ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ  ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 6 ᠳ᠋ᠤᠭᠠᠷ ᠣᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/19
     4 ᠰᠠᠷ᠎ᠠ ᠶᠢᠨ 15 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ ᠲᠠᠩ ᠢ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ 2021 ᠣᠨ ᠤ 6 ᠳ᠋ᠤᠭᠠᠷ ᠣᠳᠠᠭᠠᠨ ᠤ ᠰᠤᠷᠤᠯᠴᠠᠯᠭ᠎ᠠ ᠶᠢᠨ ᠬᠤᠷᠠᠯ ᠵᠢᠴᠢ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠣ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭᠠᠨ ᠤ ᠲᠣᠭᠤᠷᠢᠨ ᠳᠤ ᠰᠤᠳᠤᠯᠤᠨ ᠶᠠᠷᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠵᠣᠣ ᠱᠧᠩ᠂ ᠬᠤ᠋ ᠱᠠᠨ ᠱᠦᠨ᠂ ᠬᠤᠲᠠ ᠶᠢᠨ ᠳᠡᠳ᠋ ᠳᠠᠷᠤᠭ᠎ᠠ ᠯᠢᠶᠠᠩ ᠱᠣ᠋ ᠫᠢᠩ᠂ ᠯᠢᠦ ᠰᠣ᠋ ᠬᠤᠩ᠂ ᠰᠦᠨ ᠬᠤᠤ ᠵᠢᠴᠢ ᠨᠠᠷᠢᠨ ᠪᠢᠴᠢᠭ ᠤᠨ ᠳᠠᠷᠤᠭ᠎ᠠ ᠮᠧᠩ ᠫᠸᠢ ᠶᠦᠨ ᠬᠤᠷᠠᠯ ᠳᠤ ᠣᠷᠣᠯᠴᠠᠪᠠ᠃ ᠬᠤᠲᠠ ᠶᠢᠨ ᠳᠡᠳ᠋ ᠳᠠᠷᠤᠭ᠎ᠠ ᠦ᠋ ᠶᠧ ᠸᠧᠨ ᠬᠤᠷᠠᠯ ᠳᠤ ᠰᠤᠯᠠ ᠣᠷᠣᠯᠴᠠᠪᠠ᠃      ᠬᠤᠷᠠᠯ ᠳᠡᠭᠡᠷ᠎ᠡ᠂ ᠯᠢᠶᠠᠩ ᠱᠣ᠋ ᠫᠢᠩ᠂ ᠯᠢᠦ ᠰᠣ᠋ ᠬᠤᠩ᠂ ᠰᠦᠨ ᠬᠤᠤ᠂ ᠮᠧᠩ ᠫᠸᠢ ᠶᠦᠨ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠭᠦᠨᠵᠡᠭᠡᠶ ᠣᠶᠢᠯᠠᠭᠠᠵᠤ᠂ ᠤᠯᠠᠮ ᠨᠢᠭᠡ ᠠᠯᠬᠤᠮ ᠪᠠᠷᠢᠮᠵᠢᠶᠠᠯᠠᠨ ᠬᠠᠷᠭᠤᠭᠤᠯᠵᠤ᠂ ᠵᠥᠷᠢᠶ᠎ᠡ ᠪᠠᠨ ᠬᠢᠨᠠᠨ ᠠᠵᠢᠭᠯᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠬᠦᠬᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ ᠰᠡᠳᠬᠢᠮᠵᠢ ᠪᠠ ᠵᠠᠮ ᠢ ᠬᠠᠶᠢᠨ ᠰᠦᠪᠡᠭᠴᠢᠯᠡᠵᠦ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠦᠬᠠᠶ ᠳᠤ ᠦᠨᠳᠦᠰᠦᠯᠡᠭᠦᠯᠦᠨ᠂ ᠴᠡᠴᠡᠭᠯᠡᠨ ᠵᠢᠮᠢᠰᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠹᠦᠵᠢᠶᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠯᠤᠭ᠎ᠠ ᠤᠶᠠᠯᠳᠤᠭᠤᠯᠤᠨ ᠭᠦᠨᠵᠡᠭᠡᠶ ᠰᠤᠷᠤᠯᠴᠠᠵᠤ᠂ ᠲᠡᠭᠦᠨ ᠤ ᠡᠯᠪᠡᠭ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠢᠮᠤᠷᠠᠯ ᠤᠨ ᠳᠤᠮᠳᠠ ᠰᠢᠨ᠎ᠡ ᠠᠵᠠ ᠲᠣᠬᠢᠶᠠᠯ ᠢ ᠪᠤᠢ ᠪᠣᠯᠭᠠᠵᠤ᠂ ᠬᠤᠪᠢᠷᠠᠯᠲᠠ ᠶᠢᠨ ᠳᠤᠮᠳᠠ ᠰᠢᠨ᠎ᠡ ᠪᠠᠶᠢᠳᠠᠯ ᠢ ᠡᠭᠦᠳᠬᠦ ᠪᠠᠷ ᠴᠢᠷᠮᠠᠶᠢᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠨᠡᠨᠬᠦ ᠦᠬᠠᠢ ᠶᠢᠨ ᠬᠥᠭᠵᠢᠯᠲᠡ ᠶᠢ ᠠᠬᠢᠭᠤᠯᠬᠤ ᠪᠣᠳᠠᠲᠠᠢ ᠠᠵᠢᠯᠯᠠᠭ᠎ᠠ ᠪᠠ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠪᠣᠯ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠬᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠬᠠᠢ ᠳᠤ ᠪᠦᠲᠦᠭᠡᠯᠴᠢ ᠪᠠᠷ ᠰᠠᠶᠢᠲᠤᠷ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠢ᠃ ᠶᠡᠷᠦᠩᠬᠡᠶ ᠱᠦᠵᠢ ᠰᠢ ᠶᠢᠨ ᠫᠢᠩ ᠤᠨ ᠳᠤᠷᠠᠳᠤᠭᠰᠠᠨ ᠰᠢᠨ᠎ᠡ ᠱᠠᠭᠠᠷᠳᠠᠯᠭ᠎ᠠ ᠰᠢᠨ᠎ᠡ ᠪᠠᠶᠢᠷᠢᠯᠠᠭᠤᠯᠤᠯᠲᠠ ᠰᠢᠨ᠎ᠡ ᠡᠭᠦᠷᠭᠡ ᠯᠦᠭᠡ ᠪᠠᠷᠢᠮᠵᠢᠶᠠᠯᠠᠨ ᠬᠠᠷᠭᠤᠭᠤᠯᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠠᠬᠢᠭᠤᠯᠬᠤ ᠵᠡᠷᠭᠡ ᠭᠤᠣᠯᠳᠠᠯᠭ᠎ᠠ ᠲᠠᠢ ᠡᠭᠦᠷᠭᠡ ᠶᠢᠨ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠭᠦᠨᠵᠡᠭᠡᠢ ᠪᠣᠳᠠᠲᠠᠶᠢᠵᠢᠭᠤᠯᠵᠤ᠂ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠪᠣᠯᠤᠨ ᠡᠯ᠎ᠡ ᠬᠦᠷᠢᠶᠡᠨ ᠳᠤ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠤᠯᠠᠮ ᠴᠢᠨᠠᠭᠰᠢᠳᠠ ᠭᠦᠨᠵᠡᠭᠡᠢ ᠥᠷᠨᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠤᠮᠳᠠ ᠣᠷᠭᠢᠯᠣᠨ ᠪᠠᠳᠠᠷᠠᠭᠰᠠᠨ ᠬᠦᠴᠦᠨ ᠴᠢᠳᠠᠯ ᠪᠣᠯᠤᠨ ᠣᠷᠭᠢᠯᠤᠮ᠎ᠠ ᠰᠡᠳᠬᠢᠯᠭᠡ ᠪᠠᠨ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠦᠢᠯᠡᠰ ᠪᠤᠰᠬᠠᠬᠤ ᠴᠤᠭ ᠰᠦᠯᠳᠡ ᠪᠣᠯᠭᠠᠨ ᠬᠤᠪᠢᠷᠠᠭᠤᠯᠵᠤ᠂ ᠰᠡᠳᠬᠢᠯ ᠰᠠᠨᠠᠭ᠎ᠠ ᠪᠠᠨ ᠲᠥᠪᠯᠡᠷᠡᠭᠦᠯᠦᠨ ᠠᠵᠢᠯ ᠦᠢᠯᠡᠰ ᠪᠦᠲᠦᠭᠡᠵᠦ᠂ ᠯᠠᠪᠳᠠᠭᠤᠨ ᠪᠠᠲᠤᠲᠠᠢ ᠪᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠠᠵᠢᠯ ᠳᠠᠭᠠᠨ ᠴᠠᠭᠠᠷᠠᠭᠰᠠᠨ ᠠᠮᠵᠢᠯᠲᠠ ᠪᠦᠲᠦᠮᠵᠢ ᠪᠣᠯᠤᠨ ᠰᠠᠶᠢᠨ ᠰᠠᠶᠢᠬᠠᠨ ᠠᠵᠢᠯ ᠤᠨ ᠦᠷ᠎ᠡ ᠪᠦᠲᠦᠮᠵᠢ ᠪᠠᠷ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号