ᠮᠠᠨ ᠤ ᠬᠤᠲᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/4/20
     4 ᠰᠠᠷ᠎ᠠ ᠶᠢᠨ 19 ᠤ ᠡᠳᠦᠷ᠂ ᠮᠠᠨ ᠤ ᠬᠤᠲᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠢᠶᠠ ᠴᠢᠩ ᠳ᠋ᠦᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠲᠠ ᠶᠢᠨ ᠰᠣᠶᠣᠯ ᠪᠡᠶ᠎ᠡ ᠲᠠᠮᠢᠷ ᠵᠢᠭᠤᠯᠴᠢᠯᠠᠯ ᠷᠠᠳᠢᠣ᠋ ᠲᠧᠯᠸᠢᠰ ᠤᠨ ᠲᠤᠪᠴᠢᠶᠠᠨ ᠤ ᠬᠤᠯᠪᠤᠭᠳᠠᠯ ᠪᠥᠬᠦᠶ ᠬᠠᠷᠢᠭᠤᠴᠠᠯᠭᠠᠲᠠᠨ ᠬᠤᠲᠠ ᠶᠢᠨ ᠰᠣᠶᠣᠯ ᠤᠨ ᠣᠷᠳᠣᠨ᠂ ᠨᠣᠮ ᠤᠨ ᠰᠠᠩ᠂ ᠮᠦᠽᠧᠶ ᠵᠡᠷᠭᠡ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢᠨ ᠲᠥᠰᠦᠯ ᠤᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠤᠯᠤᠰ ᠤᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠪᠠᠷᠢᠮᠵᠢᠶ᠎ᠠ ᠳᠤ ᠨᠡᠶᠢᠴᠡᠭᠰᠡᠨ ᠲᠠᠯᠠᠪᠠᠶ ᠣᠷᠳᠣᠨ ᠢ ᠲᠦᠷᠭᠡᠪᠴᠢᠯᠡᠨ ᠪᠠᠶᠢᠭᠤᠯᠬᠤ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ ᠲᠤᠬᠠᠶ ᠰᠠᠨᠠᠯ ᠢᠶᠠᠨ ᠰᠣᠯᠢᠯᠴᠠᠵᠤ ᠶᠠᠷᠢᠯᠴᠠᠪᠠ᠃      ᠵᠢᠶᠠ ᠴᠢᠩ ᠳ᠋ᠦᠩ ᠴᠢᠬᠤᠯᠠᠴᠢᠯᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ ᠪᠦᠳᠦᠬᠡᠨ ᠪᠠᠶᠢᠭᠤᠯᠤᠯᠲᠠ ᠳᠠᠬᠢ ᠬᠠᠲᠠᠭᠤ ᠬᠡᠷᠡᠭᠰᠡᠯ ᠤᠨ ᠳᠤᠲᠠᠭᠤᠳᠠᠯ ᠢᠶᠠᠨ ᠲᠦᠷᠭᠡᠨ ᠨᠥᠬᠦᠪᠥᠷᠢᠯᠡᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ᠃ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠤᠬᠢᠷᠠᠭᠤᠯᠤᠯᠳᠠ ᠪᠠᠨ ᠰᠢᠯᠢᠳᠡᠭᠵᠢᠭᠦᠯᠵᠦ᠂ ᠡᠯ᠎ᠡ ᠲᠠᠯᠠᠪᠤᠷ ᠣᠷᠳᠣᠨ ᠤ ᠴᠢᠳᠠᠮᠵᠢ ᠶᠢᠨ ᠵᠢᠷᠤᠭ ᠲᠥᠯᠥᠪᠯᠡᠭᠡ ᠪᠠᠨ ᠬᠢᠨᠠᠮᠠᠭᠠᠶ ᠰᠤᠳᠤᠯᠵᠤ᠂ ᠤᠯᠠᠨ ᠨᠡᠶᠢᠲᠡ ᠶᠢᠨ ᠲᠥᠬᠦᠭᠡᠷᠦᠮᠵᠢ ᠶᠢᠨ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠪᠠᠨ ᠳᠡᠭᠡᠭᠰᠢᠯᠡᠭᠦᠯᠵᠦ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠷᠠᠳ ᠤᠯᠠᠨ ᠤ ᠤᠶᠤᠨ ᠤ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠭᠦᠢᠴᠡᠳ ᠬᠠᠩᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠢ ᠦᠨᠡᠨ ᠬᠦ ᠨᠡᠮᠡᠭᠳᠡᠭᠦᠯᠬᠦ ᠬᠡᠷᠡᠭᠲᠡᠶ ᠬᠡᠵᠡᠢ᠃      ᠬᠤᠷᠠᠯ ᠤᠨ ᠳᠠᠷᠠᠭ᠎ᠠ᠂ ᠵᠢᠶᠠ ᠴᠢᠩ ᠳ᠋ᠦᠩ ᠪᠠᠰᠠ ᠬᠤᠲᠠ ᠶᠢᠨ ᠨᠣᠮ ᠤᠨ ᠰᠠᠩ ᠤᠨ ᠥᠭᠡᠷᠡᠴᠢᠯᠡᠯᠲᠡ ᠶᠢᠨ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号