ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ ᠲᠠᠩ ᠢ ᠬᠠᠶᠢᠷᠤᠪ ᠤᠨ ᠲᠤᠬᠤᠢ ᠲᠣᠭᠤᠷᠢᠭ ᠤᠨ ᠬᠠᠢ ᠳ᠋ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/4/19

     4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ

ᠲᠠᠩ ᠢ ᠬᠠᠶᠢᠷᠤᠪ ᠤᠨ ᠲᠤᠬᠤᠢ ᠲᠣᠭᠤᠷᠢᠭ ᠤᠨ ᠬᠠᠢ ᠳ᠋ᠠ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠨᠠᠮ ᠤᠨ

ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠵᠤ᠂ ᠪᠦᠬᠦ

ᠬᠤᠲᠠ ᠶᠢᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ

ᠺᠠᠳ᠋ᠷᠴᠤᠳ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ

ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ

ᠳᠡᠭᠡᠷ᠎ᠡ ᠦᠨᠡᠨ ᠬᠦ ᠨᠢᠭᠡᠳᠬᠡᠵᠦ᠂ ᠰᠢ ᠶᠢᠨ ᠫᠢᠩ ᠶᠡᠷᠦᠩᠬᠡᠢ ᠱᠦᠵᠢ ᠶᠢᠨ ᠨᠠᠮ ᠤᠨ ᠲᠡᠦᠬᠡ ᠶᠢᠨ ᠲᠤᠬᠠᠢ ᠴᠢᠬᠤᠯᠠ

ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ

ᠢᠮᠠᠭᠲᠠ ᠲᠤᠤᠱᠯᠠᠭᠤᠯᠵᠤ᠂ ᠲᠡᠦᠬᠡ ᠶᠢ ᠰᠣᠷᠣᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠣᠷᠣᠯᠴᠠᠵᠤ

ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠶᠢ ᠰᠣᠷᠣᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ

ᠰᠣᠷᠣᠯᠴᠠᠵᠤ ᠴᠢᠷᠮᠠᠶᠢᠨ ᠦᠢᠯᠡᠳᠦᠯᠭᠡᠵᠢᠭᠦᠯᠬᠦ ᠶᠢ ᠦᠨᠡᠨᠬᠦ ᠪᠡᠶᠡᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠦ

ᠴᠢᠬᠤᠯᠠᠴᠢᠯᠠᠪᠠ᠃

     ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ

ᠱᠧᠩ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ

ᠴᠢᠩ ᠳ᠋ᠦᠩ ᠬᠠᠮᠲᠤ ᠪᠠᠷ ᠪᠠᠶᠢᠴᠠᠭᠠᠨ ᠰᠤᠳᠤᠯᠤᠯᠲᠠ ᠬᠢᠪᠡ᠃

     ᠲᠠᠩ ᠢ ᠤᠷᠢᠳ ᠬᠤᠵᠢᠳ ᠬᠠᠢ ᠳ᠋ᠠ ᠨᠡᠶᠢᠭᠡᠮ ᠲᠣᠭᠤᠷᠢᠭ ᠤᠨ ᠨᠠᠮ ᠪᠠ ᠤᠯᠠᠨ ᠲᠦᠮᠡᠨ ᠤ

ᠦᠢᠯᠡᠴᠢᠯᠡᠭᠡᠨ ᠤ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠷᠳᠡᠭᠡ᠂ ᠨᠡᠶᠢᠭᠡᠮ

ᠲᠣᠭᠤᠷᠢᠭ ᠤᠨ ᠦᠢᠯᠡᠴᠢᠯᠡᠭᠡᠨ ᠤ ᠦᠷᠳᠡᠭᠡ ᠳᠤ ᠬᠦᠷᠴᠦ᠂ ᠨᠠᠮ ᠤᠨ ᠪᠠᠶᠢᠭᠤᠯᠤᠯᠲᠠ ᠶᠢᠨ ᠠᠵᠢᠯᠯᠠᠭ᠎ᠠ ᠶᠢᠨ

ᠵᠢᠭᠰᠠᠭᠠᠯ ᠤᠨ ᠭᠠᠵᠠᠷ᠂ ᠠᠷᠠᠳ ᠲᠤ ᠲᠦᠬᠦᠮ ᠦᠵᠡᠭᠦᠯᠬᠦ ᠲᠤᠬᠠᠶᠢᠯᠠᠭᠰᠠᠨ ᠠᠵᠢᠯ ᠢ ᠭᠦᠢᠴᠡᠳᠬᠡᠭᠰᠡᠨ ᠵᠡᠷᠭᠡ

ᠪᠠᠶᠢᠳᠠᠯ ᠢ ᠨᠠᠷᠢᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠪᠠᠶᠢᠳᠠᠯ ᠢ

ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃

     ᠶᠠᠷᠢᠯᠴᠠᠬᠤ ᠬᠤᠷᠠᠯ ᠳᠡᠭᠡᠷ᠎ᠡ ᠲᠠᠩ ᠢ ᠵᠢᠭᠠᠵᠤ ᠭᠠᠷᠭᠠᠭᠰᠠᠨ ᠨᠢ᠂ ᠨᠠᠮ ᠤᠨ ᠲᠡᠤᠬᠡ ᠶᠢᠨ ᠰᠤᠷᠤᠯᠴᠠᠯᠭ᠎ᠠ

ᠬᠥᠮᠦᠵᠢᠯ ᠢ ᠥᠷᠨᠢᠭᠦᠯᠬᠦ ᠪᠣᠯ ᠨᠠᠮ ᠤᠨ ᠲᠥᠪ ᠬᠤᠷᠢᠶᠠᠨ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ

ᠪᠣᠳᠣᠯᠭ᠎ᠠ ᠪᠠᠶᠢᠷᠢᠯᠠᠭᠤᠯᠤᠯᠲᠠ ᠮᠥᠨ᠂ ᠪᠥᠬᠦ ᠵᠢᠯ ᠳᠤ ᠲᠤᠤᠱᠯᠠᠭᠳᠠᠬᠤ ᠴᠢᠬᠤᠯᠠ ᠤᠯᠤᠰ ᠲᠥᠷᠥ ᠶᠢᠨ ᠡᠭᠦᠷᠭᠡ

ᠮᠥᠨ ᠪᠣᠯᠬᠤᠷ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠠᠯᠤᠰ ᠬᠡᠲᠦ ᠶᠢᠨ ᠨᠥᠯᠥᠭᠡ ᠲᠠᠢ ᠶᠤᠮ᠃

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠰᠢ ᠶᠢᠨ ᠫᠢᠩ

ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠨᠠᠭᠠᠴᠢᠯᠠᠭ᠎ᠠ ᠠᠴᠠ ᠪᠠᠨ ᠬᠠᠷᠭᠤᠭᠤᠯᠵᠤ᠂

ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠠᠪᠠᠯ ᠤᠩᠰᠢᠬᠤ ᠵᠤᠬᠢᠶᠠᠯ ᠪᠣᠯᠤᠨ ᠵᠠᠪᠠᠯ ᠰᠤᠷᠬᠤ

ᠠᠭᠤᠯᠭ᠎ᠠ ᠶᠢ ᠭᠦᠨᠵᠡᠭᠡᠢ ᠪᠦᠭᠡᠳ ᠨᠡᠪᠲᠡᠷᠡᠲᠡᠯ᠎ᠡ ᠰᠤᠷᠤᠯᠴᠠᠵᠤ᠂ ᠢᠲᠡᠭᠡᠯ ᠪᠢᠰᠢᠷᠡᠯ ᠤᠨ ᠬᠠᠷᠢᠭᠤᠴᠠᠯᠭ᠎ᠠ ᠶᠢ

