ᠦᠨᠢᠶᠡᠨ ᠰᠦ ᠤᠤᠭᠤᠬᠤ ᠳᠤ ᠶᠠᠭᠤ ᠶᠠᠭᠤ ᠶᠢ ᠠᠩᠬᠠᠷᠬᠤ ᠴᠢᠬᠤᠯᠠ ᠲᠠᠢ ᠪᠤᠢ
ᠨᠡᠶᠢᠲᠡᠯᠡᠭᠰᠡᠨ ᠴᠠᠭ᠄
2021/4/12
     1. ᠦᠨᠢᠶᠡᠨ ᠰᠦ ᠶᠢ ᠶᠠᠮᠠᠷ ᠴᠠᠭ ᠲᠤ ᠤᠤᠭᠤᠪᠠᠯ ᠬᠠᠮᠤᠭ ᠰᠠᠶᠢᠨ ᠪᠣᠢ︖              ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠨᠢᠭᠡ ᠡᠳᠦᠷ ᠤᠨ ᠲᠣᠲᠣᠷ᠎ᠠ ᠦᠨᠢᠶᠡᠨ ᠰᠦ ᠤᠤᠭᠤᠬᠤ ᠳᠤ ᠲᠣᠬᠢᠷᠠᠮᠵᠢᠲᠠᠢ ᠭᠤᠷᠪᠠᠨ ︽ᠬᠠᠮᠤᠭ ᠰᠠᠶᠢᠨ ᠴᠠᠭ︾᠂ ᠨᠢᠭᠡ᠄ ᠡᠷᠲᠡ ᠶᠢᠨ ᠬᠤᠭᠤᠯᠠᠨ ᠤ ᠢᠯᠴᠢ ᠶᠢᠨ ᠡᠨᠧᠷᠬᠢ  ᠶᠢᠨ ᠬᠠᠩᠭᠠᠯᠲᠠ ᠨᠢ ᠬᠦᠮᠦᠨ ᠤ ᠪᠡᠶ᠎ᠡ ᠶᠢᠨ ᠬᠡᠷᠡᠭᠰᠡᠬᠦ ᠶᠡᠷᠦᠩᠬᠡᠢ ᠢᠯᠴᠢ ᠶᠢᠨ ᠡᠨᠧᠷᠬᠢ ᠶᠢᠨ 25%—30%  ᠶᠢ ᠡᠵᠡᠯᠡᠨ᠎ᠡ᠂ ᠡᠷᠲᠡ ᠶᠢᠨ ᠬᠤᠭᠤᠯᠠᠨ ᠳᠤ ᠪᠠᠨ ᠨᠢᠭᠡ ᠴᠣᠮᠣ ᠦᠨᠢᠶᠡᠨ ᠰᠦ ᠤᠤᠭᠤᠵᠤ᠂ ᠲᠠᠬᠢᠨ ᠦᠨᠳᠡᠭᠡ ᠪᠤᠶᠤ ᠲᠠᠯᠬ᠎ᠠ ᠲᠠᠢ ᠲᠤᠬᠢᠷᠠᠭᠤᠯᠤᠨ ᠢᠳᠡᠪᠡᠯ ᠬᠦᠮᠦᠨ ᠤ ᠪᠡᠶ᠎ᠡ ᠳᠤ ᠬᠦᠢᠴᠡᠳ ᠰᠢᠮ᠎ᠡ ᠲᠡᠵᠢᠭᠡᠯ ᠢ ᠬᠠᠩᠭᠠᠵᠤ ᠴᠢᠳᠠᠨ᠎ᠠ᠃ ᠬᠤᠶᠠᠷ᠄ ᠦᠳᠡ ᠶᠢᠨ ᠬᠤᠶᠢᠨᠠᠬᠢ 4 ᠴᠠᠭ ᠤᠨ ᠦᠶ᠎ᠡ ᠪᠠᠷ᠂ ᠤᠷᠤᠢ ᠶᠢᠨ ᠬᠤᠭᠤᠯᠠᠨ ᠠᠴᠠ ᠡᠮᠦᠨ᠎ᠡ ᠦᠨᠢᠶᠡᠨ ᠰᠦ ᠤᠤᠭᠤᠪᠠᠯ ᠰᠠᠶᠢᠨ᠃ ᠭᠤᠷᠪᠠ᠄ ᠣᠷᠣᠢ ᠤᠨᠲᠠᠬᠤ ᠠᠴᠠ ᠪᠠᠨ ᠡᠮᠦᠨ᠎ᠡ ᠨᠢᠭᠡ ᠴᠣᠮᠣ ᠦᠨᠢᠶᠡᠨ ᠰᠦ ᠤᠤᠭᠤᠪᠠᠯ ᠰᠠᠶᠢᠨ ᠨᠣᠶᠢᠷᠰᠣᠵᠤ ᠠᠮᠠᠷᠠᠬᠤ ᠳᠤ ᠲᠤᠰᠠᠲᠠᠢ᠃              2. ᠦᠨᠢᠶᠡᠨ ᠰᠦ ᠤᠤᠭᠤᠬᠤ ᠳᠤ ᠶᠠᠭᠤ ᠶᠠᠭᠤ ᠶᠢ ᠠᠩᠬᠠᠷᠬᠤ ᠴᠢᠬᠤᠯᠠ ᠲᠠᠢ ᠪᠤᠢ︖              ᠨᠢᠭᠡ᠄ ᠲᠦᠬᠦᠬᠡᠢ ᠰᠦ ᠶᠢ ᠤᠤᠭᠤᠵᠤ ᠪᠣᠯᠬᠤ ᠦᠭᠡᠢ᠂ ᠰᠢᠨ᠎ᠡ ᠰᠣᠷᠭᠤᠭ ᠦᠨᠢᠶᠡᠨ ᠰᠦ ᠤᠤᠭᠤᠬᠤ ᠳᠤ  ᠪᠠᠨ ᠡᠷᠬᠡᠪᠰᠢ ᠬᠠᠯᠠᠭᠤᠯᠤᠨ ᠪᠣᠴᠠᠯᠭᠠᠵᠤ ᠤᠤᠭᠤᠬᠤ ᠬᠡᠷᠡᠭᠲᠡᠢ᠂ ᠦᠭᠡᠢ ᠪᠣᠯ ᠡᠪᠡᠳᠴᠢᠨ ᠤ ᠪᠠᠺᠲ᠋ᠧᠷᠢ ᠠᠮᠠ ᠪᠠᠷ ᠳᠠᠮᠵᠢᠨ ᠪᠡᠶ᠎ᠡ ᠳᠤ ᠰᠢᠩᠭᠡᠬᠦ ᠠᠶᠤᠯᠲᠠᠢ᠃      ᠬᠤᠶᠠᠷ᠄ ᠦᠨᠢᠶᠡᠨ ᠰᠦ ᠶᠢ ᠵᠢᠭᠠᠬᠠᠨ ᠶᠠᠭᠤᠮ᠎ᠠ ᠢᠳᠡᠭᠰᠡᠨ ᠤ ᠳᠠᠷᠠᠭ᠎ᠠ ᠤᠤᠭᠤᠬᠤ ᠪᠣᠶᠣ ᠶᠠᠭᠤᠮ᠎ᠠ ᠢᠳᠡᠬᠦ  ᠶᠢᠨ ᠳᠠᠭᠠᠤ ᠤᠤᠭᠤᠪᠠᠯ ᠰᠠᠶᠢᠨ᠃      ᠭᠤᠷᠪᠠ᠄ ᠦᠨᠢᠶᠡᠨ ᠰᠦ ᠳᠤ ᠵᠢᠮᠢᠰ ᠤᠨ ᠰᠢᠭᠦᠰᠦ ᠮᠡᠲᠦ ᠶᠢᠨ ᠬᠦᠴᠢᠯᠯᠢᠭ ᠴᠢᠨᠠᠷ ᠲᠠᠢ ᠤᠮᠳᠠᠭᠠᠨ ᠨᠡᠮᠡᠵᠤ ᠤᠤᠭᠤᠵᠤ ᠪᠣᠯᠬᠤ ᠦᠭᠡᠢ᠂ ᠦᠨᠢᠶᠡᠨ ᠰᠦ ᠤᠤᠭᠤᠬᠤ ᠠᠴᠠ ᠡᠮᠦᠨ᠎ᠡ ᠬᠤᠶᠢᠨᠠᠬᠢ ᠨᠢᠭᠡ ᠴᠠᠭ ᠲᠤ ᠵᠦᠷᠵᠢ ᠮᠡᠲᠦ  ᠶᠢᠨ ᠢᠰᠭᠦᠯᠡᠩ ᠴᠢᠨᠠᠷ ᠲᠠᠢ ᠵᠢᠮᠢᠰ ᠢᠳᠡᠵᠦ ᠪᠣᠯᠬᠤ ᠦᠭᠡᠢ᠃      ᠳᠦᠷᠪᠡ᠄ ᠵᠠᠷᠢᠮ ᠬᠦᠮᠦᠰ ᠦᠨᠢᠶᠡᠨ ᠰᠦ ᠶᠢ ᠪᠣᠴᠠᠯᠤᠭᠰᠠᠨ ᠤᠰᠤ ᠶᠢᠨ ᠣᠷᠣᠨ ᠳᠤ ᠬᠡᠷᠡᠭᠯᠡᠵᠦ ᠲᠡᠭᠦᠨ  ᠢᠶᠠᠷ ᠡᠮ ᠤᠤᠭᠤᠳᠠᠭ᠂ ᠢᠩᠬᠢᠬᠦ ᠨᠢ ᠬᠦᠮᠦᠨ ᠤ ᠪᠡᠶ᠎ᠡ ᠶᠢᠨ ᠡᠮ ᠢ ᠰᠢᠩᠭᠡᠭᠡᠬᠦ ᠶᠢ ᠬᠠᠷᠰᠢᠯᠠᠨ᠎ᠠ᠂ ᠡᠪᠡᠳᠴᠢᠲᠡᠨ ᠡᠮ ᠤᠤᠭᠤᠬᠤ ᠠᠴᠠ ᠡᠮᠦᠨ᠎ᠡ ᠬᠤᠶᠢᠨᠡᠬᠢ ᠨᠢᠭᠡ ᠴᠠᠭ ᠲᠤ ᠦᠨᠢᠶᠡᠨ ᠰᠦ ᠤᠤᠭᠤᠬᠤ ᠦᠭᠡᠢ ᠪᠣᠯ ᠰᠠᠶᠢᠨ᠃      ᠲᠠᠪᠤ᠄ ᠬᠦᠯᠳᠡᠭᠡᠭᠰᠡᠨ ᠪᠤᠶᠤ ᠬᠦᠢᠲᠡᠨ ᠦᠨᠢᠶᠡᠨ ᠰᠦ ᠨᠢ ᠬᠦᠮᠦᠨ ᠤ ᠪᠡᠶ᠎ᠡ ᠶᠢᠨ ᠬᠤᠳᠤᠭᠤᠳᠤ ᠭᠡᠳᠡᠰᠦᠨ  ᠤ ᠬᠦᠳᠡᠯᠭᠡᠭᠡᠨ ᠤ ᠴᠢᠳᠠᠪᠬᠢ ᠶᠢ ᠨᠦᠯᠦᠭᠡᠯᠡᠵᠦ ᠰᠠᠭᠤᠯᠭᠠᠬᠤ ᠮᠡᠲᠦ ᠶᠢᠨ ᠪᠠᠶᠢᠳᠠᠯ ᠢᠯᠡᠷᠡᠳᠡᠭ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号