— 2021 ᠣᠨ ᠤ 3 ᠰᠠᠷ᠎ᠠ ᠶᠢᠨ 3 ᠤ ᠡᠳᠦᠷ ᠦᠬᠠᠶ ᠬᠤᠳᠠ ᠶᠢᠨ ᠶᠢᠰᠦᠳᠦᠭᠡᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠡᠭᠡᠷ᠎ᠡ | 2021 ᠣᠨ ᠤ 3 ᠰᠠᠷ᠎ᠠ ᠶᠢᠨ 9 ᠤ ᠡᠳᠦᠷ | | | | | | ᠬᠤᠲᠠ ᠶᠢᠨ ᠳᠠᠷᠤᠭ᠎ᠠ ᠲᠠᠩ ᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠬᠢᠪᠠ᠃ ︵ᠱᠢ ᠯᠢ ᠽᠧᠩ | ᠰᠡᠭᠦᠳᠡᠷᠯᠡᠪᠡ︶ | ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠲᠠᠩ ᠢ | | ᠲᠥᠯᠥᠭᠡᠯᠡᠭᠴᠢᠳ ᠡ᠄ | ᠤᠳᠤ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠭᠦᠨᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ | ᠪᠤᠰᠤᠳ ᠰᠤᠯᠠ ᠣᠷᠣᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃ | | ᠨᠢᠭᠡ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭ᠎ᠠ ᠪᠠ 2020 | ᠣᠨ ᠤ ᠠᠵᠢᠯ ᠤᠨ ᠲᠤᠬᠠᠶ ᠡᠷᠭᠢᠴᠡᠭᠦᠯᠦᠯ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠬᠤᠭᠤᠴᠠᠭ᠎ᠠ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠱᠠᠳᠤ ᠪᠣᠯᠤᠨ᠎ᠠ᠂ ᠦᠬᠠᠢ ᠶᠢᠨ ᠬᠥᠭᠵᠢᠯᠲᠡ ᠶᠢᠨ ᠶᠠᠪᠤᠴᠠ ᠳᠠᠬᠢ | ᠴᠢᠬᠤᠯᠠ ᠲᠡᠦᠬᠡᠲᠦ ᠠᠴᠢ ᠬᠤᠯᠪᠣᠭᠳᠠᠯ ᠲᠠᠢ ᠲᠠᠪᠤᠨ ᠵᠢᠯ ᠪᠣᠯᠤᠨ᠎ᠠ᠃ ᠲᠠᠪᠤᠨ ᠵᠢᠯ ᠤᠨ ᠲᠤᠷᠰᠢ᠂ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ | ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢ ᠶᠢᠨ ᠫᠢᠩ | ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ | ᠤᠳᠤᠷᠢᠳᠤᠯᠭ᠎ᠠ ᠳᠣᠣᠷ᠎ᠠ᠂ ᠲᠣᠭᠲᠠᠭᠤᠨ ᠤ ᠲᠤᠮᠳᠠ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠠᠮᠢ ᠠᠬᠤᠶ ᠶᠢ | ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ | ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠳᠣᠭᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ | ᠂ ᠲᠦᠭᠰᠢᠭᠦᠷᠢ ᠶᠢ ᠰᠡᠷᠭᠡᠶᠢᠯᠡᠬᠦ᠂ ᠲᠣᠭᠲᠠᠭᠤᠨ ᠢ ᠪᠠᠲᠤᠯᠠᠬᠤ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠲᠠᠪᠤᠨ ᠣᠷᠣᠨ︾ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠡᠶᠡᠯᠡᠬᠦᠯᠬᠦ ᠳᠤ ᠰᠢᠢᠳᠪᠦᠷᠢᠯᠡᠭᠴᠢ ᠴᠢᠨᠠᠷᠲᠠᠶ ᠢᠯᠠᠯᠲᠠ ᠣᠯᠵᠤ᠂ ᠨᠡᠶᠢᠭᠡᠮ ᠵᠢᠷᠤᠮ ᠤᠨ | ᠣᠳᠣᠬᠢᠴᠢᠯᠠᠬᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠬᠤ ᠳᠤ ᠪᠠᠲᠤ ᠪᠠᠬᠢ | ᠰᠠᠭᠤᠷᠢ ᠶᠢ ᠲᠠᠯᠪᠢᠪᠠ᠃ | ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠣᠷᠣᠨ ᠤ ᠲᠤᠯᠭᠠᠭᠤᠷᠢᠯᠠᠬᠤ ᠰᠢᠰᠲ᠋ᠧᠮ ᠢ | ᠦᠨᠳᠦᠰᠦᠨ ᠳᠡᠭᠡᠨ ᠪᠦᠷᠢᠯᠳᠦᠭᠦᠯᠪᠡ᠃ ᠠᠵᠤ ᠠᠬᠤᠶ ᠶᠢᠨ ᠶᠡᠷᠦᠩᠬᠡᠶ ᠬᠡᠮᠵᠢᠶ᠎ᠡ 374 ᠳ᠋ᠦᠩᠰᠢᠭᠤᠷ ᠲᠥᠭᠦᠷᠢᠭ | ᠪᠠᠶᠢᠭᠰᠠᠨ ᠠᠴᠠ ᠪᠠᠨ ᠨᠡᠮᠡᠭᠳᠡᠭᠡᠳ 563 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ | 7% ᠪᠠᠷ ᠨᠡᠮᠡᠭᠳᠡᠪᠡ᠃ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠭᠤᠤᠯᠳᠠᠯᠭ᠎ᠠ ᠲᠠᠢ ᠲᠥᠷᠥᠯ ᠵᠦᠢᠯ ᠢ ᠨᠡᠶᠢᠲᠡ | 348 ᠬᠡᠷᠡᠭᠵᠢᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢᠨ ᠶᠡᠷᠦᠩᠬᠡᠶ ᠬᠡᠮᠵᠢᠶ᠎ᠡ ᠶᠢ ᠵᠢᠯ ᠪᠦᠷᠢ | ᠳᠤᠮᠳᠠᠴᠢ ᠪᠠᠷ 2.3% ᠪᠠᠷ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠢ ᠵᠢᠯ ᠪᠦᠷᠢ ᠳᠤᠮᠳᠠᠴᠢ ᠪᠠᠷ 15% ᠪᠠᠷ ᠨᠡᠮᠡᠭᠳᠡᠭᠦᠯᠪᠡ᠃ ᠠᠵᠤ ᠦᠢᠯᠡᠳᠪᠦᠷᠢ ᠶᠢᠨ ᠬᠡᠯᠪᠡᠷᠢ ᠶᠢ | ᠬᠤᠪᠢᠷᠠᠭᠤᠯᠬᠤ ᠠᠯᠬᠤᠴᠠ ᠲᠦᠷᠭᠡᠳᠴᠦ᠂ ᠨᠡᠭᠦᠷᠡᠰᠦ ᠶᠢ ᠲᠤᠬᠠᠶ ᠶᠢᠨ ᠭᠠᠵᠠᠷ ᠲᠤᠨᠢ ᠪᠣᠯᠪᠠᠰᠤᠷᠠᠭᠤᠯᠤᠨ | ᠬᠤᠪᠢᠷᠠᠭᠤᠯᠬᠤ ᠨᠤᠷᠮ᠎ᠠ 90% ᠠᠴᠠ ᠳᠡᠭᠡᠭᠰᠢ ᠳᠤ ᠬᠦᠷᠴᠦ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ | ᠦᠢᠯᠡᠳᠬᠦᠨ 70 ᠭᠠᠷᠤᠶ ᠵᠦᠢᠯ ᠳᠤ ᠬᠦᠷᠴᠦ᠂ ᠰᠢᠨ᠎ᠡ ᠡᠨᠧᠷᠭᠢ ᠶᠢᠨ ᠰᠤᠷᠪᠤᠯᠵᠢ᠂ ᠰᠢᠨ᠎ᠡ ᠮᠠᠲ᠋ᠧᠷᠢᠶᠠᠯ᠂ | ᠲᠣᠨᠣᠭᠯᠠᠯ ᠦᠢᠯᠡᠳᠬᠦ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ | ᠬᠡᠪᠴᠢᠶ᠎ᠡ ᠲᠠᠰᠤᠷᠠᠯᠳᠠ ᠦᠭᠡᠢ ᠪᠤᠵᠠᠭᠠᠶᠢᠷᠠᠪᠠ᠃ ᠸᠠᠨ ᠳ᠋ᠠ ᠠᠭᠤᠳᠠᠮ ᠲᠠᠯᠠᠪᠠᠢ᠂ ᠬᠤᠩ ᠳ᠋ᠠ ᠡᠳ᠋ ᠪᠠᠷᠠᠭᠠᠨ ᠤ | ᠭᠦᠢᠯᠭᠡᠭᠡ ᠵᠡᠷᠭᠡ ᠨᠢᠭᠡ ᠪᠦᠯᠦᠭ ᠠᠷᠠᠯᠵᠢᠶ᠎ᠠ ᠬᠤᠳᠠᠯᠳᠤᠭᠠᠨ ᠤ ᠡᠳ᠋ ᠪᠠᠷᠠᠭᠠᠨ ᠤ ᠭᠦᠢᠯᠭᠡᠭᠡᠨ ᠤ ᠲᠦᠷᠦᠯ ᠵᠦᠢᠯ ᠢ | ᠠᠰᠢᠭᠯᠠᠯᠲᠠ ᠳᠤ ᠣᠷᠣᠭᠤᠯᠪᠠ᠃ ᠦᠬᠠᠶ ᠨᠠᠭᠤᠷ ᠤᠯᠤᠰ ᠤᠨ ᠲᠠᠰ ᠤᠨ ᠤᠰᠤᠨ ᠠᠰᠢᠭᠯᠠᠯᠲᠠ ᠶᠢᠨ ᠦᠵᠡᠮᠵᠢ ᠶᠢᠨ | ᠣᠷᠣᠨ ᠢᠶᠠᠷ ᠦᠨᠡᠯᠡᠭᠳᠡᠵᠦ᠂ 4A ᠲᠠᠰ ᠤᠨ ᠦᠵᠡᠮᠵᠢ ᠶᠢᠨ ᠣᠷᠣᠨ 5 ᠪᠣᠯᠵᠣ᠂ ᠵᠢᠭᠤᠯᠴᠢᠯᠠᠯ ᠤᠨ ᠣᠷᠣᠯᠭ᠎ᠠ᠂ | ᠵᠤᠭᠠᠴᠠᠭᠰᠠᠳ ᠤᠨ ᠲᠤᠭ᠎ᠠ ᠵᠢᠯ ᠪᠦᠷᠢ ᠳᠤᠮᠳᠠᠴᠢ ᠪᠠᠷ ᠲᠣᠰ ᠲᠣᠰ 26%᠂ 19% ᠪᠠᠷ ᠨᠡᠮᠡᠭᠳᠡᠪᠡ᠃ | ︽ᠦᠬᠠᠶ ᠶᠢᠨ ᠦᠵᠦᠮ︾ ᠳᠤᠮᠳᠠᠳᠤ ᠤᠯᠤᠰ ᠤᠨ ᠲᠠᠷᠢᠶᠠᠯᠠᠩ ᠤᠨ ᠨᠠᠷᠠᠲᠤ ᠲᠡᠮᠳᠡᠭ ᠤᠨ ᠭᠠᠷᠴᠠᠭ ᠲᠤ | ᠰᠣᠩᠭᠤᠭᠳᠠᠪᠠ᠃ ᠳᠡᠯᠡᠬᠡᠶ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠤᠷᠤᠯᠳᠤᠭᠠᠨ ᠢ ᠡᠭᠦᠷᠢᠳᠡ | ᠡᠷᠭᠢᠯᠡᠬᠦ ᠭᠠᠵᠠᠷ᠂ ᠭᠤᠷᠪᠠᠳᠤᠭᠠᠷ ᠪᠦᠯᠦᠭ ᠤᠨ ᠳᠤᠮᠳᠠᠳᠤ ᠤᠯᠤᠰ ᠤᠨ ᠣᠨᠴᠠᠯᠢᠭ ᠪᠥᠬᠦᠶ ᠲᠠᠷᠢᠶᠠᠯᠠᠩ ᠤᠨ | ᠪᠦᠲᠦᠭᠡᠭᠳᠡᠬᠦᠨ ᠤ ᠳᠠᠪᠠᠭᠤᠯᠢᠭ ᠣᠷᠣᠨ ᠪᠣᠯᠪᠠ᠃ | ᠬᠤᠲᠠ ᠬᠥᠳᠡᠭᠡ ᠶᠢ ᠠᠭᠤᠰᠤᠯᠴᠠᠭᠤᠯᠤᠨ ᠤᠷᠢᠳᠠᠪᠠᠷ ᠬᠡᠷᠡᠭᠵᠢᠭᠦᠯᠬᠦ ᠣᠷᠣᠨ ᠤ ᠠᠵᠢᠯᠯᠠᠭᠠᠨ ᠤ ᠵᠠᠭᠪᠤᠷ ᠢ | ᠦᠨᠳᠦᠰᠦᠨ ᠳᠡᠭᠡᠨ ᠪᠠᠶᠢᠭᠤᠯᠪᠡ᠃ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠳᠤ ᠨᠡᠶᠢᠲᠡ 77.8 | ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠿᠦᠩ ᠡᠦ ︵ᠿᠦᠩᠴᠧᠩ — ᠦᠬᠠᠢ︶ ᠲᠡᠭᠡᠲᠤ | ᠬᠤᠷᠲᠤᠴᠠᠲᠤ ᠵᠠᠰᠠᠮᠠᠯ ᠵᠠᠮ ᠤᠨ ᠦᠬᠠᠶ ᠶᠢᠨ ᠬᠡᠰᠡᠭ᠂ ᠤᠯᠤᠰ ᠤᠨ ᠵᠠᠮ ᠤᠨ 110 ᠱᠤᠭᠤᠮ ᠤᠨ ᠬᠠᠲᠤᠨ | ᠭᠤᠤᠯ ᠤᠨ ᠣᠨᠴᠠ ᠶᠡᠭᠡ ᠬᠥᠭᠦᠷᠭᠡ ᠵᠡᠷᠭᠡ ᠨᠢᠭᠡ ᠪᠦᠯᠦᠭ ᠵᠠᠮ ᠬᠥᠭᠦᠷᠭᠡ ᠶᠢᠨ ᠢᠨᠵᠧᠨᠧᠷᠢᠩ ᠢ ᠪᠠᠶᠢᠭᠤᠯᠤᠨ | ᠳᠠᠭᠤᠰᠬᠠᠵᠤ᠂ ᠵᠠᠰᠠᠮᠠᠯ ᠵᠠᠮ ᠤᠨ ᠪᠥᠬᠦ ᠣᠷᠳᠣ 1175 ᠺᠢᠯᠣᠮᠧᠲᠷ ᠲᠤ ᠬᠦᠷᠴᠦ᠂ ᠵᠠᠮ ᠤᠨ ᠲᠣᠤᠷ ᠤᠨ | ᠨᠢᠭᠲᠠᠴᠠ ᠨᠢ ᠪᠥᠬᠦ ᠣᠷᠣᠨ ᠤ ᠳᠤᠮᠳᠠᠴᠢ ᠬᠢᠷᠢ ᠲᠦᠪᠰᠢᠨ ᠤ 3.9 ᠳᠠᠬᠢᠨ ᠪᠣᠯᠪᠠ᠃ ᠢᠯᠴᠢ ᠬᠠᠩᠭᠠᠬᠤ᠂ ᠤᠰᠤ | ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠣᠷ ᠢ 900 ᠭᠠᠷᠤᠶ ᠺᠢᠯᠣᠮᠧᠲᠷ ᠰᠢᠨ᠎ᠡ ᠪᠠᠷ ᠪᠠᠶᠢᠭᠤᠯᠤᠨ | ᠥᠭᠡᠷᠡᠴᠢᠯᠡᠵᠦ᠂ ᠠᠮᠢᠳᠤᠷᠠᠯ ᠤᠨ ᠪᠣᠬᠢᠷ ᠤᠰᠤ ᠶᠢ ᠰᠢᠢᠳᠪᠦᠷᠢᠯᠡᠭᠰᠡᠨ ᠨᠤᠷᠮ᠎ᠠ᠂ ᠰᠢᠲᠠᠮᠠᠬᠠᠶ ᠬᠡᠢ ᠶᠢ | ᠲᠦᠭᠡᠮᠡᠯᠵᠢᠭᠦᠯᠦᠭᠰᠡᠨ ᠨᠤᠷᠮ᠎ᠠ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠬᠦᠯᠦᠨ ᠰᠢᠢᠳᠪᠦᠷᠢᠯᠡᠭᠰᠡᠨ | ᠨᠤᠷᠮ᠎ᠠ ᠶᠢ ᠲᠤᠰ ᠲᠤᠰ 98.3%᠂ 97%᠂ 100% ᠳᠤ ᠬᠦᠷᠭᠡᠪᠡ᠃ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠠᠬᠢᠭᠤᠯᠵᠤ᠂ | ᠨᠤᠷᠠᠬᠤ ᠠᠶᠤᠯᠲᠠᠶ ᠬᠡᠷ ᠪᠠᠶᠢᠰᠢᠩ ᠢ ᠥᠭᠡᠷᠡᠴᠢᠯᠡᠨ ᠵᠠᠰᠠᠬᠤ᠂ ᠵᠡᠭᠡᠯᠢ ᠭᠤᠳᠤᠮᠵᠢ ᠬᠦᠷᠢᠶ᠎ᠡ ᠬᠠᠰᠢᠶ᠎ᠠ ᠶᠢ ᠴᠡᠭᠴᠡᠯᠡᠨ | ᠵᠠᠰᠠᠬᠤ ᠵᠡᠷᠭᠡ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠠᠷᠢᠭᠤᠨ ᠴᠡᠪᠡᠷ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ | ᠲᠠᠷᠢᠶᠠᠯᠠᠬᠤ ᠣᠷᠣᠨ ᠳᠠᠰᠢ ᠥᠷᠭᠡᠳᠬᠡᠵᠦ᠂ ᠲᠠᠷᠢᠶᠠᠯᠠᠬᠤ ᠣᠷᠣᠨ ᠤ ᠨᠡᠶᠢᠲᠡ ᠶᠢᠨ ᠵᠠᠮ ᠬᠠᠷᠢᠯᠴᠠᠭᠠᠨ ᠤ ᠲᠡᠷᠭᠡ | ᠨᠡᠪᠲᠡᠷᠡᠭᠰᠡᠨ ᠨᠣᠷᠮ᠎ᠠ ᠶᠢ 100% ᠳᠤ ᠬᠦᠷᠦᠭᠦᠯᠪᠡ᠃ | ᠠᠮᠢ ᠠᠬᠤᠶ ᠶᠢᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠪᠡᠷᠬᠡ ᠰᠡᠳᠦᠪ ᠢ ᠰᠢᠢᠳᠪᠦᠷᠢᠯᠡᠬᠦ ᠣᠷᠣᠨ ᠤ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠳᠦᠰᠦᠨ ᠳᠡᠭᠡᠨ ᠪᠠᠬᠢᠵᠢᠬᠦᠯᠪᠡ᠃ ᠣᠷᠴᠢᠨ ᠲᠤᠭᠤᠷᠢᠨ ᠢ | ᠶᠡᠷᠦᠩᠬᠡᠶᠢᠯᠡᠨ ᠵᠠᠰᠠᠬᠤ ᠪᠠᠯᠠ ᠮᠥᠩᠭᠦ ᠶᠢ ᠨᠡᠶᠢᠲᠡ 190.8 ᠳ᠋ᠦᠩᠰᠢᠭᠤᠷ ᠲᠥᠭᠦᠷᠢᠭ ᠣᠷᠣᠭᠤᠯᠵᠤ᠂ ᠲᠥᠪ | ᠬᠤᠲᠠ ᠶᠢᠨ ᠲᠣᠭᠤᠷᠢᠭ ᠤᠨ ᠰᠢᠯᠢᠳᠡᠭ ᠰᠠᠶᠢᠨ ᠡᠳᠦᠷ ᠤᠨ ᠲᠤᠭ᠎ᠠ ᠲᠠᠪᠤᠨ ᠵᠢᠯ ᠤᠨ ᠡᠮᠦᠨᠡᠬᠢ ᠠᠴᠠ 37 ᠡᠳᠦᠷ | ᠨᠡᠮᠡᠭᠳᠡᠨ᠂ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠨᠣᠷᠮ᠎ᠠ 10.7 ᠵᠠᠭᠤᠨ ᠤ ᠨᠢᠭᠡᠴᠢ ᠳᠡᠭᠡᠭᠰᠢᠯᠡᠪᠡ᠃ | ᠠᠭᠤᠷᠬᠠᠶ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠩᠭᠠᠷᠠᠭᠤᠯᠵᠤ᠂ | ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ 100 ᠲᠥᠷᠥᠯ ᠵᠦᠢᠯ᠂ ᠰᠢᠷᠣᠶ ᠭᠠᠳᠠᠭᠰᠢᠯᠠᠭᠤᠯᠬᠤ | ᠲᠠᠯᠠᠪᠠᠶ ᠶᠢ ᠵᠢᠷᠤᠮᠵᠢᠭᠤᠯᠤᠨ ᠴᠡᠭᠴᠡᠯᠡᠨ ᠵᠠᠰᠠᠬᠤ 71 ᠲᠥᠷᠥᠯ ᠵᠦᠢᠯ ᠢ ᠪᠡᠶᠡᠯᠡᠭᠦᠯᠪᠡ᠃ ᠭᠤᠣᠯ ᠤᠨ | ᠳᠠᠷᠤᠭ᠎ᠠ ᠶᠢᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠭᠤᠣᠯ ᠨᠠᠭᠤᠷ ᠤᠨ ︽ᠳᠦᠷᠪᠡᠨ ᠲᠤᠷ᠎ᠠ ᠶᠢ | ᠴᠡᠭᠴᠡᠯᠡᠨ ᠵᠠᠰᠠᠬᠤ︾ ﹇1﹈ ᠶᠢ ᠪᠠᠶᠢᠩᠭᠤᠵᠢᠭᠤᠯᠤᠨ ᠥᠷᠨᠢᠭᠦᠯᠵᠦ᠂ ᠬᠠᠳᠤᠨ ᠭᠤᠣᠯ ᠤᠨ ᠬᠠᠶᠢᠷᠤᠪ ᠤᠨ ᠲᠤᠬᠤᠢ | ᠶᠢᠨ ᠤᠰᠤᠨ ᠠᠰᠢᠭᠯᠠᠯᠲᠠ ᠶᠢᠨ ᠬᠦᠢᠰᠣ ᠶᠢᠨ ᠴᠥᠭᠦᠷᠥᠮ ᠤᠨ ᠣᠷᠣᠨ ᠤ ᠠᠮᠢ ᠠᠬᠤᠶ ᠶᠢ ᠵᠠᠰᠠᠬᠤ | ᠲᠤᠷᠰᠢᠯᠲᠠ ᠶᠢᠨ ᠵᠦᠢᠯᠡᠰ ᠢ ᠬᠡᠷᠡᠭᠵᠢᠭᠦᠯᠵᠦ᠂ ᠬᠠᠳᠤᠨ ᠭᠤᠣᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠢ | Ⅲ ᠳᠦᠷᠦᠯ ᠪᠠᠶᠢᠭᠰᠠᠨ ᠠᠴᠠ Ⅱ ᠳᠦᠷᠦᠯ ᠪᠣᠯᠭᠠᠨ ᠳᠡᠭᠡᠭᠰᠢᠯᠡᠭᠦᠯᠵᠦ᠂ ᠪᠦᠬᠦ ᠤᠯᠤᠰ ᠤᠨ ᠤᠰᠤᠨ ᠤ ᠠᠮᠢ | ᠠᠬᠤᠶ ᠶᠢᠨ ᠪᠣᠯᠪᠠᠰᠤᠨ ᠬᠤᠳᠠ ᠳᠤ ᠣᠷᠣᠭᠤᠯᠪᠠ᠃ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ | ᠠᠷᠢᠭᠤᠨ ᠴᠡᠪᠡᠷ ᠦᠢᠯᠡᠳᠪᠦᠷᠢᠯᠡᠯ ᠢ ᠳᠥᠯᠭᠢᠨ ᠠᠬᠢᠭᠤᠯᠵᠤ᠂ ᠨᠢᠭᠡᠴᠢ GDP ᠶᠢᠨ ᠡᠨᠧᠷᠭᠢ ᠶᠢᠨ | ᠬᠤᠷᠣᠭᠳᠠᠭᠤᠯᠤᠯ ᠢ ᠦᠷᠭᠦᠯᠵᠢᠯᠡᠨ ᠪᠠᠭᠤᠷᠠᠭᠤᠯᠵᠤ᠂ ᠲᠦᠮᠡᠨ ᠲᠥᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ | ᠥᠷᠲᠡᠭ ᠤᠨ ᠤᠰᠤ ᠬᠡᠷᠡᠭᠯᠡᠬᠦ ᠬᠡᠮᠵᠢᠶ᠎ᠡ ᠶᠢ ᠲᠠᠪᠤᠨ ᠵᠢᠯ ᠤᠨ ᠡᠮᠦᠨᠡᠬᠢ ᠠᠴᠠ 36% ᠪᠠᠷ ᠪᠠᠭᠤᠷᠠᠭᠤᠯᠪᠠ᠃ | ᠪᠠᠶᠢᠭᠤᠯᠤᠭᠰᠠᠨ ᠲᠣᠭᠤᠷᠢᠭ ᠤᠨ ᠨᠣᠭᠤᠭᠠᠷᠠᠭᠤᠯᠤᠯᠲᠠ ᠶᠢᠨ ᠪᠦᠷᠬᠦᠴᠡ ᠶᠢᠨ ᠨᠣᠷᠮ᠎ᠠ 43% ᠳᠤ ᠬᠦᠷᠴᠦ᠂ | ᠬᠥᠮᠦᠨ ᠳᠤᠮᠳᠠᠴᠢ ᠶᠢᠨ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠲᠠᠯᠠᠪᠠᠶ 19.5 ᠲᠡᠭᠰᠢ ᠳᠥᠷᠪᠡᠯᠵᠢᠨ | ᠮᠧᠲᠷ ᠲᠤ ᠬᠦᠷᠴᠦ᠂ ᠤᠯᠤᠰ ᠤᠨ ᠴᠡᠴᠡᠷᠯᠢᠭᠵᠢᠬᠦᠯᠭᠡ ᠶᠢᠨ ᠬᠤᠲᠠ ᠪᠠ ᠪᠥᠬᠦ ᠤᠯᠤᠰ ᠤᠨ | ᠨᠣᠭᠤᠭᠠᠷᠠᠭᠤᠯᠤᠯᠲᠠ ᠶᠢᠨ ᠵᠢᠱᠢᠶᠡᠴᠢ ᠬᠤᠲᠠ ᠶᠢ ᠠᠮᠵᠢᠯᠲᠠ ᠲᠠᠢ ᠡᠭᠦᠳᠦᠨ ᠪᠠᠶᠢᠭᠤᠯᠪᠠ᠃ | ᠪᠡᠯᠡ ᠣᠷᠣᠭᠤᠯᠤᠯᠲᠠ ᠠᠷᠠᠯᠵᠢᠶ᠎ᠠ ᠶᠢᠨ ᠲᠡᠷᠢᠭᠦᠨ ᠰᠣᠩᠭᠤᠯᠲᠠ ᠶᠢᠨ ᠣᠷᠣᠨ ᠤ ᠤᠨᠴᠠᠯᠢᠭᠳᠤ ᠳᠠᠪᠠᠭᠤᠯᠢᠭ ᠢ | ᠦᠨᠳᠦᠰᠦᠨ ᠳᠡᠭᠡᠨ ᠪᠤᠢ ᠪᠤᠯᠭᠠᠪᠠ᠃ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ | ᠡᠷᠬᠡ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ 60% ᠶᠢᠨ ᠬᠡᠷᠡᠭ ᠶᠠᠪᠤᠳᠠᠯ ᠳᠤ | ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠶᠢ ᠪᠡᠶᠡᠯᠡᠭᠦᠯᠪᠡ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠦᠯᠵᠢᠶᠡᠨ ᠳᠡᠭᠡᠷ᠎ᠡ ᠠᠵᠢᠯ | ᠶᠠᠪᠤᠳᠠᠯ ᠬᠦᠢᠴᠡᠳᠬᠡᠬᠦ ᠶᠡᠭᠡ ᠲᠢᠩᠬᠢᠮ᠂ ᠠᠯᠠᠭᠠᠨ ᠳᠡᠭᠡᠷᠡᠬᠢ ᠠᠵᠢᠯ ᠶᠠᠪᠤᠳᠠᠯ ᠬᠦᠢᠴᠡᠳᠬᠡᠬᠦ ᠶᠡᠭᠡ ᠲᠢᠩᠬᠢᠮ ᠢ | ᠰᠦᠯᠵᠢᠶᠡᠨ ᠲᠡᠭᠡᠷ᠎ᠡ ᠠᠵᠢᠯᠯᠠᠭᠤᠯᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠴᠥᠮ | ᠰᠦᠯᠵᠢᠶᠡᠨ ᠳᠡᠭᠡᠷ᠎ᠡ ᠨᠡᠶᠢᠯᠡᠭᠦᠯᠦᠨ ᠬᠢᠨᠠᠨ ᠵᠥᠪᠰᠢᠶᠡᠷᠡᠬᠦ ᠶᠢ ᠪᠡᠶᠡᠯᠡᠭᠦᠯᠪᠡ᠃ ᠬᠤᠳᠠᠯᠳᠤᠭᠠᠨ ᠤ ᠶᠠᠪᠤᠳᠠᠯ ᠤᠨ | ᠳᠡᠩᠰᠡᠯᠡᠯᠲᠡ ᠶᠢᠨ ︽ᠬᠤᠷᠢᠨ ᠦᠨᠡᠮᠯᠡᠯ ᠢ ᠨᠢᠭᠡᠳᠬᠡᠬᠦ︾᠂ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ | ᠳᠡᠩᠰᠡᠯᠡᠯᠲᠡ ᠶᠢᠨ ᠲᠦᠷᠢᠮ ᠤᠨ ᠥᠭᠡᠷᠡᠴᠢᠯᠡᠯᠲᠡ ᠵᠡᠷᠭᠡ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠠᠬ᠎ᠠ | ᠳᠡᠯᠭᠡᠭᠦᠷ ᠤᠨ ᠭᠤᠤᠯ ᠴᠣᠭᠴᠠ 3.2 ᠲᠦᠮᠡᠨ ᠡᠷᠦᠬᠡ ᠪᠠᠶᠢᠭᠰᠠᠨ ᠠᠴᠠ ᠪᠠᠨ 5.2 ᠲᠦᠮᠡᠨ ᠡᠷᠦᠬᠡ ᠪᠣᠯᠵᠣ | ᠨᠡᠮᠡᠭᠳᠡᠪᠡ᠃ ᠤᠯᠤᠰ᠂ ᠥᠪᠡᠷᠲᠡᠭᠡᠨ ᠵᠠᠰᠠᠬᠤ ᠣᠷᠣᠨ ᠤ ᠭᠠᠶᠢᠯᠢ ᠶᠢ ᠬᠥᠩᠭᠡᠯᠡᠵᠦ ᠰᠦᠢᠳᠭᠡᠯ ᠢ ᠪᠠᠭᠤᠷᠠᠭᠤᠯᠬᠤ | ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠢᠨ᠎ᠡ ᠪᠠᠷ ᠨᠡᠮᠡᠭᠳᠡᠭᠰᠡᠨ ᠭᠠᠶᠢᠯᠢ ᠶᠢ ᠬᠥᠩᠭᠡᠯᠡᠵᠦ | ᠰᠦᠢᠳᠭᠡᠯ ᠢ ᠪᠠᠭᠤᠷᠠᠭᠤᠯᠤᠭᠰᠠᠨ ᠬᠡᠮᠵᠢᠶ᠎ᠡ 54.3 ᠳ᠋ᠦᠩᠰᠢᠭᠤᠷ ᠲᠥᠭᠦᠷᠢᠭ ᠬᠦᠷᠴᠦ᠂ ᠠᠵᠤ ᠠᠬᠤᠶᠢᠯᠠᠯ ᠢ | ᠬᠠᠪᠰᠤᠷᠤᠨ 95.2 ᠳ᠋ᠦᠩᠰᠢᠭᠤᠷ ᠲᠥᠭᠦᠷᠢᠭ ᠤᠨ ᠵᠢᠭᠡᠯᠡᠯᠭᠡ ᠶᠢ ᠰᠢᠯᠵᠢᠭᠦᠯᠦᠨ ᠦᠷᠭᠦᠯᠵᠢᠯᠡᠭᠦᠯᠪᠡ᠃ ᠨᠡᠭᠡᠭᠡᠯᠲᠡᠲᠦ | ᠬᠠᠮᠲᠤᠷᠠᠯᠴᠠᠭ᠎ᠠ ᠦᠷᠭᠦᠯᠵᠢᠯᠡᠨ ᠥᠷᠭᠡᠳᠴᠦ᠂ ︽ᠨᠢᠭᠡ ᠪᠦᠰᠡ ᠨᠢᠭᠡ ᠵᠠᠮ︾ ᠤᠨ ᠱᠤᠭᠤᠮ ᠳᠠᠭᠠᠤ ᠶᠢᠨ 30 | ᠤᠯᠤᠰ ᠯᠤᠭ᠎ᠠ ᠠᠷᠠᠯᠵᠢᠶᠠᠨ ᠤ ᠶᠠᠪᠤᠯᠴᠠᠭ᠎ᠠ ᠪᠠᠶᠢᠭᠤᠯᠵᠤ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠶ ᠬᠡᠮᠵᠢᠶ᠎ᠡ ᠲᠠᠪᠤᠨ ᠵᠢᠯ ᠤᠨ ᠡᠮᠦᠨᠡᠬᠢ ᠠᠴᠠ 1.5 ᠲᠠᠬᠢᠨ | ᠨᠡᠮᠡᠭᠳᠡᠪᠡ᠃ | ᠰᠢᠯᠢᠳᠡᠭ ᠰᠤᠷᠭᠠᠨ ᠬᠥᠮᠦᠵᠢᠯ ᠰᠢᠯᠢᠳᠡᠭ ᠡᠮᠨᠡᠯᠭᠡ ᠶᠢᠨ ᠲᠦᠭᠡᠮᠡᠯ ᠬᠠᠷᠠᠭᠠᠯᠵᠠᠯ ᠤᠨ ᠣᠷᠣᠨ ᠤ ᠨᠡᠶᠢᠭᠡᠮ ᠤᠨ | ᠦᠢᠯᠡᠳᠦᠯ ᠦᠨᠳᠦᠰᠦᠨ ᠳᠡᠭᠡᠨ ᠢᠯᠡᠷᠡᠪᠡ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠵᠢᠯ ᠪᠦᠷᠢ ᠳᠤᠮᠳᠠᠴᠢ ᠪᠠᠷ ᠲᠤᠰ ᠲᠤᠰ 6%᠂ 8.7% ᠪᠠᠷ | ᠨᠡᠮᠡᠭᠳᠡᠭᠦᠯᠪᠡ᠃ ᠬᠤᠲᠠ ᠪᠠᠯᠭᠠᠰᠤ ᠶᠢᠨ 3.5 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ | ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ ᠥᠪᠡᠷᠲᠡᠭᠡᠨ ᠵᠠᠰᠠᠬᠤ ᠣᠷᠣᠨ ᠤ | ᠪᠠᠭᠤᠯᠭᠠᠭᠰᠠᠨ ᠬᠠᠷᠠᠯᠲᠠ ᠶᠢᠨ ᠳᠣᠲᠣᠷ᠎ᠠ ᠬᠢᠵᠠᠭᠠᠷᠯᠠᠪᠡ᠃ ᠨᠠᠰᠤᠵᠢᠯ ᠤᠨ ᠠᠰᠠᠷᠠᠮᠵᠢ᠂ ᠡᠮ ᠡᠮᠨᠡᠯᠭᠡ ᠵᠡᠷᠭᠡ | ᠦᠨᠳᠦᠰᠦᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠲᠠᠰᠤᠷᠠᠯᠳᠠ ᠦᠭᠡᠢ ᠥᠷᠭᠡᠳᠬᠡᠵᠦ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠣᠷᠣ ᠲᠠᠪᠤᠨ ᠵᠢᠯ ᠤᠨ ᠡᠮᠦᠨᠡᠬᠢ ᠠᠴᠠ ᠲᠤᠰ ᠲᠤᠰ | 117%᠂ 158% ᠪᠠᠷ ᠨᠡᠮᠡᠭᠳᠡᠪᠡ᠃ 3.98 ᠲᠦᠮᠡᠨ ᠢᠵᠢ ᠲᠦᠬᠦᠮ ᠪᠦᠳᠦᠴᠡᠳᠦ ᠣᠷᠣᠨ ᠰᠠᠭᠤᠴᠠ ᠶᠢᠨ | ᠲᠣᠭᠤᠷᠢᠭ ᠢ ᠥᠭᠡᠷᠡᠴᠢᠯᠡᠨ ᠵᠠᠰᠠᠬᠤ ᠡᠭᠦᠷᠭᠡ ᠶᠢ ᠪᠡᠶᠡᠯᠡᠭᠦᠯᠵᠦ᠂ 81 ᠬᠠᠭᠤᠴᠢᠨ ᠵᠢᠵᠢᠭ ᠲᠣᠭᠤᠷᠢᠭ ᠢ | ᠥᠭᠡᠷᠡᠴᠢᠯᠡᠨ ᠵᠠᠰᠠᠪᠠ᠃ 20 ᠬᠡᠤᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠤᠭᠰᠠᠨ ᠪᠤᠶᠤ ᠥᠷᠭᠡᠳᠬᠡᠨ | ᠪᠠᠶᠢᠭᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠲᠤ ᠣᠷᠣᠬᠤ ᠨᠣᠷᠮ᠎ᠠ ᠶᠢ ᠪᠥᠬᠦ | ᠣᠷᠣᠨ ᠤ ᠲᠡᠷᠢᠭᠦᠨ ᠳᠤ ᠣᠷᠣᠭᠤᠯᠵᠤ᠂ ᠭᠤᠷᠪᠠᠨ ᠲᠣᠭᠤᠷᠢᠭ ᠢ ᠴᠥᠮ ᠤᠯᠤᠰ ᠤᠨ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠲᠡᠩᠴᠡᠭᠦᠷᠢᠲᠡᠶ ᠰᠢᠶᠠᠨ ᠤ ᠦᠨᠡᠯᠡᠨ ᠵᠢᠱᠢᠯᠲᠡ ᠶᠢ ᠥᠩᠭᠡᠷᠡᠭᠦᠯᠪᠡ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠨᠢᠭᠡᠳᠦᠭᠡᠷ ᠡᠭᠡᠯᠵᠢ ᠶᠢᠨ ᠲᠤᠰᠬᠠᠢ ᠠᠩᠭᠢ ᠳᠤ ᠤᠷᠤᠭᠰᠠᠨ ᠬᠥᠮᠦᠨ ᠤ ᠲᠤᠭ᠎ᠠ | ︽ᠲᠠᠪᠤᠨ ᠵᠢᠯ ᠳᠠᠷᠠᠭᠠᠯᠠᠨ ᠨᠡᠮᠡᠭᠳᠡᠬᠦ︾ ᠶᠢ ᠪᠡᠶᠡᠯᠡᠭᠦᠯᠪᠡ᠃ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶ᠎ᠠ᠂ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ ᠬᠤᠷᠢᠶ᠎ᠠ ᠪᠣᠯᠭᠠᠨ | ᠳᠡᠪᠰᠢᠭᠦᠯᠵᠦ᠂ ᠠᠷᠠᠳ ᠲᠦᠮᠡᠨ ᠤ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠦᠢᠴᠡᠳᠬᠡᠯ ᠲᠤᠭᠠᠨ ᠤ ᠬᠢᠨᠠᠨ | ᠰᠢᠯᠭᠠᠯᠲᠠ ᠳᠥᠷᠪᠡᠨ ᠵᠢᠯ ᠳᠠᠷᠠᠭᠠᠯᠠᠨ ᠪᠥᠬᠦ ᠣᠷᠣᠨ ᠤ ᠲᠡᠷᠢᠭᠦᠨ ᠳᠤ ᠵᠢᠭᠰᠠᠭᠠᠭᠳᠠᠪᠠ᠃ ︽ᠤᠷᠠᠨ ᠪᠢᠴᠢᠯᠭᠡ ᠶᠢ | ᠲᠠᠪᠤ ᠳᠤ ᠣᠷᠣᠭᠤᠯᠬᠤ︾ ᠨᠢ ᠤᠯᠤᠰ ᠤᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ | ᠵᠢᠱᠢᠶ᠎ᠡ ᠦᠵᠡᠭᠦᠯᠬᠦ ᠵᠦᠢᠯᠡᠰ ᠲᠤ ᠰᠣᠩᠭᠤᠭᠳᠠᠵᠤ᠂ ᠳᠤᠮᠳᠠᠳᠤ ᠤᠯᠤᠰ ᠤᠨ ᠤᠷᠠᠨ ᠪᠢᠴᠢᠯᠭᠡ ᠶᠢᠨ ᠬᠤᠲᠠ ᠶᠢᠨ | ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠲᠠᠰᠤᠷᠠᠯᠲᠠ ᠥᠬᠡᠶ ᠳᠡᠭᠡᠭᠰᠢᠯᠡᠪᠡ᠃ ᠦᠪᠦᠷ ᠮᠣᠩᠭᠤᠯ | ᠤᠨ ᠬᠤᠳᠠᠯᠳᠤᠭᠠᠴᠢᠳ ᠤᠨ ᠶᠡᠭᠡ ᠬᠤᠷᠠᠯ᠂ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ | ᠵᠢᠭᠤᠯᠴᠢᠯᠠᠯ ᠤᠨ ᠨᠠᠶᠢᠷ᠂ ᠪᠥᠬᠦ ᠤᠯᠤᠰ ᠤᠨ ᠵᠠᠰᠠᠮᠠᠯ ᠵᠠᠮ ᠤᠨ ᠳᠤᠭᠤᠶ ᠲᠡᠷᠭᠡᠨ ᠤ ᠤᠷᠤᠯᠳᠤᠭᠠᠨ ᠵᠡᠷᠭᠡ ᠴᠢᠬᠤᠯᠠ | ᠶᠡᠭᠡ ᠠᠵᠢᠯᠯᠠᠭ᠎ᠠ ᠶᠢ ᠠᠮᠵᠢᠯᠲᠠ ᠲᠠᠢ ᠡᠷᠭᠢᠯᠡᠪᠡ᠃ | ᠲᠥᠯᠥᠭᠡᠯᠡᠭᠴᠢᠳ ᠡ᠂ ᠰᠠᠶ᠋ᠢᠬᠠᠨ ᠥᠩᠭᠡᠷᠡᠭᠰᠡᠨ 2020 ᠣᠨ ᠪᠣᠯ ᠲᠦᠢᠯ ᠤᠨ ᠶᠡᠷᠦ ᠪᠤᠰᠤ ᠶᠢᠨ ᠨᠢᠭᠡ | ᠵᠢᠯ ᠮᠥᠨ᠃ ᠭᠡᠨᠡᠳᠲᠡ ᠡᠭᠦᠰᠦᠭᠰᠡᠨ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ | ᠡᠮᠦᠨ᠎ᠡ᠂ ᠪᠢᠳᠡ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠲᠦᠮᠡᠨ ᠤ ᠵᠤᠷᠢᠭ ᠨᠢᠭᠡᠳᠴᠦ ᠲᠡᠮᠦᠷ | ᠬᠡᠷᠡᠮ ᠮᠡᠲᠤ ᠪᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠢ ᠶᠢ ᠦᠷᠭᠦᠯᠵᠢᠯᠡᠨ ᠲᠣᠭᠲᠠᠭᠤᠨ ᠢᠶᠠᠷ ᠳᠡᠭᠡᠭᠰᠢᠯᠡᠭᠦᠯᠵᠦ᠂ ᠨᠡᠶᠢᠭᠡᠮ ᠤᠨ ᠶᠡᠭᠡ | ᠲᠠᠯ᠎ᠠ ᠶᠢ ᠡᠶ᠎ᠡ ᠵᠣᠬᠢᠴᠠᠩᠭᠤᠢ ᠪᠠᠷ ᠲᠣᠭᠲᠠᠭᠤᠨ ᠪᠣᠯᠭᠠᠪᠠ᠃ ᠪᠥᠬᠦ ᠵᠢᠯ ᠤᠨ ᠭᠠᠵᠠᠷ ᠣᠷᠣᠨ ᠤ | ᠦᠢᠯᠡᠳᠪᠦᠷᠢᠯᠡᠯ ᠤᠨ ᠪᠥᠬᠦ ᠥᠷᠲᠡᠭ ᠠᠳᠠᠯᠢ ᠬᠤᠭᠤᠴᠠᠭᠠᠨ ᠤ ᠬᠢ ᠠᠴᠠ 2.9% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 7. | 7% ᠪᠠᠷ ᠨᠡᠮᠡᠭᠳᠡᠨ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 2. | 6% ᠪᠠᠷ ᠨᠡᠮᠡᠭᠳᠡᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ 16.2% ᠢᠶᠠᠷ ᠨᠡᠮᠡᠭᠳᠡᠨ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠭᠰᠠᠨ ᠪᠥᠬᠦ ᠲᠤᠭ᠎ᠠ ᠠᠳᠠᠯᠢ ᠬᠤᠭᠤᠴᠠᠭᠠᠨ ᠤ ᠬᠢ ᠠᠴᠠ 8% ᠪᠠᠷ ᠪᠠᠭᠤᠷᠠᠵᠤ᠂ ᠬᠤᠲᠠ ᠬᠥᠳᠡᠭᠡ ᠶᠢᠨ | ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠠᠳᠠᠯᠢ | ᠬᠤᠭᠤᠴᠠᠭᠠᠨ ᠤ ᠬᠢ ᠠᠴᠠ ᠲᠣᠰ ᠲᠣᠰ 1.1%᠂ 7.5% ᠪᠠᠷ ᠨᠡᠮᠡᠭᠳᠡᠪᠡ᠃ ᠦᠬᠠᠢ ᠤᠯᠤᠰ ᠤᠨ ᠡᠷᠡᠭᠦᠯ | ᠬᠠᠮᠠᠭᠠᠯᠠᠯ ᠤᠨ ᠬᠤᠳᠠ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ᠂ ᠪᠦᠬᠦ ᠤᠯᠤᠰ ᠤᠨ | ᠠᠩᠬᠠᠨ ᠤ ᠬᠤᠭᠤᠴᠠᠭᠠᠨ ᠤ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ | ᠲᠤᠷᠰᠢᠯᠲᠠ ᠶᠢᠨ ᠴᠢᠭ ᠵᠡᠷᠭᠡ 63 ᠵᠦᠢᠯ ᠤᠨ ᠤᠯᠤᠰ ᠤᠨ ᠲᠡᠰ ᠤᠨ᠂ ᠥᠪᠡᠷᠲᠡᠭᠡᠨ ᠵᠠᠰᠠᠬᠤ ᠣᠷᠣᠨ ᠤ ᠲᠡᠰ ᠤᠨ | ᠢᠷᠠᠭᠤ ᠠᠯᠳᠠᠷ ᠢ ᠬᠦᠷᠳᠡᠵᠦ᠂ 78 ᠲᠡᠷᠢᠭᠦᠨ ᠤ ᠬᠤᠪᠢ ᠬᠥᠮᠦᠨ ᠤᠯᠤᠰ᠂ ᠥᠪᠡᠷᠲᠡᠭᠡᠨ ᠵᠠᠰᠠᠬᠤ ᠣᠷᠣᠨ ᠤ | ᠬᠥᠬᠢᠭᠦᠯᠦᠯ ᠰᠠᠶᠢᠰᠢᠶᠠᠯ ᠢ ᠬᠦᠷᠳᠡᠪᠡ᠃ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ ᠲᠡᠳᠬᠦᠬᠦ ᠠᠯᠪᠠᠨ | ᠬᠡᠷ ᠤᠨ ᠭᠤᠷᠪᠠᠳᠤᠭᠠᠷ ᠬᠤᠭᠤᠴᠠᠭᠠᠨ ᠤ ᠲᠤᠭ᠎ᠠ ᠪᠠᠷᠢᠮᠲᠠ ᠶᠢᠨ ᠶᠠᠰᠤ ᠴᠢᠨᠠᠷ ᠤᠨ ᠨᠡᠷᠡᠰ ᠤᠨ ᠵᠢᠭᠰᠠᠭᠠᠯᠲᠠ ᠳᠤ | ᠪᠥᠬᠦ ᠤᠯᠤᠰ ᠤᠨ ᠲᠡᠷᠢᠭᠦᠨ ᠳᠤ ᠵᠢᠭᠰᠠᠭᠠᠭᠳᠠᠵᠤ᠂ ᠳᠤᠮᠳᠠᠳᠤ ᠤᠯᠤᠰ ᠤᠨ ᠦᠷ᠎ᠡ ᠪᠦᠲᠦᠮᠵᠢ ᠶᠢᠨ ︽ᠵᠠᠭᠤᠨ | ᠥᠨᠳᠥᠷ ᠬᠤᠲᠠ︾ ᠶᠢᠨ 11 ᠳ᠋ᠤᠭᠡᠷ ᠨᠡᠷᠡᠰ ᠲᠤ ᠵᠢᠭᠰᠠᠭᠠᠭᠳᠠᠵᠤ᠂ ᠨᠠᠮ ᠤᠨ ᠰᠤᠷᠲᠠᠯ ᠪᠠ ᠴᠢᠬᠡᠴᠢ ᠵᠠᠰᠠᠭ ᠤᠨ | ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠠᠵᠢᠯ ᠤᠨ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ | ᠬᠡᠮᠵᠢᠶ᠎ᠡ ᠪᠥᠬᠦ ᠣᠷᠣᠨ ᠤ ᠵᠢᠭᠰᠠᠭᠠᠯᠳᠠ ᠳᠤ ᠲᠡᠷᠢᠬᠦᠯᠡᠪᠡ᠃ | ︵ᠨᠢᠭᠡ︶ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠪᠥᠬᠦ | ᠬᠦᠴᠦᠨ ᠢᠶᠠᠷ ᠢᠶᠠᠨ ᠡᠰᠡᠷᠭᠦᠴᠡᠪᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ | ᠂ ᠣᠷᠣᠨ ᠬᠤᠪᠢᠶᠠᠨ ᠲᠡᠰ ᠬᠤᠪᠢᠶᠠᠬᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ︽ᠶᠡᠭᠡ ᠳ᠋ᠠᠶᠢᠲ᠋ᠠ ᠪᠠᠷ ᠰᠢᠭᠰᠢᠨ ᠪᠠᠶᠢᠴᠠᠭᠠᠬᠤ + ᠲᠣᠣᠷᠵᠢᠭᠤᠯᠤᠨ | ᠨᠠᠶᠢᠳᠠᠪᠤᠷᠢᠵᠢᠭᠤᠯᠬᠤ + ᠡᠷᠡᠭᠦᠯ ᠮᠡᠨᠳᠦ ᠶᠢᠨ ᠺᠤᠳ᠋ ᠪᠠᠷ ᠬᠠᠮᠢᠶᠠᠷᠤᠨ ᠡᠵᠡᠮᠳᠡᠬᠦ︾ ᠵᠠᠭᠪᠤᠷ ᠢ ᠰᠢᠨ᠎ᠡ ᠪᠠᠷ ᠡᠬᠦᠲᠤᠨ | ᠠᠰᠢᠭᠯᠠᠵᠤ ᠂ ︽ᠭᠠᠳᠠᠭᠠᠲᠤ ᠠᠴᠠ ᠬᠠᠯᠳᠠᠪᠤᠷᠢᠯᠠᠨ ᠣᠷᠣᠵᠣ ᠢᠷᠡᠬᠦ ᠶᠢ ᠰᠡᠷᠭᠡᠶᠢᠯᠡᠵᠦ᠂ ᠲᠤᠲᠤᠨ᠎ᠠ ᠪᠠᠨ ᠲᠠᠷᠬᠠᠨ | ᠲᠡᠯᠭᠡᠷᠡᠬᠦ ᠶᠢ ᠰᠡᠷᠭᠡᠶᠢᠯᠡᠬᠦ︾ ᠶᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ | ᠲᠣᠭᠲᠠᠴᠠ ᠶᠢ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠴᠢᠬᠤᠯᠠ ᠶᠡᠭᠡ ᠪᠠᠶᠢᠯᠳᠤᠬᠤ | ᠪᠤᠳᠤᠯᠭ᠎ᠠ ᠶᠢᠨ ᠦᠷ᠎ᠡ ᠪᠦᠲᠦᠭᠡᠯ ᠢ ᠣᠯᠵᠤ᠂ ᠪᠦᠬᠦ ᠣᠷᠣᠨ ᠤ ᠣᠨᠣᠰᠢᠯᠠᠭᠰᠠᠨ ᠡᠪᠡᠳᠴᠢᠳᠡᠨ ᠤ ᠵᠢᠱᠢᠶ᠎ᠡ ᠶᠢ | ᠠᠩᠬᠠᠳᠠᠭᠴᠢ ︽ᠲᠡᠭ ᠪᠣᠯᠭᠠᠭᠰᠠᠨ︾ ᠠᠶᠢᠮᠠᠭ ᠬᠤᠳᠠ ᠪᠣᠯᠪᠠ᠃ ᠬᠢᠵᠢᠭ ᠤᠨ ᠪᠠᠶᠢᠳᠠᠯ ᠤᠨ ᠶᠡᠭᠡ ᠰᠢᠯᠭᠠᠯᠲᠠ ᠶᠢᠨ | ᠡᠮᠦᠨ᠎ᠡ᠂ ᠪᠦᠬᠦ ᠬᠤᠳᠠ ᠶᠢᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤᠪᠠᠷ ᠲᠤᠭᠤᠯᠵᠤ᠂ ᠴᠠᠭ ᠤᠨ | ᠪᠡᠷᠬᠡ ᠶᠢ ᠬᠠᠮᠲᠤᠪᠠᠷ ᠲᠤᠭᠤᠯᠵᠥ᠂ ᠥᠷᠭᠡᠨ ᠤᠯᠠᠨ ᠡᠮ ᠡᠮᠨᠡᠯᠭᠡ ᠶᠢᠨ ᠠᠵᠢᠯᠲᠠᠳ ᠴᠠᠭᠠᠨ ᠬᠤᠪᠴᠠᠰᠣ ᠪᠠᠷ | ᠬᠤᠶᠠᠭ ᠪᠤᠯᠭᠠᠨ᠂ ᠰᠠᠯᠬᠢ ᠦᠬᠡᠳᠡᠯᠡᠨ ᠠᠶᠠᠨ ᠳᠤ ᠮᠣᠷᠳᠠᠵᠤ᠂ ᠨᠠᠮ ᠤᠨ ᠭᠡᠰᠢᠭᠦᠨ ᠺᠠᠳ᠋ᠷ᠂ ᠳᠣᠲᠣᠭᠠᠳᠤ ᠶᠢ | ᠬᠠᠮᠠᠭᠠᠯᠠᠬᠤ ᠺᠠᠳ᠋ᠷ ᠴᠠᠭᠳᠠᠭ᠎ᠠ ᠵᠠᠷᠯᠢᠭ ᠢ ᠰᠣᠨᠣᠰᠤᠮᠠᠭᠴᠠ ᠬᠥᠳᠡᠯᠵᠦ᠂ ᠠᠶᠤᠯ ᠲᠦᠭᠰᠢᠭᠦᠷᠢ ᠶᠢ ᠲᠤᠭᠤᠯᠵᠥ᠂ | ᠨᠡᠶᠢᠭᠡᠮ ᠲᠣᠭᠤᠷᠢᠭ ᠤᠨ ᠠᠵᠢᠯᠳᠠᠨ᠂ ᠰᠠᠶᠢᠨ ᠲᠤᠷᠠᠴᠣᠳ ᠡᠳᠦᠷ ᠰᠥᠨᠢ ᠦᠭᠡᠢ ᠪᠠᠲᠤ ᠰᠠᠬᠢᠵᠤ᠂ ᠦᠭᠡ ᠲᠠᠭᠤᠨ | ᠦᠭᠡᠢ ᠬᠤᠪᠢ ᠨᠡᠮᠡᠷᠢ ᠦᠵᠡᠭᠦᠯᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤᠬᠠᠮᠰᠠᠷ ᠠᠴᠠ ᠪᠠᠨ ᠪᠡᠶ᠎ᠡ ᠪᠠᠨ | ᠪᠠᠷᠢᠵᠤ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠪᠠ᠃ ᠢᠳᠡᠪᠬᠢᠲᠡᠶ ᠪᠠᠷ ᠦᠬᠠᠨ᠂ ᠣᠷᠣᠨ ᠤ ᠲᠥᠪ᠂ ᠰᠦᠢ | ᠵᠧᠦ ᠶᠢ ᠲᠤᠰᠠᠯᠠᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠭᠦᠢᠴᠡᠳ ᠢᠯᠡᠷᠡᠭᠦᠯᠵᠦ᠂ ᠠᠮᠢ | ᠴᠦᠯᠡᠨ ᠲᠡᠮᠡᠴᠡᠵᠦ ᠬᠤᠪᠢ ᠨᠡᠮᠡᠷᠢ ᠦᠵᠡᠭᠦᠯᠬᠦ ᠴᠠᠭ ᠦᠶ᠎ᠡ ᠶᠢᠨ ᠳᠦᠷᠰᠦ ᠪᠠᠶᠢᠳᠠᠯ ᠢ ᠠᠮᠢᠳᠤᠯᠢᠭ ᠢᠶᠠᠷ | ᠢᠯᠡᠷᠡᠭᠦᠯᠦᠭᠰᠡᠨ ᠪᠠᠶᠢᠨ᠎ᠠ᠃ 56 ᠲᠦᠮᠡᠨ ᠦᠬᠠᠶ ᠶᠢᠨ ᠠᠷᠠᠳ ᠲᠦᠮᠡᠨ ᠪᠣᠯ ᠴᠥᠮ ᠡᠭᠡᠯ ᠵᠢᠷ ᠤᠨ ᠪᠠᠭᠠᠲᠤᠷ | ᠮᠥᠨ᠂ ᠬᠥᠮᠦᠨ ᠪᠦᠬᠦᠨ ᠴᠥᠮ ᠶᠡᠷᠤ ᠪᠤᠰᠣ ᠶᠢᠨ ᠶᠤᠮ︕ ᠪᠢᠳᠡ ᠥᠷᠭᠡᠨ ᠤᠯᠠᠨ ᠬᠤᠳᠠ ᠶᠢᠨ ᠠᠷᠠᠳ ᠢ | ᠮᠠᠭᠲᠠᠨ ᠰᠠᠶᠢᠰᠢᠶᠠᠵᠤ᠂ ᠪᠦᠬᠦ ᠬᠤᠳᠠ ᠶᠢᠨ ᠠᠷᠠᠳ ᠲᠦᠮᠡᠨ ᠳᠤ ᠬᠦᠨᠳᠦᠳᠬᠡᠯ ᠳᠡᠪᠰᠢᠭᠦᠯᠵᠦ ᠪᠠᠶᠢᠨ᠎ᠠ︕ | ︵ᠬᠤᠶᠠᠷ︶ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠡ᠃ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ | ᠪᠥᠬᠦ ᠣᠷᠣᠨ ᠳᠤ ᠬᠠᠪᠤᠷ ᠤᠨ ᠤᠯᠠᠷᠢᠯ ᠤᠨ ᠭᠤᠤᠯᠳᠠᠯᠭ᠎ᠠ ᠲᠠᠢ ᠲᠥᠷᠥᠯ ᠵᠦᠢᠯ ᠢ ᠲᠥᠪᠯᠡᠷᠡᠭᠦᠯᠦᠨ ᠠᠵᠢᠯ | ᠡᠬᠢᠯᠡᠭᠦᠯᠬᠦ ᠶᠢ ᠬᠠᠮᠤᠭ ᠤᠨ ᠡᠷᠲᠡ ᠥᠷᠨᠢᠭᠦᠯᠵᠦ᠂ ᠪᠠᠯᠠ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠳᠣᠲᠣᠭᠠᠳᠤ | ᠬᠡᠷᠡᠭᠴᠡᠭᠡ ᠶᠢ ᠥᠷᠭᠡᠳᠬᠡᠬᠦ᠂ ᠬᠡᠷᠡᠭᠯᠡᠭᠡ ᠶᠢ ᠠᠬᠢᠭᠤᠯᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ ᠶᠢ ᠨᠡᠯᠢᠶᠡᠳ ᠡᠷᠲᠡ | ᠨᠡᠶᠢᠲᠡᠯᠡᠵᠦ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠡᠮᠬᠢ | ᠵᠢᠷᠤᠮ ᠲᠠᠢ ᠠᠬᠢᠭᠤᠯᠪᠡ᠃ ᠬᠤᠲᠠ ᠶᠢᠨ ᠲᠠᠰ ᠤᠨ 155 ᠭᠤᠤᠯᠳᠠᠯᠭ᠎ᠠ ᠲᠠᠢ ᠲᠥᠷᠥᠯ ᠵᠦᠢᠯ ᠤᠨ ᠠᠵᠢᠯ ᠢ | ᠡᠬᠢᠯᠡᠭᠦᠯᠵᠦ ᠰᠡᠷᠭᠦᠭᠡᠨ᠂ 126 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠯᠲᠠ ᠶᠢ ᠪᠡᠶᠡᠯᠡᠭᠦᠯᠪᠡ᠃ | ᠶᠡᠷᠦᠩᠬᠡᠢ ᠪᠡᠯᠡ ᠣᠷᠣᠭᠤᠯᠤᠯᠲᠠ ᠨᠢ 77.7 ᠳ᠋ᠦᠩᠰᠢᠭᠤᠷ ᠲᠥᠭᠦᠷᠢᠭ ᠤᠨ ᠤᠰᠤ ᠲᠠᠲᠠᠵᠤ ᠡᠨᠧᠷᠭᠢ ᠬᠠᠳᠠᠭᠠᠯᠠᠬᠤ | ᠴᠠᠬᠢᠯᠭᠠᠨ ᠦᠷᠳᠡᠭᠡ ᠶᠢᠨ ᠲᠦᠷᠦᠯ ᠵᠦᠢᠯ ᠤᠨ ᠤᠷᠢᠳᠴᠢᠯᠠᠨ ᠰᠤᠳᠤᠯᠵᠤ ᠪᠣᠯᠬᠤ ᠮᠡᠳᠡᠭᠦᠯᠦᠯᠲᠡ ᠶᠢ ᠲᠤᠰᠬᠠᠢ | ᠮᠡᠷᠭᠡᠵᠢᠯᠲᠡᠨ ᠤ ᠬᠢᠨᠠᠨ ᠰᠢᠯᠭᠠᠷᠠᠭᠤᠯᠤᠯᠲᠠ ᠪᠠᠷ ᠳᠠᠮᠵᠢᠭᠤᠯᠵᠤ᠂ ᠭᠤᠣᠯ ᠦᠢᠯᠡᠳᠪᠦᠷᠢ ᠶᠢᠨ ᠪᠠᠶᠢᠰᠢᠩ ᠤᠨ ᠬᠠᠶᠢᠨ | ᠰᠢᠨᠵᠢᠯᠡᠯᠲᠡ ᠶᠢᠨ ᠲᠡᠭᠰᠢ ᠭᠤᠲᠤᠮᠵᠢ ᠶᠢᠨ ᠪᠠᠷᠢᠯᠭ᠎ᠠ ᠶᠢᠨ ᠠᠵᠢᠯ ᠢ ᠳᠠᠭᠤᠰᠬᠠᠪᠠ︔ ᠶᠡᠷᠦᠩᠬᠡᠢ ᠪᠡᠯᠡ | ᠣᠷᠣᠭᠤᠯᠤᠯᠲᠠ ᠨᠢ 65 ᠳ᠋ᠦᠩᠰᠢᠭᠤᠷ ᠲᠥᠭᠦᠷᠢᠭ ᠲᠤ ᠬᠦᠷᠦᠭᠰᠡᠨ ᠪᠤᠭᠤᠲᠤ ᠠᠴᠠ ᠢᠷᠭᠠᠢ ᠬᠦᠷᠬᠦ ᠲᠦᠷᠭᠡᠨ ᠤ | ᠲᠡᠮᠦᠷ ᠵᠠᠮ ᠤᠨ ᠲᠦᠷᠦᠯ ᠵᠦᠢᠯ ᠤᠨ ᠦᠬᠠᠢ ᠶᠢᠨ ᠬᠡᠰᠡᠭ ᠤᠨ ᠲᠠᠲᠠᠪᠤᠷᠢᠯᠠᠨ ᠨᠤᠷᠠᠭᠠᠬᠤ ᠡᠭᠦᠷᠭᠡ ᠶᠢ | ᠦᠨᠳᠦᠰᠦᠨ ᠳᠡᠭᠡᠨ ᠪᠡᠶᠡᠯᠡᠭᠦᠯᠪᠡ︔ ᠶᠡᠷᠦᠩᠬᠡᠢ ᠪᠡᠯᠡ ᠣᠷᠣᠭᠤᠯᠤᠯᠲᠠ ᠨᠢ 15 ᠳ᠋ᠦᠩᠰᠢᠭᠤᠷ ᠲᠥᠭᠦᠷᠢᠭ ᠲᠤ | ᠬᠦᠷᠦᠭᠰᠡᠨ ᠶᠦᠩ ᠲᠠᠢ ᠬᠢᠮᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠨᠢ ᠲᠤᠰ | ᠵᠢᠯ ᠳᠡᠭᠡᠨ ᠠᠵᠢᠯ ᠡᠬᠢᠯᠡᠭᠦᠯᠵᠦ᠂ ᠲᠤᠰ ᠵᠢᠯ ᠳᠡᠭᠡᠨ ᠲᠤᠷᠰᠢᠨ ᠦᠢᠯᠡᠳᠪᠦᠷᠢᠯᠡᠪᠡ︔ ᠬᠤᠸᠠ ᠾᠧᠩ ᠰᠢᠨ᠎ᠡ | ᠮᠠᠲ᠋ᠧᠷᠢᠶᠠᠯ᠂ ᠮᠠᠢ ᠵᠢᠢ TV ᠴᠡᠩᠭᠡᠯ ᠤᠨ ᠬᠦᠷᠢᠶᠡᠯᠡᠩ ᠵᠡᠷᠭᠡ ᠨᠢᠭᠡ ᠪᠦᠯᠦᠭ ᠲᠦᠷᠦᠯ ᠵᠦᠢᠯ ᠳᠤ ᠭᠠᠷ ᠤᠨ | ᠦᠰᠦᠭ ᠵᠢᠷᠤᠵᠤ ᠨᠠᠶᠢᠳᠠᠪᠤᠷᠢᠵᠢᠭᠤᠯᠪᠠ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ 227 ᠵᠦᠢᠯᠡᠰ ᠢ | ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ 105 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠶᠢ | ᠪᠣᠳᠠᠲᠠᠶᠢᠵᠢᠭᠤᠯᠪᠠ᠃ ᠬᠡᠷᠡᠭᠯᠡᠭᠡᠨ ᠤ ᠲᠡᠮᠳᠡᠭᠲᠦ ᠲᠠᠷᠬᠠᠭᠠᠵᠤ ᠬᠡᠷᠡᠭᠯᠡᠭᠡ ᠶᠢ 1.4 ᠳ᠋ᠦᠩᠰᠢᠭᠤᠷ ᠲᠥᠭᠦᠷᠢᠭ | ᠳᠠᠶᠢᠴᠢᠯᠠᠵᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢᠨ ᠶᠡᠷᠦᠩᠬᠡᠶ ᠲᠤᠭ᠎ᠠ ᠰᠥᠷᠭᠡᠤ ᠬᠠᠨᠳᠤᠰᠢ ᠪᠠᠷ 6.9% | ᠨᠡᠮᠡᠭᠳᠡᠪᠡ᠃ ᠨᠡᠶᠢᠭᠡᠮ ᠤᠨ ᠪᠠᠲᠤᠯᠠᠭ᠎ᠠ ᠶᠢᠨ ᠳᠠᠭᠠᠳᠬᠠᠯ ᠤᠨ ᠰᠦᠢᠳᠬᠡᠯ ᠢ ᠬᠥᠩᠭᠡᠷᠡᠭᠦᠯᠦᠨ ᠬᠡᠯᠲᠦᠷᠢᠭᠦᠯᠵᠦ | ᠬᠤᠶᠢᠰᠢᠯᠠᠭᠤᠯᠤᠨ ᠲᠤᠰᠢᠶᠠᠬᠤ ᠵᠡᠷᠭᠡ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠠᠷᠭ᠎ᠠ ᠬᠡᠮᠵᠢᠶ᠎ᠡ ᠶᠢ | ᠨᠡᠶᠢᠲᠡᠯᠡᠵᠦ᠂ ᠬᠤᠳᠠ ᠪᠠᠯᠭᠠᠰᠤᠨ ᠤ 5107 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠳᠠᠩᠰᠠᠯᠠᠭᠤᠯᠤᠭᠰᠠᠨ | ᠠᠵᠢᠯ ᠠᠯᠳᠠᠯᠲᠠ ᠶᠢᠨ ᠨᠤᠷᠮ᠎ᠠ ᠶᠢ 3.89% ᠶᠢᠨ ᠨᠡᠯᠢᠶᠡᠳ ᠳᠣᠣᠷ᠎ᠠ ᠲᠦᠪᠰᠢᠨ ᠳᠤ ᠬᠢᠵᠠᠭᠠᠷᠯᠠᠪᠠ᠃ ᠡᠳ᠋ ᠤᠨ | ᠵᠠᠰᠠᠭ ᠤᠨ ᠲᠥᠰᠦᠪ ᠤᠨ ᠬᠠᠮᠢᠶᠠᠷᠤᠯᠲᠠ ᠶᠢ ᠴᠢᠩᠳᠠᠯᠠᠵᠤ᠂ ᠠᠷᠠᠳ ᠤᠨ ᠦᠨᠳᠦᠰᠦᠨ ᠠᠮᠢᠳᠤᠷᠠᠯ ᠢ ᠪᠠᠲᠤᠯᠠᠬᠤ᠂ | ᠴᠠᠯᠢᠩ ᠢ ᠪᠠᠲᠤᠯᠠᠬᠤ᠂ ᠠᠵᠢᠯᠯᠠᠭᠠᠨ ᠢ ᠪᠠᠲᠤᠯᠠᠬᠤ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠴᠢᠩᠭ᠎ᠠ ᠰᠠᠬᠢᠵᠤ᠂ ᠪᠦᠬᠦ | ᠵᠢᠯ ᠳᠤ ᠰᠢᠯᠵᠢᠭᠦᠯᠦᠨ ᠥᠭᠬᠦ ᠪᠡᠯᠡ ᠮᠥᠩᠭᠦ ᠪᠠ ᠰᠢᠨ᠎ᠡ ᠪᠠᠷ ᠨᠡᠮᠡᠭᠳᠡᠭᠰᠡᠨ ᠵᠢᠭᠡᠯᠡᠯᠭᠡ ᠶᠢᠨ ᠲᠡᠮᠳᠡᠭᠲᠦ ᠶᠢᠨ ᠪᠡᠯᠡ | ᠮᠥᠩᠭᠦ ᠶᠢ 41.1 ᠳ᠋ᠦᠩᠰᠢᠭᠤᠷ ᠲᠥᠭᠦᠷᠢᠭ ᠲᠣᠬᠢᠷᠠᠭᠤᠯᠪᠠ᠃ | ︵ᠭᠤᠷᠪᠠ︶ ᠠᠵᠤ ᠦᠢᠯᠡᠰ ᠤᠨ ᠬᠡᠯᠬᠢᠶ᠎ᠡ ᠥᠷᠲᠡᠭ ᠤᠨ ᠬᠡᠯᠬᠢᠶ᠎ᠡ ᠶᠢ ᠶᠠᠰᠤ ᠴᠢᠨᠠᠷ ᠢ ᠳᠡᠭᠡᠭᠰᠢᠯᠡᠭᠦᠯᠦᠨ | ᠲᠡᠰ ᠲᠡᠪᠰᠢᠬᠦᠯᠪᠡ᠃ ᠬᠦᠷᠢᠶᠡᠯᠡᠩ ᠲᠣᠭᠤᠷᠢᠭ ᠤᠨ ᠴᠢᠳᠠᠮᠵᠢ ᠶᠢ ᠦᠷᠭᠦᠯᠵᠢᠯᠡᠨ ᠰᠢᠯᠢᠳᠡᠭᠵᠢᠪᠡ᠃ ︽ᠦᠬᠠᠶ ᠶᠢᠨ | ᠠᠵᠤ ᠠᠬᠤᠶ ᠶᠢᠨ ᠨᠡᠭᠡᠭᠡᠨ ᠬᠥᠭᠵᠢᠭᠦᠯᠦᠯᠲᠡ ᠶᠢᠨ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠤᠬᠠᠶ | ᠬᠡᠷᠡᠭᠵᠢᠭᠦᠯᠬᠦ ᠰᠠᠨᠠᠯ︾ ᠢ ᠨᠡᠶᠢᠲᠡᠯᠡᠵᠦ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ᠂ | ᠠᠵᠢᠯᠯᠠᠭᠠᠨ ᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ︽ᠰᠢᠩᠭᠡᠯᠢᠭ ᠢᠶᠠᠨ ᠰᠤᠯᠠᠯᠠᠵᠤ | ᠰᠢᠪᠠᠭᠤᠳ ᠢ ᠰᠣᠯᠢᠬᠤ︾ ᠠᠵᠢᠯᠯᠠᠭ᠎ᠠ ᠶᠢ ᠭᠦᠨᠵᠡᠭᠡᠶ ᠲᠦᠯᠬᠢᠨ ᠠᠬᠢᠭᠤᠯᠵᠤ᠂ 51 ︽ᠦᠬᠦᠰᠢᠷᠡᠮᠡᠯ ᠠᠵᠤ | ᠠᠬᠤᠶᠢᠯᠠᠯ︾ ᠢ ᠰᠢᠢᠳᠪᠦᠷᠢᠯᠡᠪᠡ᠃ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢ | ᠲᠦᠷᠭᠡᠨ ᠨᠥᠬᠦᠪᠥᠷᠢᠯᠡᠵᠦ᠂ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ | ᠰᠢᠢᠳᠪᠦᠷᠢᠯᠡᠬᠦ ᠦᠢᠯᠡᠳᠪᠦᠷᠢ ᠵᠡᠷᠭᠡ 13 ᠲᠥᠷᠥᠯ ᠵᠦᠢᠯ ᠢ ᠬᠡᠷᠡᠭᠵᠢᠭᠦᠯᠪᠡ᠃ ᠤᠯᠠᠮᠵᠢᠯᠠᠯᠲᠤ ᠬᠥᠳᠡᠯᠭᠡᠭᠴᠢ | ᠡᠨᠧᠷᠭᠢ ᠲᠦᠷᠭᠡᠨ ᠢᠶᠠᠷ ᠳᠡᠭᠡᠭᠰᠢᠯᠡᠪᠡ᠃ ︽ᠬᠡᠦᠷᠰᠢᠭᠦᠯᠬᠦ ᠠᠵᠤ ᠦᠢᠯᠡᠰ ᠢ ᠳᠠᠬᠢᠨ ᠵᠣᠬᠢᠶᠠᠨ ᠪᠠᠶᠢᠭᠤᠯᠵᠤ ᠲᠠᠰ | ᠳᠡᠪᠰᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠵᠢᠯᠣᠭᠤᠳᠬᠤ ᠰᠠᠨᠠᠯ︾ ︽ᠬᠡᠦᠷᠰᠢᠭᠦᠯᠬᠦ ᠠᠵᠤ ᠦᠢᠯᠡᠰ ᠢ ᠳᠠᠬᠢᠨ | ᠵᠣᠬᠢᠶᠠᠨ ᠪᠠᠶᠢᠭᠤᠯᠵᠤ ᠲᠠᠰ ᠳᠡᠪᠰᠢᠭᠦᠯᠬᠦ ᠴᠢᠨᠠᠷ ᠰᠠᠶᠢᠲᠠᠶ ᠬᠥᠭᠵᠢᠯᠲᠡ ᠶᠢᠨ ᠠᠵᠤ ᠦᠢᠯᠡᠰ ᠤᠨ ᠲᠥᠯᠥᠪᠵᠢᠭᠦᠯᠭᠡ︾ | ᠶᠢ ᠲᠣᠭᠲᠠᠭᠠᠵᠤ᠂ ᠬᠡᠦᠷᠰᠢᠭᠦᠯᠬᠦ ᠠᠵᠤ ᠦᠢᠯᠡᠰ ᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠬᠦ ᠲᠠᠯ᠎ᠠ ᠪᠠᠷ ᠰᠢᠨ᠎ᠡ | ᠰᠢᠪᠲᠤᠯᠤᠯᠲᠠ ᠲᠠᠢ ᠪᠣᠯᠪᠠ᠃ ᠶᠤᠸᠠᠨ ᠬᠤᠩ ᠤᠨ ᠭᠤᠷᠪᠠᠳᠤᠭᠠᠷ ᠬᠤᠭᠤᠴᠠᠭ᠎ᠠ᠂ ᠰᠧᠨ ᠶᠠᠩ ᠵᠡᠷᠭᠡ ᠨᠢᠭᠡ | ᠪᠦᠯᠦᠭ ᠡᠮ ᠡᠮᠨᠡᠯᠭᠡ ᠲᠠᠷᠢᠶᠠᠨ ᠡᠮ ᠰᠢᠷ ᠪᠤᠳᠤᠭ ᠤᠨ ᠵᠠᠪᠰᠠᠷ ᠤᠨ ᠴᠣᠭᠴᠠ ᠶᠢᠨ ᠲᠥᠷᠥᠯ ᠵᠦᠢᠯ | ᠠᠰᠢᠭᠯᠠᠯᠲᠠ ᠳᠤ ᠣᠷᠣᠵᠤ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ | ᠬᠡᠯᠬᠢᠶ᠎ᠡ ᠶᠢ ᠲᠠᠰᠤᠷᠠᠯᠲᠠ ᠥᠬᠡᠶ ᠤᠷᠲᠤᠳᠬᠠᠵᠤ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ | ᠥᠷᠢᠰᠦᠯᠳᠦᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠰᠢᠨ᠎ᠡ ᠬᠥᠳᠡᠯᠭᠡᠭᠴᠢ ᠡᠨᠧᠷᠭᠢ ᠶᠢ | ᠪᠤᠶᠢᠵᠢᠭᠤᠯᠤᠨ ᠪᠤᠵᠠᠭᠠᠶᠢᠷᠠᠭᠤᠯᠪᠠ᠃ ᠪᠦᠦ ᠡᠦ ᠶᠢᠨ ᠨᠡᠭᠦᠷᠡᠰᠦᠨ ᠮᠠᠲ᠋ᠧᠷᠢᠶᠠᠯ ᠤᠨ ᠵᠡᠭᠦᠯᠢᠭ ᠬᠡᠦᠷᠡᠰᠦ ᠵᠡᠷᠭᠡ | ᠵᠦᠢᠯᠡᠰ ᠤᠨ ᠠᠬᠢᠴᠠ ᠤᠷᠤᠭᠰᠢᠲᠠᠶ ᠪᠠᠶᠢᠵᠤ᠂ ᠰᠠᠶᠢᠰᠫᠦ᠋ ᠶᠢᠨ ᠳᠡᠭᠡᠳᠦ ᠴᠡᠪᠡᠷ ᠴᠢᠳᠬᠤᠨ ᠦᠢᠯᠡᠳᠬᠦ᠂ ᠣᠣ | ᠯᠢ ᠶᠢᠨ ᠰᠢᠯ ᠰᠢᠷᠬᠡᠭ᠂ ᠵᠢᠩ ᠶᠦᠨ ᠲᠦᠩ ᠰᠢᠨ᠎ᠡ ᠮᠠᠲ᠋ᠧᠷᠢᠶᠠᠯ ᠤᠨ ᠵᠦᠢᠯᠡᠰ ᠢ ᠲᠤᠷᠰᠢᠨ ᠦᠢᠯᠡᠳᠪᠦᠷᠢᠯᠡᠭᠡᠳ | ᠠᠰᠢᠭᠯᠠᠯᠲᠠ ᠳᠤ ᠣᠷᠣᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠶ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠲᠦᠷᠭᠡᠨ ᠪᠤᠶᠢᠵᠢᠯᠲᠠ ᠶᠢ ᠲᠦᠷᠭᠡᠳᠬᠡᠪᠡ᠃ ︽ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ︾ ᠶᠢ ᠬᠡᠷᠡᠭᠵᠢᠭᠦᠯᠵᠦ᠂ ᠪᠦᠬᠦ ᠤᠯᠤᠰ ᠤᠨ ᠠᠩᠬᠠᠳᠠᠭᠴᠢ ᠠᠷᠠᠳ ᠤᠨ | ᠬᠡᠷᠡᠭᠯᠡᠭᠡᠨ ᠤ ᠰᠢᠩᠭᠡᠨ ᠤᠰᠤᠲᠥ᠋ᠷᠥᠭᠴᠢ ᠶᠢᠨ ᠦᠢᠯᠡᠳᠪᠦᠷᠢ᠂ ᠪᠦᠬᠦ ᠣᠷᠣᠨ ᠤ ᠠᠩᠬᠠᠳᠠᠭᠴᠢ ᠰᠢᠯᠵᠢᠮᠡᠯ | ᠮᠠᠶ᠋ᠢᠭ ᠤᠨ ᠤᠰᠤᠲᠥ᠋ᠷᠥᠭᠴᠢ ᠨᠡᠮᠡᠬᠦ ᠦᠷᠳᠡᠭᠡ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠵᠤ᠂ ᠤᠰᠤᠲᠥ᠋ᠷᠥᠭᠴᠢ | ᠡᠨᠧᠷᠭᠢ ᠶᠢᠨ ᠨᠡᠶᠢᠲᠡ ᠶᠢᠨ ᠮᠠᠰᠢᠨ ᠲᠡᠷᠭᠡ ᠶᠢ ᠠᠰᠢᠭᠯᠠᠯᠲᠠ ᠳᠤ ᠣᠷᠣᠭᠤᠯᠵᠤ᠂ ᠬᠠᠶ ᠢ ᠲᠦᠩ ᠤᠨ ᠰᠢᠨ᠎ᠡ | ᠡᠨᠧᠷᠭᠢ ᠶᠢᠨ ᠰᠤᠷᠪᠤᠯᠵᠢ ᠶᠢᠨ ᠤᠰᠤᠲᠥ᠋ᠷᠥᠭᠴᠢ ᠲᠦᠯᠡᠰᠢᠨ ᠳ᠋ᠢᠶᠠᠨ ᡂᠢ᠂ ᠬᠥᠳᠡᠯᠭᠡᠭᠦᠷ ᠤᠨ ᠵᠦᠢᠯᠡᠰ ᠢ | ᠪᠣᠳᠠᠲᠠᠶ ᠪᠠᠷ ᠨᠠᠶᠢᠳᠠᠪᠤᠷᠢᠵᠢᠭᠤᠯᠵᠤ᠂ ᠤᠰᠤᠲᠥ᠋ᠷᠥᠭᠴᠢ ᠶᠢᠨ ᠠᠵᠤ ᠠᠬᠤᠶ ᠶᠢᠨ ᠵᠢᠱᠢᠶ᠎ᠡ ᠦᠵᠡᠭᠦᠯᠬᠦ ᠬᠤᠳᠠ ᠶᠢᠨ | ᠪᠦᠳᠦᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠹᠸᠢ ᠱᠢ ᠠᠵᠤ ᠦᠢᠯᠡᠳᠪᠦᠷᠢ ᠶᠢᠨ | ᠢᠨᠲ᠋ᠧᠷ ᠰᠦᠯᠵᠢᠶ᠎ᠡ᠂ ᠺᠤᠸᠠᠢ ᠴᠧᠩ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠠᠪᠴᠠᠩ ᠢ ᠰᠦᠯᠵᠢᠶᠡᠨ ᠳᠤ | ᠣᠷᠣᠭᠤᠯᠤᠨ ᠠᠵᠢᠯᠯᠠᠭᠤᠯᠵᠤ᠂ ᠦᠬᠠᠢ ᠶᠢᠨ ᠰᠥᠨᠢ ᠶᠢᠨ ᠶᠠᠷᠢᠶ᠎ᠠ ᠵᠡᠷᠭᠡ ᠨᠢᠭᠡ ᠪᠦᠯᠦᠭ ᠰᠥᠨᠢ ᠶᠢᠨ ᠵᠠᠬ᠎ᠠ | ᠳᠡᠯᠭᠡᠭᠦᠷ ᠢ ᠠᠰᠢᠭᠯᠠᠯᠲᠠ ᠳᠤ ᠣᠷᠣᠭᠤᠯᠵᠤ᠂ ᠰᠦᠯᠵᠢᠶᠡᠨ ᠤ ᠣᠳᠣ ᠶᠢ ᠨᠡᠪᠴᠢᠭᠦᠯᠬᠦ ᠰᠠᠭᠤᠷᠢᠨ ᠪᠣᠯᠤᠨ ᠰᠢᠭᠤᠳ | ᠨᠡᠪᠲᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠦᠷᠢᠶᠡᠯᠡᠩ ᠢ ᠲᠤᠷᠰᠢᠨ ᠠᠵᠢᠯᠯᠠᠭᠤᠯᠵᠤ᠂ | ᠰᠲ᠋ᠠᠷ ᠪᠠᠺ᠂ ᠬᠤ᠋ ᠲᠤᠤ ᠯᠢ ᠵᠡᠷᠭᠡ 68 ᠲᠡᠷᠢᠭᠦᠨ ᠤ ᠳᠡᠯᠭᠡᠭᠦᠷ ᠤᠨ ᠲᠦᠷᠦᠯ ᠲᠡᠮᠳᠡᠭ ᠢ ᠦᠬᠠᠢ ᠳᠤ ᠤᠷᠤᠭᠤᠯᠵᠤ | ᠂ ᠲᠠᠪᠴᠠᠩ ᠤᠨ ᠠᠵᠤ ᠠᠬᠤᠢ᠂ ᠲᠡᠷᠢᠭᠦᠨ ᠤ ᠳᠡᠯᠭᠡᠭᠦᠷ ᠤᠨ ᠠᠵᠤ ᠠᠬᠤᠢ᠂ ᠰᠥᠨᠢ ᠶᠢᠨ ᠠᠵᠤ ᠠᠬᠤᠢ᠂ | ᠰᠦᠯᠵᠢᠶᠡᠨ ᠤ ᠣᠳᠣ ᠶᠢᠨ ᠠᠵᠤ ᠠᠬᠤᠢ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠦᠢᠯᠡᠳᠦᠯ | ᠢᠯᠡᠷᠭᠡᠢ ᠪᠤᠯᠪᠠ᠃ ᠥᠪᠡᠷᠲᠡᠭᠡᠨ ᠵᠠᠰᠠᠬᠤ ᠣᠷᠣᠨ ᠤ ᠪᠠᠷᠠᠭᠤᠨ ᠬᠡᠰᠡᠭ ᠤᠨ ᠬᠠᠮᠤᠭ ᠤᠨ ᠲᠣᠮᠣ ᠶᠡᠷᠦᠩᠬᠡᠶᠢᠯᠡᠭᠰᠡᠨ | ᠪᠠᠷᠠᠭᠠᠨ ᠤ ᠬᠦᠢᠯᠭᠡᠭᠡᠨ ᠤ ᠬᠦᠷᠢᠶᠡᠯᠡᠩ ᠤᠨ ᠦᠬᠠᠶ ᠶᠢᠨ ᠬᠤᠶᠢᠲᠤ ᠬᠡᠰᠡᠭ ᠤᠨ ᠲᠡᠮᠦᠷ ᠵᠠᠮ ᠤᠨ ᠶᠡᠷᠦᠩᠬᠡᠶᠢᠯᠡᠭᠰᠡᠨ | ᠪᠠᠷᠠᠭᠠᠨ ᠤ ᠬᠦᠢᠯᠭᠡᠭᠡᠨ ᠤ ᠬᠦᠷᠢᠶᠡᠯᠡᠩ ᠢ ᠪᠠᠶᠢᠭᠤᠯᠤᠨ ᠡᠵᠡᠩᠨᠡᠵᠦ᠂ ᠲᠦᠩ ᠶᠦᠩ ᠱᠢ ᠳ᠋ᠠᠢ᠂ ᠸᠠᠨ ᠳ᠋ᠠ ᠲᠠᠯᠠᠪᠠᠶ | ᠵᠡᠷᠭᠡ ᠲᠣᠮᠣ ᠬᠡᠯᠪᠡᠷᠢ ᠶᠢᠨ ᠬᠤᠳᠠᠯᠳᠤᠭᠠᠨ ᠤ ᠲᠣᠭᠤᠷᠢᠭ ᠤᠨ ᠨᠥᠯᠥᠭᠡᠯᠡᠨ ᠳᠠᠶᠢᠴᠢᠯᠠᠬᠤ ᠦᠢᠯᠡᠳᠦᠯ ᠢ ᠲᠠᠰᠤᠷᠠᠯᠲᠠ | ᠥᠬᠡᠶ ᠴᠢᠩᠭᠠᠷᠠᠭᠤᠯᠪᠠ᠃ ᠭᠠᠨᠳᠠᠷᠢ ᠠᠭᠤᠯᠠ ᠶᠢᠨ ᠠᠮᠢ ᠠᠬᠤᠶ ᠶᠢᠨ ᠪᠣᠯᠪᠠᠰᠤᠨ ᠤ ᠦᠵᠡᠮᠵᠢ ᠶᠢᠨ ᠣᠷᠣᠨ ᠢ | ᠠᠰᠢᠭᠯᠠᠯᠲᠠ ᠳᠤ ᠣᠷᠣᠭᠤᠯᠵᠤ᠂ ᠬᠠᠲᠤᠨ ᠭᠤᠤᠯ ᠤᠨ ᠪᠠᠷᠠᠭᠤᠨᠰᠢ ᠠᠶᠠᠯᠠᠬᠤ ᠵᠣᠴᠢᠳ ᠤᠨ ᠪᠠᠭᠤᠳᠠᠯ ᠨᠢ | ᠤᠯᠤᠰ ᠤᠨ 3A ᠲᠠᠰ ᠤᠨ ᠦᠵᠡᠮᠵᠢ ᠶᠢᠨ ᠣᠷᠣᠨ ᠢᠶᠠᠷ ᠦᠨᠡᠯᠡᠭᠳᠡᠵᠦ᠂ ᠤᠨᠴᠠᠯᠢᠬᠳᠤ ᠵᠢᠭᠤᠯᠴᠢᠯᠠᠯ ᠤᠨ ᠲᠠᠲᠠᠬᠤ | ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ︵ᠲᠦᠷᠪᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠡᠷᠡᠰ ᠰᠠᠶᠢᠲᠤᠷ ᠬᠢᠪᠡ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠪᠡ᠃ ᠵᠠᠰᠠᠭ ᠤᠨ ᠣᠷᠳᠣᠨ ᠤ ᠳᠠᠯᠳᠠ ᠥᠷᠢ | ᠥᠭᠴᠡᠭᠡ ᠶᠢ 53.3 ᠳ᠋ᠦᠩᠰᠢᠭᠤᠷ ᠲᠥᠭᠦᠷᠢᠭ ᠠᠷᠢᠯᠭᠠᠵᠤ᠂ ᠣᠨ ᠤ ᠥᠷᠢ ᠥᠭᠴᠡᠭᠡ ᠶᠢ ᠠᠷᠢᠯᠭᠠᠬᠤ | ᠡᠭᠦᠷᠭᠡ ᠶᠢᠨ 166.9% ᠶᠢ ᠪᠡᠶᠡᠯᠡᠭᠦᠯᠪᠡ᠃ ᠭᠤᠤᠯᠳᠠᠯᠭ᠎ᠠ ᠲᠠᠢ ᠠᠵᠤ ᠠᠬᠤᠶᠢᠯᠠᠯ ᠤᠨ ᠠᠪᠴᠠᠭᠠᠨ ᠤ ᠡᠷᠬᠡ ᠶᠢ | ᠰᠲ᠋ᠣᠺ ᠪᠣᠯᠭᠠᠨ ᠬᠤᠪᠢᠷᠠᠭᠤᠯᠬᠤ ᠶᠢ ᠢᠳᠡᠪᠬᠢᠲᠡᠶ ᠠᠬᠢᠭᠤᠯᠵᠤ᠂ ᠦᠬᠠᠶ ᠪᠠᠩᠬᠢ ᠶᠢᠨ ᠬᠥᠷᠥᠩᠭᠡ ᠮᠥᠩᠭᠦ ᠶᠢᠨ | ᠨᠥᠬᠦᠪᠥᠷᠢᠯᠡᠯᠲᠡ ᠶᠢ ᠯᠠᠪᠳᠠᠭᠤᠨ ᠢᠶᠠᠷ ᠠᠬᠢᠭᠤᠯᠪᠡ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠦᠷᠭᠦᠯᠵᠢᠯᠡᠨ ᠪᠠᠬᠢᠵᠢᠭᠦᠯᠪᠡ᠃ ᠲᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠢᠨᠠᠨ ᠬᠡᠮᠵᠢᠵᠦ ᠬᠠᠪᠰᠤᠷᠤᠨ | ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ 3112 ᠲᠦᠮᠡᠨ ᠲᠥᠭᠦᠷᠢᠭ ᠤᠨ ᠶᠠᠳᠠᠭᠤ ᠶᠢ ᠲᠡᠳᠬᠦᠬᠦ ᠪᠡᠯᠡ | ᠮᠥᠩᠭᠦ ᠣᠷᠣᠭᠤᠯᠵᠤ᠂ 64 ᠶᠠᠳᠠᠭᠤ ᠶᠢ ᠲᠡᠳᠬᠦᠬᠦ ᠲᠦᠷᠦᠯ ᠵᠦᠢᠯ ᠢ ᠬᠡᠷᠡᠭᠵᠢᠭᠦᠯᠵᠦ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠪᠠ᠃ ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠪᠦᠲᠦᠮᠵᠢᠲᠡᠶ ᠰᠠᠶᠢᠵᠢᠷᠠᠭᠤᠯᠪᠡ᠃ | ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠶᠢᠨ | ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦᠨ ᠢ ᠪᠡᠶᠡᠯᠡᠭᠦᠯᠵᠦ᠂ ᠥᠪᠡᠷᠲᠡᠭᠡᠨ | ᠵᠠᠰᠠᠬᠤ ᠣᠷᠣᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ | ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠪᠠ᠃ ︽ᠦᠬᠠᠶ ᠶᠢᠨ ᠠᠭᠤᠷᠬᠠᠶ ᠶᠢᠨ | ᠣᠷᠣᠨ ᠤ ᠶᠡᠷᠦᠩᠬᠡᠶ ᠲᠥᠯᠥᠪᠵᠢᠭᠦᠯᠭᠡ︾ ︽ᠦᠬᠠᠶ ᠬᠤᠲᠠ ᠶᠢᠨ ᠨᠡᠭᠦᠷᠡᠰᠦᠨ ᠤ ᠠᠵᠤ ᠦᠢᠯᠡᠳᠪᠦᠷᠢ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ︾ ᠶᠢ ᠨᠠᠶᠢᠷᠠᠭᠤᠯᠤᠨ ᠵᠣᠬᠢᠶᠠᠵᠤ᠂ ᠡᠬᠢ ᠪᠠᠶᠠᠯᠢᠭ ᠤᠨ ᠨᠡᠭᠡᠭᠡᠨ | ᠠᠰᠢᠭᠯᠠᠯᠲᠠ ᠶᠢ ᠦᠷᠭᠦᠯᠵᠢᠯᠡᠨ ᠰᠢᠯᠢᠳᠡᠭᠵᠢᠭᠦᠯᠵᠦ᠂ ᠠᠭᠤᠷᠬᠠᠶ ᠶᠢᠨ ᠣᠷᠣᠨ ᠤ ᠥᠪᠡᠰᠦᠪᠡᠨ ᠨᠣᠴᠣᠬᠤ ᠭᠠᠯ ᠤᠨ | ᠴᠢᠭ ᠢ ᠵᠠᠰᠠᠬᠤ᠂ ᠰᠢᠷᠣᠶ ᠭᠠᠳᠠᠭᠰᠢᠯᠠᠭᠤᠯᠬᠤ ᠲᠠᠯᠠᠪᠠᠶ ᠶᠢ ᠴᠡᠭᠴᠡᠯᠡᠨ ᠵᠠᠰᠠᠬᠤ ᠪᠠ ᠠᠭᠤᠷᠬᠠᠶ ᠶᠢᠨ ᠣᠷᠣᠨ ᠤ | ᠣᠷᠴᠢᠨ ᠲᠣᠭᠤᠷᠢᠨ ᠢ ᠵᠠᠰᠠᠬᠤ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ | ᠲᠠᠰ ᠤᠨ 14 ᠪᠣᠬᠢᠷᠲᠤᠯ ᠥᠬᠡᠶ ᠠᠭᠤᠷᠬᠠᠶ ᠶᠢ ᠪᠠᠶᠢᠭᠤᠯᠵᠤ ᠳᠠᠭᠤᠰᠬᠠᠪᠠ᠃ ᠠᠭᠠᠷ ᠮᠠᠨᠳᠠᠯ ᠤᠨ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠲᠥᠷᠥᠯ ᠵᠦᠢᠯ ᠢ 326 ᠪᠡᠶᠡᠯᠡᠭᠦᠯᠵᠦ᠂ ᠭᠤᠤᠯ ᠬᠤᠲᠠ ᠶᠢᠨ | ᠲᠣᠭᠤᠷᠢᠭ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 304 ᠡᠳᠦᠷ ᠢᠶᠠᠷ | ᠪᠡᠶᠡᠯᠡᠭᠦᠯᠵᠦ᠂ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 83.1% ᠳᠤ ᠬᠦᠷᠭᠡᠵᠦ᠂ ᠠᠳᠠᠯᠢ | ᠬᠤᠭᠤᠴᠠᠭᠠᠨ ᠤ ᠬᠢ ᠠᠴᠠ 2 ᠵᠠᠭᠤᠨ ᠤ ᠨᠢᠭᠡᠴᠢ ᠳᠡᠭᠡᠭᠰᠢᠯᠡᠭᠦᠯᠪᠡ᠃ ᠭᠤᠤᠯ ᠤᠨ ᠳᠠᠷᠤᠭ᠎ᠠ ᠶᠢᠨ ᠲᠦᠷᠢᠮ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠭᠤᠤᠯ ᠤᠨ ᠵᠠᠮ ᠢ ᠵᠠᠰᠠᠬᠤ᠂ ᠤᠰᠤᠨ ᠠᠰᠢᠭᠯᠠᠯᠲᠠ ᠶᠢᠨ ᠬᠦᠢᠰᠦ ᠶᠢᠨ | ᠴᠥᠭᠦᠷᠥᠮ ᠤᠨ ᠣᠷᠣᠨ ᠤ ᠠᠮᠢ ᠠᠬᠤᠶ ᠶᠢ ᠵᠠᠰᠠᠬᠤ ᠵᠡᠷᠭᠡ ᠲᠥᠷᠥᠯ ᠵᠦᠢᠯ ᠢ ᠬᠡᠷᠡᠭᠵᠢᠭᠦᠯᠦᠨ᠂ ᠬᠠᠲᠤᠨ | ᠭᠤᠤᠯ ᠤᠨ ᠦᠬᠠᠶ ᠶᠢᠨ ᠬᠡᠰᠡᠭ ᠤᠨ ᠤᠰᠤᠨ ᠤ ᠴᠢᠨᠠᠷ ᠦᠷᠭᠦᠯᠵᠢᠯᠡᠨ ᠰᠠᠶᠢᠵᠢᠷᠠᠪᠠ᠃ ᠬᠥᠷᠥᠰᠥ ᠰᠢᠷᠣᠶ ᠶᠢᠨ | ᠪᠠᠶᠢᠳᠠᠯ ᠤᠨ ᠲᠣᠭᠲᠠᠭᠤᠨ ᠪᠠᠲᠤᠯᠠᠪᠠ᠃ | ︵ᠲᠠᠪᠤ︶ ᠣᠷᠣᠰᠢᠨ ᠰᠠᠭᠤᠬᠤ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠪᠡ᠃ ᠪᠢᠨ ᠾᠧ | ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ ᠬᠥᠭᠵᠢᠭᠦᠯᠦᠯᠲᠡ ᠪᠦᠳᠦᠭᠡᠨ ᠪᠠᠶᠢᠭᠤᠯᠤᠯᠲᠠ ᠶᠢ ᠡᠬᠢᠯᠡᠭᠦᠯᠪᠡ᠃ | ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠶᠢ ᠲᠦᠷᠭᠡᠪᠴᠢᠯᠡᠨ ᠲᠡᠭᠦᠯᠳᠡᠷᠵᠢᠭᠦᠯᠵᠦ᠂ ᠬᠤᠳᠠ ᠶᠢᠨ ᠵᠢᠷᠤᠭ | ᠲᠥᠯᠥᠪᠯᠡᠭᠡ ᠶᠢᠨ ᠲᠥᠰᠦᠯ ᠢ ᠨᠠᠷᠢᠨ ᠨᠢᠮᠪᠠᠶ ᠨᠠᠶᠢᠷᠠᠭᠤᠯᠤᠨ ᠵᠣᠬᠢᠶᠠᠪᠠ᠃ ᠪᠢ ᠬᠦᠶ ᠶᠤᠸᠠᠨ᠂ ᠯᠠᠨ ᠴᠧᠩ᠂ | ᠾᠧᠩ ᠳ᠋ᠡ ᠵᠡᠷᠭᠡ ᠨᠠᠷᠠᠲᠤ ᠲᠡᠮᠳᠡᠭᠲᠦ ᠬᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ | ᠠᠬᠤᠶᠢᠯᠠᠯ ᠯᠤᠭ᠎ᠠ ᠭᠦᠨᠵᠡᠭᠡᠶ ᠵᠣᠯᠭᠠᠭᠤᠯᠬᠤ ᠶᠢ ᠴᠢᠩᠭᠠᠳᠬᠠᠵᠤ᠂ ᠰᠤᠷᠭᠠᠨ ᠬᠥᠮᠦᠵᠢᠯ᠂ ᠡᠮᠴᠢᠯᠡᠭᠡ᠂ ᠰᠣᠶᠣᠯ | ᠵᠡᠷᠭᠡ ᠢᠵᠢ ᠪᠥᠷᠢᠳᠦᠭᠰᠡᠨ ᠰᠠᠭᠤᠷᠢ ᠪᠡᠯᠡᠳᠬᠡᠮᠵᠢ ᠶᠢᠨ ᠰᠢᠰᠲ᠋ᠧᠮ ᠤᠨ ᠨᠤᠲᠠᠯᠠᠯᠲᠠ ᠶᠢ ᠥᠷᠨᠢᠭᠦᠯᠵᠦ᠂ ᠡᠯ᠎ᠡ | ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠥᠨᠳᠥᠷ ᠦᠷ᠎ᠡ ᠪᠦᠲᠦᠮᠵᠢᠲᠡᠶ ᠪᠠᠷ ᠥᠷᠨᠢᠭᠦᠯᠪᠡ᠃ ᠬᠠᠭᠤᠴᠢᠨ | ᠬᠤᠳᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠥᠭᠡᠷᠡᠴᠢᠯᠡᠯᠲᠡ ᠶᠢᠨ ᠠᠯᠬᠤᠴᠠ ᠲᠦᠷᠭᠡᠳᠪᠡ᠃ 38 ᠬᠠᠭᠤᠴᠢᠨ | ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠬᠤ ᠲᠥᠷᠥᠯ ᠵᠦᠢᠯ ᠢ ᠬᠡᠷᠡᠭᠵᠢᠭᠦᠯᠵᠦ᠂ 4990 ᠢᠵᠢ ᠳᠥᠭᠦᠮ | ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠶᠢ ᠠᠵᠢᠯ ᠡᠬᠢᠯᠡᠭᠦᠯᠦᠨ ᠪᠠᠶᠢᠭᠤᠯᠵᠤ | ᠂ 3990 ᠢᠵᠢ ᠣᠷᠣᠨ ᠰᠠᠭᠤᠴᠠ ᠶᠢ ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ 2020 ᠣᠨ ᠤ | ᠤᠯᠤᠰ ᠤᠨ ᠳᠥᠭᠦᠮ ᠪᠦᠳᠦᠭᠦᠯᠢᠭ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠠᠵᠢᠯ ᠤᠨ | ᠤᠷᠮᠠᠰᠢᠭᠤᠯᠵᠤ ᠳᠡᠮᠵᠢᠬᠦ ᠬᠤᠲᠠ ᠳᠤ ᠰᠣᠩᠭᠤᠭᠳᠠᠨ ᠣᠷᠣᠪᠠ᠃ ᠬᠤᠳᠠ ᠶᠢᠨ ᠰᠠᠭᠤᠷᠢ ᠲᠥᠬᠦᠭᠡᠷᠦᠮᠵᠢ ᠡᠳᠦᠷ | ᠢᠷᠡᠬᠦᠶ᠎ᠡ ᠲᠡᠭᠦᠯᠳᠡᠷᠵᠢᠵᠦ᠂ 4 ᠤᠰᠤ ᠴᠡᠪᠡᠷᠰᠢᠭᠦᠯᠬᠦ ᠦᠢᠯᠡᠳᠪᠦᠷᠢ᠂ 80 ᠤᠯᠠᠨ ᠨᠡᠶᠢᠲᠡ ᠶᠢᠨ ᠠᠷᠢᠭᠤᠨ | ᠴᠡᠪᠡᠷ ᠤᠨ ᠲᠠᠰᠤᠯᠭ᠎ᠠ᠂ ᠭᠠᠨᠳᠠᠷᠢ ᠵᠠᠰᠠᠮᠠᠯ ᠵᠠᠮ ᠲᠡᠮᠦᠷ ᠵᠠᠮ ᠤᠨ ᠵᠦᠷᠢᠯᠢᠭ ᠬᠥᠭᠦᠷᠭᠡ ᠶᠢᠨ ᠲᠡᠷᠭᠡ ᠨᠡᠪᠲᠡᠷᠡᠬᠦ᠂ | ᠬᠤᠳᠠ ᠶᠢᠨ ᠠᠶᠠᠨᠴᠢᠳ ᠤᠨ ᠲᠡᠭᠡᠭᠡᠪᠦᠷᠢ ᠶᠢᠨ ᠭᠤᠣᠯ ᠦᠷᠳᠡᠭᠡ ᠶᠢ ᠪᠠᠶᠢᠭᠤᠯᠵᠤ ᠳᠠᠭᠤᠰᠬᠠᠨ ᠲᠤᠰᠢᠶᠠᠨ ᠥᠭᠬᠦ᠂ | S217 ᠮᠤᠵᠢ ᠶᠢᠨ ᠵᠠᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠵᠡᠷᠭᠡ ᠲᠦᠷᠦᠯ | ᠵᠦᠢᠯ ᠤᠷᠤᠭᠰᠢᠲᠠᠢ ᠠᠬᠢᠵᠤ᠂ ᠬᠤᠳᠠ ᠶᠢᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠦᠷᠭᠦᠯᠵᠢᠯᠡᠨ | ᠳᠡᠭᠡᠭᠰᠢᠯᠡᠪᠡ᠃ ᠬᠤᠲᠠ ᠶᠢᠨ ᠲᠣᠭᠤᠷᠢᠭ ᠤᠨ ᠵᠠᠮ᠂ ᠵᠦᠯᠭᠡ ᠭᠠᠵᠠᠷ ᠵᠡᠷᠭᠡ ᠭᠤᠤᠯ ᠵᠠᠩᠭᠢᠯᠠᠭ᠎ᠠ ᠶᠢᠨ ᠴᠢᠭ ᠤᠨ | ᠦᠵᠡᠮᠵᠢ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ 3234 ᠮᠥ ᠣᠶᠢᠵᠢᠭᠤᠯᠤᠯᠲᠠ ᠶᠢᠨ ᠲᠠᠯᠠᠪᠠᠶ ᠶᠢ | ᠪᠡᠶᠡᠯᠡᠭᠦᠯᠪᠡ᠃ ᠬᠤᠳᠠ ᠶᠢᠨ ᠬᠠᠮᠢᠶᠠᠷᠤᠯᠲᠠ ᠶᠢ ᠨᠡᠩ ᠨᠠᠷᠢᠨ ᠨᠢᠭᠲᠠ ᠪᠣᠯᠭᠠᠪᠠ᠃ ︽ᠬᠤᠸᠠᠷ ᠬᠠᠳᠬᠤᠬᠤ ᠮᠠᠶ᠋ᠢᠭ︾ | ᠤᠨ ᠬᠤᠳᠠ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠪᠤᠢ ᠪᠣᠯᠭᠠᠵᠤ᠂ ︽ᠬᠤᠶᠠᠷ ᠬᠤᠳᠠ ᠶᠢ ᠬᠤᠯᠪᠤᠭᠠᠯᠠᠨ | ᠴᠤᠭᠴᠠᠯᠠᠬᠤ︾ ᠪᠠᠷ ᠭᠠᠷᠳᠠᠴᠠ ᠪᠣᠯᠭᠠᠨ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠪᠦᠬᠦ ᠲᠠᠯ᠎ᠠ ᠪᠠᠷ ᠬᠡᠷᠡᠭᠵᠢᠭᠦᠯᠵᠦ᠂ | ᠬᠤᠳᠠ ᠶᠢᠨ ᠬᠠᠮᠢᠶᠠᠷᠤᠯᠲᠠ ᠳᠤ ᠡᠳᠦᠷ ᠰᠥᠨᠢ᠂ ᠲᠤᠩᠭᠠᠯᠠᠭ ᠡᠳᠦᠷ ᠪᠣᠷᠣᠭᠠᠨ ᠲᠠᠢ ᠡᠳᠦᠷ ᠵᠡᠷᠭᠡ ︽ᠨᠠᠢᠮᠠᠨ ᠠᠳᠠᠯᠢ︾ | ﹇2﹈ ᠶᠢ ᠪᠡᠶᠡᠯᠡᠭᠦᠯᠪᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ︽ᠪᠤᠴᠠᠭᠠᠨ ᠨᠡᠭᠦᠯᠭᠡᠬᠦ ᠳᠤ | ᠬᠦᠴᠢᠷ᠂ ᠣᠷᠣᠵᠤ ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ︾ ᠪᠠᠶᠢᠬᠤ ᠠᠰᠠᠭᠤᠳᠠᠯ ᠢ ᠬᠦᠴᠦ ᠪᠠᠨ | ᠲᠥᠪᠯᠡᠷᠡᠭᠦᠯᠦᠨ ᠰᠢᠢᠳᠪᠦᠷᠢᠯᠡᠵᠦ᠂ 9 ᠠᠰᠠᠭᠤᠳᠠᠯ ᠲᠠᠢ ᠠᠰᠠᠷ ᠢ ᠦᠨᠳᠦᠰᠦᠨ ᠳᠡᠭᠡᠨ ᠰᠢᠢᠳᠪᠦᠷᠢᠯᠡᠵᠦ᠂ 4100 | ᠢᠵᠢ ᠬᠡᠷ ᠪᠠᠶᠢᠰᠢᠩ ᠬᠤᠰᠢᠯᠠᠭᠤᠯᠤᠨ ᠲᠤᠰᠢᠶᠠᠬᠤ ᠶᠢ ᠰᠢᠢᠳᠪᠦᠷᠢᠯᠡᠵᠦ᠂ ᠪᠤᠴᠠᠵᠤ ᠨᠡᠬᠦᠬᠦ ᠣᠯᠠᠨ ᠲᠦᠮᠡᠨ ᠢ | 1185 ᠡᠷᠦᠬᠡ ᠲᠥᠪᠬᠢᠨᠡᠭᠦᠯᠵᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠡᠤᠬᠡᠨ ᠠᠴᠠ | ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠨᠣᠷᠮ᠎ᠠ 98.9% ᠳᠤ ᠬᠥᠷᠪᠡ᠃ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠡᠮᠬᠢ ᠵᠢᠷᠣᠮ ᠲᠠᠢ ᠲᠦᠯᠬᠢᠨ ᠠᠬᠢᠭᠤᠯᠪᠠ᠃ ᠦᠵᠦᠮ ᠤᠨ | ᠨᠠᠷᠠᠲᠤ ᠲᠥᠷᠥᠯ ᠲᠡᠮᠳᠡᠭᠲᠦ᠂ ᠲᠥᠷᠥᠯ ᠵᠦᠢᠯ᠂ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ | ︽ᠦᠬᠠᠶ ᠶᠢᠨ ᠦᠵᠦᠮ︾ ᠢ ᠥᠪᠡᠷᠲᠡᠭᠡᠨ ᠵᠠᠰᠠᠬᠤ ᠣᠷᠣᠨ ᠤ ᠭᠠᠵᠠᠷ ᠵᠦᠶ ᠶᠢᠨ ᠲᠡᠮᠳᠡᠭᠲᠦ ᠶᠢᠨ ᠲᠠᠷᠢᠶᠠᠯᠠᠩ ᠤᠨ | ᠪᠦᠲᠦᠭᠡᠭᠳᠡᠬᠦᠨ ᠤ ᠬᠠᠮᠠᠭᠠᠯᠠᠯᠲᠠ ᠶᠢᠨ ᠢᠨᠵᠧᠨᠧᠷᠢᠩ ᠳᠤ ᠵᠢᠭᠰᠠᠭᠠᠨ ᠣᠷᠣᠭᠤᠯᠪᠡ᠃ ᠲᠠᠷᠢᠶᠠᠯᠠᠬᠤ ᠣᠷᠣᠨ ᠤ | ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ | ᠠᠮᠵᠢᠯᠲᠠ ᠲᠠᠢ ᠲᠡᠭᠦᠰᠬᠡᠵᠦ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠵᠦ ᠰᠢᠢᠳᠪᠦᠷᠢᠯᠡᠬᠦ | ᠠᠵᠢᠯ ᠢ ᠵᠠᠰᠠᠭ ᠵᠠᠬᠢᠷᠭᠠᠨ ᠤ ᠲᠣᠰᠬᠤᠨ ᠳᠤ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ᠡᠷᠦᠬᠡ ᠳᠤ ᠬᠡᠷᠡᠭᠯᠡᠬᠦ | ᠠᠷᠢᠭᠤᠨ ᠴᠡᠪᠡᠷ ᠵᠣᠷᠯᠣᠩ ᠢ ᠲᠦᠭᠡᠮᠡᠯᠵᠢᠭᠦᠯᠦᠭᠰᠡᠨ ᠨᠤᠷᠮ᠎ᠠ ᠶᠢ 68% ᠳᠤ ᠬᠦᠷᠭᠡᠪᠡ᠃ ᠬᠥᠳᠡᠭᠡ ᠲᠣᠰᠬᠤᠨ ᠤ | ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠪᠡᠶᠡᠯᠡᠭᠦᠯᠵᠦ᠂ ᠭᠠᠴᠠᠭᠠᠨ ᠤ | ᠬᠠᠮᠲᠤ ᠶᠢᠨ ᠠᠵᠤ ᠠᠬᠤᠶ ᠶᠢᠨ ᠤᠷᠤᠯᠭ᠎ᠠ ᠶᠢ ᠦᠷᠭᠦᠯᠵᠢᠯᠡᠨ ᠨᠡᠮᠡᠭᠳᠡᠬᠦᠯᠪᠡ᠃ | ︵ᠵᠢᠷᠭᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠪᠥᠲᠥᠭᠡᠨ ᠪᠠᠶᠢᠭᠤᠯᠤᠯᠲᠠ ᠶᠢ ᠬᠦᠴᠦᠯᠡᠨ | ᠴᠢᠩᠭᠠᠳᠬᠠᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ | ᠴᠡᠭᠴᠡᠯᠡᠨ ᠰᠠᠶᠢᠵᠢᠷᠠᠭᠤᠯᠬᠤ ᠶᠢ ᠡᠷᠡᠰ ᠰᠠᠶᠢᠲᠤᠷ ᠠᠳᠬᠤᠵᠤ᠂ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠠᠷᠭ᠎ᠠ ᠬᠡᠮᠵᠢᠶ᠎ᠡ ᠨᠦᠭᠦᠳ︾ ᠢ ᠨᠡᠶᠢᠲᠡᠯᠡᠨ ᠬᠡᠷᠡᠭᠵᠢᠭᠦᠯᠵᠦ᠂ | ︽ᠬᠤᠭᠤᠰᠣᠨ ᠲᠥᠷᠥ ᠶᠢᠨ ᠪᠣᠳᠣᠯᠭ᠎ᠠ︾ ︽ᠪᠣᠭᠤᠷᠰᠤᠭ ᠵᠢᠷᠤᠬᠤ ᠲᠥᠷᠥ ᠶᠢᠨ ᠪᠣᠳᠣᠯᠭ᠎ᠠ︾ ᠶᠢ 110 ᠬᠤᠪᠢ | ᠴᠡᠪᠡᠷᠯᠡᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ | ᠪᠠᠶᠢᠭ᠎ᠠ 9.8 ᠳ᠋ᠦᠩᠰᠢᠭᠤᠷ ᠲᠥᠭᠦᠷᠢᠭ ᠤᠨ ᠲᠠᠩᠰᠠᠨ ᠵᠣᠭᠤᠰ ᠢ ᠢᠯᠭᠠᠷᠠᠭᠤᠯᠤᠨ ᠳᠢᠭᠯᠡᠵᠦ᠂ ᠪᠥᠬᠦ ᠣᠷᠣᠨ ᠤ | ᠲᠦᠷᠦᠭᠦᠤ ᠪᠦᠯᠦᠭ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠬᠠᠮᠤᠭ ᠤᠷᠢᠳᠠᠪᠡᠷ ︽ᠲᠡᠭ ᠪᠣᠯᠭᠠᠭᠰᠠᠨ︾ | ᠠᠶᠢᠮᠠᠭ ᠬᠤᠲᠠ ᠪᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 87. | 5% ᠶᠢᠨ ᠵᠦᠢᠯᠡᠰ ᠢ ︽ᠰᠦᠯᠵᠢᠶᠡᠨ ᠳᠡᠭᠡᠷ᠎ᠡ ᠬᠦᠢᠴᠡᠳᠬᠡᠬᠦ︾ ᠶᠢ ᠪᠡᠶᠡᠯᠡᠭᠦᠯᠵᠦ᠂ 1203 ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ᠶᠢ | ᠪᠡᠶᠡᠯᠡᠭᠦᠯᠵᠦ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠪᠥᠬᠦ ᠶᠠᠪᠤᠴᠠ ᠶᠢᠨ ᠬᠢᠨᠠᠨ | ᠵᠥᠪᠰᠢᠶᠡᠷᠡᠬᠦ ᠴᠠᠭ ᠤᠨ ᠬᠢᠵᠠᠭᠠᠷ ᠢ 75 ᠠᠵᠢᠯᠯᠠᠬᠤ ᠡᠳᠦᠷ ᠤᠨ ᠳᠣᠲᠣᠷ᠎ᠠ ᠬᠦᠷᠲᠡᠯ᠎ᠡ ᠪᠠᠭᠠᠰᠬᠠᠪᠠ᠃ ︽ᠭᠤᠤᠯ | ᠠᠵᠢᠯ ᠪᠠ ᠲᠤᠰᠠᠯᠠᠬᠤ ᠠᠵᠢᠯ ᠤᠨ ᠴᠤᠪᠤᠷᠠᠯ ᠢ ᠵᠡᠷᠭᠡᠪᠡᠷ ᠬᠤᠯᠪᠣᠵᠤ᠂ ᠠᠯᠠᠭᠠᠨ ᠳᠡᠭᠡᠷᠡᠬᠢ ᠬᠢᠨᠠᠯᠲᠠ | ᠬᠠᠮᠢᠶᠠᠷᠤᠯᠲᠠ ᠶᠢ ᠪᠦᠬᠦᠨ ᠢ ᠢᠯᠡ ᠪᠣᠯᠭᠠᠬᠤ︾ ᠨᠡᠶᠢᠲᠡᠯᠢᠭ ᠠᠷᠭ᠎ᠠ ᠬᠢᠳᠡᠯ ᠢ ᠪᠥᠬᠦ ᠣᠷᠣᠨ ᠳᠤ ᠳᠡᠯᠭᠡᠷᠡᠭᠦᠯᠪᠡ᠃ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢ ᠠᠬᠢᠭᠤᠯᠵᠤ᠂ 14 ᠠᠵᠤ ᠠᠬᠤᠶᠢᠯᠠᠯ | ᠥᠪᠥᠷ ᠮᠣᠩᠭᠤᠯ ᠤᠨ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ 100 ᠬᠦᠴᠦᠷᠬᠡᠭ ᠲᠤ ᠣᠷᠣᠪᠠ᠃ | ᠬᠤᠶᠠᠳᠤᠭᠠᠷ ᠬᠤᠭᠤᠴᠠᠭᠠᠨ ᠤ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠤᠨ ᠰᠢᠯᠭᠠᠷᠠᠭᠤᠯᠤᠯᠲᠠ ᠶᠢ | ᠵᠤᠬᠢᠶᠠᠨ ᠪᠠᠶᠢᠭᠤᠯᠵᠤ ᠦᠷᠨᠢᠬᠦᠯᠪᠡ᠃ | ︵ᠳᠣᠯᠤᠭ᠎ᠠ︶ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠲᠠ ᠥᠬᠡᠶ | ᠴᠢᠩᠭᠠᠷᠠᠭᠤᠯᠪᠡ᠃ ᠣᠲᠣ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠲᠠ ᠶᠢᠨ ᠥᠭᠡᠷᠡᠴᠢᠯᠡᠯᠲᠡ᠂ | ᠡᠮᠴᠢᠯᠡᠭᠡ ᠰᠤᠪᠢᠯᠠᠯᠲᠠ ᠶᠢ ᠤᠶᠠᠯᠳᠤᠭᠤᠯᠬᠤ ᠲᠤᠷᠰᠢᠯᠲᠠ ᠵᠡᠷᠭᠡ 13 ᠵᠦᠢᠯ ᠤᠨ ᠤᠯᠤᠰ᠂ ᠥᠪᠡᠷᠲᠡᠭᠡᠨ ᠵᠠᠰᠠᠬᠤ | ᠣᠷᠣᠨ ᠤ ᠥᠭᠡᠷᠡᠴᠢᠯᠡᠯᠲᠡ ᠶᠢᠨ ᠲᠤᠷᠰᠢᠯᠲᠠ ᠶᠢᠨ ᠡᠭᠦᠷᠭᠡ ᠶᠢᠨ ᠠᠬᠢᠴᠠ ᠤᠷᠤᠭᠰᠢᠲᠠᠶ ᠪᠠᠶᠢᠬᠤ ᠶᠢ ᠪᠠᠲᠤᠯᠠᠵᠤ᠂ | ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ | ᠤᠯᠤᠰ ᠠᠴᠠ ᠰᠢᠯᠢᠳᠡᠭ ᠢᠶᠠᠷ ᠦᠨᠡᠯᠡᠪᠡ᠃ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢᠨ | ᠲᠤᠷᠰᠢᠯᠲᠠ ᠶᠢᠨ ᠠᠵᠢᠯ ᠢ ᠲᠤᠭᠳᠠᠭᠤᠨ ᠢᠶᠠᠷ ᠲᠦᠯᠭᠢᠨ ᠠᠬᠢᠭᠤᠯᠪᠠ᠃ ᠤᠯᠤᠰ ᠤᠨ ᠥᠮᠴᠢᠯᠡᠯ ᠤᠨ ᠠᠵᠤ | ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠬᠠᠮᠢᠶᠠᠷᠤᠯᠲᠠ ᠶᠢᠨ ᠲᠦᠷᠢᠮ ᠢ ᠲᠡᠭᠦᠯᠳᠡᠷᠵᠢᠭᠦᠯᠦᠨ᠂ ᠤᠯᠤᠰ ᠤᠨ ᠥᠮᠴᠢᠯᠡᠯ ᠤᠨ 15 ᠠᠵᠤ ᠠᠬᠤᠶᠢᠯᠠᠯ ᠢ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠠᠯᠭᠠᠵᠤ᠂ ᠤᠯᠤᠰ ᠤᠨ ᠥᠮᠴᠢᠯᠡᠯ ᠤᠨ 4 ᠠᠵᠤ ᠠᠬᠤᠶᠢᠯᠠᠯ ᠳᠤ | ᠬᠤᠯᠢᠮᠠᠭ ᠥᠮᠴᠢᠯᠡᠯ ᠤᠨ ᠲᠦᠷᠢᠮ ᠤᠨ ᠦᠭᠡᠷᠡᠴᠢᠯᠡᠯᠳᠡ ᠶᠢ ᠪᠡᠶᠡᠯᠡᠬᠦᠯᠪᠡ᠃ ᠨᠢᠭᠡ ᠪᠦᠯᠦᠭ ᠰᠢᠨᠵᠢᠯᠡᠬᠦ | ᠤᠬᠠᠭᠠᠨ ᠤ ᠰᠤᠳᠤᠯᠭᠠᠨ ᠤ ᠪᠦᠯᠬᠦᠮ ᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠲᠤ | ᠣᠷᠣᠭᠤᠯᠵᠣ᠂ ᠣᠨᠳᠣᠤ ᠭᠠᠵᠠᠷ ᠲᠤ ᠨᠡᠪᠴᠢᠭᠦᠯᠬᠦ ᠲᠥᠪ ᠢ ᠨᠡᠶᠢᠲᠡ 8᠂ ᠥᠪᠡᠷᠲᠡᠭᠡᠨ ᠵᠠᠰᠠᠬᠤ ᠣᠷᠣᠨ ᠤ | ᠲᠠᠰ ᠤᠨ ᠰᠤᠳᠤᠯᠤᠨ ᠨᠡᠭᠡᠭᠡᠬᠦ ᠲᠥᠪ ᠢ 26᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 30 | ᠪᠠᠶᠢᠭᠤᠯᠪᠠ᠃ ᠠᠩᠬᠠᠳᠠᠭᠴᠢ ᠨᠡᠶᠢᠲᠡ ᠶᠢᠨ ᠬᠡᠷᠡᠭᠯᠡᠭᠡᠨ ᠤ ᠬᠡᠯᠪᠡᠷᠢ ᠶᠢᠨ ᠭᠠᠶᠢᠯᠢ ᠪᠠᠲᠤᠯᠠᠬᠤ ᠬᠥᠮᠥᠷᠭᠡ᠂ ︽ᠦᠬᠠᠢ | ᠶᠢᠨ ᠠᠷᠠᠯᠵᠢᠶᠠᠨ ᠤ ᠨᠡᠪᠲᠡᠷᠡᠯᠴᠡᠭᠡ︾ ᠶᠢᠨ ᠭᠠᠳᠠᠭᠠᠳᠤ ᠠᠷᠠᠯᠵᠢᠶᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ | ᠲᠠᠪᠴᠠᠩ ᠢ ᠪᠠᠶᠢᠭᠤᠯᠪᠠ᠃ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠥᠬᠦ ᠲᠤᠭ᠎ᠠ 5.9 | ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 1.8% ᠨᠡᠮᠡᠭᠳᠡᠪᠡ᠃ | ︵ᠨᠠᠢᠮᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠡᠷᠴᠢᠮ ᠢ ᠲᠠᠰᠤᠷᠠᠯᠲᠠ ᠥᠬᠡᠶ ᠴᠢᠩᠭᠠᠷᠠᠭᠤᠯᠪᠡ᠃ | ᠨᠡᠶᠢᠭᠡᠮ ᠤᠨ ᠪᠠᠲᠤᠯᠠᠭ᠎ᠠ ᠶᠢᠨ ᠬᠡᠪᠴᠢᠶ᠎ᠡ ᠶᠢ ᠨᠠᠷᠢᠯᠢᠭ ᠣᠨᠣᠴᠠᠲᠠᠶ ᠪᠠᠷ ᠥᠷᠭᠡᠳᠬᠡᠬᠦ ᠶᠢ ᠯᠠᠪᠳᠠᠭᠤᠨ ᠪᠠᠲᠤᠲᠠᠶ | ᠠᠬᠢᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠪᠥᠬᠦ ᠣᠷᠣᠨ ᠤ ᠭᠤᠷᠪᠠᠳᠤᠭᠠᠷ ᠲᠤ ᠬᠦᠷᠲᠡᠯ᠎ᠡ | ᠲᠡᠭᠡᠭᠰᠢᠯᠡᠬᠦᠯᠪᠡ᠃ ᠨᠡᠶᠢᠭᠡᠮ ᠤᠨ ᠠᠪᠤᠷᠠᠨ ᠲᠤᠰᠠᠯᠠᠬᠤ ᠪᠠ ᠪᠠᠲᠤᠯᠠᠭ᠎ᠠ ᠶᠢᠨ ᠪᠠᠷᠢᠮᠵᠢᠶ᠎ᠠ ᠶᠢ ᠪᠠᠷᠠᠭᠠᠨ ᠤ ᠦᠨ᠎ᠡ ᠶᠢᠨ | ᠥᠰᠥᠯᠲᠡ ᠲᠠᠢ ᠬᠤᠯᠪᠣᠯᠳᠤᠭᠤᠯᠤᠨ ᠬᠥᠳᠡᠯᠭᠡᠬᠦ ᠲᠣᠭᠲᠠᠴᠠ ᠶᠢ ᠪᠠᠶᠢᠭᠤᠯᠪᠠ᠃ 6 ᠬᠡᠤᠬᠡᠳ ᠤᠨ ᠴᠡᠴᠡᠷᠯᠢᠭ ᠢ | ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠤ᠂ ᠴᠡᠴᠡᠷᠯᠢᠭ ᠲᠤ ᠪᠠᠶᠢᠭ᠎ᠠ | ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠤᠨ ᠬᠡᠤᠬᠡᠳ ᠤᠨ ᠡᠵᠡᠯᠡᠬᠦ ᠬᠠᠷᠢᠴᠠᠯ ᠢ 50% ᠠᠴᠠ | ᠳᠡᠭᠡᠭᠰᠢ ᠳᠤ ᠬᠦᠷᠭᠡᠪᠡ᠃ ᠡᠩ ᠤᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠵᠢᠩᠬᠢᠨᠢ | ᠠᠩᠭᠢ ᠶᠢᠨ ᠬᠤᠪᠢ ᠳᠤ ᠬᠦᠷᠦᠭᠰᠡᠨ ᠨᠣᠷᠮ᠎ᠠ 85% ᠬᠦᠷᠴᠦ᠂ ᠠᠳᠠᠯᠢ ᠬᠤᠭᠤᠴᠠᠭᠠᠨ ᠤ ᠬᠢ ᠠᠴᠠ 6.1 | ᠵᠠᠭᠤᠨ ᠤ ᠨᠢᠭᠡᠴᠢ ᠳᠡᠭᠡᠭᠰᠢᠯᠡᠵᠦ᠂ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠨ᠎ᠡ ᠬᠢᠴᠢᠶᠡᠯ | ᠰᠢᠨ᠎ᠡ ᠵᠢᠭᠠᠬᠤ ᠮᠠᠲ᠋ᠧᠷᠢᠶᠠᠯ ᠤᠨ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠣᠷᠣᠨ ᠳᠤ ᠰᠣᠩᠭᠤᠭᠳᠠᠪᠠ᠃ | ᠬᠤᠲᠠ ᠶᠢᠨ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠬᠤᠶᠠᠳᠤᠭᠠᠷ ᠬᠤᠭᠤᠴᠠᠭᠠᠨ ᠤ ᠪᠠᠷᠢᠯᠭ᠎ᠠ ᠶᠢ | ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠤᠨ᠂ ᠬᠤᠲᠠ ᠶᠢᠨ ᠠᠷᠠᠳ ᠤᠨ ᠡᠮᠨᠡᠯᠭᠡ ᠶᠢᠨ ᠬᠤᠷᠢᠶᠠᠨ ᠤ | ᠡᠭᠦᠳᠡᠨ ᠡᠮᠨᠡᠯᠭᠡ ᠶᠢᠨ ᠠᠰᠠᠷ ᠤᠨ ᠭᠤᠤᠯ ᠴᠣᠭᠴᠠ ᠶᠢᠨ ᠪᠠᠷᠢᠯᠭ᠎ᠠ ᠶᠢ ᠳᠠᠭᠤᠰᠬᠠᠵᠤ᠂ ᠡᠮᠴᠢᠯᠡᠭᠡ ᠰᠤᠪᠢᠯᠠᠯᠲᠠ ᠶᠢ | ᠤᠶᠠᠯᠳᠤᠭᠤᠯᠬᠤ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠬᠤᠶᠠᠳᠣᠭᠠᠷ ᠬᠤᠭᠤᠴᠠᠭᠠᠨ ᠤ ᠠᠵᠢᠯ ᠢ ᠡᠭᠢᠯᠡᠬᠦᠯᠪᠡ | ᠃ 13 ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠳᠤ ᠰᠢᠨ᠎ᠡ ᠲᠢᠳᠢᠮᠯᠢᠭ ᠠᠭᠤᠰᠭᠢᠨ ᠦᠷᠪᠢᠰᠦᠯ ᠤᠨ | ᠸᠢᠷᠦ᠋ᠰ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠲᠠᠢ ᠪᠤᠯᠪᠠ᠃ ᠪᠥᠬᠦ ᠤᠯᠤᠰ ᠤᠨ ᠦᠨ᠎ᠡ | ᠲᠥᠯᠥᠪᠦᠷᠢ ᠥᠬᠡᠶ ᠪᠠᠷ ᠴᠢᠰᠤ ᠥᠭᠭᠦᠭᠰᠡᠨ ᠲᠡᠷᠢᠭᠦᠨ ᠤ ᠬᠤᠲᠠ ᠶᠢ ᠶᠢᠰᠦᠳᠦᠭᠡᠷ ᠤᠳᠠᠭ᠎ᠠ ᠢᠷᠠᠭᠤ ᠠᠯᠳᠠᠷᠲᠠᠶ ᠪᠠᠷ | ᠭᠥᠷᠳᠡᠪᠡ᠃ ᠠᠷᠪᠠᠨ ᠨᠢᠭᠡᠳᠦᠭᠡᠷ ᠬᠤᠭᠤᠴᠠᠭᠠᠨ ᠤ ᠬᠠᠲᠤᠨ ᠭᠤᠤᠯ ᠤᠨ ᠭᠡᠷᠡᠯᠲᠦ ᠰᠤᠪᠤᠳ · ᠦᠬᠠᠶ ᠶᠢᠨ ᠤᠷᠠᠨ | ᠪᠢᠴᠢᠯᠭᠡ ᠶᠢᠨ ᠤᠷᠠᠯᠢᠭ ᠤᠨ ᠨᠠᠶᠢᠷ ᠢ ᠠᠮᠵᠢᠯᠲᠠ ᠲᠠᠢ ᠡᠷᠭᠢᠯᠡᠵᠦ᠂ ᠺᠢᠨᠣ᠋ ︽ᠦᠬᠠᠶ︾ ᠶᠢᠨ ᠠᠩᠬᠠᠨ ᠤ ᠦᠵᠡᠭᠦᠯᠦᠯᠭᠡ | ᠂ ᠦᠬᠠᠶ ᠨᠠᠭᠤᠷ ᠤᠨ ᠣᠯᠠᠨ ᠤᠯᠤᠰ ᠤᠨ ᠮᠠᠷᠠᠰᠤᠨ ᠤᠷᠤᠯᠳᠤᠭᠠᠨ ᠨᠢ ᠳᠤᠮᠳᠠᠳᠤ ᠤᠯᠤᠰ ᠤᠨ ᠬᠦᠨᠳᠦ ᠬᠥᠩᠭᠡᠨ | ᠲᠠᠮᠢᠷ ᠤᠨ ᠨᠡᠶᠢᠭᠡᠮᠯᠢᠭ ᠤᠨ ᠠᠯᠲᠠᠨ ᠮᠧᠳᠠᠯ ᠤᠨ ᠤᠷᠤᠯᠳᠤᠭᠠᠨ ᠢᠶᠠᠷ ᠦᠨᠡᠯᠡᠭᠳᠡᠪᠡ᠃ | ︵ᠶᠢᠰᠦ︶ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢ ᠨᠢᠭᠡᠳᠦᠯᠲᠡᠶ | ᠲᠥᠯᠥᠪᠯᠡᠨ ᠠᠬᠢᠭᠤᠯᠪᠡ᠃ ᠶᠡᠭᠡ ᠳ᠋ᠠᠶᠢᠲ᠋ᠠ ᠪᠠᠷ ᠬᠤᠳᠠ ᠶᠢᠨ ᠵᠠᠰᠠᠯᠲᠠ ᠳᠤ ᠡᠨᠧᠷᠭᠢ ᠣᠯᠭᠤᠵᠤ᠂ ᠬᠤᠳᠠ᠂ | ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶᠂ ᠲᠣᠰᠬᠤᠨ ︵ᠨᠡᠶᠢᠭᠡᠮ ᠲᠣᠭᠤᠷᠢᠭ︶᠂ ᠲᠣᠣᠷᠵᠢᠯ ᠵᠡᠷᠭᠡ ᠲᠠᠪᠤᠨ | ᠱᠠᠲᠤᠨ ᠤ ᠬᠤᠳᠠ ᠶᠢᠨ ᠬᠡᠪᠴᠢᠶᠡᠨ ᠤ ᠵᠠᠰᠠᠯᠲᠠ ᠶᠢᠨ ᠤᠶᠤᠨᠴᠢᠯᠠᠭᠰᠠᠨ ᠲᠠᠪᠴᠠᠩ ᠢ ᠪᠠᠶᠢᠭᠤᠯᠪᠡ᠃ ᠵᠡᠭᠡᠯᠢ | ᠭᠤᠳᠤᠮᠵᠢ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ︽ᠨᠢᠭᠡ | ᠲᠤᠤᠷᠵᠢᠯ ᠤᠨ ᠬᠠᠮᠢᠶᠠᠷᠣᠭᠴᠢ ᠨᠢᠭᠡ ᠲᠤᠤᠷᠵᠢᠯ ᠤᠨ ᠲᠠᠷᠤᠭ᠎ᠠ ᠨᠢᠭᠡ ᠴᠠᠭᠳᠠᠭ᠎ᠠ ᠨᠢᠭᠡ ᠲᠤᠰᠬᠠᠢ ᠠᠵᠢᠯᠳᠠᠨ ᠤᠯᠠᠨ | ᠠᠵᠢᠯ ᠬᠠᠪᠰᠤᠷᠭᠠᠬᠤ︾ ᠲᠣᠣᠷᠵᠢᠭᠤᠯᠤᠭᠰᠠᠨ ᠬᠠᠮᠢᠶᠠᠷᠤᠯᠲᠠ ᠶᠢᠨ ᠵᠠᠭᠪᠤᠷ ᠢ ᠪᠠᠶᠢᠭᠤᠯᠵᠤ᠂ ᠨᠡᠶᠢᠭᠡᠮ ᠤᠨ | ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠭᠦᠨᠵᠡᠭᠡᠶᠢᠷᠡᠭᠦᠯᠪᠡ᠃ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ | ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠥᠷᠨᠢᠭᠦᠯᠵᠦ᠂ | ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠡᠮᠬᠢ ᠵᠢᠷᠤᠮ ᠲᠠᠢ ᠪᠠᠷ ᠳᠡᠯᠭᠡᠷᠡᠭᠦᠯᠦᠨ | ᠬᠡᠷᠡᠭᠯᠡᠪᠡ᠃ ︽ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ ᠰᠢᠢᠳᠪᠦᠷᠢᠯᠡᠬᠦ ᠣᠨ︾ ᠤ ᠲᠤᠰᠬᠠᠶ ᠠᠵᠢᠯᠯᠠᠭ᠎ᠠ ᠶᠢ | ᠬᠡᠷᠡᠭᠵᠢᠭᠦᠯᠵᠦ᠂ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠰᠢᠯᠵᠢᠭᠦᠯᠦᠨ ᠲᠤᠰᠢᠶᠠᠭᠰᠠᠨ ᠵᠠᠬᠢᠳᠠᠯ | ᠰᠣᠷᠪᠤᠯᠵᠢᠯᠠᠯ ᠤᠨ ᠵᠦᠢᠯᠡᠰ ᠢ ᠬᠢᠨᠠᠮᠠᠭᠠᠶ ᠰᠢᠢᠳᠪᠦᠷᠢᠯᠡᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠵᠡᠷᠭᠡ | ᠬᠦᠷᠢᠶᠡᠨ ᠳᠠᠬᠢ ᠨᠢᠭᠡ ᠪᠦᠯᠦᠭ ᠲᠡᠦᠬᠡᠨ ᠠᠴᠠ ᠦᠯᠡᠳᠡᠭᠳᠡᠵᠦ ᠢᠷᠡᠭᠰᠡᠨ ᠵᠠᠬᠢᠳᠠᠯ ᠰᠣᠷᠪᠣᠯᠵᠢᠯᠠᠯ ᠤᠨ ᠠᠰᠠᠭᠤᠳᠠᠯ ᠢ | ᠲᠣᠬᠢᠲᠠᠶ ᠰᠢᠢᠳᠪᠦᠷᠢᠯᠡᠪᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ | ᠲᠦᠯᠬᠢᠨ ᠠᠬᠢᠭᠤᠯᠵᠤ᠂ ᠬᠠᠷ᠎ᠠ ᠨᠡᠶᠢᠭᠡᠮ ᠤᠨ ᠰᠢᠨᠵᠢ ᠴᠢᠨᠠᠷ ᠲᠠᠢ ᠵᠣᠬᠢᠶᠠᠨ ᠪᠠᠶᠢᠭᠤᠯᠤᠯᠲᠠ ᠶᠢ ᠨᠡᠶᠢᠳᠡ 6 ᠴᠣᠬᠢᠨ | ᠤᠨᠠᠭᠠᠪᠠ᠃ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠡᠳ᠋ᠯᠡᠬᠦ ᠶᠢ ᠵᠣᠭᠰᠣᠭᠠᠬᠤ ᠪᠠᠷᠢᠮᠵᠢᠶᠠᠵᠢᠭᠤᠯᠤᠯᠲᠠ ᠶᠢᠨ | ᠲᠥᠷᠥᠯ ᠵᠦᠢᠯ ᠨᠢ ᠪᠥᠬᠦ ᠣᠷᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠢᠰᠲ᠋ᠧᠮ ᠤᠨ ᠠᠩᠬᠠᠳᠠᠭᠴᠢ | ᠤᠯᠤᠰ ᠤᠨ ᠲᠡᠰ ᠤᠨ ᠲᠤᠷᠰᠢᠯᠳᠠ ᠶᠢᠨ ᠴᠢᠭ ᠪᠤᠯᠪᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠴᠡᠭᠴᠡᠯᠡᠨ | ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠪᠦᠬᠦ ᠤᠯᠤᠰ ᠲᠤ ᠠᠭᠤᠷᠬᠠᠶ ᠶᠢᠨ ᠬᠤᠳᠳᠤᠭ ᠤᠨ | ᠠᠵᠢᠯᠴᠢᠨ ᠤ ᠨᠡᠭᠦᠷᠡᠰᠦᠨ ᠠᠭᠤᠷᠬᠠᠶ ᠶᠢᠨ ︽ᠰᠥᠨᠢ ᠶᠢᠨ ᠡᠭᠡᠯᠵᠢ︾ ᠶᠢᠨ ᠦᠢᠯᠡᠳᠪᠦᠷᠢᠯᠡᠯ ᠢ ᠬᠦᠴᠦᠨ ᠦᠭᠡᠢ | ᠪᠣᠯᠭᠠᠬᠤ ᠶᠢ ᠤᠷᠢᠳᠠᠪᠠᠷ ᠪᠡᠶᠡᠯᠡᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠦᠨᠳᠦᠰᠦᠨ ᠳᠡᠭᠡᠨ ᠲᠣᠭᠲᠠᠭᠤᠨ | ᠪᠣᠯᠪᠠ᠃ ᠠᠩᠬᠠᠳᠤᠭᠠᠷ ᠤᠳᠠᠭᠠᠨ ᠤ ᠪᠦᠬᠦ ᠤᠯᠤᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠠᠶᠤᠯ | ᠲᠦᠭᠰᠢᠭᠦᠷᠢ ᠶᠢᠨ ᠨᠡᠶᠢᠳᠡᠮ ᠪᠠᠶᠢᠴᠠᠭᠠᠯᠳᠠ ᠶᠢ ᠦᠷᠨᠢᠬᠦᠯᠪᠡ᠃ ᠢᠳᠡᠭᠡᠨ ᠤ ᠠᠮᠤᠷ ᠲᠦᠪᠰᠢᠨ ᠤ ᠪᠥᠬᠦ | ᠬᠡᠯᠬᠢᠶ᠎ᠡ ᠶᠢᠨ ᠬᠢᠨᠠᠯᠲᠠ ᠬᠠᠮᠢᠶᠠᠷᠤᠯᠲᠠ ᠶᠢ ᠳᠥᠯᠭᠢᠨ ᠠᠬᠢᠭᠤᠯᠵᠤ᠂ ᠠᠷᠠᠳ ᠣᠯᠠᠨ ᠤ ︽ᠢᠳᠡᠭᠡᠨ ᠤᠮᠳᠠᠭᠠᠨ ᠤ | ᠠᠮᠤᠷ ᠲᠦᠪᠰᠢᠨ︾ ᠢ ᠰᠠᠶᠢᠲᠤᠷ ᠬᠠᠮᠠᠭᠠᠯᠠᠪᠠ᠃ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ | ᠪᠠᠶᠢᠴᠠᠭᠠᠯᠲᠠ ᠶᠢ ᠡᠮᠬᠢ ᠲᠠᠢ ᠲᠦᠯᠬᠢᠨ ᠠᠭᠢᠭᠤᠯᠪᠠ᠃ ᠦᠷᠡᠭᠳᠡᠭᠰᠡᠨ ᠪᠠᠭᠠᠲᠤᠷᠴᠤᠳ ᠤᠨ ᠳᠤᠷᠠᠰᠬᠠᠯ ᠤᠨ ᠲᠠᠯᠠᠪᠠᠢ | ᠪᠠᠶᠢᠭᠤᠯᠤᠭᠳᠠᠪᠠ᠃ | ︵ᠠᠷᠪᠠ︶ ᠭᠤᠤᠯᠳᠠᠯᠭ᠎ᠠ ᠲᠠᠢ ᠬᠦᠷᠢᠶᠡᠨ ᠳᠠᠬᠢ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠪᠠ᠃ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ | ᠲᠣᠭᠲᠠᠭᠠᠯ ᠠᠴᠠ ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠶᠢ | ᠯᠠᠪᠳᠠᠭᠤᠨ ᠪᠠᠲᠤᠲᠠᠶ ᠠᠬᠢᠭᠤᠯᠵᠤ᠂ ᠨᠡᠭᠦᠷᠡᠰᠦᠨ ᠳᠤ ᠬᠤᠯᠪᠣᠭᠳᠠᠭᠰᠠᠨ 504 ᠲᠥᠷᠥᠯ ᠵᠦᠢᠯ ᠢ ᠪᠥᠬᠦ ᠲᠠᠯ᠎ᠠ ᠪᠠᠷ | ᠪᠠᠶᠢᠴᠠᠭᠠᠨ ᠲᠣᠳᠣᠷᠬᠠᠶᠢᠯᠠᠵᠤ᠂ 295 ᠠᠵᠤ ᠠᠬᠤᠶᠢᠯᠠᠯ ᠢ ᠬᠠᠷᠭᠤᠭᠤᠯᠤᠨ ᠪᠠᠶᠢᠴᠠᠭᠠᠵᠤ᠂ ᠥᠪᠡᠷᠲᠡᠭᠡᠨ ᠵᠠᠰᠠᠬᠤ | ᠣᠷᠣᠨ ᠤ ᠬᠠᠷᠢᠭᠤ ᠲᠤᠰᠬᠠᠭᠰᠠᠨ 223 ᠠᠰᠠᠭᠤᠳᠠᠯ ᠢ ᠴᠡᠭᠴᠡᠯᠡᠨ ᠵᠠᠰᠠᠬᠤ ᠶᠢ ᠪᠡᠶᠡᠯᠡᠭᠦᠯᠵᠦ᠂ ᠲᠥᠷᠥ ᠶᠢᠨ | ᠪᠣᠳᠣᠯᠭ᠎ᠠ ᠬᠠᠤᠯᠢ ᠲᠣᠭᠲᠠᠭᠠᠯ ᠤᠨ ᠲᠥᠷᠥᠯ ᠤᠨ 114 ᠪᠢᠴᠢᠭ ᠮᠠᠲ᠋ᠧᠷᠢᠶᠠᠯ ᠢ ᠢᠯᠭᠠᠷᠠᠭᠤᠯᠵᠤ᠂ 116 | ᠬᠡᠷᠡᠭᠵᠢᠭᠦᠯᠬᠦ ᠲᠥᠷᠥᠯ ᠤᠨ ᠪᠢᠴᠢᠭ ᠮᠠᠲ᠋ᠧᠷᠢᠶᠠᠯ ᠢ ᠰᠢᠢᠳᠪᠦᠷᠢᠯᠡᠵᠦ᠂ ᠨᠡᠶᠢᠲᠡ 19.3 ᠳ᠋ᠦᠩᠰᠢᠭᠤᠷ | ᠲᠥᠭᠦᠷᠢᠭ ᠤᠨ ᠬᠤᠬᠢᠷᠠᠯ ᠢ ᠨᠡᠬᠡᠮᠵᠢᠯᠡᠪᠡ᠃ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠰᠢᠰᠲ᠋ᠧᠮ ᠤᠨ | ᠢᠯᠵᠠᠷᠠᠯ ᠤᠨ ᠠᠰᠠᠭᠤᠳᠠᠯ ᠤᠨ ᠲᠤᠰᠬᠠᠶ ᠵᠠᠰᠠᠯᠲᠠ ᠶᠢ ᠥᠷᠨᠢᠭᠦᠯᠵᠦ᠂ 63 ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠪᠡᠶᠡᠯᠡᠭᠦᠯᠵᠦ᠂ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠤᠨ ᠣᠨᠳᠣᠤ | ᠭᠠᠵᠠᠷ ᠲᠤ ᠪᠥᠲᠥᠭᠡᠨ ᠪᠠᠶᠢᠭᠤᠯᠬᠤ ᠵᠠᠷᠤᠳᠠᠯ ᠢ 1.4 ᠳ᠋ᠦᠩᠰᠢᠭᠤᠷ ᠲᠥᠭᠦᠷᠢᠭ ᠨᠡᠬᠡᠮᠵᠢᠯᠡᠨ ᠲᠤᠰᠢᠶᠠᠯᠭᠠᠪᠠ᠃ ᠬᠡᠷ | ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠲᠤᠰᠢᠶᠠᠭᠰᠠᠨ ᠥᠬᠡᠶ ᠳᠤᠲᠠᠭᠤ ᠲᠤᠰᠢᠶᠠᠭᠰᠠᠨ | ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ ᠲᠤᠰᠬᠠᠶᠢᠯᠠᠨ ᠵᠠᠰᠠᠬᠤ ᠠᠵᠢᠯ ᠢ ᠭᠦᠨᠵᠡᠭᠡᠶ | ᠥᠷᠨᠢᠭᠦᠯᠵᠦ᠂ ᠭᠠᠵᠠᠷ ᠰᠢᠷᠣᠶ ᠶᠢ ᠰᠢᠯᠵᠢᠭᠦᠯᠦᠨ ᠬᠤᠳᠠᠯᠳᠤᠭᠰᠠᠨ ᠮᠥᠩᠭᠦ ᠶᠢ 7449 ᠲᠦᠮᠡᠨ ᠲᠥᠭᠦᠷᠢᠭ | ᠨᠡᠬᠡᠮᠵᠢᠯᠡᠨ ᠲᠤᠰᠢᠶᠠᠯᠭᠠᠪᠠ᠃ ᠠᠵᠤ ᠠᠬᠤᠶᠢᠯᠠᠯ ᠤᠨ ᠲᠤᠰᠢᠶᠠᠭᠠᠳᠤᠶ ᠭᠠᠶᠢᠯᠢ ᠰᠦᠢᠳᠬᠡᠯ ᠢ ᠪᠦᠬᠦ ᠲᠠᠯ᠎ᠠ ᠪᠠᠷ | ᠢᠯᠭᠠᠷᠠᠭᠤᠯᠵᠤ᠂ ᠠᠵᠤ ᠠᠬᠤᠶᠢᠯᠠᠯ ᠤᠨ ᠲᠤᠰᠢᠶᠠᠭᠠᠳᠤᠶ ᠬᠤᠳᠠ ᠪᠠᠯᠭᠠᠰᠤᠨ ᠤ ᠠᠵᠢᠯᠳᠠᠨ ᠠᠵᠢᠯᠴᠢᠨ ᠤ | ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠪᠠ᠃ | ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠪᠠ ᠬᠢᠷᠢ ᠲᠦᠪᠰᠢᠨ | ᠢᠶᠠᠨ ᠳᠡᠭᠡᠭᠰᠢᠯᠡᠭᠦᠯᠬᠦ ᠶᠢ ᠪᠣᠳᠣᠯᠬᠢᠯᠠᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠲᠠᠰᠤᠷᠠᠯᠲᠠ ᠥᠬᠡᠶ | ᠴᠢᠩᠭᠠᠳᠬᠠᠪᠠ᠃ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ ᠥᠷᠭᠡᠳᠬᠡᠵᠦ᠂ ᠤᠭ | ᠰᠠᠨᠠᠭ᠎ᠠ ᠪᠠᠨ ᠦᠯᠦ ᠮᠠᠷᠲᠠᠬᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠤᠷᠳᠤ ᠬᠤᠭᠤᠴᠠᠭᠠᠨ ᠤ | ᠪᠦᠲᠦᠮᠵᠢᠲᠡᠢ ᠲᠣᠭᠲᠠᠴᠠ ᠶᠢ ᠪᠦᠷᠢᠯᠳᠦᠭᠦᠯᠬᠦ ᠶᠢ ᠠᠬᠢᠭᠤᠯᠪᠡ᠃ ᠬᠡᠷᠡᠭ ᠢᠶᠠᠷ ᠴᠡᠭᠴᠡᠯᠡᠯᠳᠡ ᠶᠢ ᠠᠬᠢᠭᠤᠯᠬᠤ ᠶᠢ | ᠬᠦᠨᠵᠡᠬᠡᠶᠢᠷᠡᠬᠦᠯᠬᠦ᠂ ᠤᠯᠤᠰ ᠲᠥᠷᠥ ᠶᠢᠨ ᠠᠮᠢ ᠠᠬᠤᠶ ᠶᠢ ᠴᠡᠪᠡᠷᠰᠢᠭᠦᠯᠬᠦ ᠲᠤᠰᠬᠠᠶ ᠠᠵᠢᠯᠯᠠᠭ᠎ᠠ ᠶᠢ ᠯᠠᠪᠳᠠᠭᠤᠨ | ᠪᠠᠲᠤᠲᠠᠶ ᠥᠷᠨᠢᠭᠦᠯᠵᠦ᠂ ᠪᠠᠶ ᠰᠢᠶᠠᠩ ᠴᠢᠶᠦ᠋ᠨ᠂ ᠾᠧᠦ ᠹᠧᠩ ᠴᠢ᠂ ᠭᠤᠤ ᠱᠢ ᠬᠤᠩ ᠵᠡᠷᠭᠡ ᠬᠥᠮᠦᠰ ᠤᠨ | ᠲᠠᠷᠬᠠᠭᠠᠭᠰᠠᠨ ᠬᠤᠤᠷ ᠢ ᠡᠷᠡᠰ ᠠᠷᠢᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ | ᠠᠬᠤᠶ ᠪᠠᠷ ᠠᠵᠢᠯ ᠦᠢᠯᠡᠰ ᠤᠨ ᠬᠥᠭᠵᠢᠯᠲᠡ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠢ ᠨᠢᠭᠲᠠᠷᠠᠭᠤᠯᠪᠡ᠃ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠳᠤ ᠬᠠᠤᠯᠢ ᠶᠣᠰᠣᠭᠠᠷ | ᠠᠵᠢᠯ ᠢᠶᠠᠨ ᠮᠡᠳᠡᠭᠦᠯᠵᠦ᠂ ᠤᠯᠤᠰ ᠲᠦᠷᠦ ᠶᠢᠨ ᠵᠥᠪᠯᠡᠯᠭᠡᠨ ᠳᠤ ᠠᠵᠢᠯ ᠤᠨ ᠪᠠᠶᠢᠳᠠᠯ ᠢᠶᠠᠨ ᠮᠡᠳᠡᠭᠳᠡᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠵᠥᠪᠯᠡᠯᠭᠡ ᠶᠢ 311 ᠬᠤᠪᠢ ᠰᠢᠢᠳᠪᠦᠷᠢᠯᠡᠵᠦ᠂ ᠰᠡᠳᠬᠢᠯ ᠬᠠᠨᠤᠮᠵᠢᠲᠠᠶ | ᠪᠠᠶᠢᠬᠤ ᠨᠤᠷᠮ᠎ᠠ ᠶᠢ 99.4% ᠬᠦᠷᠭᠡᠪᠡ᠃ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠠᠪᠤᠨ | ᠵᠢᠯ ᠤᠨ ᠲᠥᠯᠥᠪᠵᠢᠭᠦᠯᠭᠡ ᠶᠢ ᠬᠢᠨᠠᠨ ᠰᠢᠯᠭᠠᠵᠤ ᠰᠢᠯᠭᠠᠨ ᠠᠪᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ | ︽ᠳᠣᠯᠣᠳᠤᠭᠠᠷ ᠲᠠᠪᠤᠨ ᠵᠢᠯ︾ ᠤᠨ ᠬᠠᠤᠯᠢ ᠴᠠᠭᠠᠵᠠ ᠲᠦᠭᠡᠮᠡᠯᠵᠢᠭᠦᠯᠬᠦ ᠠᠵᠢᠯ ᠢ ᠳᠠᠭᠤᠰᠬᠠᠪᠠ᠃ ᠲᠥᠪ | ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠭᠤᠷᠪᠠᠨ ᠵᠦᠢᠯ ᠤᠨ ᠠᠯᠪᠠᠨ ᠤ ᠵᠠᠷᠤᠳᠠᠯ︾ ᠤᠨ ᠵᠠᠷᠤᠯᠭ᠎ᠠ ᠶᠢ 34. | 4% ᠪᠠᠷ ᠪᠠᠭᠤᠷᠠᠭᠤᠯᠪᠠ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ | ᠬᠤᠯᠪᠣᠭᠠᠲᠤ ᠬᠤᠷᠠᠯ ᠵᠡᠷᠭᠡ ᠠᠷᠠᠳ ᠤᠨ ᠪᠦᠯᠬᠦᠮ ᠪᠠ ᠡᠯ᠎ᠡ ᠲᠦᠷᠦᠯ ᠤᠨ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠠᠵᠢᠯ ᠢᠶᠠᠨ ᠥᠷᠨᠢᠭᠦᠯᠬᠦ ᠶᠢ ᠲᠡᠮᠵᠢᠪᠡ᠃ ᠦᠨᠳᠦᠰᠦᠲᠡᠨ ᠱᠠᠰᠢᠨ ᠰᠤᠷᠲᠠᠬᠤᠨ᠂ ᠤᠯᠤᠰ ᠤᠨ | ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠭᠠᠵᠠᠷ ᠬᠥᠳᠡᠯᠦᠯᠲᠡ | ᠴᠠᠭ ᠠᠭᠤᠷ᠂ ᠨᠡᠶᠢᠭᠡᠮ ᠤᠨ ᠰᠢᠨᠵᠢᠯᠡᠬᠦ ᠤᠬᠠᠭᠠᠨ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ | ᠬᠠᠷᠢᠶᠠᠲᠤ ᠨᠠᠷ ᠤᠨ ᠶᠠᠪᠤᠳᠠᠯ᠂ ᠷᠠᠳᠢᠣ᠋ ᠺᠢᠨᠣ᠋ ᠲᠧᠯᠸᠢᠰ ᠵᠡᠷᠭᠡ ᠡᠯ᠎ᠡ ᠵᠦᠢᠯ ᠤᠨ ᠠᠵᠢᠯ ᠰᠢᠨ᠎ᠡ ᠠᠮᠵᠢᠯᠲᠠ ᠪᠦᠲᠦᠮᠵᠢ | ᠤᠯᠪᠠ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠳᠤ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ | ᠬᠦᠴᠦᠯᠡᠨ ᠴᠢᠷᠮᠠᠶᠢᠵᠤ ᠦᠢᠯᠡᠰ ᠪᠦᠲᠦᠭᠡᠵᠦ᠂ ᠰᠢᠨ᠎ᠡ ᠳᠠᠪᠠᠯᠲᠠ ᠶᠢ ᠲᠠᠰᠤᠷᠠᠯᠳᠡ ᠦᠭᠡᠢ ᠪᠡᠶᠡᠯᠡᠭᠦᠯᠵᠦ᠂ ᠰᠢᠨ᠎ᠡ | ᠠᠶᠠᠨ ᠵᠠᠮ ᠢᠶᠠᠷ ᠤᠷᠤᠭᠰᠢᠯᠠᠪᠠ᠃ ᠪᠠᠶᠢᠯᠳᠤᠬᠤ ᠪᠤᠳᠤᠯᠭ᠎ᠠ ᠶᠢᠨ ᠵᠢᠯᠤᠭᠤᠳᠤᠯᠭ᠎ᠠ ᠶᠢᠨ ᠠᠴᠢ ᠬᠤᠯᠪᠣᠭᠳᠠᠯ ᠲᠠᠢ | ᠵᠦᠢᠯ ᠭᠡᠪᠡᠯ᠂ ᠶᠡᠷᠦᠩᠬᠡᠢ ᠱᠦᠵᠢ ᠰᠢ ᠶᠢᠨ ᠫᠢᠩ ᠤᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ︾ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠨᠢ ᠪᠢᠳᠡᠨ ᠳᠤ | ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ︔ ᠬᠠᠮᠤᠭ ᠤᠨ ᠲᠡᠦᠬᠡᠲᠦ | ᠠᠴᠢ ᠬᠤᠯᠪᠣᠭᠳᠠᠯ ᠲᠠᠢ ᠵᠦᠢᠯ ᠭᠡᠪᠡᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ | ᠪᠦᠬᠦ ᠲᠠᠯ᠎ᠠ ᠪᠠᠷ ᠢᠯᠠᠯᠲᠠ ᠣᠯᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠢᠯᠠᠯᠲᠠ ᠨᠢᠲᠤᠨ | ᠡᠮᠦᠨ᠎ᠡ ᠢᠷᠡᠭᠡᠳ ᠪᠠᠶᠢᠨ᠎ᠠ︔ ᠬᠠᠮᠤᠭ ᠤᠨ ᠦᠨᠳᠦᠰᠦᠨ ᠴᠢᠨᠠᠷᠲᠠᠶ ᠠᠴᠢ ᠬᠤᠯᠪᠣᠭᠳᠠᠯ ᠲᠠᠢ ᠨᠢ ᠭᠡᠪᠡᠯ᠂ ᠮᠠᠨ ᠤ | ᠬᠤᠲᠠ ᠶᠢᠨ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠴᠢᠨᠠᠷ ᠰᠠᠶᠢᠲᠠᠶ ᠬᠥᠭᠵᠢᠯᠲᠡ ᠳᠠᠰᠢ ᠦᠨᠡᠨ ᠪᠣᠳᠠᠲᠠᠶ | ᠠᠯᠬᠤᠮ ᠢ ᠠᠯᠬᠤᠵᠤ᠂ ᠬᠥᠭᠵᠢᠯᠲᠡ ᠶᠢᠨ ᠶᠠᠰᠤ ᠴᠢᠨᠠᠷ ᠦᠷ᠎ᠡ ᠠᠰᠢᠭ ᠢ ᠲᠠᠰᠤᠷᠠᠯᠲᠠ ᠥᠬᠡᠶ ᠳᠡᠭᠡᠭᠰᠢᠯᠡᠭᠦᠯᠬᠦ | ᠶᠠᠪᠤᠳᠠᠯ ᠪᠣᠯᠤᠨ᠎ᠠ᠃ 2020 ᠣᠨ ᠳᠤ᠂ ᠱᠢ ᠲᠠᠢ ᠹᠧᠩ ᠱᠦᠵᠢ ᠤᠷᠢᠳ ᠬᠤᠵᠢᠳ 3 ᠤᠳᠠᠭ᠎ᠠ᠂ ᠪᠦ᠋ ᠰᠢᠶᠤᠤ | ᠯᠢᠨ ᠲᠡᠷᠢᠭᠦᠯᠡᠭᠴᠢ ᠤᠷᠢᠳ ᠬᠤᠵᠢᠳ 5 ᠤᠳᠠᠭ᠎ᠠ ᠦᠬᠠᠢ ᠳᠤ ᠪᠠᠶᠢᠴᠠᠭᠠᠨ ᠰᠤᠳᠤᠯᠤᠯᠲᠠ ᠬᠢᠵᠦ᠂ 26 ᠮᠤᠵᠢ | ᠶᠠᠮᠤᠨ ᠤ ᠳᠡᠰ ᠤᠨ ᠤᠳᠤᠷᠢᠳᠤᠯᠭ᠎ᠠ ᠦᠬᠠᠢ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ | ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ | ᠠᠶᠤᠯ ᠲᠦᠭᠰᠢᠭᠦᠷᠢ ᠶᠢ ᠠᠷᠢᠯᠭᠠᠬᠤ ᠵᠡᠷᠭᠡ ᠠᠵᠢᠯ ᠢ ᠵᠢᠯᠣᠭᠤᠳᠪᠠ᠃ ᠶᠡᠷᠦᠩᠬᠡᠢ ᠱᠦᠵᠢ ᠶᠢᠨ ᠴᠢᠩ ᠰᠡᠳᠬᠢᠯ ᠤᠨ | ᠨᠠᠶᠢᠳᠠᠯᠭ᠎ᠠ ᠪᠣᠯᠤᠨ ᠡᠯ᠎ᠡ ᠱᠠᠲᠤᠨ ᠤ ᠤᠳᠤᠷᠢᠳᠤᠯᠭ᠎ᠠ ᠶᠢᠨ ᠳᠣᠲᠣᠨᠣ ᠬᠠᠯᠠᠮᠵᠢᠯᠠᠯ ᠨᠢ ᠪᠢᠳᠡᠨ ᠢ ᠲᠦᠢᠯ ᠢᠶᠠᠷ | ᠤᠷᠮᠠᠰᠢᠭᠤᠯᠵᠤ᠂ ᠲᠦᠢᠯ ᠢᠶᠠᠷ ᠵᠣᠷᠢᠭᠵᠢᠭᠤᠯᠵᠤ᠂ ᠢᠲᠡᠭᠡᠯ ᠵᠣᠷᠢᠭ ᠢ ᠤᠯᠠᠮ ᠨᠡᠮᠡᠭᠳᠡᠭᠦᠯᠵᠦ᠂ ᠰᠢᠨ᠎ᠡ ᠴᠠᠭ | ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠮᠵᠢᠯᠲᠠ ᠪᠦᠲᠦᠮᠵᠢ ᠶᠢ ᠡᠭᠦᠳᠬᠦ ᠴᠤᠭ ᠪᠠᠳᠠᠷᠠᠩᠭᠤᠢ ᠬᠦᠴᠦᠨ ᠢ | ᠨᠢᠭᠲᠠᠷᠠᠭᠤᠯᠵᠠᠢ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠳᠤ ᠪᠢᠳᠡᠠ ᠳᠤ ᠲᠣᠬᠢᠶᠠᠯᠳᠤᠭᠰᠠᠨ ᠪᠠᠶᠢᠳᠠᠯ | ᠲᠦᠢᠯ ᠤᠨ ᠨᠠᠷᠢᠨ ᠪᠤᠳᠤᠯᠢᠶᠠᠨᠲᠠᠶ᠂ ᠣᠯᠤᠭᠰᠠᠨ ᠠᠮᠵᠢᠯᠲᠠ ᠪᠦᠲᠦᠮᠵᠢ ᠦᠨᠡᠬᠡᠷ ᠲᠡᠶᠢᠮᠦ ᠬᠢᠯᠪᠡᠷ ᠪᠤᠰᠣ ᠶᠤᠮ᠃ | ᠡᠨᠡ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠵᠠᠮᠴᠢᠯᠠᠨ ᠵᠠᠯᠠᠭᠤᠷ ᠢ | ᠡᠵᠡᠮᠳᠡᠵᠦ᠂ ᠵᠥᠪ ᠣᠨᠣᠪᠴᠢᠲᠠᠢ ᠵᠢᠭᠠᠨ ᠵᠢᠯᠣᠭᠤᠳᠤᠭᠰᠠᠨ ᠤ ᠦᠷ᠎ᠡ ᠳ᠋ᠦᠩ ᠮᠥᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠳᠠ ᠶᠢᠨ ᠨᠠᠮ ᠤᠨ ᠬᠤᠷᠢᠶᠠᠨ ᠤ ᠡᠷᠡᠰ ᠴᠢᠩᠭ᠎ᠠ | ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠤᠳᠤᠯᠭ᠎ᠠ ᠲᠣᠭᠲᠠᠭᠠᠭᠰᠠᠨ ᠤ ᠦᠷ᠎ᠡ ᠳ᠋ᠦᠩ ᠮᠥᠨ᠂ | ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ ᠵᠥᠪᠯᠡᠯᠭᠡᠨ ᠤ | ᠪᠦᠲᠦᠮᠵᠢᠲᠡᠢ ᠬᠢᠨᠠᠯᠲᠠ ᠲᠠᠯᠪᠢᠵᠤ᠂ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ ᠬᠤᠳᠠ ᠶᠢᠨ ᠥᠷᠭᠡᠨ | ᠤᠯᠠᠨ ᠺᠠᠳ᠋ᠷ ᠤᠯᠠᠨ ᠲᠦᠮᠡᠨ ᠪᠦᠯᠬᠦᠮᠳᠡᠨ ᠨᠢᠭᠡᠳᠴᠦ᠂ ᠬᠦᠴᠦᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠠᠳᠡ | ᠂ ᠪᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠳᠠ ᠶᠢᠨ | ᠦᠨᠳᠦᠰᠦᠲᠡᠨ ᠨᠦᠭᠦᠳ ᠤᠨ ᠠᠷᠠᠳ ᠲᠦᠮᠡᠨ᠂ ᠲᠥᠯᠥᠭᠡᠯᠡᠭᠴᠢᠳ᠂ ᠭᠡᠰᠢᠭᠦᠳ᠂ ᠦᠬᠠᠢ ᠶᠢᠨ ᠬᠥᠭᠵᠢᠯᠲᠡ ᠶᠢ | ᠬᠠᠯᠠᠮᠵᠢᠯᠠᠨ ᠳᠡᠮᠵᠢᠭᠰᠡᠨ ᠡᠯ᠎ᠡ ᠡᠲᠡᠭᠡᠳ ᠤᠨ ᠬᠥᠮᠦᠰ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | | ᠲᠥᠯᠥᠭᠡᠯᠡᠭᠴᠢᠳ ᠡ︕ ᠤᠷᠤᠭᠰᠢᠯᠠᠯᠲᠠ ᠶᠢᠨ ᠵᠠᠮ ᠳᠤ ᠳᠠᠷᠳᠠᠩ ᠵᠠᠮ ᠭᠡᠵᠦ ᠪᠠᠶᠢᠬᠤ ᠦᠭᠡᠢ᠃ ᠮᠠᠨ ᠤ | ᠬᠤᠲᠠ ᠳᠤ ᠲᠤᠯᠭᠠᠷᠠᠵᠤ ᠪᠠᠶᠢᠭ᠎ᠠ ᠪᠠᠶᠢᠳᠠᠯ ᠮᠥᠨ ᠯᠡ ᠨᠠᠷᠢᠨ ᠪᠤᠳᠤᠯᠢᠶᠠᠨᠲᠠᠶ ᠪᠥᠭᠡᠳ ᠬᠦᠨᠳᠦ ᠬᠡᠴᠡᠭᠦᠦ ᠪᠠᠶᠢᠵᠤ᠂ | ᠭᠠᠳᠠᠨᠠᠬᠢ ᠳᠠᠭᠠᠷᠢᠯᠲᠠ ᠪᠠ ᠬᠢᠵᠢᠭ ᠤᠨ ᠪᠠᠶᠢᠳᠠᠯ ᠤᠨ ᠳᠠᠭᠠᠷᠢᠯᠲᠠ ᠳᠤ ᠤᠴᠠᠷᠠᠵᠤ᠂ ᠲᠣᠭᠲᠠᠪᠤᠷᠢ ᠦᠭᠡᠢ ᠴᠢᠨᠠᠷ | ᠲᠣᠭᠲᠠᠭᠤᠨ ᠪᠤᠰᠤ ᠬᠦᠴᠦᠨ ᠵᠦᠢᠯ ᠣᠯᠠᠰᠢᠷᠠᠵᠤ᠂ ᠠᠵᠤ ᠠᠬᠤᠶ ᠶᠢᠨ ᠰᠡᠷᠭᠦᠯᠲᠡ ᠶᠢᠨ ᠰᠠᠭᠤᠷᠢ ᠬᠠᠷᠠᠬᠠᠨ ᠪᠠᠲᠤ | ᠪᠠᠬᠢ ᠪᠣᠯᠤᠭᠠᠳᠤᠶ ᠪᠠᠶᠢᠬᠤ ᠶᠢ ᠪᠢᠳᠡ ᠰᠡᠷᠭᠡᠭ ᠢᠶᠠᠷ ᠲᠠᠨᠢᠵᠤ ᠣᠯᠪᠠ᠃ ᠬᠥᠭᠵᠢᠯᠲᠡ ᠶᠢᠨ ᠠᠷᠭ᠎ᠠ ᠮᠠᠶ᠋ᠢᠭ ᠢ | ᠬᠠᠷᠠᠬᠠᠨ ᠦᠨᠳᠦᠰᠦᠨ ᠠᠴᠠ ᠨᠢ ᠬᠤᠪᠢᠷᠠᠭᠤᠯᠤᠭᠠᠳᠤᠶ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ | ᠰᠣᠯᠢᠭᠳᠠᠯ ᠤᠨ ᠦᠷᠭᠦᠯᠵᠢᠯᠡᠯ ᠰᠢᠯᠤᠭᠤᠨ ᠪᠤᠰᠤ᠂ ᠡᠯᠧᠮᠧᠨ᠋ᠲ ᠤᠨ ᠭᠦᠢᠴᠡᠳᠬᠡᠯ ᠲᠤᠭ᠎ᠠ ᠶᠢᠨ ᠪᠣᠭᠤᠮᠢ ᠬᠢᠵᠠᠭᠠᠷᠯᠠᠯ | ᠶᠡᠬᠡᠰᠴᠦ᠂ ᠠᠮᠢ ᠠᠬᠤᠶ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠪᠠ ᠡᠨᠧᠷᠭᠢ ᠶᠢᠨ | ᠬᠤᠷᠣᠭᠳᠠᠭᠤᠯᠤᠯ ᠤᠨ ︽ᠬᠤᠤᠰ ᠡᠵᠡᠮᠳᠡᠯ︾ ᠤᠨ ᠱᠠᠭᠠᠷᠳᠠᠯᠭ᠎ᠠ ᠶᠢ ᠪᠡᠶᠡᠯᠡᠭᠦᠯᠬᠦ ᠳᠤ ᠬᠦᠴᠢᠷᠳᠡᠯ ᠶᠡᠭᠡ ᠪᠠᠷ | ᠨᠡᠮᠡᠭᠳᠡᠵᠦ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠤᠪᠤᠶᠢᠮ᠎ᠠ᠂ ᠵᠠᠰᠠᠭ ᠤᠨ | ᠣᠷᠳᠣᠨ ᠤ ᠥᠷᠢ ᠥᠭᠴᠡᠭᠡ ᠶᠢ ᠠᠷᠢᠯᠭᠠᠬᠤ ᠳᠠᠷᠤᠯᠲᠠ ᠯᠤᠲᠤ ᠶᠡᠭᠡ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ | ᠬᠦᠷᠢᠶᠡᠨ ᠳᠠᠬᠢ ᠠᠶᠤᠯ ᠲᠦᠭᠰᠢᠭᠦᠷᠢ ᠮᠥᠨ ᠯᠡ ᠲᠡᠶᠢᠮᠦ ᠰᠠᠶᠢᠨ ᠪᠢᠰᠢ ᠪᠠᠶᠢᠨ᠎ᠠ︔ ᠨᠡᠶᠢᠭᠡᠮ ᠤᠨ ᠵᠠᠰᠠᠯᠲᠠ ᠶᠢᠨ | ᠲᠦᠪᠰᠢᠨ ᠢ ᠲᠦᠷᠭᠡᠨ ᠳᠡᠭᠡᠭᠰᠢᠯᠡᠭᠦᠯᠬᠦ ᠴᠢᠬᠤᠯᠠᠲᠠᠢ᠂ ᠠᠷᠠᠳ ᠤᠨ ᠠᠮᠢᠳᠤᠷᠠᠯ ᠤᠨ ᠬᠦᠷᠢᠶᠡᠨ ᠳᠤ ᠮᠠᠰᠢ ᠤᠯᠠᠨ | ᠳᠤᠲᠠᠭᠤᠳᠠᠯ ᠣᠷᠣᠰᠢᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ | ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠲᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠢᠳᠪᠦᠷᠢᠯᠡᠵᠦ᠂ ᠰᠢᠨ᠎ᠡ ᠠᠮᠵᠢᠯᠲᠠ | ᠪᠦᠲᠦᠮᠵᠢ ᠪᠠᠷ ᠢᠶᠠᠨ ᠪᠥᠬᠦ ᠬᠤᠲᠠ ᠶᠢᠨ ᠠᠷᠠᠳ ᠲᠦᠮᠡᠨ ᠤ ᠬᠦᠰᠡᠯ ᠡᠷᠡᠮᠡᠯᠵᠡᠯ ᠪᠠ ᠬᠦᠨᠳᠦ ᠨᠠᠶᠢᠳᠠᠯᠭ᠎ᠠ ᠳᠤ | ᠬᠠᠷᠢᠭᠤᠯᠲᠠ ᠥᠭᠬᠦ ᠪᠠᠷ ᠴᠢᠷᠮᠠᠶᠢᠨ᠎ᠠ᠃ | ᠬᠤᠶᠠᠷ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠭᠤᠣᠯ | ᠬᠠᠷᠠᠯᠲᠠ ᠡᠭᠦᠷᠭᠡ ᠪᠠ 2035 ᠣᠨ ᠤ ᠠᠯᠤᠰ ᠤᠨ ᠬᠠᠷᠠᠯᠲᠠ | ᠬᠤᠲᠠ ᠶᠢᠨ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠦᠬᠠᠶ ᠬᠤᠲᠠ ᠶᠢᠨ ᠤᠯᠤᠰ | ᠠᠷᠠᠳ ᠤᠨ ᠠᠵᠤ ᠠᠬᠤᠶ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ | ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ᠲᠥᠰᠦᠯ︶︾ ᠶᠢ ᠨᠠᠶᠢᠷᠠᠭᠤᠯᠤᠨ | ᠵᠣᠬᠢᠶᠠᠵᠤ᠂ ᠬᠠᠲᠤᠨ ᠭᠤᠣᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠶᠢᠨ ᠬᠠᠷᠢᠭᠤᠴᠠᠯᠭ᠎ᠠ ᠪᠠᠨ ᠭᠦᠢᠴᠡᠳᠬᠡᠬᠦ | ᠂ ᠣᠳᠣ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠬᠥᠭᠵᠢᠯᠲᠡ ᠶᠢᠨ ᠬᠥᠳᠡᠯᠭᠡᠬᠦ ᠬᠦᠴᠦᠨ ᠢ | ᠬᠤᠪᠢᠷᠠᠭᠤᠯᠬᠤ᠂ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠬᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ᠂ ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ | ᠠᠭᠤᠰᠤᠯᠴᠠᠭᠤᠯᠬᠤ᠂ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠵᠡᠷᠭᠡ ᠳᠣᠯᠣᠭᠠᠨ | ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠶ | ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠶᠢ ᠲᠣᠳᠣᠷᠬᠠᠶ ᠪᠣᠯᠭᠠᠵᠤ᠂ ᠬᠥᠭᠵᠢᠯᠲᠡ ᠶᠢ ᠲᠤᠯᠭᠠᠭᠤᠷᠢᠯᠠᠬᠤ | ᠠᠯᠢ ᠤᠯᠠᠨ ᠭᠤᠣᠯᠳᠠᠯᠭ᠎ᠠ ᠲᠠᠢ ᠡᠭᠦᠷᠭᠡ ᠪᠠ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠭᠠᠳ᠂ | ᠲᠤᠰ ᠤᠳᠠᠭᠠᠨ ᠤ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠤᠨ᠎ᠠ᠃ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠮᠠᠨ ᠤ ᠤᠯᠤᠰ ᠤᠨ ᠨᠡᠶᠢᠭᠡᠮ ᠵᠢᠷᠤᠮ ᠤᠨ | ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠭᠢᠯᠡᠬᠦᠯᠬᠦ ᠠᠩᠬᠠᠳᠠᠭᠴᠢ | ᠲᠠᠪᠤᠨ ᠵᠢᠯ ᠪᠣᠯᠤᠨ᠎ᠠ᠂ ᠮᠥᠨᠴᠦ ᠦᠬᠠᠢ ᠶᠢᠨ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ | ᠵᠠᠮᠨᠠᠵᠤ᠂ ᠨᠡᠩ ᠶᠡᠭᠡ ᠰᠢᠨ᠎ᠡ ᠬᠥᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠪᠢᠳᠡ ᠰᠢᠨ᠎ᠡ | ᠬᠥᠭᠵᠢᠯᠲᠡ ᠶᠢᠨ ᠱᠠᠲᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠠᠯᠬᠠᠪᠴᠢ︾ | ︽ᠬᠤᠶᠠᠷ ᠰᠠᠭᠤᠷᠢᠨ ᠭᠠᠵᠠᠷ︾ ᠪᠠ ︽ᠨᠢᠭᠡ ᠬᠦᠬᠦᠷᠭᠡᠨ ᠪᠠᠬᠢᠯᠡᠯᠲᠡ︾ ﹇3﹈ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠶᠢ ᠰᠠᠨᠠᠭᠠᠴᠢᠯᠠᠭ᠎ᠠ ᠠᠴᠠ ᠪᠠᠨ ᠳᠠᠭᠠᠵᠤ᠂ ᠨᠡᠩ ᠴᠢᠩᠭ᠎ᠠ ᠲᠤᠯᠭᠠᠮ᠎ᠠ ᠰᠡᠳᠬᠢᠯᠭᠡ ᠪᠠᠷ ᠠᠵᠤ | ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠵᠤ᠂ ᠴᠢᠨᠠᠷ ᠰᠠᠶᠢᠲᠠᠢ ᠠᠮᠢᠳᠤᠷᠠᠯ ᠢ ᠡᠭᠦᠳᠴᠦ᠂ ᠥᠨᠳᠥᠷ ᠦᠷ᠎ᠡ ᠪᠦᠲᠦᠮᠵᠢᠲᠡᠢ ᠵᠠᠰᠠᠯᠲᠠ ᠶᠢ | ᠬᠡᠷᠡᠭᠵᠢᠭᠦᠯᠵᠦ᠂ ᠠᠮᠢ ᠠᠬᠤᠢ ᠶᠢᠨ ᠶᠠᠰᠤ ᠴᠢᠨᠠᠷ ᠨᠡᠩ ᠥᠨᠳᠥᠷ᠂ ᠬᠡᠯᠪᠡᠷᠢ ᠪᠠᠨ ᠬᠤᠪᠢᠷᠠᠭᠤᠯᠬᠤ ᠠᠯᠬᠤᠴᠠ ᠨᠡᠩ | ᠲᠦᠷᠭᠡᠨ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠨᠡᠩ ᠲᠡᠭᠦᠯᠳᠡᠷ᠂ ᠬᠤᠳᠠ ᠶᠢᠨ ᠴᠢᠳᠠᠪᠬᠢ ᠨᠡᠩ ᠴᠢᠩᠭ᠎ᠠ᠂ | ᠠᠮᠢᠳᠤᠷᠠᠯ ᠤᠨ ᠶᠠᠰᠤ ᠴᠢᠨᠠᠷ ᠨᠡᠩ ᠰᠢᠯᠢᠳᠡᠭ ᠪᠣᠯᠬᠤ ᠶᠢ ᠴᠢᠷᠮᠠᠶᠢᠨ ᠪᠡᠶᠡᠯᠡᠬᠦᠯᠦᠨ᠎ᠡ᠃ | — ᠠᠮᠢ ᠠᠬᠤᠢ ᠶᠢᠨ ᠶᠠᠰᠤ ᠴᠢᠨᠠᠷ ᠢ ᠨᠡᠩ ᠥᠨᠳᠥᠷ ᠪᠣᠯᠭᠠᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ | ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ | ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠬᠡᠷᠡᠭᠲᠡᠶ︾ | ᠭᠡᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠭᠡ | ᠬᠠᠮᠠᠭᠠᠯᠠᠯᠲᠠ ᠶᠢ ᠬᠠᠮᠲᠤ ᠪᠠᠷ ᠠᠳᠬᠤᠬᠤ᠂ ᠶᠡᠭᠡ ᠨᠡᠭᠡᠭᠡᠯᠲᠡ ᠬᠢᠬᠦ ᠦᠭᠡᠶ ᠪᠠᠶᠢᠬᠤ ᠶᠢ ᠲᠡᠮᠦᠷ ᠮᠡᠲᠦ ᠬᠠᠲᠠᠭᠤ | ᠳᠦᠷᠢᠮ ᠲᠣᠭᠲᠠᠭᠠᠯ ᠪᠠ ᠬᠠᠲᠠᠭᠤ ᠪᠠᠷᠢᠮᠵᠢᠶ᠎ᠠ ᠪᠣᠯᠭᠠᠨ ᠲᠣᠭᠲᠠᠭᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ | ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠠᠵᠢᠯᠯᠠᠭᠠᠨ ᠤ ᠤᠬᠠᠮᠰᠠᠷ ᠢᠶᠠᠷ ᠠᠮᠢ ᠠᠬᠤᠢ ᠶᠢ ᠬᠠᠮᠠᠭᠠᠯᠠᠨ | ᠰᠡᠷᠭᠦᠭᠡᠬᠦ᠂ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠵᠡᠷᠭᠡ ᠵᠢᠷᠭᠤᠭᠠᠨ ᠵᠦᠢᠯ ᠤᠨ ᠢᠨᠵᠧᠨᠧᠷᠢᠩ ᠢ | ᠬᠡᠷᠡᠭᠵᠢᠭᠦᠯᠵᠦ᠂ ᠬᠡᠪ ᠠᠴᠠ ᠳᠠᠪᠠᠭᠰᠠᠨ ᠠᠷᠭ᠎ᠠ ᠬᠡᠮᠵᠢᠶ᠎ᠡ ᠪᠠᠷ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ | ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ | ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ | ᠵᠠᠮᠨᠠᠨ᠎ᠠ᠃ | — ᠬᠡᠯᠪᠡᠷᠢ ᠪᠠᠨ ᠬᠤᠪᠢᠷᠠᠭᠤᠯᠬᠤ ᠠᠯᠬᠤᠭ᠎ᠠ ᠪᠠᠨ ᠨᠡᠩ ᠲᠦᠷᠭᠡᠳᠭᠡᠨ᠎ᠡ᠃ ᠠᠮᠢ ᠠᠬᠤᠶ ᠶᠢ ᠤᠷᠢᠳᠠᠪᠡᠷ | ᠪᠤᠲᠤᠯᠭᠢᠯᠠᠵᠤ᠂ ᠪᠣᠬᠢᠷᠲᠤᠯ ᠥᠬᠡᠶ ᠪᠠᠷ ᠬᠦᠭᠵᠢᠯᠳᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠦᠢᠯᠡᠳᠪᠦᠷᠢ ᠠᠭᠤᠷᠬᠠᠶ ᠶᠢᠨ ᠬᠤᠲᠠ ᠶᠢ ᠠᠮᠢ ᠠᠬᠤᠶ ᠶᠢᠨ ᠬᠤᠲᠠ᠂ ᠰᠢᠨ᠎ᠡ ᠶᠢ ᠡᠭᠦᠳᠬᠦ ᠬᠤᠲᠠ᠂ ᠤᠶᠤᠨᠲᠤ | ᠬᠤᠲᠠ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠤᠨ᠎ᠠ᠃ ᠡᠨᠧᠷᠭᠢ ᠶᠢᠨ ᠰᠤᠷᠪᠤᠯᠵᠢ ᠶᠢᠨ ᠡᠬᠢ ᠪᠠᠶᠠᠯᠢᠭ ᠢ | ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠠᠵᠢᠯ ᠢ ᠰᠠᠶᠢᠲᠤᠷ ᠬᠢᠵᠦ᠂ ᠨᠡᠭᠦᠷᠡᠰᠦᠨ ᠬᠡᠦᠷᠡᠰᠦ ᠶᠢᠨ ᠠᠵᠤ | ᠠᠬᠤᠶᠢᠯᠠᠯ ᠤᠨ ᠳᠠᠬᠢᠨ ᠵᠣᠬᠢᠶᠠᠨ ᠪᠠᠶᠢᠭᠤᠯᠵᠤ ᠬᠡᠯᠪᠡᠷᠢ ᠪᠠᠨ ᠬᠤᠪᠢᠷᠠᠭᠤᠯᠬᠤ᠂ ᠾᠯᠣᠷ ᠱᠦᠯᠲᠦ ᠶᠢᠨ ᠬᠢᠮᠢ ᠶᠢᠨ | ᠠᠵᠤ ᠦᠢᠯᠡᠳᠪᠦᠷᠢ ᠶᠢᠨ ᠬᠡᠯᠬᠢᠶᠡᠵᠢᠯ ᠢ ᠤᠷᠲᠤᠳᠬᠠᠨ ᠳᠡᠰ ᠳᠡᠪᠰᠢᠭᠦᠯᠵᠤ᠂ ᠨᠠᠷᠢᠯᠢᠭ ᠬᠢᠮᠢ ᠶᠢᠨ ᠠᠵᠤ | ᠦᠢᠯᠡᠳᠪᠦᠷᠢ ᠶᠢᠨ ᠠᠵᠤ ᠦᠢᠯᠡᠰ ᠤᠨ ᠬᠥᠭᠵᠢᠯᠲᠡ ᠶᠢ ᠰᠠᠶᠢᠲᠤᠷ ᠠᠳᠬᠤᠵᠤ᠂ ᠰᠢᠨ᠎ᠡ ᠮᠠᠲ᠋ᠧᠷᠢᠶᠠᠯ᠂ ᠲᠣᠨᠤᠭ | ᠲᠥᠬᠦᠭᠡᠷᠦᠮᠵᠢ ᠦᠢᠯᠡᠳᠬᠦ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ᠂ ᠠᠮᠢᠳᠤ ᠪᠣᠳᠠᠰ ᠤᠨ ᠡᠮ | ᠡᠮᠨᠡᠯᠭᠡ ᠵᠡᠷᠭᠡ ᠨᠢᠭᠡ ᠪᠦᠯᠦᠭ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ ᠠᠵᠤ | ᠦᠢᠯᠡᠰ ᠤᠨ ᠰᠦᠷᠦᠭᠵᠢᠯ ᠢ ᠪᠣᠶ ᠪᠣᠯᠭᠠᠵᠤ᠂ ᠲᠣᠭᠠᠴᠢᠯᠠᠭᠰᠠᠨ ᠠᠵᠤ ᠠᠬᠤᠶ ᠪᠠᠷ ᠡᠨᠧᠷᠭᠢ ᠣᠯᠭᠤᠵᠤ | ᠤᠯᠠᠮᠵᠢᠯᠠᠯᠲᠤ ᠠᠵᠤ ᠦᠢᠯᠡᠰ ᠢ ᠥᠭᠡᠷᠡᠴᠢᠯᠡᠨ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠴᠢᠨᠠᠷ ᠰᠠᠶᠢᠲᠠᠶ | ᠤᠨᠴᠠᠯᠢᠭᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠣᠯᠠᠨ ᠲᠦᠢᠯ ᠢᠶᠠᠷ ᠲᠤᠯᠭᠠᠭᠤᠷᠢᠯᠠᠭᠰᠠᠨ᠂ ᠣᠯᠠᠨ | ᠡᠰᠢᠴᠢᠯᠡᠨ ᠬᠥᠭᠵᠢᠭᠰᠡᠨ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠤᠨ᠎ᠠ᠃ | — ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢ ᠨᠡᠩ ᠲᠡᠭᠦᠯᠳᠡᠷ ᠪᠣᠯᠭᠠᠨ᠎ᠠ᠃ ᠰᠢᠨ᠎ᠡ ᠶᠢ ᠡᠭᠦᠳᠬᠦ ᠶᠢ | ᠡᠬᠢ ᠪᠠᠶᠠᠯᠢᠭ ᠰᠢᠪᠬᠠᠷᠤᠭᠰᠠᠨ ᠬᠡᠯᠪᠡᠷᠢ ᠶᠢᠨ ᠬᠤᠲᠠ ᠶᠢᠨ ᠬᠡᠯᠪᠡᠷᠢ ᠪᠠᠨ ᠬᠤᠪᠢᠷᠠᠭᠤᠯᠬᠤ ᠦᠨᠳᠦᠰᠦᠨ ᠭᠠᠷᠬᠤ ᠵᠠᠮ | ᠪᠣᠯᠭᠠᠵᠤ᠂ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ | ᠬᠡᠷᠡᠭᠵᠢᠭᠦᠯᠬᠦ ᠪᠠᠷ ᠶᠡᠷᠦᠩᠬᠡᠶᠢᠯᠡᠨ ᠵᠢᠯᠣᠭᠤᠳᠤᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠷᠣᠭᠤᠯᠤᠯᠲᠠ ᠶᠢᠨ | ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠥᠪ ᠲᠤ ᠲᠦᠰᠢᠭᠯᠡᠨ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ | ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠬᠡᠷᠡᠭᠯᠡᠯᠲᠡ ᠶᠢ ᠭᠦᠨᠵᠡᠭᠡᠢ ᠠᠭᠤᠰᠤᠯᠴᠠᠭᠤᠯᠤᠨ | ᠰᠢᠨ᠎ᠡ ᠶᠢ ᠡᠭᠦᠳᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ | ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ ᠰᠢᠨ᠎ᠡ ᠶᠢ ᠡᠭᠦᠳᠬᠦ ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ ᠶᠢ | ᠡᠭᠦᠳᠬᠦ ᠬᠡᠯᠬᠢᠶ᠎ᠡ ᠪᠠ ᠠᠵᠤ ᠦᠢᠯᠡᠰ ᠤᠨ ᠬᠡᠯᠬᠢᠶ᠎ᠡ ᠶᠢ ᠤᠨᠢᠨ ᠳᠡᠭᠡᠷ᠎ᠡ ᠨᠢ ᠵᠣᠯᠭᠠᠭᠤᠯᠤᠭᠰᠠᠨ᠂ ᠬᠠᠷᠢᠯᠴᠠᠨ | ᠠᠭᠤᠰᠤᠯᠴᠠᠭᠤᠯᠤᠨ ᠬᠠᠷᠢᠯᠴᠠᠨ ᠠᠬᠢᠭᠤᠯᠤᠭᠰᠠᠨ ᠰᠢᠨ᠎ᠡ ᠶᠢ ᠡᠭᠦᠳᠬᠦ ᠰᠠᠶᠢᠨ ᠰᠠᠶᠢᠬᠠᠨ ᠠᠮᠢ ᠠᠬᠤᠢ ᠶᠢ | ᠪᠠᠶᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢᠨ ᠡᠯᠧᠮᠧᠨ᠋ᠲ ᠢᠶᠠᠷ ᠬᠥᠳᠡᠯᠭᠡᠭᠦᠷ ᠪᠣᠯᠭᠠᠵᠤ | ᠪᠠᠶᠢᠭᠰᠠᠨ ᠠᠴᠠ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠲᠡᠰᠢ ᠬᠤᠪᠢᠷᠠᠬᠤ ᠶᠢ ᠠᠯᠬᠤᠮ ᠠᠯᠬᠤᠮ ᠢᠶᠠᠷ | ᠠᠬᠢᠭᠤᠯᠤᠨ᠎ᠠ᠃ | — ᠬᠤᠳᠠ ᠶᠢᠨ ᠴᠢᠳᠠᠪᠬᠢ ᠶᠢ ᠨᠡᠩ ᠴᠢᠩᠭᠠᠳᠬᠠᠨ᠎ᠠ᠃ ᠬᠥᠮᠦᠨ ᠢᠶᠠᠷ ᠭᠤᠤᠯᠯᠠᠭᠤᠯᠤᠭᠰᠠᠨ ᠰᠢᠨ᠎ᠡ | ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠶ ᠠᠬᠢᠭᠤᠯᠵᠤ᠂ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠂ ᠪᠢᠨ ᠾᠧ ᠶᠢᠨ ᠬᠤᠶᠠᠳᠤᠭᠠᠷ ᠬᠤᠭᠤᠴᠠᠭ᠎ᠠ ᠶᠢ ᠪᠥᠬᠦ | ᠲᠠᠯ᠎ᠠ ᠪᠠᠷ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠵᠤ᠂ ᠬᠤᠲᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠪᠥᠬᠦ | ᠲᠠᠯ᠎ᠠ ᠪᠠᠷ ᠬᠡᠷᠡᠭᠵᠢᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠥᠬᠦ ᠲᠠᠯ᠎ᠠ ᠪᠠᠷ ᠠᠬᠢᠭᠤᠯᠵᠤ | ᠂ ᠬᠤᠲᠠ ᠶᠢᠨ ᠳᠠᠭᠠᠭᠠᠬᠤ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠵᠦ᠂ ᠡᠷᠬᠢᠨ ᠲᠣᠭᠤᠷᠢᠨ ᠤ ᠭᠠᠵᠠᠷ ᠣᠷᠣᠨ ᠢ | ᠨᠥᠯᠥᠭᠡᠯᠡᠬᠦ ᠬᠦᠴᠦᠨ ᠳᠠᠶᠢᠴᠢᠯᠠᠬᠤ ᠬᠦᠴᠦᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ | ᠣᠷᠣᠨ ᠤ ᠪᠠᠷᠠᠭᠤᠨ ᠬᠡᠰᠡᠭ ᠤᠨ ᠰᠢᠨ᠎ᠡ ᠨᠡᠮᠡᠭᠳᠡᠯ ᠤᠨ ᠲᠦᠢᠯ ᠢ ᠪᠣᠶ ᠪᠣᠯᠭᠠᠨ᠎ᠠ᠃ | — ᠠᠮᠢᠳᠤᠷᠠᠯ ᠤᠨ ᠴᠢᠨᠠᠷ ᠴᠢᠨᠰᠠᠭ᠎ᠠ ᠶᠢ ᠨᠠᠩ ᠰᠢᠯᠢᠳᠡᠭ ᠪᠣᠯᠭᠠᠨ᠎ᠠ᠃ ᠠᠷᠠᠳ ᠲᠦᠮᠡᠨ ᠢ ᠢᠮᠠᠭᠲᠠ | ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠬᠤᠷᠢᠭ᠎ᠠ ᠱᠤᠭᠤᠮ ᠢ ᠪᠠᠲᠤ ᠰᠠᠬᠢᠵᠤ᠂ | ᠭᠤᠣᠯᠳᠠᠯᠭ᠎ᠠ ᠶᠢ ᠳᠣᠪᠤᠶᠢᠯᠭᠠᠨ ᠳᠦᠷᠢᠮ ᠢ ᠲᠡᠭᠦᠯᠳᠡᠷᠵᠢᠭᠦᠯᠵᠦ᠂ ᠵᠢᠱᠢᠯᠲᠡ ᠶᠢ ᠬᠥᠲᠥᠯᠥᠨ ᠵᠢᠯᠣᠭᠤᠳᠴᠤ᠂ ᠨᠡᠩ | ᠪᠣᠳᠠᠲᠠᠢ ᠠᠷᠭ᠎ᠠ ᠬᠡᠮᠵᠢᠶ᠎ᠠ ᠪᠠᠷ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠵᠦ᠂ ᠨᠡᠩ | ᠥᠨᠳᠥᠷ ᠲᠦᠪᠰᠢᠨ ᠢᠶᠠᠷ ᠨᠡᠶᠢᠭᠡᠮ ᠤᠨ ᠪᠠᠲᠤᠯᠠᠭ᠎ᠠ ᠶᠢ ᠴᠢᠩᠭᠠᠳᠬᠠᠵᠤ᠂ ᠨᠡᠩ ᠶᠡᠭᠡ ᠡᠷᠴᠢᠮ ᠢᠶᠠᠷ ᠤᠯᠠᠨ | ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠨᠡᠩ ᠥᠨᠳᠥᠷ ᠪᠠᠷᠢᠮᠵᠢᠶ᠎ᠠ ᠪᠠᠷ ᠬᠤᠳᠠ ᠶᠢᠨ | ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠴᠦ᠂ ᠰᠤᠷᠭᠠᠨ ᠬᠥᠮᠦᠵᠢᠯ᠂ ᠡᠮᠴᠢᠯᠡᠭᠡ᠂ | ᠨᠠᠰᠤᠵᠢᠯ ᠤᠨ ᠠᠰᠠᠷᠠᠮᠵᠢ᠂ ᠣᠷᠣᠨ ᠰᠠᠭᠤᠴᠠ ᠵᠡᠷᠭᠡ ᠡᠯ᠎ᠡ ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠪᠦᠬᠦ | ᠲᠠᠯ᠎ᠠ ᠪᠠᠷ ᠰᠠᠶᠢᠵᠢᠷᠠᠭᠤᠯᠵᠤ᠂ ᠪᠦᠬᠦ ᠬᠤᠳᠠ ᠶᠢᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ | ᠰᠢᠨ᠎ᠡ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠨ᠎ᠠ᠃ | 2035 ᠣᠨ ᠳᠤ᠂ ᠦᠬᠠᠶ ᠬᠤᠲᠠ ᠪᠥᠬᠦ ᠤᠯᠤᠰ᠂ ᠪᠥᠬᠦ ᠣᠷᠣᠨ ᠲᠠᠢ ᠬᠠᠮᠲᠤ ᠪᠠᠷ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠬᠦ ᠪᠣᠯᠤᠨ᠎ᠠ᠃ ᠲᠡᠷᠡ ᠦᠶ᠎ᠡ ᠪᠣᠯᠬᠤ ᠳᠤ᠂ ᠮᠠᠨ ᠤ ᠬᠤᠲᠠ ᠶᠢᠨ | ᠶᠡᠷᠦᠩᠬᠡᠶᠢᠯᠡᠭᠰᠡᠨ ᠠᠵᠤ ᠠᠬᠤᠶ ᠶᠢᠨ ᠪᠣᠳᠠᠲᠤ ᠬᠦᠴᠦᠨ ᠶᠡᠭᠡ ᠪᠠᠷ ᠳᠡᠭᠡᠭᠰᠢᠯᠡᠵᠦ᠂ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠪᠣᠳᠠᠲᠤ ᠬᠦᠴᠦᠨ ᠲᠠᠰᠤᠷᠠᠯᠲᠠ ᠦᠭᠡᠢ ᠴᠢᠩᠭᠠᠷᠠᠵᠤ᠂ ᠰᠢᠨ᠎ᠡ ᠬᠡᠯᠪᠡᠷᠢ ᠶᠢᠨ | ᠠᠵᠤ ᠦᠢᠯᠡᠳᠪᠦᠷᠢᠵᠢᠯᠲᠡ᠂ ᠮᠡᠳᠡᠭᠡ ᠵᠠᠩᠬᠢᠴᠢᠯᠠᠯᠳᠠ᠂ ᠬᠤᠲᠠ ᠪᠠᠯᠭᠠᠰᠤᠵᠢᠯᠲᠠ᠂ ᠲᠠᠷᠢᠶᠠᠯᠠᠩ ᠤᠨ | ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠬᠢᠷᠲᠤᠯ ᠦᠭᠡᠢ ᠬᠥᠭᠵᠢᠯᠲᠡ ᠶᠢᠨ ᠬᠢᠷᠢ ᠲᠦᠪᠰᠢᠨ | ᠶᠡᠭᠡ ᠪᠠᠷ ᠳᠡᠭᠡᠭᠰᠢᠯᠡᠵᠦ᠂ ᠬᠥᠮᠦᠨ ᠳᠤᠮᠳᠠᠴᠢ ᠶᠢᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠶ | ᠥᠷᠲᠡᠭ ᠪᠦᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠬᠥᠮᠦᠨ ᠤ ᠪᠦᠬᠦ ᠲᠠᠯ᠎ᠠ ᠶᠢᠨ ᠬᠥᠭᠵᠢᠯᠲᠡ᠂ ᠠᠷᠠᠳ | ᠲᠦᠮᠡᠨ ᠤ ᠬᠠᠮᠲᠤ ᠶᠢᠨ ᠴᠢᠨᠡᠭᠡᠯᠢᠭᠵᠢᠯ ᠨᠡᠩ ᠢᠯᠡᠷᠬᠡᠶ ᠪᠣᠳᠠᠲᠤ ᠠᠬᠢᠯᠲᠠ ᠲᠠᠢ ᠪᠣᠯᠤᠨ᠎ᠠ᠃ ᠲᠥᠯᠥᠭᠡᠯᠡᠭᠴᠢᠳ ᠡ᠂ | ᠪᠢᠳᠡ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ | ᠳᠤ ᠠᠩᠬᠠᠷᠣᠯ ᠢᠶᠠᠨ ᠲᠦᠪᠯᠡᠷᠡᠭᠦᠯᠵᠦ᠂ ᠬᠦᠴᠢᠷ ᠢ ᠰᠦᠷᠦᠨ ᠤᠷᠤᠭᠰᠢᠯᠠᠵᠤ᠂ ᠵᠠᠮ ᠨᠡᠭᠡᠭᠡᠨ ᠲᠠᠪᠰᠢᠵᠦ᠂ | ᠬᠦᠴᠦᠯᠡᠨ ᠴᠢᠷᠮᠠᠶᠢᠵᠤ ᠦᠢᠯᠡᠰ ᠪᠦᠲᠦᠭᠡᠨ᠂ ᠬᠠᠷᠢᠭᠤᠴᠠᠯᠭ᠎ᠠ ᠡᠭᠦᠷᠭᠡᠯᠡᠵᠦ ᠴᠢᠳᠠᠮᠠᠭᠠᠶ ᠪᠠᠷ ᠠᠵᠢᠯᠯᠠᠳᠠᠭ ᠯᠠ ᠶᠤᠮ | ᠪᠣᠯ ᠡᠬᠢ ᠪᠠᠶᠠᠯᠢᠭ ᠤᠨ ᠬᠡᠯᠪᠡᠷᠢ ᠶᠢᠨ ᠬᠤᠳᠠ ᠪᠣᠯᠬᠤ ᠦᠬᠠᠶ ᠶᠢ ᠯᠠᠪᠲᠠᠶ ᠭᠠᠷᠤᠳᠢ ᠭᠠᠯᠪᠢᠩᠭ᠎ᠠ ᠨᠢᠷᠸᠠᠨ | ᠲᠦᠷᠢᠯᠡᠵᠦ᠂ ᠭᠠᠯ ᠳᠤ ᠲᠠᠪᠳᠠᠭᠳᠠᠨ ᠲᠠᠬᠢᠨ ᠠᠮᠢᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠠᠮᠢ ᠠᠬᠤᠶ ᠶᠢ | ᠣᠷᠢᠳᠠᠪᠡᠷ ᠪᠤᠲᠤᠯᠭᠢᠯᠠᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠦ ᠴᠢᠳᠠᠬᠤ | ᠶᠤᠮ︕ | ᠭᠤᠷᠪᠠ᠂ 2021 ᠣᠨ ᠤ ᠠᠵᠢᠯ ᠤᠨ ᠲᠤᠬᠢᠷᠠᠭᠤᠯᠤᠯᠳᠠ | ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠮᠥᠨ᠂ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠦᠬᠦ ᠵᠢᠯ ᠤᠨ | ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠡᠨᠡ ᠵᠢᠯ ᠤᠨ ᠵᠠᠰᠠᠭ ᠤᠨ | ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ | ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ | ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠵᠤ᠂ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ | ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ᠂ ᠠᠷᠠᠳ ᠲᠦᠮᠡᠨ ᠤ ᠡᠳᠦᠷ ᠢᠷᠡᠬᠦᠶ᠎ᠡ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ | ᠪᠣᠯᠭᠠᠵᠤ᠂ ᠰᠢᠰᠲ᠋ᠧᠮᠲᠦ ᠦᠵᠡᠯᠲᠡ ᠪᠠᠨ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠭᠵᠢᠯᠲᠡ ᠪᠠ ᠠᠮᠤᠷ | ᠲᠦᠪᠰᠢᠨ ᠢ ᠨᠡᠩ ᠰᠠᠶᠢᠲᠤᠷ ᠨᠢᠭᠡᠳᠦᠯᠲᠡᠶ ᠲᠥᠯᠥᠪᠯᠡᠵᠦ᠂ ︽ᠵᠢᠷᠭᠤᠭ᠎ᠠ ᠶᠢ ᠲᠤᠭᠳᠠᠪᠤᠷᠢᠵᠢᠭᠤᠯᠬᠤ︾ ᠠᠵᠢᠯ ᠢ | ᠯᠠᠪᠳᠠᠭᠤᠨ ᠪᠠᠲᠤᠲᠠᠶ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠠᠵᠤ ᠠᠬᠤᠶ ᠶᠢᠨ ᠠᠵᠢᠯᠯᠠᠭᠠᠨ ᠢ ᠵᠦᠢ ᠵᠣᠬᠢᠰᠲᠠᠶ ᠣᠷᠣᠨ ᠪᠠᠶᠢᠷᠢ ᠳᠤ ᠪᠠᠶᠢᠯᠭᠠᠬᠤ ᠶᠢ | ᠴᠢᠷᠮᠠᠶᠢᠨ ᠪᠠᠲᠤᠯᠠᠵᠤ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠪᠠᠶᠢᠯᠳᠤᠬᠤ ᠪᠤᠳᠤᠯᠭ᠎ᠠ ᠶᠢ ᠪᠠᠷᠢᠮᠲᠠᠯᠠᠨ᠂ | ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠯᠳᠤᠬᠤ ᠪᠤᠳᠤᠯᠭ᠎ᠠ ᠶᠢᠨ ᠲᠤᠯᠭᠠᠭᠤᠷᠢᠯᠠᠯ ᠢ ᠴᠢᠩᠭᠠᠳᠬᠠᠵᠤ᠂ ᠥᠨᠳᠥᠷ | ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠳᠡ ᠶᠢ ᠥᠷᠭᠡᠳᠬᠡᠵᠦ᠂ ᠠᠵᠤ ᠦᠢᠯᠡᠰ᠂ ᠬᠤᠳᠠ ᠶᠢᠨ ᠬᠡᠯᠪᠡᠷᠢ ᠪᠠᠨ | ᠬᠤᠪᠢᠷᠠᠭᠤᠯᠤᠨ ᠬᠦᠭᠵᠢᠬᠦᠯᠬᠦ ᠶᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠠᠮᠢ ᠠᠬᠤᠶ ᠶᠢ ᠤᠷᠢᠳᠠᠪᠡᠷ | ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠵᠤ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃ | ᠳᠡᠭᠡᠷ᠎ᠡ ᠳᠤᠷᠠᠳᠤᠭᠰᠠᠨ ᠶᠡᠷᠦᠩᠬᠡᠶ ᠱᠠᠭᠠᠷᠳᠠᠯᠭ᠎ᠠ ᠶᠣᠰᠣᠭᠠᠷ᠂ ᠡᠯ᠎ᠡ ᠲᠠᠯ᠎ᠠ ᠶᠢᠨ ᠬᠦᠴᠦᠨ ᠵᠦᠢᠯ ᠢ | ᠪᠣᠳᠣᠯᠬᠢᠯᠠᠨ᠂ ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠵᠢᠱᠢᠭᠰᠡᠨ ᠬᠠᠷᠠᠯᠲᠠ ᠶᠢ | ᠲᠣᠭᠲᠠᠭᠠᠪᠠ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠦᠷᠳᠡᠭ ᠢ 6.5% ᠣᠷᠴᠢᠮ ᠢᠶᠠᠷ | ᠨᠡᠮᠡᠭᠳᠡᠭᠦᠯᠦᠨ᠎ᠡ︔ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 5% ᠶᠢᠨ | ᠳᠣᠲᠣᠷ᠎ᠠ ᠬᠢᠵᠠᠭᠠᠷᠯᠠᠨ᠎ᠠ︔ ᠰᠠᠭᠤᠭᠠᠯᠢ ᠠᠷᠠᠳ ᠤᠨ ᠬᠡᠷᠡᠭᠯᠡᠭᠡᠨ ᠤ ᠦᠨ᠎ᠡ ᠶᠢ 3% ᠣᠷᠴᠢᠮ ᠥᠰᠬᠡᠨ᠎ᠡ︔ | ᠰᠠᠭᠤᠭᠠᠯᠢ ᠠᠷᠠᠳ ᠤᠨ ᠣᠷᠣᠯᠭ᠎ᠠ ᠲᠣᠭᠲᠠᠭᠤᠨ ᠢᠶᠠᠷ ᠨᠡᠮᠡᠭᠳᠡᠬᠦᠯᠦᠨ᠎ᠡ︔ ᠨᠢᠭᠡᠴᠢ ᠭᠠᠵᠠᠷ ᠣᠷᠣᠨ ᠤ | ᠦᠢᠯᠡᠳᠪᠦᠷᠢᠯᠡᠯ ᠤᠨ ᠪᠦᠬᠦ ᠦᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3% ᠪᠠᠷ ᠪᠠᠭᠤᠷᠠᠭᠤᠯᠵᠤ᠂ ᠭᠤᠣᠯ | ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠤᠷᠠᠭᠤᠯᠤᠨ᠎ᠠ᠃ ᠬᠡᠪᠴᠢᠶᠡᠵᠢᠯ ᠠᠴᠠ | ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ᠂ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ | ᠬᠤᠳᠠᠯᠳᠤᠬᠤ ᠶᠡᠷᠦᠩᠬᠡᠶ ᠲᠤᠭᠠᠨ ᠤ ᠬᠦᠢᠴᠡᠳᠬᠡᠯ ᠲᠤᠭ᠎ᠠ ᠶᠢ ᠲᠣᠰ ᠲᠣᠰ 8%᠂ 5%᠂ 2%᠂ 5% ᠪᠠᠷ | ᠨᠡᠮᠡᠭᠳᠡᠭᠦᠯᠬᠦ ᠪᠠᠷ ᠡᠵᠡᠮᠰᠢᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠢᠳᠡ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠬᠦ ᠶᠢᠨ | ᠲᠣᠭᠤᠷᠢᠨ ᠳᠤ᠂ ᠳᠣᠣᠷᠠᠬᠢ ᠶᠢᠰᠦᠨ ᠲᠠᠯ᠎ᠠ ᠶᠢᠨ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠨ᠎ᠠ᠄ | | ︵ᠨᠢᠭᠡ︶ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠨ᠎ᠠ | ᠰᠢ ᠶᠢᠨ ᠫᠢᠩ ᠶᠡᠷᠦᠩᠬᠡᠶ ᠱᠦᠵᠢ ᠶᠢᠨ ︽ᠦᠬᠠᠶ ᠵᠢᠴᠢ ᠡᠷᠭᠢᠨ ᠲᠣᠭᠤᠷᠢᠨ ᠤ ᠭᠠᠵᠠᠷ ᠣᠷᠣᠨ ᠵᠡᠷᠭᠡ | ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ | ᠬᠦᠴᠦᠯᠡᠨ ᠰᠠᠶᠢᠲᠤᠷ ᠠᠳᠬᠤᠬᠤ︾ ᠲᠤᠬᠠᠶ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠰᠢᠰᠲ᠋ᠧᠮᠲᠦ ᠰᠡᠳᠬᠢᠬᠦᠢ ᠶᠢ ᠪᠠᠷᠢᠮᠲᠠᠯᠠᠵᠤ᠂ ᠠᠮᠢ ᠠᠬᠤᠢ ᠶᠢᠨ ᠬᠤᠷᠢᠭ᠎ᠠ ᠱᠤᠭᠤᠮ ᠢ ᠪᠠᠲᠤ | ᠰᠠᠬᠢᠵᠤ᠂ ᠪᠠᠭᠠᠲᠤᠷ ᠡᠷ᠎ᠡ ᠪᠠᠭᠤᠤ ᠪᠠᠨ ᠴᠠᠪᠴᠢᠬᠤ ᠡᠷᠡᠰ ᠵᠣᠷᠢᠭ᠂ ᠦᠬᠦᠨ ᠪᠠᠶᠢᠯᠳᠤᠬᠤ ᠰᠥᠰᠥ ᠵᠣᠷᠢᠭ᠂ | ᠬᠤᠳᠠ ᠶᠢ ᠳᠠᠭᠠᠷᠢᠵᠤ ᠴᠠᠶᠢᠵᠠ ᠶᠢ ᠡᠵᠡᠯᠡᠬᠦ ᠡᠷᠴᠢ ᠵᠣᠷᠢᠭ ᠢᠶᠠᠷ ᠠᠮᠢ ᠠᠬᠤᠢ ᠶᠢᠨ ᠣᠷᠴᠢᠨ ᠲᠣᠭᠤᠷᠢᠨ ᠢ | ᠶᠡᠷᠦᠩᠬᠡᠶᠢᠯᠡᠨ ᠵᠠᠰᠠᠬᠤ ᠶᠢ ᠴᠢᠩᠭ᠎ᠠ ᠠᠳᠬᠤᠵᠤ᠂ ᠡᠬᠢ ᠡᠭᠦᠰᠦᠯ ᠠᠴᠠ ᠨᠢ ᠬᠡᠮᠵᠢᠶ᠎ᠡ ᠶᠢ ᠪᠠᠭᠠᠰᠬᠠᠬᠤ᠂ ᠪᠦᠬᠦ | ᠶᠠᠪᠤᠴᠠ ᠳᠤ ᠴᠢᠩᠭ᠎ᠠ ᠬᠠᠮᠢᠶᠠᠷᠬᠤ᠂ ᠬᠠᠷᠠᠯᠲᠠ ᠶᠢ ᠬᠡᠳᠡᠷᠬᠦ ᠰᠢᠬᠠᠬᠤ ᠶᠢ ᠬᠡᠷᠡᠭᠵᠢᠭᠦᠯᠵᠦ᠂ ᠠᠮᠢ ᠠᠬᠤᠢ ᠶᠢ | ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ | ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ᠃ ᠪᠣᠬᠢᠷᠲᠤᠯ ᠢ ᠵᠠᠰᠠᠬᠤ ᠥᠨᠳᠥᠷ ᠳᠠᠷᠤᠯᠲᠠ ᠶᠢᠨ | ᠪᠠᠶᠢᠳᠠᠯ ᠢ ᠪᠠᠲᠤᠯᠠᠨ᠎ᠠ᠃ ᠥᠪᠡᠷᠲᠡᠭᠡᠨ ᠵᠠᠰᠠᠬᠤ ᠣᠷᠣᠨ ᠤ ︽ᠦᠬᠠᠶ ᠵᠢᠴᠢ ᠡᠷᠬᠢᠨ ᠲᠣᠭᠤᠷᠢᠨ ᠤ ᠭᠠᠵᠠᠷ ᠣᠷᠣᠨ ᠤ | ᠠᠮᠢ ᠠᠬᠤᠶ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠢᠨ ᠬᠡᠷᠡᠭᠵᠢᠭᠦᠯᠬᠦ ᠲᠥᠰᠦᠯ︾ ︽ᠦᠬᠠᠶ ᠵᠢᠴᠢ | ᠡᠷᠬᠢᠨ ᠲᠣᠭᠤᠷᠢᠨ ᠤ ᠭᠠᠵᠠᠷ ᠣᠷᠣᠨ ᠤ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠲᠦᠷᠢᠮ︾ ᠤᠨ | ᠪᠠᠷᠢᠮᠵᠢᠶ᠎ᠠ ᠲᠠᠢ ᠬᠠᠷᠭᠤᠭᠤᠯᠵᠤ᠂ ᠭᠤᠷᠪᠠᠨ ᠵᠢᠯ ᠤᠨ ᠠᠵᠢᠯᠯᠠᠭᠠᠨ ᠤ ᠲᠥᠰᠦᠯ ᠢ ᠲᠣᠭᠲᠠᠭᠠᠨ ᠨᠡᠶᠢᠲᠡᠯᠡᠵᠦ᠂ | ᠡᠭᠦᠷᠭᠡ ᠪᠠᠨ ᠤᠯᠠᠮ ᠨᠢᠭᠡ ᠠᠯᠬᠤᠮ ᠨᠠᠷᠢᠯᠢᠬᠵᠢᠭᠤᠯᠤᠨ᠂ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ | ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠎ᠠ᠃ ᠠᠭᠤᠷᠬᠠᠶ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ | ᠲᠣᠭᠤᠰᠣ ᠶᠢ ᠪᠠᠭᠤᠷᠠᠭᠤᠯᠬᠤ᠂ ᠨᠡᠭᠦᠷᠡᠰᠦ ᠶᠢ ᠪᠠᠭᠠᠰᠬᠠᠬᠤ᠂ ᠲᠡᠷᠭᠡ ᠶᠢ ᠡᠵᠡᠮᠳᠡᠬᠦ ︽ᠲᠠᠪᠤᠨ ᠬᠠᠮᠢᠶᠠᠷᠤᠯᠲᠠ ᠶᠢ | ᠵᠡᠷᠭᠡ ᠪᠠᠷ ᠠᠳᠬᠤᠬᠤ︾ ᠶᠢ ᠪᠠᠷᠢᠮᠲᠠᠯᠠᠵᠤ᠂ ᠠᠭᠠᠷ ᠮᠠᠨᠳᠠᠯ ᠤᠨ ᠪᠣᠬᠢᠷᠲᠤᠯ ᠤᠨ ᠲᠣᠪᠤᠶᠢᠮ᠎ᠠ ᠠᠰᠠᠭᠤᠳᠠᠯ ᠢ ᠪᠥᠬᠦ | ᠬᠦᠴᠦᠨ ᠢᠶᠠᠷ ᠢᠶᠠᠨ ᠰᠢᠪᠲᠤᠯᠵᠤ᠂ ᠥᠪᠡᠷᠲᠡᠭᠡᠨ ᠵᠠᠰᠠᠬᠤ ᠣᠷᠣᠨ ᠠᠴᠠ ᠪᠠᠭᠤᠯᠭᠠᠭᠰᠠᠨ ᠠᠭᠠᠷ ᠤᠨ ᠶᠠᠰᠤ | ᠴᠢᠨᠠᠷ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠠᠭᠤᠷᠬᠠᠶ ᠶᠢᠨ ᠣᠷᠣᠨ ᠤ ᠣᠷᠴᠢᠨ | ᠲᠣᠭᠤᠷᠢᠨ ᠢ ᠶᠡᠷᠦᠩᠬᠡᠶᠢᠯᠡᠨ ᠵᠠᠰᠠᠬᠤ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠵᠠᠳᠠᠭᠠᠶ ᠮᠠᠯᠲᠠᠭᠰᠠᠨ | ᠨᠦᠬᠡ ᠶᠢᠨ ᠳᠣᠲᠣᠷ᠎ᠠ ᠭᠠᠳᠠᠭᠰᠢᠯᠠᠭᠤᠯᠬᠤ᠂ ᠮᠠᠯᠲᠠᠭᠰᠠᠨ ᠨᠦᠬᠡ ᠶᠢ ᠡᠭᠡᠭᠦᠯᠦᠨ ᠪᠥᠭᠯᠡᠬᠦ᠂ ᠭᠠᠯ ᠤᠨ ᠴᠢᠭ ᠢ | ᠵᠠᠰᠠᠬᠤ ᠵᠡᠷᠭᠡ ᠭᠤᠤᠯᠳᠠᠯᠭ᠎ᠠ ᠲᠠᠢ ᠡᠭᠦᠷᠭᠡ ᠶᠢ ᠰᠠᠶᠢᠲᠤᠷ ᠠᠳᠬᠤᠵᠤ᠂ ᠭᠤᠤᠯ ᠴᠣᠭᠴᠠ ᠶᠢᠨ ᠭᠠᠯ ᠤᠨ ᠴᠢᠭ ᠢ | ᠵᠠᠰᠠᠵᠤ ᠪᠦᠲᠦᠮᠵᠢ ᠤᠯᠤᠭᠰᠠᠨ ᠦᠭᠡᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠶ ᠶᠢᠨ ᠤᠷᠤᠨ ᠤ | ᠣᠷᠴᠢᠨ ᠲᠣᠭᠤᠷᠢᠨ ᠢ ᠰᠡᠷᠭᠦᠭᠡᠨ ᠵᠠᠰᠠᠬᠤ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ 5 | ᠪᠣᠬᠢᠷᠲᠤᠯ ᠥᠬᠡᠶ ᠠᠭᠤᠷᠬᠠᠶ ᠶᠢ ᠰᠢᠨ᠎ᠡ ᠪᠠᠷ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠪᠣᠬᠢᠷᠲᠤᠯ ᠢ ᠭᠦᠨᠵᠡᠭᠡᠢ | ᠵᠠᠰᠠᠵᠤ᠂ ᠭᠤᠣᠯᠳᠠᠯᠭ᠎ᠠ ᠲᠠᠢ ᠠᠵᠢᠯ ᠲᠦᠷᠦᠯ ᠤᠨ ᠣᠨᠴᠠᠭᠠᠢ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠤᠨ | ᠥᠭᠡᠷᠡᠴᠢᠯᠡᠯᠲᠡ ᠶᠢᠨ 24 ᠲᠦᠷᠦᠯ ᠵᠦᠢᠯ᠂ ᠳᠡᠭᠳᠡᠮᠡᠬᠡᠢ ᠴᠢᠨᠠᠷᠲᠠᠢ ᠣᠷᠭᠠᠨᠢᠭ ᠪᠣᠳᠠᠰ ᠤᠨ ᠵᠠᠰᠠᠯᠲᠠ ᠶᠢᠨ 18 | ᠲᠦᠷᠦᠯ ᠵᠦᠢᠯ ᠢ ᠬᠡᠷᠡᠭᠵᠢᠭᠦᠯᠵᠦ᠂ ᠵᠢᠶᠠᠨ ᠯᠦᠩ ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ | ᠤᠨ ᠲᠦᠷᠦᠯ ᠵᠦᠢᠯ ᠤᠨ ᠬᠡᠳᠦ ᠳᠣᠣᠷ᠎ᠠ ᠭᠠᠳᠠᠭᠰᠢᠯᠠᠭᠤᠯᠤᠯᠲᠠ ᠶᠢᠨ ᠥᠭᠡᠷᠡᠴᠢᠯᠡᠯᠲᠡ ᠶᠢ ᠠᠬᠢᠭᠤᠯᠵᠤ᠂ | ᠭᠤᠣᠯᠳᠠᠯᠭ᠎ᠠ ᠲᠠᠢ ᠬᠦᠷᠢᠶᠡᠨ ᠤ ᠦᠢᠯᠡᠳᠪᠦᠷᠢᠯᠡᠯ ᠤᠨ ᠤᠷᠬᠢᠯ ᠢ ᠵᠥᠷᠢᠭᠦᠯᠦᠨ ᠬᠠᠮᠢᠶᠠᠷᠤᠨ ᠡᠵᠡᠮᠳᠡᠬᠦ ᠶᠢ | ᠴᠢᠩᠳᠠᠯᠠᠨ᠎ᠠ᠃ ᠠᠭᠤᠷᠬᠠᠶ ᠶᠢᠨ ᠣᠷᠣᠨ᠂ ᠵᠠᠮ᠂ ᠪᠠᠷᠢᠯᠭ᠎ᠠ ᠶᠢᠨ ᠭᠠᠵᠠᠷ ᠵᠡᠷᠭᠡ ᠭᠤᠤᠯᠳᠠᠯᠭ᠎ᠠ ᠲᠠᠢ ᠣᠷᠣᠨ | ᠪᠦᠰᠡ ᠶᠢᠨ ᠲᠣᠭᠤᠰᠣ ᠰᠢᠷᠣᠶ ᠶᠢᠨ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠨᠤᠨᠲᠠᠭ ᠬᠡᠯᠪᠡᠷᠢ ᠶᠢᠨ ᠪᠣᠳᠠᠰ ᠤᠨ | ᠮᠠᠲ᠋ᠧᠷᠢᠶᠠᠯ ᠤᠨ ᠣᠪᠣᠭᠠᠯᠠᠬᠤ ᠲᠠᠯᠠᠪᠠᠶ ᠶᠢ ᠪᠦᠬᠦᠨ ᠢ ᠪᠢᠲᠡᠭᠦᠮᠵᠢᠯᠡᠨ ᠵᠠᠰᠠᠨ᠎ᠠ᠃ ᠲᠠᠷᠠᠬᠠᠶ ᠨᠡᠭᠦᠷᠡᠰᠦᠨ ᠤ | ᠪᠣᠬᠢᠷᠲᠤᠯ ᠢ ᠵᠠᠰᠠᠬᠤ ᠠᠵᠢᠯ ᠢ ᠴᠢᠩᠭᠠᠳᠬᠠᠵᠤ᠂ ᠨᠢᠭᠡ ᠪᠦᠯᠦᠭ ᠪᠠᠶᠢᠰᠢᠩᠲᠤ ᠲᠣᠭᠤᠷᠢᠭ ᠲᠤ ᠲᠥᠪᠯᠡᠷᠡᠭᠦᠯᠦᠨ | ᠢᠯᠴᠢ ᠬᠠᠩᠭᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠲᠡᠭᠡᠭᠡᠪᠦᠷᠢ ᠶᠢᠨ ᠪᠦᠲᠦᠴᠡ ᠳᠤ ᠲᠣᠬᠢᠷᠠᠭᠤᠯᠤᠯᠲᠠ | ᠬᠢᠵᠦ᠂ ᠭᠤᠤᠯᠳᠠᠯᠭ᠎ᠠ ᠲᠠᠢ ᠠᠵᠢᠯ ᠲᠥᠷᠥᠯ ᠤᠨ ᠲᠡᠮᠦᠷ ᠵᠠᠮ ᠤᠨ ᠭᠠᠳᠠᠭᠰᠢ ᠲᠡᠭᠡᠭᠡᠪᠦᠷᠢᠯᠡᠬᠦ ᠬᠠᠷᠢᠴᠠᠯ ᠢ | 55% ᠳᠤ ᠬᠦᠷᠦᠭᠦᠯᠵᠦ᠂ ᠰᠢᠨ᠎ᠡ ᠡᠨᠧᠷᠭᠢ ᠶᠢᠨ ᠪᠠᠷᠠᠭᠠᠨ ᠤ ᠬᠦᠢᠯᠭᠡᠭᠡᠨ ᠤ ᠲᠡᠷᠭᠡ ᠬᠥᠰᠬᠡ ᠶᠢ ᠳᠡᠯᠭᠡᠷᠡᠭᠦᠯᠦᠨ | ᠬᠡᠷᠡᠭᠯᠡᠵᠦ᠂ ᠠᠭᠤᠷᠬᠠᠶ ᠶᠢᠨ ᠪᠢᠲᠡᠭᠦᠮᠵᠢᠯᠡᠭᠰᠡᠨ ᠮᠠᠶ᠋ᠢᠭ ᠤᠨ ᠪᠦᠰᠡ᠂ ᠬᠤᠭᠤᠯᠠᠶ ᠪᠠᠷ ᠲᠡᠭᠡᠭᠡᠪᠦᠷᠢᠯᠡᠬᠦ ᠪᠠ | ᠴᠢᠩᠭᠡᠯᠢᠭ ᠢᠶᠠᠷ ᠲᠡᠭᠡᠭᠡᠪᠦᠷᠢᠯᠡᠬᠦ ᠶᠢ ᠲᠤᠷᠰᠢᠨ ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠤᠨ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠬᠦᠨᠳᠦ ᠲᠡᠮᠦᠷᠯᠢᠭ ᠲᠤ ᠬᠤᠯᠪᠣᠭᠳᠠᠬᠤ ᠵᠦᠢᠯᠡᠰ ᠢ | ᠵᠥᠪᠰᠢᠶᠡᠷᠡᠨ ᠣᠷᠣᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠳᠠᠯᠠᠨ᠎ᠠ᠃ ︽ᠬᠠᠶᠠᠭᠳᠠᠮᠠᠯ ᠪᠣᠳᠠᠰ ᠢ ᠴᠡᠪᠡᠷᠯᠡᠬᠦ︾ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠠᠶᠤᠯᠲᠠᠶ ᠬᠠᠶᠠᠭᠳᠠᠮᠠᠯ ᠪᠣᠳᠠᠰ ᠢ | ᠬᠠᠳᠠᠭᠠᠯᠠᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠶᠢ ᠵᠢᠷᠤᠮᠵᠢᠭᠤᠯᠤᠨ᠂ ᠨᠡᠭᠦᠷᠡᠰᠦᠨ ᠴᠢᠯᠠᠭᠤ᠂ ᠨᠤᠨᠲᠠᠭ | ᠨᠡᠭᠦᠷᠡᠰᠦᠨ ᠤ ᠦᠨᠡᠰᠦ᠂ ᠬᠢᠮᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ ᠶᠢ ᠶᠡᠷᠦᠩᠬᠡᠶᠢᠯᠡᠨ ᠠᠰᠢᠭᠯᠠᠬᠤ | ᠠᠵᠤ ᠦᠢᠯᠡᠰ ᠢ ᠬᠥᠭᠵᠢᠭᠦᠯᠵᠦ᠂ ᠤᠯᠤᠰ ᠤᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ | ᠶᠡᠷᠦᠩᠬᠡᠶᠢᠯᠡᠨ ᠠᠰᠢᠭᠯᠠᠬᠤ ᠰᠠᠭᠤᠷᠢᠨ ᠭᠠᠵᠠᠷ ᠢ ᠪᠠᠶᠢᠭᠤᠯᠤᠨ᠎ᠠ᠃ ᠬᠠᠲᠤᠨ ᠭᠤᠤᠯ ᠤᠨ ᠠᠮᠢ ᠠᠬᠤᠶ ᠶᠢᠨ ᠠᠮᠤᠷ | ᠲᠦᠪᠰᠢᠨ ᠢ ᠪᠥᠬᠦ ᠬᠦᠴᠦᠨ ᠢᠶᠠᠷ ᠬᠠᠮᠠᠭᠠᠯᠠᠨ᠎ᠠ᠃ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠠᠲᠤᠨ ᠭᠤᠤᠯ ᠤᠨ | ᠥᠪᠥᠷ ᠮᠣᠩᠭᠤᠯ ᠳᠤ ᠣᠷᠣᠬᠤ ᠠᠩᠬᠠᠨ ᠤ ᠥᠷᠲᠡᠭᠡ ᠶᠢᠨ ᠠᠩᠬᠠᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ | ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠶᠡᠷᠦᠩᠬᠡᠶᠢᠯᠡᠨ ᠵᠠᠰᠠᠬᠤ᠂ | ᠰᠢᠰᠲ᠋ᠧᠮ ᠲᠠᠢ ᠵᠠᠰᠠᠬᠤ᠂ ᠡᠬᠢ ᠡᠭᠦᠰᠦᠯ ᠠᠴᠠ ᠨᠢ ᠵᠠᠰᠠᠬᠤ ᠶᠢ ᠠᠬᠢᠭᠤᠯᠤᠨ᠎ᠠ᠃ ᠭᠤᠣᠯ ᠤᠷᠤᠭᠤ ᠪᠣᠬᠢᠷᠲᠤᠯ | ᠭᠠᠳᠠᠭᠰᠢᠯᠠᠭᠤᠯᠬᠤ ᠠᠮᠠ ᠶᠢ ᠴᠡᠪᠡᠷᠯᠡᠨ ᠵᠠᠰᠠᠬᠤ ᠪᠠ ᠵᠢᠷᠤᠮᠵᠢᠭᠤᠯᠬᠤ ᠪᠦᠳᠦᠭᠡᠨ ᠪᠠᠶᠢᠭᠤᠯᠤᠯᠲᠠ ᠶᠢ ᠥᠷᠨᠢᠭᠦᠯᠵᠦ᠂ | ᠪᠠᠷᠢᠮᠵᠢᠶ᠎ᠠ ᠠᠴᠠ ᠬᠡᠲᠦᠷᠡᠭᠰᠡᠨ ᠪᠣᠬᠢᠷ ᠤᠰᠤ ᠶᠢ ᠬᠠᠳᠤᠨ ᠭᠤᠣᠯ ᠳᠤ ᠰᠢᠭᠤᠳ ᠭᠠᠳᠠᠭᠰᠢᠯᠠᠭᠤᠯᠬᠤ ᠶᠢ ᠡᠷᠡᠰ | ᠬᠤᠷᠢᠭᠯᠠᠨ᠎ᠠ᠃ ᠭᠤᠣᠯ ᠤᠨ ᠳᠠᠷᠤᠭ᠎ᠠ ᠶᠢᠨ ᠳᠦᠷᠢᠮ ᠢ ᠭᠦᠨᠵᠡᠭᠡᠶ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ | ᠴᠥᠭᠦᠷᠥᠮ ᠤᠨ ︽ᠳᠦᠷᠪᠡᠨ ᠲᠤᠷ᠎ᠠ ᠶᠢ ᠴᠡᠭᠴᠡᠯᠡᠨ ᠵᠠᠰᠠᠬᠤ︾ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠳᠤᠨ | ᠭᠤᠣᠯ ᠳᠠᠭᠠᠤ ᠶᠢᠨ ᠡᠷᠭᠢ ᠶᠢᠨ ᠱᠤᠭᠤᠮ ᠢ ᠰᠡᠷᠭᠡᠶᠢᠯᠡᠨ ᠬᠠᠮᠠᠭᠠᠯᠠᠬᠤ ᠵᠡᠷᠭᠡ ᠭᠤᠣᠯᠳᠠᠯᠭ᠎ᠠ ᠲᠠᠢ ᠢᠨᠵᠧᠨᠧᠷᠢᠩ ᠢ | ᠬᠡᠷᠡᠭᠵᠢᠭᠦᠯᠵᠦ᠂ ᠤᠰᠤ ᠡᠯᠡᠰᠦᠨ ᠤ ᠳᠤᠬᠢᠷᠠᠭᠤᠯᠤᠯ ᠡᠵᠡᠮᠳᠡᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠬᠠᠳᠤᠨ | ᠭᠤᠣᠯ ᠤᠨ ᠦᠬᠠᠶ ᠶᠢᠨ ᠬᠡᠰᠡᠭ ᠤᠨ ᠠᠮᠤᠷ ᠲᠦᠪᠰᠢᠨ ᠪᠠᠶᠢᠬᠤ ᠶᠢ ᠦᠨᠡᠨ ᠬᠦ ᠪᠠᠲᠤᠯᠠᠨ᠎ᠠ᠃ ᠬᠤᠳᠠ ᠶᠢᠨ | ᠨᠣᠭᠤᠭᠠᠨ ᠪᠦᠰᠡ᠂ ᠨᠣᠭᠤᠭᠠᠨ ᠬᠤᠩᠭᠢᠯ᠂ ᠨᠣᠭᠤᠭᠠᠨ ᠲᠣᠣᠷ ᠢ ᠪᠠᠶᠢᠭᠤᠯᠵᠤ᠂ ᠨᠣᠭᠤᠭᠠᠨ ᠦᠩᠭᠡ ᠶᠢ | ᠦᠬᠠᠢ ᠶᠢᠨ ᠦᠵᠡᠰᠬᠦᠯᠡᠩᠲᠦ ᠰᠠᠶᠢᠬᠠᠨ ᠳᠡᠪᠢᠰᠬᠡᠷ ᠦᠩᠬᠡ ᠪᠣᠯᠭᠠᠨ᠎ᠠ᠃ ᠠᠮᠢ ᠠᠬᠤᠶ ᠶᠢ ᠬᠠᠮᠠᠭᠠᠯᠠᠬᠤ | ᠲᠣᠭᠲᠠᠴᠠ ᠶᠢ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ | ᠲᠤᠭᠤᠷᠢᠨ ᠤ ᠶᠠᠰᠤ ᠴᠢᠨᠠᠷ ᠤᠨ ᠬᠢᠵᠠᠭᠠᠷ ᠱᠤᠭᠤᠮ ᠢ ᠪᠠᠲᠤ ᠰᠠᠬᠢᠵᠤ᠂ ᠡᠬᠢ ᠪᠠᠶᠠᠯᠢᠭ ᠤᠨ ᠠᠰᠢᠭᠯᠠᠯᠲᠠ ᠶᠢᠨ | ᠳᠡᠭᠡᠳᠦ ᠱᠤᠭᠤᠮ ᠢ ᠪᠠᠲᠤ ᠰᠠᠬᠢᠵᠤ᠂ ᠣᠷᠴᠢᠨ ᠲᠤᠭᠤᠷᠢᠨ ᠤ ᠣᠷᠣᠬᠤ ᠵᠥᠪᠰᠢᠶᠡᠷᠡᠯ ᠤᠨ ᠲᠣᠳᠣᠷᠬᠠᠶ | ᠬᠠᠭᠤᠳᠠᠰᠤ ᠶᠢ ᠲᠣᠭᠲᠠᠭᠠᠨ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠠᠮᠢ ᠠᠬᠤᠶ ᠶᠢᠨ ᠣᠷᠴᠢᠨ | ᠲᠤᠭᠤᠷᠢᠨ ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠎ᠡ᠃ ᠤᠯᠤᠰ ᠤᠨ ᠨᠤᠲᠤᠭ | ᠳᠡᠪᠢᠰᠬᠡᠷ ᠤᠨ ᠣᠷᠣᠨ ᠵᠠᠶ ᠶᠢᠨ ᠠᠮᠢ ᠠᠬᠤᠶ ᠶᠢ ᠰᠡᠷᠭᠦᠭᠡᠬᠦ ᠲᠥᠯᠥᠪᠵᠢᠭᠦᠯᠭᠡ᠂ ᠠᠭᠤᠷᠬᠠᠶ ᠶᠢᠨ ᠭᠠᠷᠤᠯᠲᠠ ᠶᠢᠨ | ᠡᠬᠢ ᠪᠠᠶᠠᠯᠢᠭ ᠤᠨ ᠲᠦᠯᠦᠪᠵᠢᠬᠦᠯᠭᠡ ᠶᠢ ᠨᠠᠶᠢᠷᠠᠭᠤᠯᠤᠨ ᠵᠤᠬᠢᠶᠠᠨ᠎ᠠ᠃ ᠤᠢ ᠰᠢᠭᠤᠶ ᠶᠢᠨ ᠳᠠᠷᠤᠭ᠎ᠠ ᠶᠢᠨ ᠳᠦᠷᠢᠮ ᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠡᠬᠢ ᠪᠠᠶᠠᠯᠢᠭ ᠤᠨ ᠨᠢᠭᠡᠳᠦᠯᠲᠡᠶ ᠡᠷᠬᠡ ᠶᠢ ᠨᠤᠲᠠᠯᠠᠨ | ᠳᠠᠩᠰᠠᠯᠠᠬᠤ ᠠᠵᠢᠯ ᠢ ᠡᠬᠢᠯᠡᠭᠦᠯᠦᠨ᠎ᠡ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠤᠨ ᠠᠮᠵᠢᠯᠲᠠ ᠪᠦᠲᠦᠮᠵᠢ ᠶᠢ | ᠦᠨᠡᠯᠡᠬᠦ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠦᠷᠢᠨᠰᠢᠬᠦᠯᠵᠦ᠂ ᠡᠯ᠎ᠡ ᠲᠣᠭᠤᠷᠢᠭ ᠤᠨ ᠣᠷᠴᠢᠨ | ᠲᠣᠭᠤᠷᠢᠨ ᠤ ᠠᠭᠠᠷ ᠤᠨ ᠶᠠᠰᠤ ᠴᠢᠨᠠᠷ ᠢ ᠲᠣᠭᠲᠠᠮᠠᠯ ᠬᠤᠭᠤᠴᠠᠭ᠎ᠠ ᠲᠠᠢ ᠪᠠᠷ ᠰᠢᠯᠭᠠᠨ ᠬᠢᠨᠠᠵᠤ ᠵᠠᠷᠯᠠᠨ ᠨᠠᠶᠢᠳᠡᠯᠡᠨ᠎ᠡ᠃ | ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠵᠣᠬᠢᠴᠠᠯᠳᠤᠨ ᠬᠤᠯᠪᠣᠭᠠᠯᠠᠨ ᠬᠥᠳᠡᠯᠦᠯᠴᠡᠬᠦ ᠪᠠᠨ ᠴᠢᠩᠭᠠᠳᠬᠠᠵᠤ᠂ | ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠰᠣᠯᠪᠢᠴᠠᠨ ᠬᠠᠤᠯᠢ ᠬᠡᠷᠡᠭᠵᠢᠭᠦᠯᠬᠦ ᠶᠢ ᠪᠠᠶᠢᠩᠭᠤᠵᠢᠭᠤᠯᠬᠤ ᠶᠢ | ᠪᠡᠶᠡᠯᠡᠭᠦᠯᠦᠨ᠎ᠡ᠃ | ︵ᠬᠤᠶᠠᠷ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠨ᠎ᠠ | ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠠᠵᠢᠯᠯᠠᠭ᠎ᠠ ᠶᠢ | ᠨᠠᠶᠢᠳᠠᠪᠤᠷᠢᠵᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ | ᠪᠠᠶᠢᠷᠢᠯᠠᠭᠤᠯᠵᠤ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ | ᠰᠤᠳᠤᠯᠭᠠᠨ ᠤ ᠪᠠᠶᠢᠭᠤᠯᠤᠮᠵᠢ ᠶᠢᠨ ᠬᠠᠮᠵᠢᠯᠴᠠᠨ ᠰᠢᠨ᠎ᠡ ᠶᠢ ᠡᠭᠦᠳᠬᠦ ᠶᠢ ᠴᠢᠩᠭᠠᠳᠬᠠᠨ᠂ ᠤᠯᠤᠰ ᠤᠨ ᠲᠠᠰ ᠤᠨ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠤᠯ ᠴᠣᠭᠴᠠ ᠶᠢᠨ ᠪᠠᠶᠢᠷᠢ | ᠰᠠᠭᠤᠷᠢ ᠶᠢ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠥᠲᠥᠯᠦᠨ | ᠵᠢᠯᠣᠭᠤᠳᠬᠤ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠨᠢᠭᠡ ᠪᠦᠯᠦᠭ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ᠂ ᠥᠪᠡᠷᠲᠡᠭᠡᠨ ᠵᠠᠰᠠᠬᠤ ᠣᠷᠣᠨ ᠤ ᠱᠠᠲᠤᠨ ᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠲᠥᠪ ᠢ ᠥᠪᠡᠷᠲᠡᠭᠡᠨ ᠵᠠᠰᠠᠬᠤ ᠣᠷᠣᠨ ᠤ ᠲᠠᠰ ᠤᠨ ᠤᠰᠤᠲᠥ᠋ᠷᠥᠭᠴᠢ ᠡᠨᠧᠷᠭᠢ ᠶᠢᠨ ᠮᠡᠷᠭᠡᠵᠢᠯ ᠤᠨ ᠰᠢᠨ᠎ᠡ ᠶᠢ | ᠡᠭᠦᠳᠬᠦ ᠲᠥᠪ ᠢ ᠰᠦᠪᠡᠭᠴᠢᠯᠡᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠮᠣ ᠵᠠᠬ᠎ᠠ ᠳᠡᠯᠭᠡᠭᠦᠷ ᠢ | ᠲᠦᠷᠭᠡᠳᠬᠡᠨ ᠪᠠᠶᠢᠭᠤᠯᠵᠤ᠂ ᠥᠪᠥᠷ ᠮᠣᠩᠭᠤᠯ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠵᠢᠴᠢ | ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠨᠢᠭᠡ ᠦᠷᠳᠡᠭᠡᠴᠢᠯᠡᠭᠰᠡᠨ ᠮᠠᠶ᠋ᠢᠭ ᠤᠨ ᠦᠢᠯᠡᠴᠢᠯᠡᠭᠡᠨ ᠤ ᠲᠠᠪᠴᠠᠩ ᠢ | ᠪᠠᠶᠢᠭᠤᠯᠤᠨ᠎ᠠ᠃ ᠴᠢᠩᠳᠣᠤ᠂ ᠱᠠᠩᠬᠠᠶ᠂ ᠲᠢᠶᠠᠨᠵᠢᠨ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ | ᠨᠡᠪᠴᠢᠭᠦᠯᠬᠦ ᠲᠥᠪ ᠢ ᠪᠠᠶᠢᠭᠤᠯᠵᠤ᠂ ᠣᠨᠳᠣᠣ ᠭᠠᠵᠠᠷ ᠲᠤ ᠨᠡᠪᠴᠢᠭᠦᠯᠵᠤ᠂ ᠦᠬᠠᠶ ᠶᠢ ᠬᠤᠪᠢᠷᠠᠭᠤᠯᠬᠤ ᠶᠢ | ᠪᠡᠶᠡᠯᠡᠭᠦᠯᠦᠨ᠎ᠡ᠃ ᠰᠤᠷᠭᠠᠭᠤᠯᠢ ᠪᠠ ᠠᠵᠤ ᠠᠬᠤᠶᠢᠯᠠᠯ᠂ ᠬᠦᠷᠢᠶᠡᠯᠡᠩ ᠪᠠ ᠠᠵᠤ ᠠᠬᠤᠶᠢᠯᠠᠯ ᠤᠨ | ᠬᠠᠮᠲᠤᠷᠠᠯᠴᠠᠭ᠎ᠠ ᠶᠢ ᠴᠢᠩᠭᠠᠳᠬᠠᠵᠤ᠂ ᠳ᠋ᠦᠩ ᠬᠤᠸᠠ — ᠳ᠋ᠦᠩ ᠶᠤᠸᠠᠨ ᠳᠡᠭᠡᠳᠦ ᠴᠢᠳᠠᠪᠬᠢᠳᠤ ᠰᠢᠷᠬᠡᠭᠯᠢᠭ ᠤᠨ | ᠰᠤᠳᠤᠯᠤᠨ ᠨᠡᠭᠡᠭᠡᠬᠦ ᠲᠥᠪ ᠵᠡᠷᠭᠡ ᠲᠠᠪᠴᠠᠩ ᠤᠨ ᠪᠠᠶᠢᠭᠤᠯᠤᠯᠲᠠ ᠶᠢ ᠠᠬᠢᠭᠤᠯᠵᠤ᠂ ᠵᠠᠩᠭᠢᠯᠠᠭ᠎ᠠ ᠶᠢᠨ ᠮᠡᠷᠭᠡᠵᠢᠯ ᠤᠨ | ᠪᠣᠭᠤᠮᠲᠠ ᠰᠢᠪᠲᠤᠯᠬᠤ ᠪᠠ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠲᠦᠷᠭᠡᠳᠬᠡᠨ᠎ᠡ᠃ ᠶᠠᠰᠤ ᠴᠢᠨᠠᠷ ᠢᠶᠠᠷ ᠬᠤᠲᠠ ᠪᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ | ᠬᠡᠷᠡᠭᠵᠢᠭᠦᠯᠦᠨ᠎ᠡ᠃ ᠴᠢᠳᠠᠪᠤᠷᠢᠲᠠᠨ ᠢ ᠤᠷᠮᠠᠰᠢᠭᠤᠯᠤᠨ ᠲᠡᠳᠬᠦᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠣᠷᠣᠨ ᠰᠠᠭᠤᠴᠠ᠂ ᠦᠷ᠎ᠡ ᠬᠡᠤᠬᠡᠳ ᠤᠨ ᠰᠤᠷᠭᠠᠭᠤᠯᠢ ᠳᠤ ᠣᠷᠣᠬᠤ᠂ ᠬᠡᠷ | ᠪᠦᠯᠢ ᠶᠢᠨ ᠬᠢᠨ ᠳᠤ ᠠᠵᠢᠯ ᠣᠯᠭᠤᠬᠤ ᠵᠡᠷᠭᠡ ᠰᠠᠭᠠᠳ ᠥᠬᠡᠶ ᠨᠡᠪᠲᠡᠷᠡᠬᠦ ᠵᠠᠮ ᠢ ᠪᠠᠶᠢᠭᠤᠯᠵᠤ᠂ ᠪᠠᠴᠢᠮ | ᠬᠡᠷᠡᠭᠴᠡᠭᠡ ᠲᠠᠢ ᠳᠤᠲᠠᠭᠳᠠᠵᠤ ᠪᠠᠶᠢᠭ᠎ᠠ ᠴᠢᠳᠠᠪᠤᠷᠢᠲᠠᠨ ᠢ ᠬᠥᠮᠦᠵᠢᠭᠦᠯᠦᠨ ᠣᠷᠣᠭᠤᠯᠵᠤ ᠠᠪᠴᠢᠷᠠᠨ᠎ᠠ᠃ | ︽ᠠᠯᠢᠪᠠ ᠶᠢ ᠬᠥᠭᠡᠭᠡᠴᠡᠯᠳᠦᠬᠦ ᠦᠭᠡᠢ ᠪᠣᠯᠪᠠᠴᠤ ᠬᠡᠷᠡᠭᠯᠡᠬᠦ ᠶᠢ ᠬᠥᠭᠡᠭᠡᠴᠡᠯᠳᠦᠵᠦ᠂ ᠪᠠᠶᠢᠩᠭᠤ ᠪᠠᠶᠢᠬᠤ ᠶᠢ ᠱᠠᠭᠠᠷᠳᠠᠬᠤ | ᠦᠭᠡᠢ ᠪᠣᠯᠪᠠᠴᠤ ᠪᠠᠶᠢᠩᠭᠤ ᠢᠷᠡᠬᠦ︾ ᠶᠢ ᠪᠠᠷᠢᠮᠲᠠᠯᠠᠵᠤ᠂ ︽ᠴᠢᠳᠠᠪᠤᠷᠢᠲᠠᠨ ᠢ ᠤᠶᠠᠨ ᠬᠠᠳᠠᠨ ᠢᠶᠠᠷ ᠬᠡᠷᠡᠭᠯᠡᠬᠦ᠂ | ᠲᠦᠷᠦᠯ ᠵᠦᠢᠯ ᠢᠶᠠᠷ ᠴᠢᠳᠠᠪᠤᠷᠢᠲᠠᠨ ᠢ ᠲᠠᠲᠠᠬᠤ︾ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠤ ᠣᠨᠳᠣᠣ | ᠭᠠᠵᠠᠷ ᠲᠤ ᠰᠣᠯᠢᠯᠴᠠᠭ᠎ᠠ ᠬᠢᠵᠦ ᠬᠠᠮᠲᠤᠷᠠᠯᠴᠠᠬᠤ ᠲᠣᠭᠲᠠᠴᠠ ᠶᠢ ᠰᠦᠪᠡᠭᠴᠢᠯᠡᠵᠦ᠂ ᠳᠡᠭᠡᠳᠦ ᠲᠡᠰ ᠳᠠᠪᠬᠤᠷᠭ᠎ᠠ ᠶᠢᠨ | ᠴᠢᠳᠠᠪᠤᠷᠢᠲᠠᠨ ᠤ ᠵᠠᠶᠢᠯᠠᠰᠢ ᠦᠭᠡᠢ ᠬᠡᠷᠡᠭᠴᠡᠭᠡ ᠶᠢᠨ ᠠᠰᠠᠭᠤᠳᠠᠯ ᠢ ᠰᠢᠢᠳᠪᠦᠷᠢᠯᠡᠨ᠎ᠡ᠃ | ︵ᠭᠤᠷᠪᠠ︶ ᠠᠵᠤ ᠠᠬᠤᠶ ᠶᠢᠨ ᠲᠣᠭᠲᠠᠭᠤᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ | ᠦᠢᠯᠡᠴᠢᠯᠡᠭᠡ ᠶᠢ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠭᠤᠯᠬᠤ ᠳᠤᠮᠳᠠ ᠪᠠᠶᠢᠷᠢ | ᠲᠣᠭᠲᠠᠭᠠᠯᠲᠠ ᠪᠠᠨ ᠡᠷᠢᠵᠦ᠂ ᠡᠯᠧᠮᠧᠨ᠋ᠲ ᠢ ᠲᠥᠪᠯᠡᠷᠡᠭᠦᠯᠵᠦ᠂ ᠲᠦᠷᠦᠯ ᠵᠦᠢᠯ ᠢ ᠪᠠᠶᠢᠭᠤᠯᠵᠤ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ᠂ ᠠᠵᠤ ᠠᠬᠤᠢ ᠶᠢᠨ ᠠᠵᠢᠯᠯᠠᠭᠠᠨ ᠢ | ᠵᠣᠬᠢᠰᠲᠠᠢ ᠣᠷᠣᠨ ᠵᠠᠢ ᠳᠤ ᠪᠠᠶᠢᠯᠭᠠᠬᠤ ᠪᠠᠷ ᠴᠢᠷᠮᠠᠶᠢᠨ᠎ᠠ᠃ ᠪᠡᠯᠡ ᠣᠷᠣᠭᠤᠯᠤᠯᠲᠠ ᠶᠢ ᠢᠳᠡᠪᠬᠢᠲᠡᠶ ᠪᠠᠷ | ᠥᠷᠭᠡᠳᠬᠡᠨ᠎ᠡ᠃ ᠭᠤᠣᠯᠳᠠᠯᠭ᠎ᠠ ᠲᠠᠢ ᠲᠦᠷᠦᠯ ᠵᠦᠢᠯ ᠤᠨ ᠪᠡᠷᠬᠡ ᠰᠡᠳᠦᠪ ᠢ ᠰᠢᠢᠳᠪᠦᠷᠢᠯᠡᠬᠦ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠵᠦ᠂ ᠪᠦᠬᠦ ᠵᠢᠯ ᠳᠤ 146 ᠵᠦᠢᠯᠡᠰ ᠢ ᠬᠡᠷᠡᠭᠵᠢᠭᠦᠯᠬᠦ ᠪᠠᠷ ᠲᠥᠯᠥᠪᠯᠡᠵᠦ᠂ 160 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠬᠦᠯᠦᠨ᠎ᠡ᠃ ᠭᠤᠣᠯᠳᠠᠯᠭ᠎ᠠ ᠲᠠᠢ ᠲᠦᠷᠦᠯ ᠵᠦᠢᠯ ᠤᠨ | ᠲᠤᠰᠬᠠᠶ ᠪᠠᠭ ᠤᠨ ᠦᠢᠯᠡᠴᠢᠯᠡᠭᠡᠨ ᠤ ᠲᠣᠭᠲᠠᠴᠠ ᠶᠢ ᠲᠡᠭᠦᠯᠳᠡᠷᠵᠢᠭᠦᠯᠵᠦ᠂ ᠪᠦᠬᠦ ᠶᠠᠪᠤᠴᠠ ᠳᠤ ᠣᠷᠣᠯᠠᠨ | ᠭᠦᠢᠴᠡᠳᠬᠡᠬᠦ᠂ ᠳᠤᠲᠠᠭᠳᠠᠵᠤ ᠪᠠᠶᠢᠭ᠎ᠠ ᠵᠦᠢᠯᠡᠰ ᠢ ᠠᠭᠤᠴᠢᠯᠠᠨ ᠬᠢᠨᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ | ᠬᠡᠷᠡᠭᠵᠢᠭᠦᠯᠵᠦ᠂ ︽ᠨᠢᠭᠡ ᠲᠦᠷᠦᠯ ᠵᠦᠢᠯ᠂ ᠨᠢᠭᠡ ᠤᠳᠤᠷᠢᠳᠤᠯᠭ᠎ᠠ᠂ ᠨᠢᠭᠡ ᠤᠳᠤᠷᠢᠳᠬᠤ ᠪᠠᠭ᠂ ᠡᠴᠦᠰ ᠲᠤᠨᠢ | ᠲᠤᠯᠲᠠᠯ᠎ᠠ ᠠᠳᠬᠤᠬᠤ︾ ᠶᠢ ᠬᠡᠷᠡᠭᠵᠢᠭᠦᠯᠦᠨ᠎ᠡ᠃ ᠰᠢᠨ᠎ᠡ ᠮᠠᠲ᠋ᠧᠷᠢᠶᠠᠯ ᠢ ᠥᠷᠭᠡᠨ ᠢᠶᠠᠷ ᠴᠤᠭᠯᠠᠷᠠᠭᠤᠯᠬᠤ᠂ | ᠪᠤᠭᠤᠲᠤ ᠶᠢᠨ ᠪᠤᠯᠤᠳ ᠲᠡᠮᠤᠷ ᠤᠨ ᠺᠣᠮᠫᠠᠨᠢ ᠶᠢᠨ ᠸᠠᠨ ᠲᠧᠩ ᠤᠨ H ᠬᠡᠯᠪᠡᠷᠢ ᠶᠢᠨ ᠪᠤᠯᠤᠳ ᠲᠡᠮᠤᠷ᠂ ᠶᠦᠩ | ᠬᠤᠩ ᠬᠢᠮᠢ ᠶᠢᠨ ᠠᠵᠤ ᠦᠢᠯᠡᠳᠪᠦᠷᠢ ᠵᠡᠷᠭᠡ ᠲᠦᠷᠦᠯ ᠵᠦᠢᠯ ᠤᠨ ᠲᠦᠷᠭᠡᠨ ᠪᠦᠳᠦᠭᠡᠨ ᠪᠠᠶᠢᠭᠤᠯᠤᠯᠲᠠ ᠶᠢ | ᠠᠬᠢᠭᠤᠯᠵᠤ᠂ ᠵᠦᠩ ᠯᠢᠶᠠᠨ ᠬᠢᠮᠢ ᠶᠢᠨ ᠠᠵᠤ ᠦᠢᠯᠡᠳᠪᠦᠷᠢ ᠶᠢᠨ 50 ᠲᠦᠮᠡᠨ ᠲᠣᠨ ᠤ PVC ᠲᠦᠷᠦᠯ | ᠵᠦᠢᠯ ᠤᠨ ᠦᠷᠭᠦᠯᠵᠢᠯᠡᠨ ᠪᠦᠳᠦᠭᠡᠨ ᠪᠠᠶᠢᠭᠤᠯᠬᠤ ᠶᠢ ᠰᠠᠶᠢᠲᠤᠷ ᠠᠳᠬᠤᠵᠤ᠂ ᠤᠰᠤ ᠲᠠᠲᠠᠵᠤ ᠡᠨᠧᠷᠭᠢ | ᠬᠠᠳᠠᠭᠠᠯᠠᠬᠤ ᠴᠠᠬᠢᠯᠭᠠᠨ ᠦᠷᠳᠡᠭᠡ᠂ ᠪᠤᠭᠤᠲᠤ ᠠᠴᠠ ᠢᠷᠭᠠᠢ ᠬᠦᠷᠬᠦ ᠳᠡᠭᠡᠳᠦ ᠬᠤᠷᠳᠤᠴᠠᠲᠤ ᠲᠡᠮᠦᠷ ᠵᠠᠮ᠂ ᠬᠤᠸᠠ | ᠾᠧᠩ ᠰᠢᠨ᠎ᠡ ᠮᠠᠲ᠋ᠧᠷᠢᠶᠠᠯ ᠵᠡᠷᠭᠡ ᠲᠦᠷᠦᠯ ᠵᠦᠢᠯ ᠤᠨ ᠪᠦᠬᠦ ᠲᠠᠯ᠎ᠠ ᠪᠠᠷ ᠠᠵᠢᠯ ᠡᠬᠢᠯᠡᠭᠦᠯᠬᠦ ᠶᠢ ᠪᠠᠲᠤᠯᠠᠵᠤ᠂ ᠪᠦᠦ | ᠦ᠋ ᠪᠦᠯᠦᠭᠯᠡᠯ ᠤᠨ ᠨᠡᠭᠦᠷᠡᠰᠦᠨ ᠮᠠᠲ᠋ᠧᠷᠢᠶᠠᠯ᠂ ᠰᠠᠶᠢᠰᠫᠦ᠋ ᠶᠢᠨ ᠳᠡᠭᠡᠳᠦ ᠴᠡᠪᠡᠷ ᠴᠢᠳᠬᠤᠨ ᠦᠢᠯᠡᠳᠬᠦ᠂ ᠴᠢᠩ ᠱᠢ | ᠬᠢᠮᠢ ᠵᠡᠷᠭᠡ ᠲᠦᠷᠦᠯ ᠵᠦᠢᠯ ᠤᠨ ᠠᠰᠢᠭᠯᠠᠯᠲᠠ ᠳᠤ ᠣᠷᠣᠬᠤ ᠶᠢ ᠬᠦᠴᠦᠯᠡᠨ ᠠᠬᠢᠭᠤᠯᠤᠨ᠎ᠠ᠃ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠪᠠᠨ ᠴᠢᠩᠭᠠᠳᠬᠠᠨ᠎ᠠ᠃ ᠤᠯᠤᠰ ᠤᠨ ᠠᠵᠤ ᠦᠢᠯᠡᠰ ᠤᠨ ᠲᠥᠷᠥ ᠶᠢᠨ ᠪᠣᠳᠣᠯᠭ᠎ᠠ ᠶᠢᠨ | ᠤᠳᠤᠷᠢᠳᠤᠮᠵᠢ ᠶᠢ ᠴᠢᠩᠭ᠎ᠠ ᠠᠩᠬᠠᠷᠴᠤ᠂ ᠠᠵᠤ ᠦᠢᠯᠡᠰ ᠤᠨ ᠬᠡᠯᠬᠢᠶ᠎ᠡ ᠪᠠᠷ ᠬᠤᠳᠠᠯᠳᠤᠭᠠᠴᠢᠨ ᠤᠷᠢᠬᠤ᠂ | ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠨᠠᠶᠢᠳᠠᠯᠭ᠎ᠠ ᠪᠠᠷ ᠬᠤᠳᠠᠯᠳᠤᠭᠠᠴᠢᠨ ᠤᠷᠢᠬᠤ ᠵᠡᠷᠭᠡ ᠠᠷᠭ᠎ᠠ | ᠮᠠᠶ᠋ᠢᠭ ᠢᠶᠠᠷ ᠳᠠᠮᠵᠢᠭᠤᠯᠤᠨ᠂ ᠨᠢᠭᠡ ᠪᠦᠯᠦᠭ ᠬᠥᠲᠥᠴᠢ ᠠᠵᠤ ᠠᠬᠤᠶᠢᠯᠠᠯ ᠪᠠ ᠳᠤᠮᠳᠠ ᠳᠣᠤᠷᠠᠳᠤ ᠤᠷᠤᠰᠬᠠᠯ ᠤᠨ | ᠢᠵᠢ ᠪᠥᠷᠢᠳᠦᠭᠦᠯᠬᠦ ᠲᠥᠷᠥᠯ ᠵᠦᠢᠯ ᠢ ᠭᠤᠤᠯᠳᠠᠯᠭ᠎ᠠ ᠲᠠᠢ ᠣᠷᠣᠭᠤᠯᠤᠨ ᠠᠪᠴᠢᠷᠠᠵᠤ᠂ ᠠᠵᠤ ᠦᠢᠯᠡᠰ ᠤᠨ | ᠬᠡᠯᠬᠢᠶᠡᠵᠢᠯ ᠢ ᠨᠥᠬᠦᠪᠥᠷᠢᠯᠡᠨ ᠰᠦᠷᠦᠭᠵᠢᠭᠦᠯᠬᠦ ᠶᠢ ᠲᠦᠷᠭᠡᠳᠬᠡᠨ᠎ᠡ᠃ ᠬᠤᠳᠠᠯᠳᠤᠭᠠᠴᠢᠨ ᠤᠷᠢᠵᠤ ᠪᠠᠯᠠ | ᠣᠷᠣᠭᠤᠯᠬᠤ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠤᠳᠤᠷᠢᠳᠤᠯᠭ᠎ᠠ ᠳᠠᠭᠠᠭᠠᠴᠢᠯᠠᠨ | ᠬᠤᠯᠪᠣᠭᠠᠯᠠᠬᠤ᠂ ᠲᠥᠪᠯᠡᠷᠡᠭᠦᠯᠦᠨ ᠬᠢᠨᠠᠨ ᠵᠥᠪᠰᠢᠶᠡᠷᠡᠬᠦ᠂ ᠵᠣᠬᠢᠴᠠᠭᠤᠯᠤᠨ ᠳᠣᠭᠢᠷᠠᠭᠤᠯᠬᠤ᠂ ᠬᠢᠨᠠᠯᠲᠠ ᠲᠠᠯᠪᠢᠵᠤ | ᠬᠢᠨᠠᠨ ᠰᠢᠯᠭᠠᠬᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠪᠥᠬᠦ ᠠᠵᠢᠯᠲᠠᠨ ᠢᠶᠠᠷ ᠢᠶᠠᠨ ᠬᠤᠳᠠᠯᠳᠤᠭᠠᠴᠢᠨ | ᠤᠷᠢᠬᠤ᠂ ᠪᠥᠬᠦ ᠲᠠᠯ᠎ᠠ ᠪᠠᠷ ᠬᠤᠳᠠᠯᠳᠤᠭᠠᠴᠢᠨ ᠤᠷᠢᠬᠤ᠂ ᠪᠥᠬᠦ ᠬᠦᠴᠦᠨ ᠢᠶᠠᠷ ᠢᠶᠠᠨ ᠬᠤᠳᠠᠯᠳᠤᠭᠠᠴᠢᠨ ᠤᠷᠢᠬᠤ | ᠬᠦᠴᠦᠷᠬᠡᠭ ᠶᠡᠭᠡ ᠠᠭᠤᠷ ᠠᠮᠢᠰᠬᠤᠯ ᠢ ᠪᠣᠶ ᠪᠣᠯᠭᠠᠨ᠎ᠠ᠃ ᠲᠦᠷᠦᠯ ᠵᠦᠢᠯ ᠤᠨ ᠣᠷᠣᠬᠤ ᠵᠥᠪᠰᠢᠶᠡᠷᠡᠯ ᠤᠨ | ᠪᠣᠭᠤᠮᠲᠠ ᠶᠢ ᠴᠢᠩᠭ᠎ᠠ ᠠᠳᠬᠤᠵᠤ᠂ ᠬᠤᠪᠣᠷ ᠨᠠᠨᠳᠢᠨ ᠡᠯᠧᠮᠧᠨ᠋ᠲ ᠤᠨ ᠭᠦᠢᠴᠡᠳᠬᠡᠯ ᠲᠤᠭ᠎ᠠ ᠶᠢ ᠠᠵᠤ ᠦᠢᠯᠡᠰ ᠤᠨ | ᠬᠤᠭᠤᠰᠣᠨ ᠢ ᠨᠥᠬᠦᠪᠥᠷᠢᠯᠡᠬᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠲᠡᠰ | ᠲᠡᠪᠰᠢᠬᠦᠯᠬᠦ ᠶᠢ ᠠᠬᠢᠭᠤᠯᠬᠤ ᠰᠢᠯᠢᠳᠡᠭ ᠲᠦᠷᠦᠯ ᠵᠦᠢᠯ ᠳᠤ ᠤᠷᠢᠳᠠᠪᠠᠷ ᠳᠤᠬᠢᠷᠠᠭᠤᠯᠵᠤ᠂ ᠰᠠᠭᠰᠣᠨ ᠳᠤ | ᠣᠷᠣᠭᠰᠠᠨ ᠪᠦᠬᠦᠨ ᠢ ᠨᠣᠭᠤᠭ᠎ᠠ ᠬᠡᠵᠦ ᠶᠠᠭᠠᠬᠢᠭᠰᠠᠨ ᠴᠤ ᠪᠣᠯᠬᠤ ᠦᠭᠡᠢ᠃ ᠡᠯᠧᠮᠧᠨ᠋ᠲ ᠤᠨ ᠬᠢᠵᠠᠭᠠᠷᠯᠠᠯ ᠢ | ᠲᠠᠶᠢᠯᠤᠨ᠎ᠠ᠃ ᠳᠡᠭᠡᠭᠰᠢ ᠭᠦᠢᠴᠡᠳᠬᠡᠬᠦ ᠲᠤᠭ᠎ᠠ ᠤᠯᠬᠤ ᠪᠠᠷ ᠴᠢᠷᠮᠠᠶᠢᠬᠤ᠂ ᠬᠤᠴᠣᠷᠤᠩᠭᠤᠶ ᠦᠢᠯᠡᠳᠪᠦᠷᠢᠯᠡᠬᠦ | ᠴᠢᠳᠠᠪᠤᠷᠢ ᠶᠢ ᠭᠡᠭᠡᠭᠳᠡᠭᠦᠯᠬᠦ᠂ ᠮᠡᠷᠭᠡᠵᠢᠯ ᠤᠨ ᠥᠭᠡᠷᠡᠴᠢᠯᠡᠯᠲᠡ ᠶᠢᠨ ᠲᠠᠯᠳᠠ ᠬᠦᠴᠦᠨ ᠢ ᠠᠭᠤᠳᠠᠯᠬᠤ ᠶᠢ ᠲᠦᠯᠬᠢᠨ | ᠠᠬᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠷᠭ᠎ᠠ ᠪᠦᠬᠦᠨ ᠢ ᠰᠦᠪᠡᠭᠴᠢᠯᠡᠨ ᠡᠯᠧᠮᠧᠨ᠋ᠲ ᠤᠨ | ᠪᠠᠲᠤᠯᠠᠭ᠎ᠠ ᠪᠠᠨ ᠴᠢᠩᠭᠠᠳᠬᠠᠨ᠎ᠠ᠃ ᠰᠤᠯᠠ ᠲᠠᠯᠪᠢᠵᠤ ᠪᠠᠶᠢᠭ᠎ᠠ ᠭᠠᠵᠠᠷ ᠰᠢᠷᠣᠶ᠂ ᠳᠣᠤᠷ᠎ᠠ ᠠᠰᠢᠭᠯᠠᠮᠵᠢ ᠲᠠᠢ ᠭᠠᠵᠠᠷ | ᠰᠢᠷᠣᠶ ᠪᠠ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠥᠬᠡᠶ ᠭᠠᠵᠠᠷ ᠰᠢᠷᠣᠶ ᠶᠢ ᠰᠢᠢᠳᠪᠦᠷᠢᠯᠡᠬᠦ ᠡᠷᠴᠢᠮ ᠢᠶᠠᠨ | ᠴᠢᠩᠭᠠᠷᠠᠭᠤᠯᠵᠤ᠂ ᠦᠯᠡᠳᠡᠭᠡᠯ ᠭᠠᠵᠠᠷ ᠰᠢᠷᠣᠶ ᠶᠢ ᠬᠤᠶᠠᠳᠠᠬᠢ ᠤᠳᠠᠭ᠎ᠠ ᠨᠡᠭᠡᠭᠡᠨ ᠬᠥᠭᠵᠢᠭᠦᠯᠬᠦ ᠶᠢ ᠠᠬᠢᠭᠤᠯᠤᠨ᠎ᠠ᠃ | ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠤᠰᠤᠨ ᠤ ᠬᠡᠮᠵᠢᠶ᠎ᠡ ᠶᠢ ᠦᠵᠡᠵᠦ ᠶᠠᠪᠤᠬᠤ ᠶᠢ ᠪᠠᠷᠢᠮᠲᠠᠯᠠᠵᠤ᠂ | ᠤᠰᠤᠨ ᠤ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠰᠢᠯᠢᠳᠡᠭᠵᠢᠭᠦᠯᠦᠨ ᠲᠣᠬᠢᠷᠠᠭᠤᠯᠬᠤ ᠪᠠᠨ ᠴᠢᠩᠭᠠᠳᠬᠠᠨ᠎ᠠ᠃ | ᠤᠰᠤ ᠶᠡᠭᠡ ᠬᠤᠷᠣᠭᠳᠠᠭᠤᠯᠬᠤ ᠠᠵᠢᠯ ᠲᠥᠷᠥᠯ ᠤᠨ ᠤᠰᠤ ᠠᠷᠪᠢᠯᠠᠬᠤ ᠬᠠᠮᠢᠶᠠᠷᠤᠯᠲᠠ ᠪᠠᠨ ᠴᠢᠩᠭᠠᠳᠬᠠᠨ᠂ | ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠠᠵᠤ | ᠦᠢᠯᠡᠰ ᠢ ᠶᠡᠬᠡᠪᠡᠷ ᠬᠥᠭᠵᠢᠭᠦᠯᠵᠦ᠂ ᠳᠤᠮᠳᠠ ᠵᠡᠷᠭᠡ ᠶᠢᠨ ᠤᠰᠤ᠂ ᠰᠡᠶᠢᠷᠡᠭ ᠬᠠᠭᠤᠷᠠᠶ ᠤᠰᠤ ᠶᠢ ᠡᠩ ᠲᠡᠷᠢᠭᠦᠨ | ᠳᠤ ᠬᠡᠷᠡᠭᠯᠡᠭᠦᠯᠦᠨ᠎ᠡ᠃ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ﹇4﹈ ᠠᠵᠢᠯ ᠢ ᠡᠬᠢᠯᠡᠭᠦᠯᠦᠨ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠯ ᠤᠨ ᠲᠥᠰᠦᠪ ᠤᠨ | ᠬᠠᠮᠢᠶᠠᠷᠤᠯᠲᠠ ᠶᠢ ᠬᠡᠷᠡᠭᠵᠢᠭᠦᠯᠦᠨ᠂ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠬᠦ ᠲᠥᠰᠦᠯ ᠢ ᠨᠠᠶᠢᠷᠠᠭᠤᠯᠤᠨ | ᠵᠣᠬᠢᠶᠠᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠦᠷᠦᠯ ᠤᠨ ᠡᠨᠧᠷᠭᠢ ᠠᠷᠪᠢᠯᠠᠬᠤ᠂ ᠮᠡᠷᠭᠡᠵᠢᠯ ᠤᠨ | ᠥᠭᠡᠷᠡᠴᠢᠯᠡᠯᠲᠡ ᠬᠢᠬᠦ᠂ ᠢᠯᠭᠠᠷᠠᠭᠤᠯᠤᠨ ᠭᠠᠷᠭᠠᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠯᠥᠪᠯᠡᠭᠡ ᠶᠢ | ᠬᠡᠷᠡᠭᠵᠢᠭᠦᠯᠦᠨ᠂ ᠡᠭᠦᠷᠭᠡ ᠶᠢᠨ ᠲᠣᠳᠣᠷᠬᠠᠶ ᠬᠠᠭᠤᠳᠠᠰᠤ ᠶᠢ ᠲᠣᠳᠣᠷᠬᠠᠶᠢᠯᠠᠵᠤ᠂ ︽ᠦᠬᠦᠰᠢᠷᠡᠮᠡᠯ ᠠᠵᠤ ᠠᠬᠤᠶᠢᠯᠠᠯ︾ | ᠢ 22 ᠰᠢᠭᠰᠢᠭᠳᠡᠭᠦᠯᠦᠨ ᠰᠢᠢᠳᠪᠦᠷᠢᠯᠡᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠶᠡᠭᠡ ᠳ᠋ᠠᠶᠢᠲ᠋ᠠ ᠵᠡᠷᠭᠡ | ᠡᠨᠧᠷᠭᠢ ᠶᠢᠨ ᠬᠤᠷᠣᠭᠳᠠᠭᠤᠯᠤᠯ ᠶᠡᠬᠡᠲᠡᠶ ᠠᠵᠢᠯ ᠲᠥᠷᠥᠯ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠶᠢ | ᠭᠡᠳᠡᠷᠭᠦ ᠰᠢᠬᠠᠵᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ | ᠵᠡᠷᠭᠡ ᠠᠵᠢᠯ ᠲᠥᠷᠥᠯ ᠢ ᠬᠤᠭᠤᠴᠠᠭ᠎ᠠ ᠬᠢᠵᠠᠭᠠᠷᠯᠠᠨ ᠤᠯᠤᠰ ᠤᠨ ᠡᠨᠧᠷᠭᠢ ᠶᠢᠨ ᠬᠤᠷᠣᠭᠳᠠᠭᠤᠯᠤᠯ ᠤᠨ ᠲᠡᠷᠢᠭᠦᠨ ᠤ | ᠪᠠᠷᠢᠮᠵᠢᠶ᠎ᠠ ᠳᠤ ᠬᠦᠷᠦᠭᠦᠯᠦᠨ᠎ᠡ᠃ ᠴᠠᠬᠢᠯᠠᠭᠤᠷ ᠴᠢᠯᠠᠭᠤ᠂ ᠱᠦᠢᠨᠢ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠶ | ᠠᠵᠤ ᠦᠢᠯᠡᠰ ᠤᠨ ᠵᠦᠢᠯᠡᠰ ᠢ ᠠᠰ ᠲᠤᠨᠢ ᠰᠢᠨ᠎ᠡ ᠪᠠᠷ ᠪᠠᠶᠢᠭᠤᠯᠬᠤ ᠦᠭᠡᠢ᠃ | ︵ᠲᠦᠷᠪᠡ︶ ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠢ ᠲᠦᠷᠭᠡᠪᠴᠢᠯᠡᠨ ᠬᠥᠭᠵᠢᠭᠦᠯᠦᠨ᠎ᠡ | ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠬᠦ ᠬᠦᠴᠦᠨ ᠤ | ᠬᠤᠪᠢᠰᠤᠯᠲᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠠ ᠶᠢ ᠤᠷᠲᠤᠳᠬᠠᠵᠤ᠂ ᠦᠷᠳᠡᠭ ᠤᠨ ᠬᠡᠯᠬᠢᠶ᠎ᠠ ᠶᠢ | ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠠ ᠶᠢ ᠲᠣᠭᠲᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢᠨ | ᠶᠠᠰᠤ ᠴᠢᠨᠠᠷ ᠦᠷ᠎ᠡ ᠠᠰᠢᠭ ᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ | ᠤᠯᠠᠮᠵᠢᠯᠠᠯᠲᠤ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠤᠨ᠎ᠠ᠃ ᠨᠡᠭᠦᠷᠡᠰᠦᠨ ᠬᠡᠦᠷᠡᠰᠦ ᠶᠢᠨ | ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠬᠤᠶᠠᠷ ᠶᠡᠭᠡ | ᠭᠤᠤᠯᠯᠠᠬᠤ ᠠᠵᠤ ᠦᠢᠯᠡᠰ ᠲᠤ ᠰᠠᠭᠤᠷᠢᠯᠠᠨ᠂ ᠠᠵᠤ ᠦᠢᠯᠡᠰ ᠤᠨ ᠰᠠᠭᠤᠷᠢ ᠶᠢ ᠳᠠᠬᠢᠨ ᠪᠠᠶᠢᠭᠤᠯᠬᠤ ᠪᠠ ᠠᠵᠤ | ᠦᠢᠯᠡᠰ ᠤᠨ ᠬᠡᠯᠬᠢᠶ᠎ᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠡᠬᠢ ᠪᠠᠶᠠᠯᠢᠭ ᠢ ᠤᠯᠠᠷᠢᠭᠤᠯᠤᠨ | ᠥᠷᠲᠡᠭ ᠨᠡᠮᠡᠭᠳᠡᠭᠦᠯᠬᠦ ᠠᠵᠢᠯ ᠢ ᠰᠠᠶᠢᠲᠤᠷ ᠬᠢᠵᠦ᠂ ᠤᠯᠠᠮᠵᠢᠯᠠᠯᠲᠤ ᠠᠵᠤ ᠦᠢᠯᠡᠰ ᠤᠨ ᠪᠣᠬᠢᠷᠲᠤᠯ ᠥᠬᠡᠶ ᠪᠣᠯᠬᠤ᠂ | ᠳᠡᠭᠡᠳᠦ ᠦᠵᠦᠭᠦᠷᠴᠢᠯᠡᠬᠦ᠂ ᠤᠶᠤᠨᠴᠢᠯᠠᠬᠤ ᠶᠢ ᠠᠬᠢᠭᠤᠯᠤᠨ᠎ᠠ᠃ ᠬᠡᠦᠷᠰᠢᠭᠦᠯᠬᠦ ᠠᠵᠤ ᠦᠢᠯᠡᠰ ᠤᠨ ᠣᠲᠣ ᠶᠢᠨ | ᠪᠠᠶᠢᠭ᠎ᠠ ᠦᠢᠯᠡᠳᠪᠦᠷᠢᠯᠡᠬᠦ ᠴᠢᠳᠠᠪᠤᠷᠢ ᠶᠢ ᠡᠮᠬᠢᠯᠡᠨ ᠨᠡᠶᠢᠯᠡᠭᠦᠯᠵᠦ ᠲᠠᠰ ᠳᠡᠪᠰᠢᠭᠦᠯᠬᠦ ᠶᠢ ᠪᠣᠳᠠᠲᠠᠶ ᠪᠠᠷ ᠠᠳᠬᠤᠵᠤ᠂ | 2023 ᠣᠨ ᠤ ᠵᠢᠯ ᠤᠨ ᠰᠡᠭᠦᠯᠴᠢ ᠠᠴᠠ ᠡᠮᠦᠨ᠎ᠡ ᠨᠡᠭᠦᠷᠡᠰᠦᠵᠢᠭᠦᠯᠬᠦ ᠲᠠᠰᠤᠭ ᠤᠨ ᠥᠨᠳᠥᠷ ᠤᠨ ᠬᠡᠮᠵᠢᠶ᠎ᠡ ᠨᠢ 4. | 3 ᠮᠧᠲᠷ ᠤᠨ ᠬᠡᠦᠷᠰᠢᠭᠦᠯᠬᠦ ᠵᠤᠤᠬ᠎ᠠ ᠶᠢ ᠪᠥᠬᠦ ᠲᠠᠯ᠎ᠠ ᠪᠠᠷ ᠰᠢᠭᠰᠢᠭᠳᠡᠭᠦᠯᠵᠦ᠂ ᠨᠡᠭᠦᠷᠡᠰᠦᠵᠢᠭᠦᠯᠬᠦ ᠲᠠᠰᠤᠭ ᠤᠨ | ᠥᠨᠳᠥᠷ ᠤᠨ ᠬᠡᠮᠵᠢᠶ᠎ᠡ ᠨᠢ 5.5 ᠮᠧᠲᠷ ᠤᠨ ᠬᠡᠦᠷᠰᠢᠭᠦᠯᠬᠦ ᠠᠵᠤ ᠠᠬᠤᠶᠢᠯᠠᠯ ᠢ ᠡᠮᠬᠢᠯᠡᠨ ᠨᠡᠶᠢᠯᠡᠭᠦᠯᠵᠦ ᠳᠠᠬᠢᠨ | ᠵᠣᠬᠢᠶᠠᠨ ᠪᠠᠶᠢᠭᠤᠯᠬᠤ ᠶᠢ ᠬᠡᠷᠡᠭᠵᠢᠭᠦᠯᠦᠨ᠂ ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠤᠭᠰᠠᠨ ᠬᠡᠦᠷᠰᠢᠭᠦᠯᠬᠦ | ᠵᠤᠤᠬ᠎ᠠ ᠶᠢᠨ ᠥᠨᠳᠥᠷ ᠤᠨ ᠬᠡᠮᠵᠢᠶ᠎ᠡ ᠶᠢ 6.25 ᠮᠧᠲᠷ ᠲᠤ ᠬᠦᠷᠦᠭᠦᠯᠵᠦ᠂ 3 ᠵᠢᠯ ᠤᠨ ᠬᠤᠭᠤᠴᠠᠭᠠᠨ ᠳᠤ | ᠬᠡᠦᠷᠰᠢᠭᠦᠯᠬᠦ ᠠᠵᠤ ᠠᠬᠤᠶᠢᠯᠠᠯ ᠤᠨ ᠲᠠᠩ ᠴᠣᠭᠴᠠ ᠶᠢᠨ ᠬᠡᠪᠴᠢᠶ᠎ᠡ ᠶᠢ ᠪᠦᠬᠦᠨ ᠢ 300 ᠲᠦᠮᠡᠨ ᠲᠣᠨ ᠠᠴᠠ | ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃ ᠠᠭᠤᠷᠬᠠᠶ ᠶᠢᠨ ᠡᠷᠬᠡ ᠶᠢ ᠰᠢᠯᠢᠳᠡᠭᠵᠢᠭᠦᠯᠦᠨ ᠲᠠᠬᠢᠨ ᠵᠣᠬᠢᠶᠠᠨ | ᠪᠠᠶᠢᠭᠤᠯᠬᠤ ᠶᠢ ᠬᠡᠷᠡᠭᠵᠢᠭᠦᠯᠵᠦ᠂ ᠨᠡᠭᠦᠷᠡᠰᠦᠨ ᠤ ᠡᠬᠢ ᠪᠠᠶᠠᠯᠢᠭ ᠢ ᠬᠠᠮᠠᠭᠠᠯᠠᠯᠲᠠ ᠶᠢᠨ ᠴᠢᠨᠠᠷᠲᠠᠶ ᠪᠠᠷ ᠨᠡᠭᠡᠭᠡᠨ | ᠮᠠᠯᠲᠠᠵᠤ᠂ ᠠᠭᠤᠷᠬᠠᠶ ᠶᠢᠨ ᠣᠷᠣᠨ ᠢ ᠨᠢᠭᠡᠳᠦᠯᠲᠡᠶ ᠲᠥᠯᠥᠪᠵᠢᠭᠦᠯᠬᠦ᠂ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ᠂ | ᠲᠥᠪᠯᠡᠷᠡᠭᠦᠯᠦᠨ ᠵᠠᠰᠠᠬᠤ ᠶᠢ ᠪᠡᠶᠡᠯᠡᠭᠦᠯᠵᠦ᠂ ᠨᠡᠭᠦᠷᠡᠰᠦ ᠶᠢ ᠠᠶᠤᠯᠭᠦᠶ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ | ᠮᠠᠯᠲᠠᠬᠤ ᠪᠠ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠶ ᠪᠠᠷ ᠠᠰᠢᠭᠯᠠᠬᠤ ᠶᠢ ᠲᠦᠯᠬᠢᠨ ᠠᠬᠢᠭᠤᠯᠤᠨ᠎ᠠ᠃ | ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠪᠦᠲᠦᠭᠡᠭᠳᠡᠬᠦᠨ ᠢ ᠪᠣᠯᠪᠠᠰᠤᠷᠠᠭᠤᠯᠬᠤ ᠭᠦᠨᠴᠡ ᠶᠢ | ᠳᠡᠭᠡᠭᠰᠢᠯᠡᠭᠦᠯᠵᠦ᠂ ᠢᠵᠢ ᠪᠦᠷᠢᠳᠦᠭᠦᠯᠬᠦ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠦᠨ᠂ ᠾᠯᠣᠷ | ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠪᠥᠭᠡᠮᠨᠡᠷᠡᠯ ᠢ ᠪᠠᠶᠢᠭᠤᠯᠤᠨ᠎ᠠ᠃ ᠳᠡᠭᠡᠳᠦ | ᠲᠠᠰ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠦᠢᠯᠡᠳᠬᠦᠨ ᠤ | ᠨᠡᠮᠡᠯᠲᠡ ᠥᠷᠲᠡᠭ ᠢ ᠳᠡᠭᠡᠭᠰᠢᠯᠡᠭᠦᠯᠦᠨ᠂ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠤᠷᠴᠢᠯᠵᠢᠭᠤᠯᠤᠯᠳᠠ᠂ | ᠤᠶᠤᠨᠴᠢᠯᠠᠯᠳᠠ᠂ ᠦᠵᠦᠭᠦᠷᠴᠢᠯᠠᠯᠳᠡ ᠳᠠᠰᠢ ᠤᠷᠤᠭᠰᠢᠯᠠᠬᠤ ᠶᠢ ᠠᠬᠢᠭᠤᠯᠤᠨ᠎ᠠ᠃ | ᠰᠢᠨ᠎ᠡ ᠪᠠᠷ ᠪᠤᠢ ᠪᠣᠯᠤᠭᠰᠠᠨ ᠠᠵᠤ ᠦᠢᠯᠡᠰ ᠤᠨ ᠨᠡᠮᠡᠭᠳᠡᠯ ᠤᠨ ᠬᠡᠮᠵᠢᠶ᠎ᠡ ᠶᠢ ᠰᠢᠨ᠎ᠡ ᠡᠨᠧᠷᠭᠢ᠂ ᠰᠢᠨ᠎ᠡ | ᠮᠠᠲ᠋ᠧᠷᠢᠶᠠᠯ᠂ ᠠᠮᠢᠳᠤ ᠪᠣᠳᠠᠰ ᠤᠨ ᠡᠮ ᠡᠮᠨᠡᠯᠭᠡ ᠵᠡᠷᠭᠡ ᠭᠤᠤᠯᠳᠠᠯᠭ᠎ᠠ ᠲᠠᠢ ᠠᠵᠤ ᠦᠢᠯᠡᠰ ᠲᠤ ᠴᠢᠭᠯᠡᠭᠦᠯᠦᠨ᠂ ᠪᠦᠦ | ᠡᠤ ᠶᠢᠨ ᠨᠡᠭᠦᠷᠡᠰᠦᠨ ᠮᠠᠲ᠋ᠧᠷᠢᠶᠠᠯ᠂ ᠰᠢᠩ ᠹᠠ ᠣᠷᠭᠠᠨᠢᠭ ᠴᠠᠬᠢᠭᠤᠷ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠬᠦᠴᠦᠯᠡᠨ ᠠᠬᠢᠭᠤᠯᠵᠤ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠰᠢᠨ᠎ᠡ ᠪᠠᠷ ᠪᠣᠶ ᠪᠣᠯᠤᠭᠰᠠᠨ | ᠠᠵᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠵᠦ᠂ ᠬᠡᠪᠴᠢᠶ᠎ᠡ ᠶᠢ ᠨᠢ ᠥᠷᠭᠡᠳᠬᠡᠬᠦ ᠶᠢ | ᠠᠬᠢᠭᠤᠯᠤᠨ᠎ᠠ᠃ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠪᠤᠯᠬᠤ ᠤᠰᠤᠲᠥ᠋ᠷᠥᠭᠴᠢ ᠶᠢᠨ ᠡᠬᠢ ᠪᠠᠶᠠᠯᠢᠭ | ᠡᠯᠪᠡᠭ ᠳᠡᠯᠪᠡᠭ ᠪᠠᠶᠢᠬᠤ ᠳᠠᠪᠠᠭᠤᠯᠢᠭ ᠢᠶᠠᠨ ᠬᠦᠢᠴᠡᠳ ᠪᠠᠳᠠᠷᠠᠭᠤᠯᠵᠤ᠂ ᠬᠠᠶ ᠢ ᠲᠦᠩ ᠰᠢᠨ᠎ᠡ ᠡᠨᠧᠷᠭᠢ ᠶᠢᠨ | ᠤᠰᠤᠲᠥ᠋ᠷᠥᠭᠴᠢ ᠲᠦᠯᠡᠰᠢ ᠶᠢᠨ ᠳ᠋ᠢᠶᠠᠨ ᡂᠢ᠂ ᠦᠬᠠᠶ ᠶᠢᠨ ᠬᠢᠮᠢ ᠶᠢᠨ ᠠᠵᠤ ᠦᠢᠯᠡᠳᠪᠦᠷᠢ ᠶᠢᠨ ᠤᠰᠤᠲᠥ᠋ᠷᠥᠭᠴᠢ | ᠡᠨᠧᠷᠭᠢ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠷᠠᠭᠠᠨ ᠤ | ᠬᠦᠢᠯᠭᠡᠭᠡᠨ ᠤ ᠲᠡᠭᠡᠭᠡᠪᠦᠷᠢ᠂ ᠠᠭᠤᠷᠬᠠᠶ ᠶᠢᠨ ᠮᠠᠰᠢᠨ ᠵᠡᠷᠭᠡ ᠤᠰᠤᠲᠥ᠋ᠷᠥᠭᠴᠢ ᠡᠨᠧᠷᠭᠢ ᠶᠢᠨ ᠠᠵᠤ ᠦᠢᠯᠡᠰ ᠤᠨ | ᠬᠡᠷᠡᠭᠯᠡᠭᠡᠨ ᠤ ᠲᠠᠯᠠᠪᠤᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠲᠦᠯᠡᠰᠢᠨ ᠳ᠋ᠢᠶᠠᠨ ᡂᠢ ᠶᠢᠨ ᠮᠠᠰᠢᠨ | ᠲᠡᠷᠭᠡᠨ ᠤ ᠵᠢᠱᠢᠶ᠎ᠡ ᠦᠵᠡᠭᠦᠯᠬᠦ ᠬᠤᠲᠠ ᠶᠢ ᠢᠳᠡᠪᠬᠢᠲᠡᠶ ᠪᠠᠷ ᠮᠡᠳᠡᠭᠦᠯᠦᠨ᠎ᠡ᠃ ᠣᠷᠴᠢᠨ ᠲᠤᠭᠤᠷᠢᠨ ᠤ ᠬᠠᠮᠠᠭᠠᠯᠠᠯᠳᠠ | ᠶᠢᠨ ᠠᠵᠤ ᠦᠢᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠦᠳᠦᠭᠡᠨ ᠪᠠᠶᠢᠭᠤᠯᠵᠤ᠂ ᠡᠨᠧᠷᠭᠢ ᠠᠷᠪᠢᠯᠠᠵᠤ ᠣᠷᠴᠢᠨ | ᠲᠤᠭᠤᠷᠢᠨ ᠤ ᠬᠠᠮᠠᠭᠠᠯᠠᠯᠳᠠ ᠶᠢᠨ ᠠᠵᠤ ᠦᠢᠯᠡᠰ ᠤᠨ ᠰᠢᠨ᠎ᠡ ᠨᠡᠮᠡᠭᠳᠡᠯ ᠤᠨ ᠴᠢᠭ ᠢ ᠪᠤᠶᠢᠵᠢᠭᠤᠯᠤᠨ᠎ᠠ᠃ | ᠲᠣᠭᠠᠴᠢᠯᠠᠭᠰᠠᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠠᠵᠤ ᠦᠢᠯᠡᠰ ᠤᠨ ᠠᠵᠤ ᠠᠬᠤᠶ ᠶᠢᠨ | ᠲᠣᠭᠠᠴᠢᠯᠠᠭᠰᠠᠨ ᠬᠠᠮᠢᠶᠠᠷᠤᠯᠲᠠ ᠶᠢᠨ ᠲᠠᠪᠴᠠᠩ ᠢ ᠰᠦᠯᠵᠢᠶᠡᠨ ᠳᠤ ᠣᠷᠣᠭᠤᠯᠤᠨ ᠠᠵᠢᠯᠯᠠᠭᠤᠯᠵᠤ᠂ ᠤᠯᠤᠰ ᠤᠨ | ᠡᠨᠧᠷᠭᠢ ᠶᠢᠨ ᠪᠦᠯᠦᠭᠯᠡᠯ ᠤᠨ 5G ᠶᠢᠨ ᠤᠶᠤᠨᠴᠢᠯᠠᠭᠰᠠᠨ ᠠᠭᠤᠷᠬᠠᠶ ᠶᠢᠨ ᠬᠤᠳᠳᠤᠭ ᠵᠡᠷᠭᠡ ᠲᠥᠷᠥᠯ ᠵᠦᠢᠯ ᠤᠨ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠨᠢᠭᠡ ᠪᠦᠯᠦᠭ ᠬᠡᠪᠴᠢᠶᠡᠵᠢᠯ ᠠᠴᠠ ᠳᠡᠭᠡᠭᠰᠢᠬᠢ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ︽ᠡᠭᠦᠯᠡᠨ ᠳᠤ ᠤᠷᠤᠬᠤ︾ ︽ᠡᠭᠦᠯᠡᠨ ᠳᠤ ᠭᠠᠷᠬᠤ︾ ᠶᠢ ᠠᠬᠢᠭᠤᠯᠵᠤ᠂ | ᠤᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠢ ᠢᠳᠡᠪᠬᠢᠲᠡᠶ ᠪᠥᠲᠥᠭᠡᠨ ᠪᠠᠶᠢᠭᠤᠯᠵᠤ᠂ | ᠦᠢᠯᠡᠳᠬᠦ ᠦᠢᠯᠡᠰ ᠤᠨ ᠲᠤᠭᠠᠴᠢᠯᠠᠯᠳᠠ᠂ ᠰᠦᠯᠵᠢᠶᠡᠴᠢᠯᠡᠯᠳᠡ᠂ ᠤᠶᠤᠨᠴᠢᠯᠠᠯᠳᠠ ᠶᠢ ᠠᠬᠢᠭᠤᠯᠤᠨ᠎ᠠ᠃ ᠠᠵᠤ | ᠦᠢᠯᠡᠰ ᠤᠨ ᠲᠣᠭᠠᠴᠢᠯᠠᠯᠲᠠ ᠶᠢ ᠲᠦᠷᠭᠡᠳᠬᠡᠵᠦ᠂ ᠲᠣᠭᠠᠴᠢᠯᠠᠭᠰᠠᠨ ᠮᠡᠷᠭᠡᠵᠢᠯ ᠢᠶᠠᠷ ᠪᠦᠬᠦ ᠲᠠᠯ᠎ᠠ ᠪᠠᠷ᠂ ᠪᠦᠬᠦ | ᠲᠠᠯ᠎ᠠ ᠪᠠᠷ᠂ ᠪᠦᠬᠦ ᠬᠡᠯᠬᠢᠶ᠎ᠡ ᠪᠠᠷ ᠤᠯᠠᠮᠵᠢᠯᠠᠯᠲᠤ ᠠᠵᠤ ᠦᠢᠯᠡᠰ ᠲᠤ ᠡᠨᠧᠷᠭᠢ ᠣᠯᠭᠤᠵᠤ᠂ ᠪᠦᠬᠦ ᠡᠯᠧᠮᠧᠨ᠋ᠲ ᠤᠨ | ᠦᠷ᠎ᠡ ᠠᠰᠢᠭ ᠢ ᠳᠡᠭᠡᠭᠰᠢᠯᠡᠭᠦᠯᠦᠨ᠎ᠡ᠃ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠭᠲᠠᠭᠠᠮᠵᠢ ᠶᠢ ᠥᠷᠭᠡᠳᠬᠡᠨ ᠶᠠᠰᠤ ᠴᠢᠨᠠᠷ ᠢ | ᠳᠡᠭᠡᠭᠰᠢᠯᠡᠭᠦᠯᠬᠦ ᠶᠢ ᠬᠦᠴᠦᠯᠡᠨ ᠠᠬᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶᠠᠨ ᠤ ᠬᠡᠷᠡᠭᠯᠡᠭᠡ ᠶᠢ ᠠᠬᠢᠭᠤᠯᠬᠤ | 20 ᠵᠤᠷᠪᠤᠰ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠠᠪᠴᠠᠩ ᠤᠨ ᠠᠵᠤ ᠠᠬᠤᠶ᠂ ᠠᠩᠬᠠᠨ ᠤ ᠳᠡᠯᠭᠡᠭᠦᠷ ᠤᠨ | ᠠᠵᠤ ᠠᠬᠤᠶ᠂ ᠰᠥᠨᠢ ᠶᠢᠨ ᠠᠵᠤ ᠠᠬᠤᠶ᠂ ᠰᠦᠯᠵᠢᠶᠡᠨ ᠤ ᠣᠲᠣ ᠶᠢᠨ ᠠᠵᠤ ᠠᠬᠤᠶ ᠵᠡᠷᠭᠡ ᠰᠢᠨ᠎ᠡ ᠬᠡᠪ ᠵᠠᠭᠪᠤᠷ | ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠪᠤᠶᠢᠵᠢᠭᠤᠯᠵᠤ᠂ ᠬᠡᠷᠡᠭᠯᠡᠭᠡᠨ ᠤ ᠬᠠᠩᠭᠠᠯᠭ᠎ᠠ ᠶᠢ ᠤᠯᠠᠮ ᠨᠢᠭᠡ ᠠᠯᠬᠤᠮ | ᠰᠢᠯᠢᠳᠡᠭᠵᠢᠭᠦᠯᠦᠨ᠎ᠡ᠃ ᠰᠢᠨ᠎ᠡ ᠲᠣᠭᠤᠷᠢᠭ ᠢ ᠨᠡᠭᠡᠭᠡᠨ ᠬᠥᠭᠵᠢᠭᠦᠯᠬᠦ᠂ ᠬᠠᠭᠤᠴᠢᠨ ᠬᠤᠳᠠ ᠶᠢ ᠥᠭᠡᠷᠡᠴᠢᠯᠡᠬᠦ ᠲᠠᠢ | ᠤᠶᠠᠯᠳᠤᠭᠤᠯᠤᠨ᠂ ᠶᠠᠪᠠᠭᠠᠨ ᠵᠡᠭᠡᠯᠢ᠂ ᠠᠷᠢᠬᠢᠨ ᠮᠤᠬᠤᠯᠠᠭ ᠵᠡᠭᠡᠯᠢ᠂ ᠠᠮᠲᠠᠲᠤ ᠢᠳᠡᠭᠡᠨ ᠤ ᠵᠡᠭᠡᠯᠢ ᠵᠡᠷᠭᠡ | ᠤᠨᠴᠠᠯᠢᠭᠳᠤ ᠵᠡᠭᠡᠯᠢ ᠲᠣᠭᠤᠷᠢᠭ᠂ ᠰᠦᠯᠵᠢᠶᠡᠨ ᠤ ᠢᠳᠡᠭᠡᠯ ᠲᠠᠢ ᠵᠡᠭᠡᠯᠢ ᠲᠣᠭᠤᠷᠢᠭ ᠢ ᠪᠦᠳᠦᠭᠡᠨ ᠪᠠᠶᠢᠭᠤᠯᠵᠤ᠂ | ᠪᠣᠳᠠᠲᠤ ᠴᠣᠭᠴᠠ ᠶᠢᠨ ᠬᠤᠳᠠᠯᠳᠤᠭᠠᠨ ᠤ ᠰᠢᠨ᠎ᠡ ᠶᠢ ᠡᠭᠦᠳᠦᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ | ᠬᠤᠳᠠ ᠶᠢᠨ ᠬᠥᠮᠦᠰ ᠤᠨ ᠬᠦᠷᠢᠶᠡᠯᠡᠯ ᠢ ᠨᠢᠭᠲᠠᠷᠠᠭᠤᠯᠵᠤ᠂ ᠬᠤᠳᠠᠯᠳᠤᠭᠠᠨ ᠤ ᠬᠦᠷᠢᠶᠡᠯᠡᠯ ᠢ ᠲᠥᠪᠯᠡᠷᠡᠭᠦᠯᠦᠨ᠎ᠡ᠃ | ᠮᠠᠰᠢᠨ ᠲᠡᠷᠭᠡ ᠵᠡᠷᠭᠡ ᠤᠯᠠᠮᠵᠢᠯᠠᠯᠲᠤ ᠬᠡᠷᠡᠭᠯᠡᠭᠡ ᠶᠢ ᠲᠣᠭᠲᠠᠪᠤᠷᠢᠵᠢᠭᠤᠯᠵᠤ᠂ ᠰᠤᠷᠭᠠᠨ ᠬᠥᠮᠦᠵᠢᠯ ᠡᠮᠴᠢᠯᠡᠭᠡ᠂ | ᠡᠷᠡᠭᠦᠯ ᠮᠡᠨᠳᠤ ᠨᠠᠰᠤᠵᠢᠯ ᠤᠨ ᠠᠰᠠᠷᠠᠮᠵᠢ᠂ ᠲᠤᠭᠠᠴᠢᠯᠠᠯᠳᠠ ᠮᠡᠳᠡᠭᠡ ᠵᠠᠩᠭᠢ ᠵᠡᠷᠭᠡ ᠤᠯᠠᠨ ᠨᠡᠶᠢᠲᠡ ᠶᠢᠨ | ᠬᠡᠷᠡᠭᠯᠡᠭᠡ ᠶᠢᠨ ᠬᠠᠩᠭᠠᠯᠭ᠎ᠠ ᠶᠢ ᠪᠠᠶᠠᠯᠢᠭᠵᠢᠭᠤᠯᠤᠨ᠎ᠠ᠃ ᠰᠣ᠋ ᠨᠢᠩ ᠢ ᠭᠸᠤ ᠵᠡᠷᠭᠡ ᠨᠡᠷᠡᠳᠦ ᠲᠦᠷᠦᠯ ᠲᠡᠮᠳᠡᠭ ᠢ | ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠮᠣᠯ ᠬᠤᠳᠠ᠂ ᠤᠳᠤ ᠦᠶ᠎ᠡ ᠶᠢᠨ ᠤᠶᠤᠨᠲᠤ ᠬᠥᠮᠥᠷᠭᠡᠯᠡᠨ | ᠬᠠᠳᠠᠭᠠᠯᠠᠬᠤ ᠡᠳ᠋ ᠪᠠᠷᠠᠭᠠᠨ ᠤ ᠭᠦᠢᠯᠭᠡᠭᠡᠨ ᠤ ᠬᠦᠷᠢᠶᠡᠯᠡᠩ ᠵᠡᠷᠭᠡ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢ ᠲᠦᠷᠭᠡᠳᠬᠡᠵᠦ᠂ ᠵᠢᠦ ᠯᠦᠩ ᠤᠯᠠᠨ ᠤᠯᠤᠰ ᠤᠨ ᠠᠭᠤᠳᠠᠮ ᠲᠠᠯᠠᠪᠠᠢ ᠶᠢ ᠪᠠᠶᠢᠭᠤᠯᠤᠨ | ᠪᠦᠲᠦᠭᠡᠵᠦ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠵᠠᠰᠠᠭ ᠤᠨ ᠤᠷᠳᠣᠨ ᠮᠦᠩᠬᠦᠨ ᠬᠦᠢᠯᠭᠡᠭᠡ ᠠᠵᠤ | ᠠᠬᠤᠶᠢᠯᠠᠯ ᠢ ᠵᠣᠯᠭᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠬᠤ ᠶᠢ | ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ ︽ᠠᠭᠤᠯᠠ᠂ ᠤᠰᠤ᠂ ᠡᠯᠡᠰᠦ᠂ ᠬᠤᠲᠠ︾ ᠶᠢᠨ | ᠥᠪᠡᠷᠮᠢᠴᠡ ᠦᠵᠡᠮᠵᠢ ᠶᠢᠨ ᠳᠠᠪᠠᠭᠤᠯᠢᠭ ᠢᠶᠠᠨ ᠪᠠᠳᠠᠷᠠᠭᠤᠯᠤᠨ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ | ᠬᠠᠮᠲᠤᠷᠠᠨ ᠬᠠᠲᠤᠨ ᠭᠤᠤᠯ ᠤᠨ ︽几︾ ᠦᠰᠦᠭᠲᠤ ᠰᠣᠶᠣᠯ ᠵᠢᠭᠤᠯᠴᠢᠯᠠᠯ ᠤᠨ ᠬᠤᠩᠭᠢᠯ ᠵᠡᠷᠭᠡ ᠣᠨᠴᠠᠯᠢᠭᠲᠤ | ᠵᠢᠭᠤᠯᠴᠢᠯᠠᠯ ᠤᠨ ᠵᠠᠮ ᠱᠤᠭᠤᠮ ᠢ ᠤᠬᠠᠭᠠᠯᠠᠵᠤ᠂ ᠣᠨᠴᠠᠯᠢᠭᠲᠤ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ | ᠬᠥᠭᠵᠢᠭᠦᠯᠦᠨ᠎ᠡ᠃ ᠬᠠᠷᠠᠭᠠᠨ ᠳᠠᠪᠲᠠᠮᠵᠢ ᠶᠢᠨ ᠨᠡᠶᠢᠭᠡᠮ ᠤᠨ ᠬᠠᠷᠢᠯᠴᠠᠭᠠᠨ ᠤ ᠲᠠᠪᠴᠠᠩ ᠵᠡᠷᠭᠡ ᠰᠢᠨ᠎ᠡ | ᠵᠠᠭᠤᠴᠢᠯᠠᠭᠤᠷ ᠢ ᠠᠰᠢᠭᠯᠠᠨ᠂ ᠬᠤᠲᠠ ᠶᠢᠨ ᠨᠠᠷᠠᠲᠤ ᠲᠥᠷᠥᠯ ᠲᠡᠮᠳᠡᠭᠲᠦ ᠶᠢᠨ ᠰᠦᠯᠵᠢᠶᠡᠨ ᠤ ᠤᠷᠤᠰᠴᠠ ᠶᠢᠨ | ᠭᠠᠷᠭᠠᠯᠲᠠ ᠶᠢ ᠥᠷᠭᠡᠳᠬᠡᠵᠦ᠂ ︽ᠡᠯᠡᠰᠦᠨ ᠴᠥᠯ ᠳᠤ ᠢᠷᠡᠵᠦ ᠲᠡᠯᠡᠶ ᠦᠵᠡᠭᠲᠣᠨ︾ ᠬᠡᠬᠦ ᠵᠢᠭᠤᠯᠴᠢᠯᠠᠯ ᠤᠨ IP | ᠶᠢᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ ᠦᠬᠠᠶ ᠨᠠᠭᠤᠷ ᠤᠨ ᠤᠶᠤᠨᠲᠤ ᠡᠷᠡᠭᠦᠯ ᠮᠡᠨᠳᠦ ᠶᠢᠨ ᠬᠥᠨᠳᠡᠶ᠂ | ᠮᠠᠢ ᠵᠢᠢ TV ᠴᠡᠩᠭᠡᠯ ᠤᠨ ᠬᠦᠷᠢᠶᠡᠯᠡᠩ ᠵᠡᠷᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ | ᠬᠠᠲᠤᠨ ᠭᠤᠤᠯ ᠤᠨ ᠰᠣᠶᠣᠯ ᠤᠨ ᠴᠡᠴᠡᠷᠯᠢᠭ ᠪᠠ ᠨᠠᠭᠤᠷ ᠲᠣᠭᠤᠷᠢᠭᠰᠠᠨ ᠰᠤᠳᠤᠯᠤᠨ ᠰᠤᠷᠤᠯᠴᠠᠬᠤ | ᠵᠢᠭᠤᠯᠴᠢᠯᠠᠯ ᠤᠨ ᠰᠠᠭᠤᠷᠢᠨ ᠭᠠᠵᠠᠷ ᠢ ᠤᠬᠠᠭᠠᠯᠠᠨ ᠪᠠᠶᠢᠭᠤᠯᠤᠨ᠎ᠠ᠃ ᠨᠠᠭᠤᠷ ᠢ ᠲᠣᠭᠤᠷᠢᠭᠰᠠᠨ ᠵᠠᠮ᠂ | ᠵᠢᠭᠤᠯᠴᠢᠯᠠᠯ ᠤᠨ ᠵᠣᠷᠯᠣᠩ ᠵᠡᠷᠭᠡ ᠰᠠᠭᠤᠷᠢ ᠪᠡᠯᠡᠳᠬᠡᠮᠵᠢ ᠪᠠᠨ ᠲᠡᠭᠦᠯᠳᠡᠷᠵᠢᠭᠦᠯᠵᠦ᠂ ᠦᠬᠠᠶ ᠨᠠᠭᠤᠷ ᠤᠨ | ᠦᠵᠡᠮᠵᠢ ᠶᠢᠨ ᠣᠷᠣᠨ ᠤ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠠ ᠤᠯᠤᠰ ᠤᠨ ᠲᠠᠰ ᠤᠨ | ᠵᠢᠭᠤᠯᠴᠢᠯᠠᠯ ᠤᠨ ᠠᠮᠠᠷᠠᠯᠲᠠ ᠶᠢᠨ ᠣᠷᠣᠨ ᠢ ᠡᠭᠦᠳᠦᠨ ᠪᠠᠶᠢᠭᠤᠯᠬᠤ ᠶᠢ ᠳᠥᠯᠭᠢᠨ ᠠᠬᠢᠭᠤᠯᠵᠤ᠂ ᠬᠠᠶᠢᠷᠤᠪ ᠤᠨ | ᠲᠤᠬᠤᠢ ᠲᠤᠭᠤᠷᠢᠭ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ | ᠪᠠᠶᠢᠭᠤᠯᠬᠤ ᠶᠢ ᠳᠡᠮᠵᠢᠨ᠎ᠡ᠃ | ︵ᠲᠠᠪᠤ︶ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠬᠦᠯᠦᠨ᠎ᠡ | ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠴᠢᠳᠠᠮᠵᠢᠳᠤ ᠣᠷᠣᠨ ᠤ ᠬᠤᠪᠢᠶᠠᠷᠢᠯᠠᠯ ᠢ ᠰᠢᠨᠵᠢᠯᠡᠬᠦ | ᠤᠬᠠᠭᠠᠨᠴᠢ ᠪᠠᠷ ᠪᠠᠶᠢᠷᠢᠯᠠᠭᠤᠯᠤᠨ᠂ ᠬᠤᠳᠠ ᠶᠢᠨ ᠴᠢᠳᠠᠮᠵᠢ ᠶᠢ ᠲᠡᠭᠦᠯᠳᠡᠷᠵᠢᠭᠦᠯᠦᠨ ᠳᠡᠭᠡᠭᠰᠢᠯᠡᠭᠦᠯᠵᠦ᠂ ᠬᠤᠳᠠ ᠶᠢᠨ | ᠬᠥᠭᠵᠢᠯᠲᠡ ᠶᠢᠨ ᠣᠷᠣᠨ ᠵᠠᠶ ᠶᠢ ᠥᠷᠭᠡᠳᠬᠡᠨ᠂ ᠬᠦᠷᠢᠶᠡᠯᠡᠩ ᠲᠣᠭᠤᠷᠢᠭ ᠢ ᠪᠠᠶᠢᠭᠤᠯᠤᠨ ᠳᠡᠭᠡᠭᠰᠢᠯᠡᠭᠦᠯᠵᠦ | ᠲᠡᠭᠦᠯᠳᠡᠷᠵᠢᠭᠦᠯᠬᠦ᠂ ᠪᠢᠨ ᠾᠧ ᠶᠢᠨ ᠬᠤᠶᠠᠳᠤᠭᠠᠷ ᠬᠤᠭᠤᠴᠠᠭ᠎ᠠ ᠶᠢ ᠨᠡᠭᠡᠭᠡᠨ ᠬᠥᠭᠵᠢᠭᠦᠯᠬᠦ᠂ ᠬᠠᠭᠤᠴᠢᠨ ᠵᠢᠵᠢᠭ | ᠲᠣᠭᠤᠷᠢᠭ ᠢ ᠥᠭᠡᠷᠡᠴᠢᠯᠡᠨ ᠰᠢᠨᠡᠳᠬᠡᠬᠦ᠂ ᠳᠡᠭᠡᠳᠦ ᠬᠤᠷᠳᠤᠴᠠᠲᠤ ᠲᠡᠮᠦᠷ ᠵᠠᠮ ᠤᠨ ᠵᠠᠯᠭᠠᠯᠳᠤᠭᠰᠠᠨ ᠲᠣᠭᠤᠷᠢᠭ ᠢ | ᠨᠡᠭᠡᠭᠡᠨ ᠬᠥᠭᠵᠢᠭᠦᠯᠵᠦ ᠪᠦᠳᠦᠭᠡᠨ ᠪᠠᠶᠢᠭᠤᠯᠬᠤ ᠪᠠᠶᠢᠷᠢᠰᠢᠯ ᠢ ᠪᠠᠶᠢᠭᠤᠯᠤᠨ᠎ᠠ᠃ ᠬᠦᠷᠢᠶᠡᠯᠡᠩ ᠲᠣᠭᠤᠷᠢᠭ ᠤᠨ | ᠲᠠᠪᠴᠠᠩ ᠤᠨ ᠴᠢᠳᠠᠮᠵᠢ ᠶᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ ᠢ ᠬᠦᠷᠢᠶᠡᠯᠡᠩ | ᠲᠣᠭᠤᠷᠢᠭ ᠲᠤ ᠣᠷᠣᠭᠤᠯᠬᠤ᠂ ᠠᠵᠤ ᠦᠢᠯᠡᠰ ᠤᠨ ᠬᠥᠭᠵᠢᠯᠲᠡ ᠶᠢᠨ ᠪᠥᠭᠡᠮᠨᠡᠷᠡᠯ ᠢ ᠪᠠᠷᠢᠮᠲᠠᠯᠠᠨ᠂ ᠬᠦᠷᠢᠶᠡᠯᠡᠩ | ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠲᠣᠳᠣᠷᠬᠠᠶᠢᠯᠠᠵᠤ᠂ ᠠᠵᠤ ᠦᠢᠯᠡᠰ ᠤᠨ | ᠲᠥᠪᠯᠡᠷᠡᠯ ᠤᠨ ᠬᠡᠮᠵᠢᠶ᠎ᠡ᠂ ᠬᠤᠯᠪᠣᠭᠳᠠᠬᠤ ᠬᠡᠮᠵᠢᠶ᠎ᠡ᠂ ᠲᠥᠬᠦᠷᠵᠢᠭᠦᠯᠬᠦ ᠬᠡᠮᠵᠢᠶ᠎ᠡ ᠶᠢ ᠨᠡᠮᠡᠭᠳᠡᠭᠦᠯᠦᠨ᠎ᠡ᠃ ᠠᠵᠤ | ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢ ᠰᠢᠯᠤᠭᠤᠳᠬᠠᠵᠤ᠂ ᠵᠣᠬᠢᠶᠠᠨ | ᠪᠠᠶᠢᠭᠤᠯᠤᠯᠲᠠ ᠶᠢᠨ ᠪᠠᠶᠢᠭᠤᠯᠤᠮᠵᠢ ᠪᠠᠨ ᠲᠡᠭᠦᠯᠳᠡᠷᠵᠢᠭᠦᠯᠦᠨ᠂ ᠬᠦᠷᠢᠶᠡᠯᠡᠩ ᠲᠣᠭᠤᠷᠢᠭ ᠤᠨ ᠬᠥᠭᠵᠢᠯᠲᠡ ᠳᠤ | ︽ᠡᠷᠬᠡ ᠶᠢ ᠬᠦᠴᠦᠷᠬᠡᠭᠵᠢᠭᠦᠯᠬᠦ︾ ︽ᠴᠢᠳᠠᠪᠤᠷᠢ ᠣᠯᠭᠤᠬᠤ︾ ᠬᠡᠷᠡᠭᠲᠡᠶ᠃ ᠲᠤᠤᠷ᠎ᠠ ᠨᠡᠭᠦᠷᠡᠰᠦᠲᠥ᠋ᠷᠥᠭᠴᠢᠲᠤ ᠠᠵᠤ | ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠲᠤᠰᠬᠠᠶ ᠬᠡᠷᠡᠭᠯᠡᠬᠦ ᠱᠤᠭᠤᠮ ᠵᠡᠷᠭᠡ ᠲᠥᠷᠥᠯ ᠵᠦᠢᠯ ᠤᠨ ᠪᠥᠲᠥᠭᠡᠨ | ᠪᠠᠶᠢᠭᠤᠯᠤᠯᠲᠠ ᠶᠢ ᠡᠬᠢᠯᠡᠭᠦᠯᠵᠦ᠂ ᠬᠦᠷᠢᠶᠡᠯᠡᠩ ᠲᠣᠭᠤᠷᠢᠭ ᠤᠨ ᠵᠠᠮ᠂ ᠪᠠᠶᠢᠭᠠᠯᠢ ᠶᠢᠨ ᠰᠢᠲᠠᠮᠠᠬᠠᠶ ᠬᠡᠶ᠂ ᠤᠰᠤ | ᠬᠠᠩᠭᠠᠬᠤ᠂ ᠲᠤᠯᠠᠭᠠᠨ ᠬᠠᠩᠭᠠᠬᠤ᠂ ᠴᠠᠬᠢᠯᠭᠠᠨ ᠬᠦᠴᠦᠨ ᠵᠡᠷᠭᠡ ᠰᠠᠭᠤᠷᠢ ᠪᠡᠯᠡᠳᠬᠡᠮᠵᠢ ᠶᠢᠨ ᠳᠤᠲᠠᠭᠤᠳᠠᠯ ᠢᠶᠠᠨ | ᠨᠥᠬᠦᠪᠥᠷᠢᠯᠡᠵᠦ᠂ ᠢᠵᠢ ᠪᠥᠷᠢᠳᠦᠭᠰᠡᠨ ᠠᠮᠢᠳᠤᠷᠠᠯ ᠤᠨ ᠦᠢᠯᠡᠴᠢᠯᠡᠭᠡᠨ ᠤ ᠲᠣᠭᠤᠷᠢᠭ ᠢ ᠲᠡᠭᠦᠯᠳᠡᠷᠵᠢᠭᠦᠯᠦᠨ᠂ | ᠬᠦᠷᠢᠶᠡᠯᠡᠩ ᠲᠣᠭᠤᠷᠢᠭ ᠤᠨ ᠳᠠᠭᠠᠭᠠᠴᠠ ᠶᠢ ᠦᠨᠡᠨᠬᠦ ᠳᠡᠭᠡᠭᠰᠢᠯᠡᠭᠦᠯᠦᠨ᠎ᠡ᠃ ᠵᠧ ᠮᠧᠩ ᠬᠠᠢ ᠶᠢᠨ ᠨᠠᠷᠢᠯᠢᠭ | ᠬᠢᠮᠢ ᠶᠢᠨ ᠠᠵᠤ ᠦᠢᠯᠡᠳᠪᠦᠷᠢ ᠶᠢᠨ ︽ᠬᠦᠷᠢᠶᠡᠯᠡᠩ ᠲᠤᠲᠤᠷᠠᠭᠢ ᠬᠦᠷᠢᠶᠡᠯᠡᠩ︾ ᠳᠤ ᠲᠦᠰᠢᠭᠯᠡᠨ᠂ ︽ᠣᠷᠣᠨ | ᠠᠯᠤᠰᠯᠠᠭᠰᠠᠨ ᠠᠵᠤ ᠠᠬᠤᠶ︾ ᠶᠢᠨ ᠵᠠᠭᠪᠤᠷ ᠢ ᠬᠡᠷᠡᠭᠵᠢᠭᠦᠯᠦᠨ᠎ᠡ᠃ ︽ᠮᠥ ᠳᠤᠮᠳᠠᠴᠢ ᠪᠠᠷ ᠪᠠᠭᠠᠲᠤᠷᠴᠤᠳ ᠢ ᠦᠨᠡᠯᠡᠬᠦ︾ | ᠶᠢ ᠪᠠᠷᠢᠮᠲᠠᠯᠠᠵᠤ᠂ ᠪᠠᠯᠠ ᠣᠷᠣᠭᠤᠯᠤᠯᠲᠠ ᠶᠢᠨ ᠡᠷᠴᠢᠮ᠂ ᠮᠥ ᠳᠤᠮᠳᠠᠴᠢ ᠪᠠᠷ ᠠᠰᠢᠭ ᠤᠯᠬᠤ ᠵᠡᠷᠭᠡ ᠬᠦᠢᠴᠡᠳᠬᠡᠯ | ᠲᠤᠭ᠎ᠠ ᠶᠢᠨ ᠬᠠᠲᠠᠭᠤ ᠬᠢᠵᠠᠭᠠᠷᠯᠠᠯ ᠢ ᠴᠢᠩᠭᠠᠳᠬᠠᠨ᠎ᠠ᠃ ᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠤᠨ | ᠤᠶᠤᠨᠲᠤ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠤᠷᠰᠢᠯᠲᠠ ᠶᠢᠨ ᠴᠢᠭ ᠤᠨ ᠪᠥᠲᠥᠭᠡᠨ | ᠪᠠᠶᠢᠭᠤᠯᠤᠯᠲᠠ ᠶᠢ ᠲᠦᠯᠬᠢᠨ ᠠᠭᠢᠭᠤᠯᠤᠨ᠎ᠠ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠨᠡᠭᠡᠭᠡᠨ | ᠬᠥᠭᠵᠢᠭᠦᠯᠦᠯᠲᠡ ᠶᠢ ