠠᠳᠴᠢᠯᠠᠭᠰᠠᠨ ᠨᠠᠮ ᠪᠦᠯᠦᠭ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ︵ᠵᠠᠰᠠᠭ ᠵᠠᠬᠢᠷᠭᠠᠨ ᠤ ᠳᠡᠭᠡᠳᠦ ᠰᠤᠷᠭᠠᠭᠤᠯᠢ᠂ ᠨᠡᠶᠢᠭᠡᠮ ᠵᠢᠷᠤᠮ ᠤᠨ ᠳᠡᠭᠡᠳᠦ ᠰᠤᠷᠭᠠᠭᠤᠯᠢ︶᠂ ᠬᠤᠲᠠ ᠶᠢᠨ ᠲᠠᠩᠰᠠ ᠡᠪᠬᠡᠮᠡᠯ ᠲᠡᠦᠬᠡ ᠣᠶᠢᠯᠠᠯᠭ᠎ᠠ ᠶᠢᠨ ᠣᠷᠳᠣᠨ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠢ ᠲᠣᠪᠴᠢᠶ᠎ᠠ ᠶᠢᠨ ᠦᠬᠠᠢ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠦᠬᠠᠢ ᠶᠢᠨ ᠪᠠᠶᠢᠴᠠᠭᠠᠯᠲᠠ ᠶᠢᠨ ᠠᠩᠭᠢ᠂ ᠤᠯᠤᠰ ᠤᠨ ᠠᠭᠤᠷᠬᠠᠢ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠬᠢᠨᠠᠨ ᠪᠠᠶᠢᠴᠠᠭᠠᠵᠤ ᠬᠠᠤᠯᠢ ᠬᠡᠷᠡᠭᠵᠢᠭᠦᠯᠬᠦ ᠨᠢᠭᠡᠳᠦᠭᠡᠷ ᠭᠠᠵᠠᠷ᠂ ᠠᠷᠠᠳ ᠤᠨ ᠪᠠᠩᠬᠢ ᠶᠢᠨ ᠦᠬᠠᠢ ᠬᠤᠲᠠ ᠶᠢᠨ ᠭᠤᠣᠯ ᠰᠠᠯᠪᠤᠷᠢ ᠪᠠᠩᠬᠢ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠦᠬᠠᠢ ᠶᠢᠨ ᠬᠢᠨᠠᠯᠲᠠ ᠬᠠᠮᠢᠶᠠᠷᠤᠯᠲᠠ ᠶᠢᠨ ᠬᠤᠪᠢᠶᠠᠷᠢ ᠲᠣᠪᠴᠢᠶ᠎ᠠ᠂ ᠲᠠᠷᠢᠶᠠᠯᠠᠩ ᠤᠨ ᠬᠥᠭᠵᠢᠭᠦᠯᠦᠯᠲᠡ ᠶᠢᠨ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠦᠬᠠᠢ ᠶᠢᠨ ᠬᠤᠪᠢᠶᠠᠷᠢ ᠪᠠᠩᠬᠢ᠂ ᠬᠥᠮᠥᠨ ᠤ ᠬᠦᠴᠦᠨ ᠤ ᠳᠠᠭᠠᠳᠬᠠᠯ ᠡᠳ᠋ ᠤᠨ ᠵᠠᠰᠠᠭ ᠤᠨ ᠳᠠᠭᠠᠳᠬᠠᠯ ᠤᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠠᠮᠢ ᠨᠠᠰᠤᠨ ᠤ ᠳᠠᠭᠠᠳᠬᠠᠯ ᠤᠨ ᠺᠣᠮᠫᠠᠨᠢ ᠶᠢᠨ ᠦᠬᠠᠢ ᠶᠢᠨ ᠬᠤᠪᠢᠶᠠᠷᠢ ᠺᠣᠮᠫᠠᠨᠢ ᠵᠢᠴᠢ ᠪᠤᠰᠤᠳ ᠬᠤᠲᠠ ᠳᠤ ᠰᠠᠭᠤᠭ᠎ᠠ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠥᠪᠥᠷ ᠮᠣᠩᠭᠤᠯ ᠤᠨ ᠴᠠᠬᠢᠯᠭᠠᠨ ᠬᠦᠴᠦᠨ ︵ᠪᠦᠯᠦᠭᠯᠡᠯ︶ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠦᠬᠠᠢ ᠶᠢᠨ ᠴᠠᠬᠢᠯᠭᠠᠨ ᠬᠠᠩᠭᠠᠬᠤ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠺᠣᠮᠫᠠᠨᠢ ᠶᠢᠨ ᠦᠬᠠᠢ ᠶᠢᠨ ᠬᠤᠪᠢᠶᠠᠷᠢ ᠺᠣᠮᠫᠠᠨᠢ᠂ ᠳᠤᠮᠳᠠᠳᠤ ᠤᠯᠤᠰ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠦᠬᠠᠢ ᠶᠢᠨ ᠬᠤᠪᠢᠶᠠᠷᠢ ᠺᠣᠮᠫᠠᠨᠢ᠂ ᠪᠠᠷᠠᠭᠤᠨ ᠬᠡᠰᠡᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠦᠬᠠᠢ ᠶᠢᠨ ᠺᠠᠢ ᠵᠢᠶᠧ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠬᠠᠷᠢᠯᠴᠠᠨ᠎ᠠ᠃      ᠬᠤᠲᠠ ᠶᠢᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号