ᠬᠤᠲᠠ ᠶᠢᠨ ᠵᠠᠰᠠᠭ ᠤᠨ ᠣᠷᠳᠣᠨ ᠤ 2021 ᠣᠨ ᠤ ᠵᠢᠷᠭᠤᠳᠤᠭᠠᠷ ᠣᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/19
     4 ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠲᠠᠩ ᠢ ᠬᠤᠲᠠ ᠶᠢᠨ ᠵᠠᠰᠠᠭ ᠤᠨ ᠣᠷᠳᠣᠨ ᠤ 2021 ᠣᠨ ᠤ 6 ᠳ᠋ᠤᠭᠠᠷ ᠣᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠦᠬᠦ ᠤᠯᠤᠰ ᠤᠨ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠠᠵᠢᠯ ᠤᠨ ᠲᠧᠯᠸᠢᠰ ᠣᠳᠠᠰᠣᠳᠣ ᠬᠤᠷᠠᠯ᠂ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠧᠯᠸᠢᠰ ᠣᠳᠠᠰᠣᠳᠣ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠬᠤᠲᠠ ᠶᠢᠨ ᠠᠶᠤᠯᠭᠦᠢ ᠦᠢᠯᠡᠳᠪᠦᠷᠢᠯᠡᠯ᠂ ᠣᠶ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ ᠪᠠ ᠪᠦᠬᠦ ᠬᠤᠲᠠ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠦᠬᠠᠶ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ ᠤᠨ ᠢᠵᠢ ᠪᠦᠷᠢᠳᠦᠭᠦᠯᠬᠦ ᠲᠥᠰᠦᠯ᠂ ︽ᠦᠬᠠᠶ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠲᠠᠷᠢᠶᠠᠯᠠᠩ ᠮᠠᠯ ᠠᠵᠤ ᠠᠬᠤᠶ ᠶᠢᠨ ᠣᠷᠣᠨ ᠤ ᠣᠳᠣᠬᠢᠴᠢᠯᠠᠯᠲᠠ ᠶᠢ ᠲᠦᠷᠭᠡᠳᠬᠡᠬᠦ ᠶᠢᠨ ᠬᠡᠷᠡᠭᠵᠢᠭᠦᠯᠬᠦ ᠲᠥᠰᠦᠯ︾ ︽ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠶ ᠵᠣᠯᠭᠠᠭᠤᠯᠬᠤ ᠲᠤᠬᠠᠶ ᠬᠡᠷᠡᠭᠵᠢᠭᠦᠯᠬᠦ ᠲᠥᠰᠦᠯ︾ ︽ᠦᠬᠠᠶ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠭᠤᠷᠪᠠᠨ ᠵᠢᠯ ᠤᠨ ᠠᠵᠢᠯᠯᠠᠭᠠᠨ ᠤ ᠲᠥᠰᠦᠯ︾ ᠢ ᠰᠤᠳᠤᠯᠤᠨ ᠵᠠᠷᠴᠢᠮ ᠳᠡᠭᠡᠷ᠎ᠡ ᠪᠠᠨ ᠪᠠᠲᠤᠯᠠᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠲᠣᠭᠤᠷᠢᠭ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠢᠶᠠᠷ ᠬᠥᠭᠵᠢᠭᠦᠯᠬᠦ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠴᠠᠭ ᠢᠮᠠᠭᠲᠠ ︽ᠲᠡᠭ ᠪᠣᠯᠭᠠᠬᠤ︾ ᠰᠡᠳᠬᠢᠴᠡ ᠶᠢᠨ ᠪᠠᠶᠢᠳᠠᠯ ᠢᠶᠠᠨ ᠪᠠᠲᠤᠯᠠᠵᠤ᠂ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠠᠶᠤᠯᠭᠦᠢ ᠦᠢᠯᠡᠳᠪᠦᠷᠢᠯᠡᠯ ᠤᠨ ᠤᠯᠠᠭᠠᠨ ᠱᠤᠭᠤᠮ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠢ ᠴᠥᠬᠦᠷᠡᠰᠢ ᠦᠭᠡᠢ ᠪᠠᠶᠢᠩᠭᠤ ᠠᠳᠬᠤᠵᠤ᠂ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠲᠠᠯᠠᠪᠤᠷ ᠲᠤ ᠠᠩᠬᠠᠷᠤᠯ ᠢᠶᠠᠨ ᠲᠥᠪᠯᠡᠷᠡᠭᠦᠯᠵᠦ᠂ ᠠᠶᠤᠯᠭᠦᠢ ᠦᠢᠯᠡᠳᠪᠦᠷᠢᠯᠡᠯ ᠤᠨ ᠪᠠᠶᠢᠴᠠᠭᠠᠯᠲᠠ ᠪᠠᠨ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠪᠠᠲᠤᠳᠬᠠᠵᠤ᠂ ᠬᠥᠮᠦᠨ ᠢᠶᠠᠷ ᠰᠡᠷᠭᠡᠶᠢᠯᠡᠬᠦ ᠮᠡᠷᠭᠡᠵᠢᠯ ᠢᠶᠠᠷ ᠰᠡᠷᠭᠡᠶᠢᠯᠡᠬᠦ ᠪᠣᠳᠠᠰ ᠢᠶᠠᠷ ᠰᠡᠷᠭᠡᠶᠢᠯᠡᠬᠦ ᠶᠢ ᠴᠢᠩᠭᠠᠳᠬᠠᠵᠤ ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠦᠪᠰᠢᠨ ᠢᠶᠠᠨ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠳᠡᠭᠡᠳᠦ ᠬᠡᠮᠵᠢᠶᠡᠨ ᠤ ᠰᠡᠷᠭᠡᠶᠢᠯᠡᠯᠲᠡ ᠶᠢᠨ ᠪᠠᠶᠢᠳᠠᠯ ᠢ ᠴᠠᠭ ᠢᠮᠠᠭᠲᠠ ᠪᠠᠲᠤᠯᠠᠵᠤ᠂ ᠠᠶᠤᠯ ᠲᠦᠭᠰᠢᠭᠦᠷᠢ ᠶᠢᠨ ᠬᠡᠮ ᠰᠣᠭᠤᠭ ᠢ ᠭᠦᠨᠵᠡᠭᠡᠶ ᠵᠢᠭᠰᠠᠭᠠᠨ ᠪᠠᠶᠢᠴᠠᠭᠠᠵᠤ᠂ ᠨᠠᠷᠢᠯᠢᠭ ᠣᠨᠣᠴᠠᠲᠠᠶ ᠪᠠᠷ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠪᠠ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠡᠯ᠎ᠡ ᠵᠦᠢᠯ ᠤᠨ ᠠᠵᠢᠯ ᠢᠶᠠᠨ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠢ ᠵᠡᠷᠭᠡᠪᠡᠷ ᠠᠳᠬᠤᠬᠤ ᠶᠢ ᠪᠠᠷᠢᠮᠲᠠᠯᠠᠵᠤ᠂ ᠤᠯᠠᠨ ᠲᠦᠮᠡᠨ ᠤ ᠠᠮᠢ ᠨᠠᠰᠤ ᠪᠣᠯᠤᠨ ᠡᠳ᠋ ᠬᠦᠷᠦᠩᠬᠡ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠪᠣᠬᠢᠷᠲᠤᠯ ᠢ ᠵᠠᠰᠠᠬᠤ ᠴᠢᠭᠯᠡᠯ ᠢᠶᠠᠨ ᠬᠤᠪᠢᠷᠠᠭᠤᠯᠬᠤ ᠦᠭᠡᠢ᠂ ᠡᠷᠴᠢᠮ ᠢᠶᠠᠨ ᠰᠤᠯᠠᠷᠠᠭᠤᠯᠬᠤ ᠦᠭᠡᠢ ᠪᠠᠶᠢᠬᠤ ᠶᠢ ᠪᠠᠲᠤᠯᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠳᠡᠭᠡᠭᠰᠢ ᠵᠣᠯᠭᠠᠭᠤᠯᠬᠤ ᠪᠠᠨ ᠴᠢᠩᠭᠠᠳᠬᠠᠵᠤ᠂ ᠨᠢᠭᠡ ᠪᠦᠯᠦᠭ ᠠᠮᠢ ᠠᠬᠤᠶ ᠶᠢᠨ ᠣᠷᠴᠢᠨ ᠲᠣᠭᠤᠷᠢᠨ ᠤ ᠵᠠᠰᠠᠯᠲᠠ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠢᠳᠡᠪᠬᠢᠲᠡᠶ ᠪᠠᠷ ᠤᠬᠠᠭᠠᠯᠠᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠲᠥᠯᠥᠪᠵᠢᠭᠦᠯᠭᠡ ᠳᠤ ᠣᠷᠣᠭᠤᠯᠬᠤ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢᠨ ᠳᠡᠮᠵᠢᠯᠭᠡ ᠶᠢ ᠢᠳᠡᠪᠬᠢᠲᠡᠶ ᠪᠠᠷ ᠤᠯᠬᠤ ᠬᠡᠷᠡᠭᠲᠡᠶ᠃ ᠶᠡᠷᠦᠩᠬᠡᠶᠢᠯᠡᠨ ᠵᠠᠰᠠᠬᠤ ᠶᠢ ᠪᠠᠷᠢᠮᠲᠠᠯᠠᠵᠤ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠢ ᠵᠠᠰᠠᠬᠤ᠂ ᠬᠡᠢ ᠶᠢ ᠵᠠᠰᠠᠬᠤ᠂ ᠲᠠᠯᠠᠪᠠᠢ ᠶᠢ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠠᠷᠠᠯᠲᠠ ᠶᠢᠨ ᠴᠠᠭ ᠤᠨ ᠬᠢᠵᠠᠭᠠᠷ ᠢᠶᠠᠨ ᠲᠣᠳᠣᠷᠬᠠᠶᠢᠯᠠᠵᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠲᠦᠢᠯᠪᠤᠷᠢᠲᠠᠢ ᠰᠠᠶᠢᠵᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠮᠠᠨ ᠤ ᠬᠤᠲᠠ ᠶᠢᠨ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠪᠥᠬᠦ ᠲᠠᠯ᠎ᠠ ᠪᠠᠷ ᠣᠶᠢᠯᠠᠭᠠᠵᠤ᠂ ᠴᠡᠭᠴᠡᠯᠡᠨ ᠵᠠᠰᠠᠬᠤ ᠪᠠᠨ ᠴᠢᠩᠭᠠᠳᠬᠠᠵᠤ᠂ ᠨᠠᠮ ᠤᠨ ᠲᠥᠪ ᠬᠤᠷᠢᠶᠠᠨ ᠤ ᠪᠠᠶᠢᠴᠠᠭᠠᠯᠲᠠ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠶ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠤᠨ ᠬᠢᠵᠠᠭᠠᠷᠯᠠᠯ ᠢ ᠴᠢᠩᠭ᠎ᠠ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠢᠶᠠᠷ ᠶᠡᠭᠡ ᠠᠵᠤ ᠦᠢᠯᠡᠰ ᠤᠨ ᠪᠠᠶᠢᠳᠠᠯ ᠢ ᠪᠦᠬᠦ ᠲᠠᠯ᠎ᠠ ᠪᠠᠷ ᠤᠢᠢᠯᠠᠭᠠᠨ ᠳᠠᠷᠠᠭᠠᠯᠠᠨ ᠪᠠᠶᠢᠴᠠᠭᠠᠵᠤ ᠂ ᠰᠢᠭᠰᠢᠨ ᠴᠡᠪᠡᠷᠯᠡᠬᠦ ᠲᠥᠰᠦᠯ ᠲᠣᠭᠲᠠᠭᠠᠵᠤ᠂ ︽ᠰᠢᠩᠭᠡᠯᠢᠭ ᠢᠶᠠᠨ ᠰᠤᠯᠠᠯᠠᠵᠤ ᠰᠢᠪᠠᠭᠤ ᠶᠢ ᠰᠣᠯᠢᠬᠤ︾ ᠶᠢ ᠲᠦᠷᠭᠡᠪᠴᠢᠯᠡᠨ ᠪᠡᠶᠡᠯᠡᠭᠦᠯᠬᠦ ᠬᠡᠷᠡᠭᠲᠡᠶ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠢᠯᠠᠰ ᠴᠡᠭ ᠢᠶᠠᠨ ᠳᠤᠪᠤᠶᠢᠯᠭᠠᠵᠤ᠂ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠢ ᠲᠥᠪᠯᠡᠷᠡᠭᠦᠯᠦᠨ ᠪᠦᠳᠦᠭᠡᠨ ᠪᠠᠶᠢᠭᠤᠯᠵᠤ᠂ ᠬᠡᠪᠴᠢᠶᠡᠵᠢᠭᠦᠯᠦᠨ ᠬᠥᠭᠵᠢᠭᠦᠯᠵᠦ᠂ ᠦᠵᠦᠮ ᠤᠨ ᠤᠨᠴᠠᠯᠢᠭᠳᠤ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠵᠤ᠂ ︽ᠢᠳᠡᠰᠢᠨ ᠨᠣᠭᠤᠭ᠎ᠠ︾ ᠶᠢᠨ ᠢᠨᠵᠧᠨᠧᠷᠢᠩ ᠢ ᠴᠢᠨᠠᠷ ᠰᠠᠶᠢᠲᠠᠢ ᠰᠠᠶᠢᠲᠤᠷ ᠠᠳᠬᠤᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠬᠡᠵᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号