ᠤᠯᠤᠰ ᠤᠨ ᠳᠣᠲᠣᠭᠠᠳᠤ ᠶᠢᠨ ᠠᠩᠬᠠᠳᠠᠭᠴᠢ ᠤᠰᠤᠲᠥ᠋ᠷᠥᠭᠴᠢ ᠶᠢᠨ ᠪᠦᠯᠦᠭ ᠤᠨ ᠬᠠᠶᠢᠯᠤᠭᠤᠯᠤᠨ ᠠᠩᠭᠢᠵᠢᠷᠠᠭᠤᠯᠤᠭᠰᠠᠨ ᠴᠡᠪᠡᠷ ᠴᠢᠳᠬᠤᠮᠠᠯ ᠰᠢᠷᠠᠮᠤ ᠶᠢᠨ ᠦᠢᠯᠡᠳᠪᠦᠷᠢᠯᠡᠯ ᠤᠨ ᠱᠤᠭᠤᠮ ᠠᠮᠵᠢᠯᠲᠠ ᠲᠠᠢ ᠪᠠᠷ ᠦᠢᠯᠡᠳᠪᠦᠷᠢᠯᠡᠯ ᠳᠤ ᠣᠷᠣᠪᠠ
ᠨᠡᠶᠢᠲᠡᠯᠡᠭᠰᠡᠨ ᠴᠠᠭ᠄
2021/4/20
     ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠤᠰᠤᠲᠥ᠋ᠷᠥᠭᠴᠢ ᠶᠢᠨ ᠪᠦᠯᠦᠭ ᠤᠨ ᠬᠠᠶᠢᠯᠤᠭᠤᠯᠤᠨ ᠠᠩᠭᠢᠵᠢᠷᠠᠭᠤᠯᠤᠭᠰᠠᠨ ᠴᠡᠪᠡᠷ ᠴᠢᠳᠬᠤᠮᠠᠯ ᠰᠢᠷᠠᠮᠤ ᠶᠢᠨ ᠦᠢᠯᠡᠳᠪᠦᠷᠢᠯᠡᠯ ᠤᠨ ᠱᠤᠭᠤᠮ ᠢ ᠮᠠᠨ ᠤ ᠬᠤᠲᠠ ᠳᠤ ᠵᠢᠩᠬᠢᠨᠢ ᠪᠠᠷ ᠪᠠᠶᠢᠭᠤᠯᠵᠤ ᠳᠠᠭᠤᠰᠬᠠᠪᠠ᠃ ᠲᠤᠰ ᠦᠢᠯᠡᠳᠪᠦᠷᠢᠯᠡᠯ ᠤᠨ ᠱᠤᠭᠤᠮ ᠢ ᠬᠠᠶᠢᠷᠤᠪ ᠤᠨ ᠲᠤᠬᠤᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠪᠠᠶᠢᠭ᠎ᠠ ᠥᠪᠥᠷ ᠮᠣᠩᠭᠤᠯ ᠤᠨ ᠰᠠᠶᠢᠰᠫᠦ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠠᠴᠠ 10.9 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 16 ᠰᠠᠷ᠎ᠠ ᠶᠢᠨ ᠬᠤᠭᠤᠴᠠᠭᠠᠨ ᠳᠤ ᠪᠦᠳᠦᠭᠡᠨ ᠪᠠᠶᠢᠭᠤᠯᠵᠤ᠂ ᠢᠯᠴᠢ ᠶᠢᠨ ᠳᠠᠭᠠᠭᠠᠴᠠ ᠶᠢᠨ ᠲᠤᠷᠰᠢᠯᠲᠠ᠂ ᠲᠤᠷᠰᠢᠯᠲᠠ ᠶᠢᠨ ᠠᠰᠢᠭᠯᠠᠯᠲᠠ ᠳᠤ ᠣᠷᠣᠭᠤᠯᠬᠤ ᠶᠠᠪᠤᠴᠠ ᠳᠤ᠂ ᠴᠡᠪᠡᠷ ᠴᠢᠳᠬᠤᠮᠠᠯ ᠰᠢᠷᠡᠮᠦ ᠶᠢ ᠠᠮᠵᠢᠯᠲᠠ ᠲᠠᠢ ᠦᠢᠯᠡᠳᠪᠦᠷᠢᠯᠡᠵᠡᠢ᠃ ᠡᠨᠡ ᠨᠢ ᠳᠡᠯᠡᠬᠡᠢ ᠶᠢᠨ ᠲᠡᠷᠢᠭᠦᠨ ᠤ ᠤᠰᠤᠲᠥ᠋ᠷᠥᠭᠴᠢ ᠶᠢᠨ ᠪᠦᠯᠦᠭ ᠢ ᠬᠠᠶᠢᠯᠤᠭᠤᠯᠤᠨ ᠠᠩᠭᠢᠵᠢᠷᠠᠭᠤᠯᠵᠤ ᠪᠣᠯᠪᠠᠰᠤᠷᠠᠭᠤᠯᠬᠤ ᠮᠡᠷᠭᠡᠵᠢᠯ ᠥᠪᠥᠷ ᠮᠣᠩᠭᠤᠯ ᠳᠤ ᠠᠮᠵᠢᠯᠲᠠ ᠲᠠᠢ ᠪᠠᠷ ᠰᠠᠭᠤᠷᠢᠰᠢᠨ ᠬᠤᠪᠢᠷᠬᠠᠰᠠᠨ ᠢ ᠬᠠᠷᠠᠭᠤᠯᠵᠤ ᠪᠠᠶᠢᠨ᠎ᠠ᠃      ︽ᠲᠤᠰ ᠣᠳᠠᠭᠠᠨ ᠤ ᠢᠯᠴᠢ ᠶᠢᠨ ᠳᠠᠭᠠᠭᠠᠴᠠ ᠶᠢᠨ ᠲᠤᠷᠰᠢᠯᠲᠠ ᠶᠢᠨ ᠮᠠᠰᠢᠨ ᠨᠢ ᠪᠦᠬᠦ᠋ᠢᠯᠡ ᠤᠰᠤᠲᠥ᠋ᠷᠥᠭᠴᠢ ᠶᠢᠨ ᠪᠦᠯᠦᠭ ᠤᠨ ᠬᠠᠶᠢᠯᠤᠭᠤᠯᠤᠨ ᠠᠩᠭᠢᠵᠢᠷᠠᠭᠤᠯᠬᠤ ᠤᠷᠠᠯᠠᠯ ᠤᠨ ᠶᠠᠪᠤᠴᠠ ᠶᠢ ᠨᠡᠪᠲᠡᠷᠡᠭᠦᠯᠵᠦ᠂ ᠪᠦᠷᠢᠯᠳᠦᠬᠦᠨ ᠨᠢ ᠬᠢᠷᠢ ᠲᠡᠩᠴᠡᠭᠰᠡᠨ ᠴᠡᠪᠡᠷ ᠴᠢᠳᠬᠤᠮᠠᠯ ᠰᠢᠷᠡᠮᠦ ᠶᠢ ᠠᠮᠵᠢᠯᠲᠠ ᠲᠠᠢ ᠦᠢᠯᠡᠳᠪᠦᠷᠢᠯᠡᠵᠦ᠂ ᠢᠯᠴᠢ ᠶᠢᠨ ᠳᠠᠭᠠᠭᠠᠴᠠ ᠶᠢᠨ ᠲᠤᠷᠰᠢᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠂ ᠡᠨᠡ ᠨᠢ ᠮᠠᠨ ᠤ ᠪᠦᠯᠬᠦᠮ ᠤᠨ ᠬᠢᠨ ᠡᠨᠡᠬᠦ ᠤᠷᠠᠯᠠᠯ ᠤᠨ ᠮᠡᠷᠭᠡᠵᠢᠯ ᠢ ᠪᠦᠷᠢᠮᠦᠰᠦᠨ ᠡᠵᠡᠮᠰᠢᠵᠦ᠂ ᠠᠵᠤ ᠦᠢᠯᠡᠳᠪᠦᠷᠢᠵᠢᠯᠲᠡ ᠶᠢᠨ ᠴᠢᠳᠠᠪᠤᠷᠢ ᠲᠠᠢ ᠪᠣᠯᠤᠭᠰᠠᠨ ᠢ ᠭᠡᠷᠡᠴᠢᠯᠡᠪᠡ︾ ᠭᠡᠵᠦ ᠥᠪᠥᠷ ᠮᠣᠩᠭᠤᠯ ᠤᠨ ᠰᠠᠶᠢᠰᠫᠦ᠋ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠧᠦ ᠬᠠᠢ ᠴᠤᠸᠠᠨ ᠬᠡᠯᠡᠪᠡ᠃      ᠲᠣᠰ ᠲᠥᠷᠥᠯ ᠵᠦᠢᠯ ᠨᠢ ᠠᠮᠢ ᠠᠬᠤᠶ ᠶᠢ ᠤᠷᠢᠳᠠᠪᠡᠷ ᠪᠤᠲᠤᠯᠭᠢᠯᠠᠬᠤ᠂ ᠪᠣᠬᠢᠷᠲᠤᠯ ᠥᠬᠡᠶ ᠬᠦᠭᠵᠢᠯᠳᠡ ᠪᠠᠷ ᠤᠲᠤᠷᠢᠳᠣᠮᠵᠢ ᠪᠤᠯᠭᠠᠬᠤ ᠣᠶᠢᠯᠠᠭᠠᠭᠳᠠᠬᠤᠨ ᠢ ᠪᠠᠷᠢᠮᠲᠠᠯᠠᠨ᠂ ︽ᠬᠡᠲᠦ ᠳᠣᠤᠷ᠎ᠠ ᠭᠠᠳᠠᠭᠰᠢᠯᠠᠭᠤᠯᠤᠯᠲᠠ︾ ᠶᠢᠨ ᠱᠠᠭᠠᠷᠳᠠᠯᠭ᠎ᠠ ᠶᠢ ᠬᠠᠩᠭᠠᠵᠤ᠂ ᠤᠰᠤᠲᠥ᠋ᠷᠥᠭᠴᠢ ᠶᠢᠨ ᠪᠦᠯᠦᠭ ᠤᠨ ᠬᠠᠶᠢᠯᠤᠭᠤᠯᠤᠨ ᠠᠩᠭᠢᠵᠢᠷᠠᠭᠤᠯᠵᠤ ᠬᠠᠶᠢᠯᠤᠭᠤᠯᠬᠤ ᠮᠡᠷᠭᠡᠵᠢᠯ ᠢ ᠬᠡᠷᠡᠭᠵᠢᠭᠦᠯᠵᠦ᠂ ᠳᠡᠯᠡᠬᠡᠶ ᠶᠢᠨ ᠪᠣᠯᠣᠳ ᠲᠡᠮᠦᠷ ᠤᠨ ᠠᠵᠤ ᠦᠢᠯᠡᠳᠪᠦᠷᠢ ᠶᠢᠨ ᠬᠥᠭᠵᠢᠯᠲᠡ ᠶᠢᠨ ᠬᠤᠰᠢᠭᠤᠷᠠᠯ ᠮᠡᠷᠭᠡᠵᠢᠯ ᠤᠨ ᠨᠢᠭᠡ ᠪᠤᠯᠵᠠᠢ᠃      ︽ᠤᠰᠤᠲᠥ᠋ᠷᠥᠭᠴᠢ ᠪᠠᠷ ᠬᠠᠶᠢᠯᠤᠭᠤᠯᠤᠨ ᠠᠩᠭᠢᠵᠢᠷᠠᠭᠤᠯᠬᠤ ᠠᠷᠭ᠎ᠠ ᠶᠢ ᠬᠡᠷᠡᠭᠯᠡᠭᠰᠡᠨ ᠠᠴᠠ ᠪᠤᠯᠵᠤ᠂ ᠲᠡᠷᠡ ᠨᠢ ᠤᠯᠠᠮᠵᠢᠯᠠᠯᠲᠤ ᠪᠤᠯᠤᠳ ᠲᠡᠮᠦᠷ ᠤᠨ ᠠᠵᠢᠯ ᠲᠦᠷᠦᠯ ᠢ ᠨᠤᠷᠠᠭᠠᠬᠤ ᠳᠤ ᠬᠥᠮᠦᠨ ᠤ ᠬᠦᠴᠦ ᠪᠠᠷ ᠬᠡᠰᠡᠭᠯᠡᠭᠰᠡᠨ ᠰᠢᠲᠠᠭᠠᠨ ᠪᠠᠷᠢᠯᠳᠤᠭᠤᠯᠬᠤ᠂ ᠪᠥᠮᠪᠦᠭᠡ ᠪᠠᠷ ᠪᠥᠭᠡᠮᠨᠡᠷᠡᠭᠦᠯᠬᠦ᠂ ᠬᠡᠦᠷᠰᠢᠭᠦᠯᠬᠦ ᠵᠡᠷᠭᠡ ᠠᠵᠢᠯ ᠤᠨ ᠳᠠᠷᠠᠭᠠᠯᠠᠯ ᠢ ᠬᠡᠷᠡᠭᠰᠡᠵᠦ᠂ ᠨᠢᠭᠡ ᠯᠡ ᠠᠯᠬᠤᠮ ᠢᠶᠠᠷ ᠲᠦᠭᠦᠬᠡᠶ ᠨᠡᠭᠦᠷᠡᠰᠦ ᠪᠣᠯᠤᠨ ᠲᠦᠭᠦᠬᠡᠶ ᠬᠦᠳᠡᠷ ᠢ ᠰᠢᠭᠤᠳ ᠵᠤᠤᠬ᠎ᠠ ᠳᠤ ᠣᠷᠣᠭᠤᠯᠵᠤ᠂ ᠴᠤᠯᠤ ᠴᠡᠪᠡᠷ ᠰᠢᠷᠡᠮᠦ ᠪᠣᠯᠪᠠᠰᠤᠷᠠᠭᠤᠯᠵᠤ ᠭᠠᠷᠭᠠᠨ᠎ᠠ᠃ ᠡᠨᠡ ᠬᠦ ᠭᠠᠷ ᠤᠷᠠᠯᠠᠯ ᠨᠢ ᠪᠣᠯᠪᠠᠰᠤᠷᠠᠭᠤᠯᠬᠤ ᠶᠠᠪᠤᠴᠠ ᠳᠤ ᠶᠡᠭᠡ ᠬᠡᠮᠵᠢᠶᠡᠨ ᠤ ᠥᠨᠳᠥᠷ ᠳᠤᠯᠠᠭᠠᠨᠳᠤ ᠰᠢᠲᠠᠮᠠᠬᠠᠶ ᠬᠡᠢ ᠪᠡᠶᠡᠲᠦ ᠶᠢ ᠪᠤᠢ ᠪᠣᠯᠭᠠᠳᠠᠭ᠂ ᠰᠢᠲᠠᠮᠠᠬᠠᠶ ᠬᠡᠢ ᠪᠡᠶᠡᠲᠦ ᠶᠢ ᠢᠯᠴᠢ ᠰᠣᠯᠢᠬᠤ ᠪᠠ ᠰᠢᠲᠠᠭᠠᠬᠤ ᠪᠠᠷ ᠳᠠᠮᠵᠢᠭᠤᠯᠤᠨ ᠬᠤᠶᠠᠳᠠᠬᠢ ᠤᠳᠠᠭ᠎ᠠ ᠠᠰᠢᠭᠯᠠᠭᠠᠳ ᠥᠪᠡᠰᠦᠪᠡᠨ ᠴᠠᠬᠢᠯᠭᠠᠨ ᠭᠠᠷᠭᠠᠵᠤ ᠴᠢᠳᠠᠳᠠᠭ᠂ ᠥᠪᠡᠷ ᠤᠨ ᠬᠡᠷᠡᠭᠯᠡᠬᠦ ᠴᠠᠬᠢᠯᠭᠠᠨ ᠢᠶᠠᠨ ᠬᠠᠩᠭᠠᠬᠤ ᠠᠴᠠ ᠭᠠᠳᠠᠨ᠎ᠠ᠂ ᠪᠠᠰᠠ ᠭᠠᠳᠠᠷ ᠲᠣᠣᠷ ᠲᠤ ᠴᠠᠭ ᠪᠦᠷᠢ 4 ᠲᠦᠮᠡᠨ ᠭᠷᠠᠳᠦ᠋ᠰ ᠤᠨ ᠴᠠᠬᠢᠯᠭᠠᠨ ᠬᠦᠷᠭᠡᠵᠦ ᠴᠢᠳᠠᠳᠠᠭ᠃ ᠡᠨᠡ ᠪᠣᠯ ᠪᠣᠬᠢᠷᠲᠤᠯ ᠥᠬᠡᠶ ᠣᠷᠴᠢᠨ ᠲᠤᠭᠤᠷᠢᠨ ᠢ ᠬᠠᠮᠠᠭᠠᠯᠠᠬᠤ ᠲᠦᠷᠦᠯ ᠵᠦᠢᠯ ᠮᠥᠨ᠂ ᠭᠠᠳᠠᠭᠰᠢᠯᠠᠭᠤᠯᠬᠤ ᠬᠦᠢᠴᠡᠳᠭᠡᠯ ᠲᠤᠭ᠎ᠠ ᠶᠢ ᠤᠯᠠᠮᠵᠢᠯᠠᠯᠲᠤ ᠥᠨᠳᠥᠷ ᠵᠤᠤᠬ᠎ᠠ ᠶᠢᠨ ᠶᠠᠪᠤᠴᠠ ᠲᠠᠢ ᠬᠠᠷᠢᠴᠠᠭᠤᠯᠪᠠᠯ᠂ ᠬᠦᠬᠦᠷ ᠤᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ 38% ᠭᠠᠷᠤᠶ ᠪᠠᠷ ᠪᠠᠭᠠᠰᠬᠠᠵᠤ᠂ ᠠᠽᠣᠲ ᠤᠨ ᠢᠰᠦᠮᠡᠭ ᠢ 38% ᠭᠠᠷᠤᠶ ᠪᠠᠷ ᠪᠠᠭᠠᠰᠬᠠᠵᠤ᠂ ᠮᠥᠬᠦᠯᠢᠭᠲᠦ ᠪᠣᠳᠠᠰ ᠢ 89% ᠪᠠᠷ ᠪᠠᠭᠠᠰᠬᠠᠬᠤ ᠶᠢᠨ ᠬᠠᠮᠲᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠶᠢ ᠶᠡᠭᠡ ᠪᠠᠷ ᠪᠠᠭᠤᠷᠠᠭᠤᠯᠵᠤ᠂ ᠳ᠋ᠢᠤᠺᠰᠢᠨ᠂ ᠹᠤᠨᠤᠯ ᠼᠢᠶᠠᠨ ᠬᠠᠶᠠᠭᠳᠠᠮᠠᠯ ᠤᠰᠤ ᠵᠡᠷᠭᠡ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠥᠬᠡᠶ ᠪᠤᠯᠭᠠᠵᠠᠢ︾ ᠵᠧᠦ ᠬᠠᠢ ᠴᠤᠸᠠᠨ ᠬᠡᠯᠡᠪᠡ᠃      ᠡᠨᠡᠬᠦ ᠬᠠᠷᠠᠯᠲᠠ ᠶᠢ ᠠᠮᠵᠢᠯᠲᠠ ᠲᠠᠢ ᠨᠠᠶᠢᠳᠠᠪᠤᠷᠢᠵᠢᠭᠤᠯᠤᠭᠰᠠᠨ ᠠᠴᠠ ᠤᠯᠠᠮᠵᠢᠯᠠᠯᠲᠤ ︽ᠨᠡᠭᠦᠷᠡᠰᠦᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ︾ ᠶᠢ ᠰᠢᠨ᠎ᠡ ᠬᠡᠯᠪᠡᠷᠢ ᠶᠢᠨ ︽ᠤᠰᠤᠲᠥ᠋ᠷᠥᠭᠴᠢ ᠪᠠᠷ ᠲᠡᠮᠦᠷᠯᠢᠭ ᠪᠣᠯᠪᠠᠰᠤᠷᠠᠭᠤᠯᠬᠤ︾ ᠲᠡᠰᠢ ᠬᠤᠪᠢᠷᠠᠭᠤᠯᠬᠤ ᠶᠢ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠵᠢᠴᠢ ᠳᠡᠭᠡᠳᠦ ᠳᠤᠤᠷᠠᠳᠤ ᠤᠷᠤᠰᠬᠠᠯ ᠤᠨ ᠬᠤᠯᠪᠤᠭᠳᠠᠯ ᠪᠦᠬᠦᠢ ᠠᠵᠤ ᠦᠢᠯᠡᠰ ᠤᠨ ᠢᠵᠢᠯ ᠠᠯᠬᠤᠮ ᠢᠶᠠᠷ ᠳᠤᠬᠢᠷᠠᠭᠤᠯᠤᠯᠳᠠ ᠬᠢᠬᠦ ᠪᠠ ᠬᠤᠪᠢᠰᠬᠠᠬᠤ ᠶᠢ ᠳᠠᠶᠢᠴᠢᠯᠠᠵᠤ᠂ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠢ ᠪᠣᠬᠢᠷᠲᠤᠯ ᠦᠬᠡᠢ ᠪᠣᠯᠭᠠᠬᠤ᠂ ᠨᠠᠷᠢᠯᠢᠭ ᠪᠣᠯᠭᠠᠬᠤ᠂ ᠳᠡᠭᠡᠳᠦ ᠳᠡᠰ ᠤᠨ ᠪᠣᠯᠭᠠᠬᠤ ᠲᠡᠰᠢ ᠬᠤᠪᠢᠷᠠᠭᠤᠯᠬᠤ ᠶᠢ ᠪᠡᠶᠡᠯᠡᠭᠦᠯᠬᠦ ᠪᠣᠯᠤᠨ᠎ᠠ᠃ ᠡᠭᠦᠨ ᠤ ᠬᠠᠮᠲᠤ᠂ ᠲᠣᠰ ᠲᠥᠷᠥᠯ ᠵᠦᠢᠯ ᠨᠢ ᠮᠠᠨ ᠤ ᠬᠤᠲᠠ ᠶᠢᠨ ᠡᠷᠬᠢᠨ ᠲᠣᠭᠤᠷᠢᠨ ᠤ ᠭᠠᠵᠠᠷ ᠣᠷᠣᠨ ᠤ ᠶᠡᠭᠡ ᠬᠡᠮᠵᠢᠶᠡᠨ ᠤ ᠳᠠᠭᠠᠯᠲᠠ ᠤᠰᠤᠲᠥ᠋ᠷᠥᠭᠴᠢ ᠡᠨᠧᠷᠭᠢ ᠶᠢᠨ ᠡᠬᠢ ᠪᠠᠶᠠᠯᠢᠭ ᠢ ᠬᠦᠢᠴᠡᠳ ᠠᠰᠢᠭᠯᠠᠵᠤ᠂ ᠪᠣᠬᠢᠷᠲᠤᠯ ᠥᠬᠡᠶ ᠲᠡᠮᠦᠷᠯᠢᠭ ᠪᠣᠯᠪᠠᠰᠤᠷᠠᠭᠤᠯᠬᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠶᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠳᠤ ᠤᠰᠤᠲᠥ᠋ᠷᠥᠭᠴᠢ ᠡᠨᠧᠷᠭᠢ ᠶᠢᠨ ᠬᠡᠷᠡᠭᠯᠡᠯᠲᠡ ᠶᠢᠨ ᠵᠢᠱᠢᠶ᠎ᠡ ᠦᠵᠡᠭᠦᠯᠬᠦ ᠦᠢᠯᠡᠳᠦᠯ ᠦᠵᠡᠭᠦᠯᠵᠦ᠂ ᠳᠡᠯᠭᠡᠷᠡᠭᠦᠯᠬᠦ ᠴᠢᠨᠠᠷ ᠢᠶᠠᠷ ᠲᠦᠢᠯ ᠤᠨ ᠶᠡᠭᠡ ᠪᠠᠶᠢᠵᠤ᠂ ᠥᠪᠡᠷᠲᠡᠭᠡᠨ ᠵᠠᠰᠠᠬᠤ ᠣᠷᠣᠨ ᠪᠣᠯᠤᠨ ᠮᠠᠨ ᠤ ᠬᠤᠲᠠ ᠶᠢᠨ ᠤᠰᠤᠲᠥ᠋ᠷᠥᠭᠴᠢ ᠡᠨᠧᠷᠭᠢ ᠶᠢᠨ ᠠᠰᠢᠭᠯᠠᠯᠲᠠ ᠶᠢᠨ ᠳᠡᠭᠡᠳᠦ ᠬᠤᠷᠳᠤᠴᠠ ᠪᠠᠷ ᠬᠥᠭᠵᠢᠬᠦ ᠶᠢ ᠳᠥᠯᠭᠢᠨ ᠠᠬᠢᠭᠤᠯᠵᠤ᠂ ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠲᠦᠷᠭᠡᠳᠬᠡᠵᠦ ᠴᠢᠳᠠᠬᠤ ᠪᠤᠯᠤᠨ᠎ᠠ᠃      ︽ᠤᠰᠤᠲᠥ᠋ᠷᠥᠭᠴᠢ ᠶᠢᠨ ᠪᠦᠯᠦᠭ ᠢ ᠬᠠᠶᠢᠯᠤᠭᠤᠯᠤᠨ ᠠᠩᠭᠢᠵᠢᠷᠠᠭᠤᠯᠬᠤ ᠲᠦᠷᠦᠯ ᠵᠦᠢᠯ ᠢ ᠬᠠᠶᠢᠨ ᠰᠦᠪᠡᠭᠴᠢᠯᠡᠬᠦ ᠨᠢ ᠢᠷᠡᠭᠡᠳᠦᠢ ᠳᠤ ᠮᠠᠨ ᠤ ᠤᠯᠤᠰ ᠤᠨ ᠪᠤᠯᠤᠳ ᠲᠡᠮᠦᠷ ᠤᠨ ᠠᠵᠢᠯ ᠲᠦᠷᠦᠯ ᠤᠨ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠦᠢᠯᠡᠳᠦᠯᠭᠡ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠂ ᠪᠢᠳᠡ ᠤᠰᠤᠲᠥ᠋ᠷᠥᠭᠴᠢ ᠶᠢᠨ ᠪᠦᠯᠦᠭ ᠢ ᠬᠠᠶᠢᠯᠤᠭᠤᠯᠤᠨ ᠠᠩᠭᠢᠵᠢᠷᠠᠭᠤᠯᠬᠤ ᠠᠷᠭ᠎ᠠ ᠶᠢ ᠠᠰᠢᠭᠯᠠᠵᠤ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠠᠷᠢᠯᠢᠭ ᠦᠢᠯᠡᠳᠪᠦᠷᠢᠯᠡᠬᠦ ᠶᠢ ᠴᠢᠨᠠᠭᠰᠢᠳᠠ ᠪᠡᠶᠡᠯᠡᠭᠦᠯᠵᠦ᠂ ︿ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ﹀ ᠬᠠᠷᠠᠯᠲᠠ ᠶᠢ ᠪᠡᠶᠡᠯᠡᠭᠦᠯᠬᠦ ᠳᠤ ᠬᠦᠴᠦᠨ ᠴᠢᠳᠠᠯ ᠢᠶᠠᠨ ᠡᠷᠭᠦᠨ᠎ᠡ︾ ᠭᠡᠵᠦ ᠵᠧᠦ ᠬᠠᠢ ᠴᠤᠸᠠᠨ ᠬᠡᠯᠡᠪᠡ᠃      ᠠᠮᠢ ᠠᠬᠤᠶ ᠶᠢ ᠤᠷᠢᠳᠠᠪᠡᠷ ᠪᠤᠲᠤᠯᠭᠢᠯᠠᠵᠤ᠂ ᠪᠣᠬᠢᠷᠲᠤᠯ ᠥᠬᠡᠶ ᠬᠦᠭᠵᠢᠯᠳᠡ ᠪᠠᠷ ᠣᠳᠣᠷᠢᠲᠣᠮᠵᠢ ᠪᠤᠯᠭᠠᠨ᠎ᠠ ︔ ᠦᠷᠭᠦᠯᠵᠢᠯᠡᠨ ᠬᠦᠴᠦᠯᠡᠵᠦ᠂ ᠵᠣᠭᠰᠣᠯ ᠦᠭᠡᠶ ᠳᠠᠪᠬᠢᠨ᠎ᠠ᠃ ᠣᠶᠢᠷ᠎ᠠ ᠶᠢᠨ ᠵᠢᠯ ᠠᠴᠠ ᠨᠠᠰᠢ᠂ ᠮᠠᠨ ᠤ ᠬᠤᠲᠠ ᠡᠬᠢ ᠪᠠᠶᠠᠯᠢᠭ ᠤᠨ ᠬᠡᠯᠪᠡᠷᠢ ᠶᠢᠨ ᠠᠵᠤ ᠦᠢᠯᠡᠳᠪᠦᠷᠢ ᠶᠢᠨ ᠬᠤᠲᠠ ᠶᠢᠨ ᠬᠥᠭᠵᠢᠯᠲᠡ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ᠴᠢᠨᠠᠷ ᠰᠠᠶᠢᠲᠠᠶ ᠲᠥᠷᠥᠯ ᠵᠦᠢᠯ ᠤᠨ ᠪᠠᠯᠠ ᠣᠷᠣᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ᠂ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠶᠢ ᠠᠬᠢᠭᠤᠯᠬᠤ᠂ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠬᠦ ᠰᠢᠪᠲᠤᠯᠤᠯᠲᠠ ᠶᠢᠨ ᠴᠢᠭ ᠪᠣᠯᠭᠠᠵᠤ᠂ ᠠᠮᠢ ᠠᠬᠤᠶ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠶᠠᠪᠤᠬᠤ ᠲᠤᠲᠤᠮ ᠥᠷᠭᠡᠵᠢᠵᠦ ᠪᠠᠶᠢᠨ᠎ᠠ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号