ᠬᠤᠲᠠ ᠶᠢᠨ ᠱᠠᠲᠤᠨ ᠤ ᠤᠳᠤᠷᠢᠳᠬᠤ ᠺᠠᠳ᠋ᠷᠴᠤᠳ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠶᠢᠨ ᠲᠡᠦᠬᠡ ᠶᠢᠨ ᠲᠤᠰᠬᠠᠶ ᠰᠡᠳᠦᠪ ᠤᠨ ᠲᠣᠭᠤᠷᠢᠨ ᠳᠤ ᠲᠥᠪᠯᠡᠷᠡᠩᠭᠦᠶ ᠰᠤᠷᠤᠯᠴᠠᠯᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/19
     4 ᠰᠠᠷ᠎ᠠ ᠶᠢᠨ 17 ᠤ ᠡᠳᠦᠷ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠣᠬᠢᠷᠠᠭᠤᠯᠤᠯᠲᠠ ᠶᠣᠰᠣᠭᠠᠷ᠂ ᠬᠤᠲᠠ ᠶᠢᠨ ᠱᠠᠲᠤᠨ ᠤ ᠤᠳᠤᠷᠢᠳᠬᠤ ᠺᠠᠳ᠋ᠷᠴᠤᠳ ᠰᠢᠨ᠎ᠡ ᠠᠷᠠᠳᠴᠢᠯᠠᠭᠰᠠᠨ ᠬᠤᠪᠢᠰᠬᠠᠯ ᠤᠨ ᠦᠶ᠎ᠡ ᠶᠢᠨ ᠲᠡᠤᠬᠡ ᠶᠢᠨ ᠲᠤᠰᠬᠠᠶ ᠰᠡᠳᠦᠪ ᠤᠨ ᠲᠣᠭᠤᠷᠢᠨ ᠳᠤ ᠲᠥᠪᠯᠡᠷᠡᠭᠦᠯᠦᠨ ᠰᠤᠷᠤᠯᠴᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ᠂ ᠬᠤᠳᠠ ᠶᠢᠨ ᠳᠠᠷᠤᠭ᠎ᠠ ᠲᠠᠩ ᠢ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠰᠣ᠋ ᠵᠦᠩ ᠱᠧᠩ᠂ ᠵᠢᠶᠠ ᠴᠢᠩ ᠳ᠋ᠦᠩ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ ᠬᠡᠰᠡᠭ ᠤᠳᠤᠷᠢᠳᠬᠤ ᠨᠥᠬᠦᠳ ᠰᠤᠷᠤᠯᠴᠠᠯᠭ᠎ᠠ ᠳᠤ ᠣᠷᠣᠯᠴᠠᠪᠠ᠃      ᠲᠠᠩ ᠢ ᠵᠡᠷᠭᠡ ᠬᠤᠳᠠ ᠶᠢᠨ ᠲᠡᠰ ᠤᠨ ᠤᠳᠤᠷᠢᠳᠬᠤ ᠺᠠᠳ᠋ᠷᠴᠤᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠪᠴᠢ ᠲᠡᠦᠬᠡ︾ ᠶᠢᠨ ᠨᠢᠭᠡᠳᠦᠭᠡᠷ ᠪᠦᠯᠦᠭ ᠠᠴᠠ ᠳᠥᠷᠪᠡᠳᠦᠭᠡᠷ ᠪᠦᠯᠦᠭ ᠬᠦᠷᠲᠡᠯᠡᠬᠢ ᠠᠭᠤᠯᠭ᠎ᠠ ᠵᠢᠴᠢ ︽ᠮᠠᠤ ᠽᠧ ᠳ᠋ᠦᠩ ᠳ᠋ᠧᠩ ᠰᠢᠶᠤᠤ ᠫᠢᠩ ᠵᠢᠶᠠᠩ ᠽᠧ ᠮᠢᠨ ᠬᠣ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ ᠥᠭᠦᠯᠡᠯᠲᠡ ᠶᠢᠨ ᠲᠡᠭᠦᠪᠦᠷᠢ︾ ᠳᠠᠬᠢ ᠮᠠᠤ ᠽᠧ ᠳ᠋ᠦᠩ ᠤᠨ ᠴᠢᠬᠤᠯᠠ ᠥᠭᠦᠯᠡᠯᠲᠡ ᠶᠢᠨ ᠬᠡᠰᠡᠭ ᠤᠨ ᠲᠣᠭᠤᠷᠢᠨ ᠳᠤ ᠭᠤᠣᠯᠳᠠᠯᠭ᠎ᠠ ᠲᠠᠢ ᠪᠠᠷ ᠰᠤᠷᠤᠯᠴᠠᠭᠰᠠᠨ ᠪᠥᠭᠡᠳ ᠨᠠᠷᠢᠨ ᠬᠢᠨᠠᠮᠠᠭᠠᠶ ᠲᠡᠮᠳᠡᠭᠯᠡᠯ ᠬᠢᠭᠰᠡᠨ ᠪᠠᠶᠢᠨ᠎ᠠ᠃ ᠠᠵᠢᠯ ᠤᠨ ᠳᠤᠬᠢᠷᠠᠭᠤᠯᠤᠯᠳᠠ ᠶᠣᠰᠣᠭᠠᠷ᠂ ᠬᠤᠳᠠ ᠶᠢᠨ ᠱᠠᠲᠤᠨ ᠤ ᠤᠳᠤᠷᠢᠳᠬᠤ ᠺᠠᠳ᠋ᠷᠴᠤᠳ ᠪᠠᠰᠠ ᠰᠢᠨ᠎ᠡ ᠠᠷᠠᠳᠴᠢᠯᠠᠭᠰᠠᠨ ᠬᠤᠪᠢᠰᠬᠠᠯ ᠤᠨ ᠴᠠᠭ ᠦᠶ᠎ᠡ ᠶᠢᠨ ᠲᠡᠦᠬᠡ ᠶᠢᠨ ᠬᠤᠯᠪᠣᠭᠳᠠᠯ ᠪᠦᠬᠦᠢ ᠠᠭᠤᠯᠭ᠎ᠠ ᠶᠢᠨ ᠲᠣᠭᠤᠷᠢᠨ ᠳᠤ ᠥᠪᠡᠷ ᠢᠶᠠᠨ ᠰᠤᠷᠤᠯᠴᠠᠬᠤ ᠶᠢᠨ ᠬᠠᠮᠲᠤ ᠰᠤᠳᠤᠯᠤᠨ ᠶᠠᠷᠢᠯᠴᠠᠬᠤ ᠮᠠᠲ᠋ᠧᠷᠢᠶᠠᠯ ᠪᠢᠴᠢᠬᠦ ᠪᠠ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠵᠢᠯ ᠥᠷᠨᠢᠭᠦᠯᠬᠦ ᠪᠣᠯᠤᠨ᠎ᠠ᠃      ᠲᠠᠩ ᠢ ᠴᠢᠬᠤᠯᠠᠴᠢᠯᠠᠭᠰᠠᠨ ᠨᠢ᠂ ᠪᠦᠬᠦ ᠨᠠᠮ ᠤᠨ ᠬᠡᠪᠴᠢᠶᠡᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠨᠠᠮ ᠤᠨ ᠤᠯᠤᠰ ᠲᠦᠷᠦ ᠶᠢᠨ ᠠᠮᠢᠳᠤᠷᠠᠯ ᠳᠠᠬᠢ ᠨᠢᠭᠡᠨ ᠶᠡᠭᠡ ᠶᠠᠪᠤᠳᠠᠯ ᠪᠣᠯᠤᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠵᠠᠭᠤᠨ ᠵᠢᠯ ᠤᠨ ᠲᠡᠦᠬᠡ ᠶᠢ ᠪᠦᠬᠦ ᠲᠠᠯ᠎ᠠ ᠪᠠᠷ ᠰᠤᠷᠤᠯᠴᠠᠨ ᠰᠤᠳᠤᠯᠵᠤ᠂ ᠮᠠᠨ ᠤ ᠨᠠᠮ ᠤᠨ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠶᠢ ᠠᠬᠢᠭᠤᠯᠵᠤ ᠪᠦᠷᠢᠯᠳᠦᠭᠦᠯᠦᠭᠰᠡᠨ ᠴᠢᠬᠤᠯᠠ ᠶᠡᠭᠡ ᠣᠨᠣᠯ ᠤᠨ ᠦᠷ᠎ᠡ ᠪᠦᠲᠦᠭᠡᠯ ᠢ ᠰᠢᠰᠲ᠋ᠧᠮ ᠲᠠᠢ ᠡᠵᠡᠮᠰᠢᠵᠦ᠂ ᠮᠠᠨ ᠤ ᠨᠠᠮ ᠤᠨ ᠤᠷᠳᠤ ᠬᠤᠭᠤᠴᠠᠭᠠᠨ ᠤ ᠲᠡᠮᠡᠴᠡᠯ ᠤᠨ ᠳᠤᠮᠳᠠ ᠪᠦᠲᠦᠭᠡᠭᠰᠡᠨ ᠠᠭᠤᠤ ᠶᠡᠭᠡ ᠵᠣᠷᠢᠭ ᠰᠠᠨᠠᠭ᠎ᠠ ᠪᠣᠯᠤᠨ ᠬᠤᠷᠠᠮᠳᠤᠭᠤᠯᠤᠭᠰᠠᠨ ᠡᠷᠬᠢᠮ ᠨᠠᠨᠳᠢᠨ ᠲᠤᠷᠰᠢᠯᠭ᠎ᠠ ᠶᠢ ᠰᠠᠶᠢᠲᠤᠷ ᠰᠤᠷᠤᠯᠴᠠᠨ ᠵᠠᠯᠭᠠᠮᠵᠢᠯᠠᠵᠤ᠂ ᠭᠦᠨᠵᠡᠭᠡᠢ ᠰᠡᠳᠬᠢᠵᠦ ᠨᠠᠷᠢᠨ ᠣᠶᠢᠯᠠᠭᠠᠬᠤ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠦᠵᠡᠯ ᠰᠠᠨᠠᠭᠠᠨ ᠤ ᠲᠥᠭᠡᠷᠢᠭᠳᠡᠯ ᠢᠶᠠᠨ ᠠᠷᠢᠯᠭᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠳᠠᠪᠲᠠᠨ ᠪᠣᠯᠪᠠᠰᠤᠷᠠᠭᠤᠯᠵᠤ᠂ ᠨᠡᠩ ᠡᠷᠡᠰ ᠪᠠᠲᠤ ᠪᠠᠷ ᠤᠬᠠᠮᠰᠠᠷ ᠠᠴᠠ ᠪᠠᠨ ᠨᠠᠮ ᠤᠨ ᠰᠢᠨ᠎ᠡ ᠶᠢ ᠡᠭᠦᠳᠦᠭᠰᠡᠨ ᠤᠨᠤᠯ ᠤᠨ ᠦᠷ᠎ᠡ ᠪᠦᠲᠦᠭᠡᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ᠃ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠯᠦᠭᠡ ᠤᠶᠠᠯᠳᠤᠭᠤᠯᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠤᠳᠠ ᠶᠢᠨ ᠱᠠᠲᠤᠨ ᠤ ᠤᠳᠤᠷᠢᠳᠬᠤ ᠺᠠᠳ᠋ᠷᠴᠤᠳ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠠᠮ ᠤᠨ ᠲᠡᠦᠬᠡ ᠶᠢ ᠯᠠᠪᠳᠠᠭᠤᠨ ᠪᠠᠲᠤᠲᠠᠢ᠂ ᠨᠠᠷᠢᠨ ᠬᠢᠨᠠᠮᠠᠭᠠᠢ ᠰᠤᠷᠤᠯᠴᠠᠵᠤ᠂ ᠭᠦᠨᠵᠡᠭᠡᠢ ᠰᠤᠷᠤᠯᠴᠠᠬᠤ ᠳᠡᠭᠡᠷ᠎ᠡ ᠬᠦᠴᠦ ᠣᠷᠣᠭᠤᠯᠵᠤ᠂ ᠤᠶᠠᠯᠳᠤᠭᠤᠯᠬᠤ ᠳᠡᠭᠡᠷ᠎ᠡ ᠰᠢᠨ᠎ᠡ ᠠᠷᠭ᠎ᠠ ᠤᠬᠠᠭᠠᠨ ᠭᠠᠷᠭᠠᠵᠤ᠂ ᠨᠠᠶᠢᠳᠠᠪᠤᠷᠢᠵᠢᠭᠤᠯᠬᠤ ᠳᠡᠭᠡᠷ᠎ᠡ ᠦᠷ᠎ᠡ ᠪᠦᠲᠦᠮᠵᠢ ᠭᠠᠷᠭᠠᠵᠤ᠂ ᠠᠳᠠᠯᠢᠳᠬᠠᠬᠤ ᠰᠤᠷᠤᠯᠴᠠᠬᠤ ᠭᠦᠢᠴᠡᠬᠦ ᠳᠠᠪᠠᠭ᠋ᠤ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号