【ᠨᠠᠮ ᠤᠨ ᠲᠡᠦᠬᠡ】ᠲᠠᠯ᠎ᠠ ᠨᠤᠲᠤᠭ ᠤᠨ ᠨᠣᠮ ᠤᠨ ᠥᠷᠥᠭᠡ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠵᠢᠭᠰᠠᠭᠠᠯ ᠤᠨ ᠭᠠᠵᠠᠷ ᠪᠣᠯᠪᠠ
ᠨᠡᠶᠢᠲᠡᠯᠡᠭᠰᠡᠨ ᠴᠠᠭ᠄
2021/4/20
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢᠨ ᠰᠣᠶᠣᠯ ᠤᠨ ᠪᠠᠶᠢᠭᠤᠯᠤᠯᠲᠠ ᠶᠢᠨ ᠵᠢᠭᠰᠠᠭᠠᠯ ᠤᠨ ᠭᠠᠵᠠᠷ ᠤᠨ ᠦᠢᠯᠡᠳᠦᠯ ᠢ ᠴᠢᠨᠠᠭᠰᠢᠳᠠ ᠪᠠᠳᠠᠷᠠᠭᠤᠯᠵᠤ᠂ ᠥᠷᠭᠡᠨ ᠤᠯᠠᠨ ᠲᠦᠮᠡᠨ ᠢ ᠬᠦᠳᠦᠯᠦᠨ ᠳᠠᠭᠠᠭᠤᠯᠵᠤ ᠪᠠᠶᠢᠭᠠᠳ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠵᠤ᠂ ᠨᠠᠮ ᠤᠨ ᠲᠡᠦᠬᠡ ᠰᠤᠷᠤᠯᠴᠠᠭᠤᠯᠬᠤ ᠶᠢᠨ ᠲᠥᠯᠥᠭᠡ᠂ ᠤᠳᠠ ᠲᠣᠭᠤᠷᠢᠭ ᠤᠨ ᠬᠢᠨ ᠲᠠᠯ᠎ᠠ ᠨᠤᠲᠤᠭ ᠤᠨ 12 ᠨᠣᠮ ᠤᠨ ᠦᠷᠦᠭᠡ ᠶᠢ ︽ᠲᠡᠦᠬᠡ ᠶᠢ ᠰᠣᠷᠣᠯᠴᠠᠵᠤ ᠶᠣᠰᠣ ᠤᠴᠢᠷ ᠢ ᠣᠶᠢᠯᠠᠭᠠᠬᠤ᠂ ᠲᠡᠦᠬᠡ ᠶᠢ ᠰᠣᠷᠣᠯᠴᠠᠵᠤ ᠢᠳᠡᠭᠡᠯ ᠢᠶᠠᠨ ᠨᠡᠮᠡᠭᠳᠡᠭᠦᠯᠬᠦ ᠂ ᠲᠡᠦᠬᠡ ᠶᠢ ᠰᠣᠷᠣᠯᠴᠠᠵᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠶᠢ ᠰᠣᠷᠣᠯᠴᠠᠵᠤ ᠴᠢᠷᠮᠠᠶᠢᠨ ᠦᠢᠯᠡᠳᠦᠯᠬᠡᠵᠢᠬᠦᠯᠬᠦ︾ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠵᠢᠭᠰᠠᠭᠠᠯ ᠤᠨ ᠭᠠᠵᠠᠷ ᠪᠣᠯᠭᠠᠨ ᠪᠠᠶᠢᠭᠤᠯᠵᠠᠢ᠃      — ᠪᠠᠭᠠᠴᠤᠳ ᠰᠡᠬᠡᠭᠡᠷᠡᠭᠰᠡᠨ ᠠᠴᠠ ᠲᠠᠯ᠎ᠠ ᠨᠤᠲᠤᠭ ᠤᠨ ᠨᠣᠮ ᠤᠨ ᠦᠷᠦᠭᠡ ᠨᠢ ᠨᠠᠮ ᠤᠨ ᠲᠡᠦᠬᠡ ᠶᠢ ᠰᠤᠷᠤᠯᠴᠠᠬᠤ ᠰᠢᠨ᠎ᠡ ᠬᠢᠴᠢᠶᠡᠯ ᠤᠨ ᠲᠠᠩᠬᠢᠮ ᠪᠣᠯᠵᠠᠢ᠃ ᠶᠦᠩ ᠴᠠᠩ ᠵᠢᠶᠠ ᠶᠤᠸᠠᠨ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠦᠷᠦᠬᠡ ᠳᠤ ᠤᠨᠴᠠᠯᠢᠬᠳᠤ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠵᠠᠯᠠᠭᠤᠴᠤᠳ ᠪᠠᠭᠠᠴᠤᠳ ᠢ ᠳᠠᠭᠠᠭᠤᠯᠤᠨ ᠨᠠᠮ ᠤᠨ ᠲᠡᠦᠬᠡ ᠶᠢ ᠤᠩᠰᠢᠵᠤ᠂ ᠤᠩᠰᠢᠯᠭ᠎ᠠ ᠶᠢᠨ ᠪᠠᠶᠠᠷ ᠪᠠᠶᠠᠰᠤᠯ ᠢ ᠬᠠᠮᠲᠤᠪᠠᠷ ᠮᠡᠳᠡᠷᠡᠭᠦᠯᠪᠡ᠃ ᠹᠦ᠋ ᠮᠢᠨ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠦᠷᠦᠬᠡ ᠶᠢᠨ ᠬᠢᠨ ᠬᠠᠷᠢᠶᠠᠨ ᠳᠠᠬᠢ ᠵᠠᠯᠠᠭᠤᠴᠤᠳ ᠪᠠᠭᠠᠴᠤᠳ ᠢ ᠵᠣᠬᠢᠶᠠᠨ ᠪᠠᠶᠢᠭᠤᠯᠵᠤ ᠨᠠᠮ ᠤᠨ ᠲᠡᠦᠬᠡ ᠶᠢᠨ ᠬᠤᠯᠪᠤᠭᠳᠠᠯ ᠪᠦᠬᠦᠢ ᠨᠣᠮ ᠪᠢᠴᠢᠭ ᠢ ᠤᠩᠰᠢᠭᠤᠯᠬᠤ ᠶᠢᠨ ᠬᠠᠮᠲᠤ ᠤᠯᠤᠰ ᠢᠶᠠᠨ ᠬᠠᠶᠢᠷᠠᠯᠠᠬᠤ ᠦᠵᠡᠯ ᠤᠨ ᠰᠡᠳᠦᠪᠲᠦ ᠺᠢᠨᠣ᠋ ᠶᠢ ᠰᠣᠨᠢᠷᠬᠠᠭᠤᠯᠵᠤ᠂ ᠠᠵᠢᠯᠲᠠᠳ ᠠᠴᠠ ᠲᠦᠭᠦᠮ ᠣᠶᠢᠯᠠᠭᠠᠮᠵᠢᠲᠠᠢ ᠠᠷᠭ᠎ᠠ ᠬᠡᠯᠪᠡᠷᠢ ᠪᠠᠷ ᠬᠡᠦᠬᠡᠳ ᠤᠳ ᠲᠤ ᠨᠠᠮ ᠤᠨ ᠢᠷᠠᠭᠤ ᠠᠯᠳᠠᠷᠲᠤ ᠲᠡᠦᠬᠡ᠂ ᠨᠠᠮ ᠤᠨ ᠰᠦᠯᠳᠡ ᠶᠢᠨ ᠠᠭᠤᠯᠭ᠎ᠠ ᠶᠢ ᠶᠠᠷᠢᠵᠤ᠂ ᠬᠡᠦᠬᠡᠳ ᠢ ᠪᠠᠭ᠎ᠠ ᠠᠴᠠ ᠪᠠᠨ ᠨᠠᠮ ᠤᠨ ᠲᠡᠦᠬᠡ ᠶᠢ ᠰᠣᠷᠣᠯᠴᠠᠬᠤ᠂ ᠨᠠᠮ ᠤᠨ ᠠᠴᠢ ᠶᠢ ᠬᠠᠷᠢᠭᠤᠯᠬᠤ᠂ ᠨᠠᠮ ᠢᠶᠠᠨ ᠡᠭᠦᠷᠢᠳᠡ ᠲᠠᠭᠠᠬᠤ ᠪᠠᠷ ᠬᠦᠳᠦᠯᠦᠨ ᠳᠠᠭᠠᠭᠤᠯᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠬᠥᠮᠦᠵᠢᠭᠦᠯᠵᠡᠢ᠃      — ᠵᠠᠯᠠᠭᠤᠴᠤᠳ ᠤᠨ ᠣᠬᠠᠮᠰᠠᠷ ᠢ ᠲᠡᠭᠡᠭᠰᠢᠯᠡᠬᠦᠯᠵᠦ᠂ ᠲᠠᠯ᠎ᠠ ᠨᠤᠲᠤᠭ ᠤᠨ ᠨᠣᠮ ᠤᠨ ᠦᠷᠦᠬᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠶᠢᠨ ᠴᠠᠬᠢᠯᠭᠠᠨ ᠴᠡᠨᠡᠭᠯᠡᠬᠦ ᠦᠷᠲᠡᠭᠡ ᠪᠣᠯᠭᠠᠪᠠ᠃ ᠪᠢᠨ ᠬᠠᠢ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠦᠷᠦᠬᠡ ᠶᠢᠨ ᠬᠢᠨ ᠬᠠᠷᠢᠶ᠎ᠠ ᠣᠷᠣᠨ ᠤ ᠪᠠᠨ ᠨᠠᠮ ᠤᠨ ᠭᠡᠰᠢᠭᠦᠳ ᠢ ᠵᠣᠬᠢᠶᠠᠨ ᠪᠠᠶᠢᠭᠤᠯᠵᠤ ︽ᠨᠠᠮ ᠤᠨ ᠲᠡᠦᠬᠡ ᠶᠢ ᠰᠤᠷᠤᠯᠴᠠᠬᠤ᠂ ᠶᠠᠭᠤ ᠶᠢ ᠰᠤᠷᠤᠯᠴᠠᠬᠤ᠂ ᠶᠠᠭᠠᠬᠢᠵᠤ ᠰᠤᠷᠤᠯᠴᠠᠬᠤ︾ ᠲᠤᠰᠬᠠᠢ ᠤᠩᠰᠢᠯᠭ᠎ᠠ ᠶᠢᠨ ᠠᠵᠢᠯᠯᠠᠭ᠎ᠠ ᠥᠷᠨᠢᠭᠦᠯᠵᠦ᠂ ᠲᠦᠭᠦᠮ ᠣᠶᠢᠯᠠᠭᠠᠮᠵᠢᠲᠠᠢ ᠦᠭᠡ ᠬᠡᠯᠡ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠥᠩᠭᠡᠷᠡᠯᠲᠡ ᠶᠢ ᠡᠷᠭᠢᠴᠡᠭᠦᠯᠵᠦ᠂ ᠳᠤᠮᠳᠠᠳᠤ ᠤᠯᠤᠰ ᠤᠨ ᠡᠪ ᠬᠠᠮᠲᠤᠴᠤᠳ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠨ ᠥᠭᠦᠯᠡᠵᠡᠢ︔ ︽ᠮᠠᠤ ᠽᠧ ᠳ᠋ᠦᠩ ᠳ᠋ᠧᠩ ᠰᠢᠶᠤᠤ ᠫᠢᠩ ᠵᠢᠶᠠᠩ ᠽᠧ ᠮᠢᠨ ᠬᠤ᠋ ᠶᠢᠨ ᠲᠤᠤ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ ᠶᠢᠨ ᠲᠤᠬᠠᠶ ᠥᠭᠦᠯᠡᠯᠲᠡ ᠶᠢᠨ ᠲᠡᠭᠦᠪᠦᠷᠢ︾ ᠶᠢ ᠳᠠᠭᠠᠭᠤᠯᠤᠨ ᠰᠤᠷᠤᠯᠴᠠᠬᠤ ᠶᠢᠨ ᠬᠠᠮᠲᠤ ᠰᠠᠨᠠᠯ ᠢᠶᠠᠨ ᠰᠣᠯᠢᠯᠴᠠᠵᠤ ᠣᠯᠤᠯᠲᠠ ᠲᠦᠷᠦᠭᠳᠡᠯ ᠢᠶᠠᠨ ᠬᠤᠪᠢᠶᠠᠯᠴᠠᠪᠠ᠃ ᠤᠯᠠᠨ ᠵᠦᠢᠯ ᠤᠨ ᠬᠡᠯᠪᠡᠷᠢ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠨᠢ ᠥᠷᠭᠡᠨ ᠤᠯᠠᠨ ᠨᠠᠮ ᠤᠨ ᠭᠡᠰᠢᠭᠦᠨ ᠤ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠤᠲᠤᠭ ᠤᠰᠤ ᠪᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠤᠯᠠᠮ ᠨᠢᠭᠡ ᠠᠯᠬᠤᠮ ᠬᠥᠭᠵᠢᠭᠡᠵᠦ᠂ ᠡᠪ ᠬᠠᠮᠲᠤ ᠶᠣᠰᠣᠨ ᠤ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠪᠠ᠃      — ᠨᠠᠰᠤᠲᠠᠶᠢᠴᠤᠳ ᠲᠠᠢ ᠬᠠᠮᠲᠤ ᠪᠠᠷ ᠬᠤᠪᠢᠶᠠᠯᠴᠠᠨ ᠡᠳ᠋ᠯᠡᠵᠦ᠂ ᠲᠠᠯ᠎ᠠ ᠨᠤᠲᠤᠭ ᠤᠨ ᠨᠣᠮ ᠤᠨ ᠦᠷᠦᠬᠡ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠰᠣᠯᠢᠯᠴᠠᠭᠠᠨ ᠤ ᠲᠣᠭᠤᠷᠢᠭ ᠪᠣᠯᠭᠠᠪᠠ᠃ ᠠᠶ ᠮᠢᠨ ᠵᠢᠶᠠ ᠶᠤᠸᠠᠨ ᠨᠡᠶᠢᠭᠡᠮ ᠲᠣᠭᠤᠷᠢᠭ ᠤᠨ ᠲᠠᠯ᠎ᠠ ᠨᠤᠲᠤᠭ ᠤᠨ ᠨᠣᠮ ᠤᠨ ᠥᠷᠥᠭᠡ ᠠᠬᠠᠮᠠᠳ ᠨᠠᠮ ᠤᠨ ᠭᠡᠰᠢᠭᠦᠳ ᠢ ᠤᠷᠢᠵᠤ ᠬᠤᠪᠢᠰᠬᠠᠯ ᠤᠨ ᠰᠣᠩᠭᠤᠳᠠᠭ ᠥᠯᠢᠭᠡᠷ ᠢ ᠳᠠᠬᠢᠨ ᠤᠩᠰᠢᠭᠤᠯᠵᠤ᠂ ᠳᠠᠶᠢᠨ ᠤ ᠣᠨ ᠰᠠᠷ᠎ᠠ ᠳᠠᠬᠢ ᠬᠤᠪᠢᠰᠬᠠᠯ ᠤᠨ ᠰᠣᠩᠭᠤᠳᠠᠭ ᠥᠯᠢᠭᠡᠷ ᠢ ᠬᠤᠪᠢᠶᠠᠯᠴᠠᠨ ᠡᠳ᠋ᠯᠡᠭᠦᠯᠵᠦ᠂ ︽ᠠᠶᠤᠯ ᠲᠦᠭᠰᠢᠭᠦᠷᠢ ᠠᠴᠠ ᠠᠶᠤᠬᠤ ᠥᠬᠡᠶ᠂ ᠡᠷᠡᠮᠡᠬᠡᠶᠢᠯᠡᠨ ᠤᠷᠤᠭᠰᠢᠯᠠᠬᠤ︾ ᠬᠤᠪᠢᠰᠬᠠᠯᠲᠤ ᠵᠣᠷᠢᠭ ᠰᠠᠨᠠᠭ᠎ᠠ ᠶᠢ ᠬᠦᠢᠴᠡᠳ ᠢᠯᠡᠷᠡᠭᠦᠯᠪᠡ᠃ ᠠᠵᠢᠯᠯᠠᠭ᠎ᠠ ᠶᠢᠨ ᠳᠤᠮᠳᠠ ᠠᠬᠠᠮᠠᠳ ᠨᠠᠮ ᠤᠨ ᠭᠡᠰᠢᠭᠦᠨ ᠪᠣᠯᠤᠨ ᠨᠡᠶᠢᠭᠡᠮ ᠲᠣᠭᠤᠷᠢᠭ ᠤᠨ ᠠᠵᠢᠯᠲᠠᠳ ᠬᠠᠮᠲᠤ ᠪᠠᠷ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠶᠢᠨ ᠲᠣᠭᠤᠷᠢᠨ ᠳᠤ ᠠᠷᠠᠳ ᠤᠨ ᠲᠥᠯᠥᠭᠡ ᠬᠡᠷᠬᠢᠨ ᠪᠣᠳᠠᠲᠠᠶ ᠠᠵᠢᠯ ᠬᠢᠵᠦ ᠥᠭᠬᠦ᠂ ᠦᠢᠯᠡᠴᠢᠯᠡᠭᠡ ᠪᠠᠨ ᠰᠢᠯᠢᠳᠡᠭᠵᠢᠭᠦᠯᠬᠦ ᠤᠬᠠᠮᠰᠠᠷ ᠢᠶᠠᠨ ᠬᠡᠷᠬᠢᠨ ᠴᠢᠩᠭᠠᠳᠬᠠᠬᠤ ᠲᠤᠬᠠᠶ ᠶᠠᠷᠢᠯᠴᠠᠪᠠ᠃      ᠳᠠᠷᠠᠭᠠᠴᠢ ᠶᠢᠨ ᠠᠯᠬᠤᠮ ᠳᠤ᠂ ᠤᠳᠠ ᠲᠣᠭᠤᠷᠢᠭ ᠤᠨ ᠬᠢᠨ ᠲᠠᠯ᠎ᠠ ᠨᠤᠲᠤᠭ ᠤᠨ ᠨᠣᠮ ᠤᠨ ᠦᠷᠦᠭᠡ ᠶᠢᠨ ᠲᠠᠪᠴᠠᠩ ᠳᠤ ᠲᠦᠰᠢᠭᠯᠡᠵᠦ᠂ ᠤᠯᠠᠨ ᠲᠦᠮᠡᠨ ᠢ ᠢᠳᠡᠪᠬᠢᠲᠡᠢ ᠬᠦᠳᠦᠯᠦᠨ ᠵᠢᠯᠣᠭᠤᠳᠴᠤ ᠪᠠᠶᠢᠭᠠᠳ ᠨᠣᠮ ᠤᠨ ᠦᠷᠦᠭᠡ ᠳᠤ ᠣᠷᠣᠵᠤ ᠨᠠᠮ ᠤᠨ ᠲᠡᠦᠬᠡ ᠰᠤᠷᠤᠯᠴᠠᠭᠤᠯᠵᠤ᠂ ᠲᠠᠯ᠎ᠠ ᠨᠤᠲᠤᠭ ᠤᠨ ᠨᠣᠮ ᠤᠨ ᠦᠷᠦᠭᠡ ᠶᠢ ᠰᠠᠶᠢᠲᠤᠷ ᠂ ᠠᠮᠢᠳᠤᠯᠢᠭ ᠢᠶᠠᠷ ᠬᠡᠷᠡᠭᠯᠡᠵᠦ᠂ ᠬᠤᠪᠢᠰᠬᠠᠯ ᠤᠨ ᠭᠧᠨ ᠢ ᠤᠯᠠᠮᠵᠢᠯᠠᠵᠤ᠂ ︽ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠶᠢ ᠬᠠᠷᠢᠭᠤᠯᠬᠤ᠂ ᠨᠠᠮ ᠢᠶᠠᠨ ᠡᠭᠦᠷᠢᠳᠡ ᠲᠠᠭᠠᠬᠤ︾ ᠰᠠᠶᠢᠨ ᠰᠠᠶᠢᠬᠠᠨ ᠠᠭᠤᠷ ᠠᠮᠢᠰᠬᠤᠯ ᠢ ᠴᠢᠨᠠᠭᠰᠢᠳᠠ ᠪᠤᠢ ᠪᠣᠯᠭᠠᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号