ᠰᠤᠷᠤᠯᠴᠠᠵᠦ᠂ ᠬᠠᠷᠢᠴᠠᠯᠠᠰᠢᠭᠦᠢ ᠦᠨᠡᠨᠴᠢ ᠰᠢᠳᠤᠷᠭᠤ ᠶᠢ ᠰᠤᠷᠤᠯᠴᠠᠵᠦ᠂ ᠦᠵᠡᠯ ᠰᠠᠨᠠᠭᠠᠨ ᠤ ᠲᠠᠯ᠎ᠠ ᠪᠠᠷ

ᠦᠨᠳᠦᠰᠦᠨ ᠠᠴᠠ ᠨᠢ ᠴᠡᠭᠴᠡᠯᠡᠵᠦ᠂ ᠦᠢᠯᠡ ᠠᠵᠢᠯᠯᠠᠭ᠎ᠠ ᠶᠢᠨ ᠲᠠᠯ᠎ᠠ ᠪᠠᠷ ᠡᠷᠡᠰ ᠪᠠᠲᠤ ᠪᠠᠶᠢᠬᠤ ᠶᠢ ᠪᠡᠶᠡᠯᠡᠭᠦᠯᠵᠦ᠂

ᠰᠤᠷᠤᠯᠴᠠᠯᠭ᠎ᠠ ᠶᠢᠨ ᠳᠤᠮᠳᠠ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ

ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ ᠬᠡᠵᠡᠢ᠃

     ᠲᠠᠩ ᠢ ᠴᠢᠬᠤᠯᠠᠴᠢᠯᠠᠭᠰᠠᠨ ᠨᠢ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ

ᠨᠠᠶᠢᠳᠠᠪᠤᠷᠢᠵᠢᠭᠤᠯᠤᠯᠲᠠ ᠶᠢ ᠠᠳᠬᠤᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾

ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ

ᠲᠤᠤᠱᠯᠠᠭᠤᠯᠵᠤ᠂ ᠠᠷᠠᠳ ᠤᠯᠠᠨ ᠤ ︽ᠪᠠᠴᠢᠮ ᠲᠤᠯᠭᠠᠮ᠎ᠠ ᠬᠦᠴᠢᠷ ᠵᠣᠪᠠᠭᠤᠷᠢ ᠲᠠᠢ︾ ᠶᠡᠭᠡ ᠶᠠᠪᠤᠳᠠᠯ ᠪᠠᠭ᠎ᠠ

ᠶᠠᠪᠤᠳᠠᠯ ᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ᠮᠥᠷᠥᠨ ᠳᠡᠭᠡᠷ᠎ᠡ ᠪᠠᠨ ᠡᠭᠦᠷᠭᠡᠯᠡᠵᠦ᠂ ᠠᠷᠠᠳ

ᠤᠯᠠᠨ ᠤ ᠬᠠᠯᠠᠮᠵᠢᠯᠠᠨ ᠠᠩᠬᠠᠷᠴᠤ ᠪᠠᠶᠢᠭ᠎ᠠ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠦᠨᠡᠨᠬᠦ ᠰᠢᠢᠳᠪᠦᠷᠢᠯᠡᠵᠦ

᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ

ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ

ᠨᠠᠮ ᠪᠠᠶᠢᠭᠤᠯᠤᠭᠳᠠᠭᠰᠠᠨ 100 ᠵᠢᠯ ᠤᠨ ᠣᠶ ᠲᠠᠢ ᠣᠷᠭᠠᠨᠢᠭ ᠢᠶᠠᠷ ᠤᠶᠠᠯᠳᠤᠭᠤᠯᠵᠤ᠂ ᠤᠬᠠᠭᠤᠯᠭ᠎ᠠ ᠶᠢᠨ ᠠᠷᠭ᠎ᠠ

