ᠬᠤᠲᠠ ᠶᠢᠨ ᠨᠠᠮ ᠤᠨ ᠬᠤᠷᠢᠶᠠᠨ ᠤ ᠬᠢᠨᠠᠨ ᠪᠣᠳᠣᠬᠤ ᠬᠤᠷᠢᠶᠠᠨ ᠤ ᠳᠥᠷᠪᠡᠳᠦᠭᠡᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/19
     4 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠳᠠᠩ ᠢ ᠬᠤᠲᠠ ᠶᠢᠨ ᠨᠠᠮ ᠤᠨ ᠬᠤᠷᠢᠶᠠᠨ ᠤ ᠬᠢᠨᠠᠨ ᠪᠣᠳᠣᠬᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠰᠠᠶᠢᠳ ᠯᠢ ᠺᠧ ᠴᠢᠶᠠᠩ ᠤᠨ ᠬᠢᠨᠠᠨ ᠪᠤᠳᠤᠬᠤ ᠵᠠᠬᠢᠷᠭ᠎ᠠ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ 2020 ᠣᠨ ᠤ ᠪᠦᠬᠦ ᠬᠤᠳᠠ ᠶᠢᠨ ᠬᠢᠨᠠᠨ ᠪᠤᠳᠤᠬᠤ ᠠᠵᠢᠯ ᠵᠢᠴᠢ 2021 ᠣᠨ ᠤ ᠬᠢᠨᠠᠨ ᠪᠤᠳᠤᠬᠤ ᠠᠵᠢᠯ ᠤᠨ ᠲᠤᠬᠢᠷᠠᠭᠤᠯᠤᠯᠳᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠤᠭᠳᠠᠯ ᠪᠦᠬᠦᠢ ᠪᠢᠴᠢᠭ ᠮᠠᠲ᠋ᠧᠷᠢᠶᠠᠯ ᠢ ᠰᠤᠳᠤᠯᠤᠨ ᠬᠢᠨᠠᠨ ᠵᠥᠪᠯᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠰᠣ᠋ ᠵᠥᠩ ᠱᠧᠩ᠂ ᠸᠠᠩ ᠵᠣᠣ ᠱᠧᠩ᠂ ᠦ᠋ ᠰᠢᠶᠤᠤ ᠾᠦᠢ᠂ ᠵᠠᠩ ᠮᠧᠩ ᠵᠢᠶᠠᠨ ᠬᠤᠷᠠᠯ ᠳᠤ ᠣᠷᠣᠯᠴᠠᠪᠠ᠃          ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠰᠠᠶᠢᠳ ᠯᠢ ᠺᠧ ᠴᠢᠶᠠᠩ ᠤᠨ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠢᠨᠠᠨ ᠪᠤᠳᠤᠬᠤ ᠬᠤᠷᠢᠶᠠᠨ ᠤ ᠭᠤᠷᠪᠠᠳᠤᠭᠠᠷ ᠣᠳᠠᠭᠠᠨ ᠤ ᠬᠤᠷᠠᠯ ᠤᠨ ᠵᠣᠷᠢᠭ ᠰᠠᠨᠠᠭ᠎ᠠ ᠨᠢ ᠶᠡᠷᠦᠩᠬᠡᠢ ᠱᠦᠵᠢ ᠰᠢ ᠶᠢᠨ ᠫᠢᠩ ᠤ ᠬᠢᠨᠠᠨ ᠪᠤᠳᠤᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠣᠯᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠢᠳᠡᠨ ᠤ ᠪᠦᠬᠦ ᠵᠢᠯ ᠤᠨ ᠬᠢᠨᠠᠨ ᠪᠤᠳᠤᠬᠤ ᠠᠵᠢᠯ ᠢ ᠰᠠᠶᠢᠲᠤᠷ ᠬᠢᠬᠦ ᠳᠤ ᠪᠣᠳᠠᠲᠠᠢ ᠠᠷᠭ᠎ᠠ ᠵᠠᠮ ᠢ ᠵᠢᠭᠠᠨ ᠥᠭᠴᠦ᠂ ᠴᠢᠬᠤᠯᠠ ᠵᠢᠷᠤᠮᠯᠠᠯ ᠬᠠᠩᠭᠠᠵᠠᠢ᠃ ᠣᠯᠠᠨ ᠢᠶᠠᠷ ᠢᠶᠠᠨ ᠡᠷᠬᠡᠪᠰᠢ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠦᠨᠵᠡᠭᠡᠢ ᠰᠤᠷᠤᠯᠴᠠᠨ ᠣᠶᠢᠯᠠᠭᠠᠵᠤ᠂ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠬᠢᠨᠠᠨ ᠪᠤᠳᠤᠵᠤ ᠬᠢᠨᠠᠯᠲᠠ ᠲᠠᠯᠪᠢᠬᠤ ᠤᠯᠤᠰ ᠲᠦᠷᠦ ᠶᠢᠨ ᠬᠠᠷᠢᠭᠤᠴᠠᠯᠭ᠎ᠠ ᠪᠠ ᠤᠯᠤᠰ ᠲᠦᠷᠦ ᠶᠢᠨ ᠡᠭᠦᠷᠭᠡ ᠶᠢ ᠡᠷᠡᠰ ᠡᠭᠦᠷᠭᠡᠯᠡᠵᠦ᠂ ᠤᠯᠤᠰ ᠲᠦᠷᠦ ᠪᠠ ᠪᠦᠬᠦ ᠲᠠᠯ᠎ᠠ ᠶᠢᠨ ᠦᠨᠳᠦᠷᠴᠡ ᠠᠴᠠ ᠬᠢᠨᠠᠨ ᠪᠤᠳᠤᠬᠤ ᠠᠵᠢᠯ ᠢ ᠲᠥᠯᠥᠪᠵᠢᠭᠦᠯᠬᠦ ᠪᠠ ᠠᠬᠢᠭᠤᠯᠬᠤ ᠶᠢ ᠪᠠᠷᠢᠮᠲᠠᠯᠠᠵᠤ᠂ ᠬᠢᠨᠠᠨ ᠪᠤᠳᠤᠬᠤ ᠦᠢᠯᠡᠳᠦᠯ ᠢ ᠪᠠᠳᠠᠷᠠᠭᠤᠯᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠠ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠮᠠᠨ ᠤ ᠬᠤᠳᠠ ᠳᠤ ᠲᠡᠷᠡ ᠬᠡᠪ ᠢᠶᠠᠷ ᠨᠢ ᠲᠤᠤᠱᠲᠠᠢ ᠲᠤᠤᠱᠯᠠᠭᠤᠯᠵᠤ᠂ ᠲᠤᠤᠱᠲᠠᠢ ᠬᠡᠷᠡᠭᠵᠢᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠬᠢᠨ ᠡᠷᠬᠡᠪᠰᠢ ᠪᠦᠬᠦ ᠬᠤᠳᠠ ᠶᠢᠨ ᠭᠤᠣᠯ ᠠᠵᠢᠯ ᠤᠨ ᠲᠣᠭᠤᠷᠢᠨ ᠳᠤ ᠭᠤᠣᠯᠳᠠᠯᠭ᠎ᠠ ᠶᠢ ᠠᠳᠬᠤᠵᠤ᠂ ᠭᠤᠣᠯᠳᠠᠯᠭ᠎ᠠ ᠪᠠᠨ ᠲᠤᠪᠤᠶᠢᠯᠭᠠᠵᠤ᠂ ᠤᠨᠢᠨ ᠳᠡᠭᠡᠷ᠎ᠡ ᠨᠢ ᠬᠦᠴᠦᠯᠡᠬᠦ ᠬᠡᠷᠡᠭᠲᠡᠢ᠃ ᠣᠨ ᠤ ᠬᠠᠷᠠᠯᠲᠠ ᠡᠭᠦᠷᠭᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠡᠳ᠋ ᠤᠨ ᠵᠠᠰᠠᠭ ᠤᠨ ᠪᠠᠯᠠ ᠮᠥᠩᠭᠦ ᠶᠢᠨ ᠶᠠᠰᠤ ᠴᠢᠨᠠᠷ  ᠢᠶᠠᠨ ᠳᠡᠭᠡᠭᠰᠢᠯᠡᠭᠦᠯᠦᠨ ᠦᠷ᠎ᠡ ᠠᠰᠢᠭ ᠢᠶᠠᠨ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ ᠪᠣᠭᠤᠮᠲᠠ ᠶᠢ ᠤᠷᠤᠭᠰᠢ ᠰᠢᠯᠵᠢᠭᠦᠯᠬᠦ ᠶᠢ ᠳᠥᠯᠭᠢᠨ ᠠᠬᠢᠭᠤᠯᠵᠤ᠂ ᠨᠠᠷᠢᠯᠢᠭ ᠣᠨᠣᠴᠠᠲᠠᠶ ᠪᠠᠷ ᠬᠢᠨᠠᠯᠲᠠ ᠲᠠᠯᠪᠢᠬᠤ  ᠪᠠᠨ ᠴᠢᠩᠭᠠᠳᠬᠠᠨ᠂ ᠣᠷᠣᠰᠢᠵᠤ ᠪᠠᠶᠢᠭ᠎ᠠ ᠠᠰᠠᠭᠤᠳᠠᠯ ᠢᠶᠠᠨ ᠴᠠᠭ ᠲᠤᠬᠠᠶ ᠳᠤᠨᠢ ᠲᠤᠰᠬᠠᠵᠤ᠂ ᠴᠡᠭᠴᠡᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠤᠨ᠂ ᠠᠵᠢᠯ ᠤᠨ ᠰᠠᠶᠢᠵᠢᠷᠠᠯᠲᠠ ᠶᠢ ᠦᠨᠡᠨ ᠬᠦ ᠳᠥᠯᠭᠢᠨ ᠠᠬᠢᠭᠤᠯᠬᠤ ᠬᠡᠷᠡᠭᠲᠡᠶ᠃ ᠬᠤᠷᠢᠭ᠎ᠠ ᠱᠤᠭᠤᠮ ᠤᠨ ᠤᠬᠠᠮᠰᠠᠷ ᠢᠶᠠᠨ ᠴᠢᠩᠭᠠᠳᠬᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠡᠵᠡᠮᠳᠡᠵᠦ᠂ ︽ᠠᠵᠤ ᠠᠬᠤᠶ ᠶᠢᠨ ᠪᠡᠶ᠎ᠡ ᠶᠢᠨ ᠪᠠᠶᠢᠴᠠᠭᠠᠯᠲᠠ︾ ᠶᠢ ᠪᠠᠶᠢᠩᠭᠤᠵᠢᠭᠤᠯᠤᠨ ᠥᠷᠨᠢᠭᠦᠯᠵᠦ᠂ ᠬᠢᠨᠠᠨ ᠪᠤᠳᠤᠯᠲᠠ ᠶᠢᠨ ︽ᠰᠡᠭᠦᠯᠴᠢ ᠶᠢᠨ ᠠᠵᠢᠯ︾ ᠢᠶᠠᠨ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠬᠦ ᠪᠠᠨ ᠲᠦᠷᠭᠡᠳᠬᠡᠵᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠪᠣᠯᠤᠨ ᠲᠣᠭᠤᠷᠢᠨ ᠪᠠᠶᠢᠴᠠᠭᠠᠬᠤ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠵᠣᠬᠢᠶᠠᠨ ᠪᠠᠶᠢᠭᠤᠯᠬᠤ ᠠᠵᠢᠯᠳᠠᠨ ᠤ ᠶᠠᠪᠤᠳᠠᠯ ᠵᠡᠷᠭᠡ ᠬᠢᠨᠠᠯᠲᠠ ᠲᠠᠯᠪᠢᠯᠲᠠ ᠶᠢ ᠪᠦᠲᠦᠮᠵᠢᠲᠡᠢ ᠨᠡᠪᠲᠡᠷᠡᠭᠦᠯᠬᠦ ᠶᠢ ᠬᠦᠴᠦᠯᠡᠨ ᠠᠬᠢᠭᠤᠯᠵᠤ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠶᠡᠷᠦᠩᠬᠡᠶᠢᠯᠡᠭᠰᠡᠨ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠢᠨᠠᠨ ᠪᠤᠳᠤᠯᠲᠠ ᠶᠢᠨ ᠬᠢᠨᠠᠯᠲᠠ ᠲᠠᠯᠪᠢᠬᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠬᠢ ᠵᠠᠩᠭᠢᠯᠠᠭ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠢ ᠶᠢᠨ ᠠᠵᠢᠯᠯᠠᠭᠠᠨ ᠤ ᠠᠮᠤᠷ ᠲᠦᠪᠰᠢᠨ ᠢ ᠬᠠᠮᠠᠭᠠᠯᠠᠬᠤ ᠳᠤ ᠪᠠᠲᠤᠯᠠᠭ᠎ᠠ ᠬᠠᠩᠭᠠᠬᠤ ᠬᠡᠷᠡᠭᠳᠡᠢ ᠬᠡᠵᠡᠢ᠃      ᠬᠤᠷᠠᠯ ᠠᠴᠠ ᠱᠠᠭᠠᠷᠳᠠᠭᠰᠠᠨ ᠨᠢ᠂ ᠬᠤᠲᠠ ᠲᠣᠭᠤᠷᠢᠭ ᠤᠨ ᠬᠤᠶᠠᠷ ᠱᠠᠲᠤᠨ ᠤ ᠬᠢᠨᠠᠨ ᠪᠤᠳᠤᠬᠤ ᠬᠤᠷᠢᠶ᠎ᠠ ᠬᠢᠨᠠᠨ ᠪᠤᠳᠤᠬᠤ ᠠᠵᠢᠯ ᠢ ᠰᠢᠰᠲ᠋ᠧᠮ ᠲᠠᠢ ᠲᠥᠯᠥᠪᠵᠢᠭᠦᠯᠵᠦ᠂ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠰᠢᠪᠠᠳᠠᠨ ᠰᠢᠢᠳᠪᠦᠷᠢᠯᠡᠭᠦᠯᠵᠦ ᠨᠠᠶᠢᠳᠠᠪᠤᠷᠢᠵᠢᠭᠤᠯᠬᠤ ᠪᠠᠨ ᠴᠢᠩᠭᠠᠳᠬᠠᠵᠤ᠂ ᠡᠯ᠎ᠡ ᠲᠣᠭᠤᠷᠢᠭ᠂ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠬᠢᠨᠠᠨ ᠪᠤᠳᠤᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠳᠡᠮᠵᠢᠵᠦ᠂ ᠬᠢᠨᠠᠨ ᠪᠤᠳᠤᠬᠤ ᠰᠠᠯᠠᠭ᠎ᠠ ᠮᠥᠴᠢᠷ ᠲᠣᠰ ᠪᠡᠶ᠎ᠡ ᠶᠢᠨ ᠪᠠᠶᠢᠭᠤᠯᠤᠯᠲᠠ ᠪᠠᠨ ᠦᠨᠡᠨᠬᠦ ᠴᠢᠩᠭᠠᠳᠬᠠᠵᠤ᠂ ᠶᠡᠭᠡ ᠳ᠋ᠠᠶᠢᠲ᠋ᠠ ᠵᠡᠷᠭᠡ ᠮᠡᠳᠡᠭᠡ ᠵᠠᠩᠬᠢᠴᠢᠯᠠᠯᠳᠠ ᠶᠢᠨ ᠠᠷᠭ᠎ᠠ ᠪᠠᠷᠢᠯ ᠢ ᠬᠢᠨᠠᠨ ᠪᠤᠲᠤᠯᠳᠠ ᠶᠢᠨ ᠬᠢᠨᠠᠯᠲᠠ ᠲᠠᠯᠪᠢᠬᠤ ᠯᠤᠭ᠎ᠠ ᠭᠦᠨᠵᠡᠭᠡᠶ ᠠᠭᠤᠰᠤᠯᠴᠠᠭᠤᠯᠬᠤ ᠶᠢ ᠲᠦᠷᠭᠡᠳᠬᠡᠨ ᠠᠬᠢᠭᠤᠯᠵᠤ᠂ ᠬᠢᠨᠠᠨ ᠪᠤᠳᠤᠬᠤ ᠠᠵᠢᠯ ᠤᠨ ᠪᠣᠳᠠᠲᠤ ᠦᠷ᠎ᠡ ᠪᠦᠲᠦᠮᠵᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠳᠤᠮᠳᠠ ᠨᠠᠩ ᠶᠡᠭᠡ ᠦᠢᠯᠡᠳᠦᠯ ᠢᠶᠠᠨ ᠪᠠᠳᠠᠷᠠᠭᠤᠯᠵᠤ᠂ ᠨᠠᠩ ᠶᠡᠭᠡ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠶ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号