ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2021 ᠣᠨ ᠤ 4 ᠳ᠋ᠤᠭᠡᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/19
     4 ᠰᠠᠷ᠎ᠠ ᠶᠢᠨ 16 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ 2021 ᠣᠨ ᠤ 4 ᠳ᠋ᠤᠭᠡᠷ ᠣᠳᠠᠭᠠᠨ ᠤ ︵ᠥᠷᠭᠡᠳᠬᠡᠭᠰᠡᠨ︶ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ  ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠶᠢᠨ ᠲᠣᠭᠤᠷᠢᠨ ᠳᠤ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠲᠠᠩ ᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠷᠪᠠᠨ ᠨᠢᠭᠡᠳᠦᠭᠡᠷ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠵᠧᠦ ᡁᠢ ᠨᠢᠩ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃      ᠬᠤᠳᠠ ᠶᠢᠨ ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠳᠠᠯᠭᠠᠲᠤ ᠳᠤᠭᠤᠶᠢᠯᠠᠩ ᠤᠨ ᠪᠦᠷᠢᠯᠳᠦᠬᠦᠨ ᠬᠠᠨ ᠬᠦᠸᠧ ᠦ᠋᠂ ᠹᠧᠩ ᠰᠢᠤᠸᠠᠢ ᠲᠤᠤ᠂ ᠸᠠᠩ ᠵᠤᠤ ᠱᠧᠩ᠂ ᠳ᠋ᠧᠩ ᠺᠠᠢ᠂ ᠵᠢᠶᠠ ᠴᠢᠩ ᠳ᠋ᠦᠩ᠂ ᠯᠢᠦ ᠰᠣ᠋ ᠬᠤᠩ᠂ ᠰᠦᠨ ᠬᠤᠤ ᠲᠡᠰ ᠳᠠᠷᠠᠭᠠᠯᠠᠨ ᠶᠠᠷᠢᠶ᠎ᠠ ᠲᠠᠯᠪᠢᠵᠤ᠂ ᠭᠤᠤᠯᠳᠠᠯᠭᠠᠲᠤ ᠳᠤᠭᠤᠶᠢᠯᠠᠩ ᠤᠨ ᠪᠤᠰᠤᠳ ᠪᠦᠷᠢᠯᠳᠦᠬᠦᠨ ᠪᠢᠴᠢᠭ ᠤᠨ ᠬᠡᠯᠪᠡᠷᠢ ᠪᠠᠷ ᠶᠠᠷᠢᠶᠠᠨ ᠤ ᠮᠠᠲ᠋ᠧᠷᠢᠶᠠᠯ ᠢᠶᠠᠨ ᠳᠡᠪᠰᠢᠭᠦᠯᠵᠡᠢ᠃      ᠲᠠᠩ ᠢ ᠵᠢᠭᠠᠵᠤ ᠭᠠᠷᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠦᠵᠡᠯ ᠰᠠᠨᠠᠭ᠎ᠠ ᠨᠢ ᠤᠯᠠᠨ ᠵᠢᠯ ᠤᠨ ᠲᠤᠷᠰᠢ ᠥᠪᠥᠷ ᠮᠣᠩᠭᠤᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠤᠳᠤᠮ ᠤᠯᠠᠮᠵᠢᠯᠠᠯ ᠨᠢᠭᠡᠲᠡᠢ ᠪᠠᠶᠢᠵᠤ᠂ ᠤᠢᠢᠯᠠᠭᠠᠭᠳᠠᠬᠤᠨ ᠪᠠ ᠴᠢᠭᠯᠡᠯ ᠤᠨ ᠲᠠᠯ᠎ᠠ ᠪᠠᠷ ᠢᠮᠠᠭᠲᠠ ᠲᠤᠤᠱᠠᠵᠤ᠂ ᠬᠠᠷᠠᠯᠲᠠ ᠪᠠ ᠱᠠᠭᠠᠷᠳᠠᠯᠭ᠎ᠠ ᠶᠢᠨ ᠲᠠᠯ᠎ᠠ ᠪᠠᠷ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠪᠦᠬᠦ ᠶᠠᠷᠢᠶᠠᠨ ᠳᠤ ᠮᠠᠷᠺᠰ ᠤᠨ ᠦᠵᠡᠯ ᠤᠨ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠢ ᠲᠤᠤᠱᠯᠠᠭᠤᠯᠵᠤ᠂ ᠪᠢᠳᠡᠨ ᠤ ᠡᠯ᠎ᠡ ᠵᠦᠢᠯ ᠤᠨ ᠦᠢᠯᠡᠰ ᠤᠨ ᠬᠥᠭᠵᠢᠯᠲᠡ ᠶᠢ ᠲᠥᠯᠥᠪᠵᠢᠭᠦᠯᠦᠨ ᠠᠬᠢᠭᠤᠯᠬᠤ ᠳᠤ ᠤᠷᠤᠭᠰᠢᠯᠠᠯᠲᠠ ᠶᠢᠨ ᠴᠢᠭᠯᠡᠯ ᠢ ᠵᠢᠭᠠᠨ ᠥᠭᠴᠦ᠂ ᠦᠨᠳᠦᠰᠦᠨ ᠵᠢᠷᠤᠮᠯᠠᠯ ᠬᠠᠩᠭᠠᠵᠠᠢ᠃ ᠪᠦᠬᠦ ᠬᠤᠲᠠ ᠶᠢᠨ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠵᠠᠪᠠᠯ ᠤᠯᠤᠰ ᠲᠥᠷᠥ ᠪᠠ ᠪᠦᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠡᠭᠦᠰᠴᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠦᠷᠦᠭᠦᠯᠡᠨ ᠰᠤᠷᠤᠯᠴᠠᠨ ᠲᠤᠤᠱᠯᠠᠭᠤᠯᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠲᠦᠷᠪᠡᠨ ᠤᠬᠠᠮᠰᠠᠷ︾ ᠢᠶᠠᠨ ᠲᠠᠰᠤᠷᠠᠯᠲᠠ ᠦᠭᠡᠢ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠡᠯ᠎ᠡ ᠵᠦᠢᠯ ᠤᠨ ᠠᠵᠢᠯ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠦᠷᠦᠭᠦᠯᠡᠨ ᠦᠢᠯᠡᠳᠦᠯᠭᠡᠵᠢᠭᠦᠯᠵᠦ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠦᠷᠭᠦᠯᠵᠢᠯᠡᠨ ᠬᠦᠴᠦᠯᠡᠵᠦ᠂ ︽ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠬᠤ︾ ᠶᠢᠨ ᠳᠣᠲᠣᠭᠠᠳᠤ ᠯᠣᠭᠢᠭ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠤᠶᠢᠯᠠᠭᠠᠨ ᠡᠵᠡᠮᠰᠢᠵᠦ᠂ ᠰᠢᠰᠲ᠋ᠧᠮᠲᠦ ᠰᠡᠳᠬᠢᠬᠦᠶ᠂ ᠪᠦᠬᠦ ᠲᠠᠯ᠎ᠠ ᠶᠢᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠰᠢ ᠶᠢᠨ ᠫᠢᠩ ᠶᠡᠷᠦᠩᠬᠡᠢ ᠱᠦᠵᠢ ᠪᠣᠯᠤᠨ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠣᠯᠭᠤᠭᠰᠠᠨ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠠᠴᠠ ᠣᠷᠣᠨ ᠪᠠᠶᠢᠷᠢ ᠪᠠᠨ ᠣᠨᠣᠪᠴᠢᠲᠠᠢ ᠣᠯᠵᠤ ᠂ ᠰᠡᠳᠬᠢᠴᠡ ᠪᠠᠨ ᠲᠣᠳᠣᠷᠬᠠᠶᠢᠯᠠᠵᠤ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠢ ᠶᠢ ᠤᠷᠢᠳᠠᠪᠠᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠦᠷᠦᠭᠦᠯᠡᠨ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠦᠨᠳᠦᠰᠦᠲᠡᠨ ᠤ ᠠᠵᠢᠯ ᠢ ᠰᠠᠶᠢᠲᠤᠷ ᠬᠢᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠭᠦᠨᠵᠡᠭᠡᠢ ᠥᠷᠨᠢᠭᠦᠯᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠣᠳᠠᠲᠤ ᠠᠵᠢᠯᠯᠠᠭ᠎ᠠ ᠪᠠᠷ ᠢᠶᠠᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠰᠠᠶᠢᠲᠤᠷ ᠬᠠᠮᠠᠭᠠᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠦᠷᠦᠭᠦᠯᠡᠨ ᠰᠠᠶᠢᠲᠤᠷ ᠠᠳᠬᠤᠵᠤ᠂ ᠶᠣᠰᠣ ᠤᠴᠢᠷ ᠢ ᠣᠶᠢᠯᠠᠭᠠᠵᠤ ᠢᠳᠡᠭᠡᠯ ᠢᠶᠠᠨ ᠨᠡᠮᠡᠭᠳᠡᠭᠦᠯᠦᠨ ᠶᠣᠰᠣ ᠰᠤᠷᠲᠠᠬᠤᠨ ᠢ ᠡᠷᠭᠢᠮᠯᠡᠵᠦ ᠴᠢᠷᠮᠠᠶᠢᠨ ᠦᠢᠯᠡᠳᠦᠯᠭᠡᠵᠢᠬᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠵᠦ᠂ ᠤᠯᠤᠰ ᠲᠥᠷᠥ ᠪᠠᠷ ᠬᠥᠲᠥᠯᠥᠨ ᠵᠢᠯᠣᠭᠤᠳᠬᠤ ᠶᠢ ᠤᠯᠠᠮ ᠨᠢᠭᠡ ᠠᠯᠬᠤᠮ ᠳᠣᠪᠤᠶᠢᠯᠭᠠᠨ᠂ ᠡᠳᠦᠷ ᠲᠤᠲᠤᠮ ᠤᠨ ᠬᠢᠨᠠᠯᠲᠠ ᠪᠠᠨ ᠴᠢᠩᠭᠠᠳᠬᠠᠵᠤ᠂ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠪᠠᠶᠢᠭᠠᠳ ᠪᠥᠬᠦ ᠰᠡᠳᠬᠢᠯ ᠪᠥᠬᠦ ᠵᠣᠷᠢᠭ ᠢᠶᠠᠷ ᠢᠶᠠᠨ ᠣᠷᠣᠯᠴᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ︽ᠨᠠᠮ ᠤᠨ ᠲᠡᠤᠬᠡ ᠶᠢ ᠰᠤᠷᠤᠯᠴᠠᠬᠤ ᠂ ᠦᠵᠡᠯ ᠰᠠᠨᠠᠭ᠎ᠠ ᠶᠢ ᠣᠬᠠᠬᠤ᠂ ᠪᠣᠳᠠᠲᠠᠶ ᠶᠠᠪᠤᠳᠠᠯ ᠬᠦᠢᠴᠡᠳᠭᠡᠬᠦ᠂ ᠰᠢᠨ᠎ᠡ ᠪᠠᠶᠢᠳᠠᠯ ᠢ ᠨᠡᠭᠡᠭᠡᠬᠦ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠪᠠᠲᠤᠲᠠᠶ ᠳᠥᠯᠭᠢᠨ ᠠᠬᠢᠭᠤᠯᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠦᠨᠳᠦᠰᠦᠲᠡᠨ ᠨᠦᠭᠦᠳ ᠤᠨ ᠣᠯᠠᠨ ᠲᠦᠮᠡᠨ ᠳᠤ ᠨᠠᠩ ᠢᠯᠡᠭᠦᠤ ᠨᠠᠩ ᠭᠤᠤᠯᠴᠢ ᠪᠠᠷ ᠬᠦᠷᠲᠡᠭᠡᠬᠦ ᠪᠠᠷ ᠴᠢᠷᠮᠠᠶᠢᠬᠤ ᠬᠡᠷᠡᠭᠲᠡᠶ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号