ᠬᠡᠯᠪᠡᠷᠢ ᠪᠠᠨ ᠪᠠᠶᠠᠯᠢᠭᠵᠢᠭᠤᠯᠵᠤ᠂ ᠤᠬᠠᠭᠤᠯᠭ᠎ᠠ ᠶᠢᠨ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠭᠦᠨ ᠵᠤᠵᠠᠭᠠᠨ

ᠠᠭᠤᠷ ᠠᠮᠢᠰᠬᠤᠯ ᠢ ᠪᠤᠢ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠭᠡᠷᠡᠯ

ᠰᠠᠴᠤᠷᠠᠩᠭᠤᠢ ᠲᠡᠦᠬᠡᠨ ᠶᠠᠪᠤᠴᠠ᠂ ᠠᠭᠤᠤ ᠶᠡᠭᠡ ᠠᠮᠵᠢᠯᠲᠠ ᠪᠦᠲᠦᠮᠵᠢ ᠪᠠ ᠡᠷᠬᠢᠮ ᠨᠠᠨᠳᠢᠨ ᠲᠤᠷᠰᠢᠯᠭ᠎ᠠ ᠶᠢ ᠪᠦᠬᠦ

ᠲᠠᠯ᠎ᠠ ᠪᠠᠷ᠂ ᠰᠢᠰᠲ᠋ᠧᠮ ᠲᠠᠢ᠂ ᠠᠮᠢᠳᠤᠯᠢᠭ ᠢᠶᠠᠷ ᠳᠡᠯᠭᠡᠨ ᠦᠵᠡᠭᠦᠯᠵᠦ᠂ ᠴᠠᠭ ᠦᠶ᠎ᠡ ᠶᠢᠨ ᠦᠷ᠎ᠡ ᠪᠦᠲᠦᠮᠵᠢ ᠶᠢ

ᠣᠨᠣᠪᠴᠢᠲᠠᠢ ᠡᠵᠡᠮᠳᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠲᠠᠬᠤ ᠬᠦᠴᠦᠨ ᠪᠠ

ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ

ᠬᠥᠮᠦᠵᠢᠯ ᠤᠨ ᠤᠯᠠᠨ ᠲᠦᠮᠡᠨ ᠤ ᠳᠤᠮᠳᠠ ᠭᠦᠨᠵᠡᠭᠡᠶᠢᠷᠡᠬᠦ᠂ ᠦᠨᠳᠦᠰᠦᠨ ᠱᠠᠲᠤᠨ ᠳᠤ ᠭᠦᠨᠵᠡᠭᠡᠶᠢᠷᠡᠬᠦ᠂

ᠬᠥᠮᠦᠰ ᠤᠨ ᠰᠡᠳᠬᠢᠯ ᠳᠤ ᠭᠦᠨᠵᠡᠭᠡᠶᠢᠷᠡᠬᠦ ᠶᠢ ᠠᠬᠢᠭᠤᠯᠬᠤ ᠬᠡᠷᠡᠭᠲᠡᠢ ᠬᠡᠵᠡᠢ᠃

     ᠪᠠᠶᠢᠴᠠᠭᠠᠨ ᠰᠤᠳᠤᠯᠤᠯᠲᠠ ᠶᠢᠨ ᠳᠤᠮᠳᠠ᠂ ᠲᠠᠩ ᠢ ᠪᠠᠰᠠ ᠲᠡᠮᠦᠷ ᠵᠠᠮ ᠤᠨ ᠭᠤᠷᠪᠠᠯᠵᠢᠨ ᠱᠤᠭᠤᠮ ᠤᠨ

ᠡᠷᠬᠢᠨ ᠲᠣᠭᠤᠷᠢᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠲᠤᠬᠠᠶ ᠶᠢᠨ

ᠭᠠᠵᠠᠷ ᠲᠤᠨᠢ ᠪᠠᠶᠢᠴᠠᠭᠠᠨ ᠦᠵᠡᠪᠡ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号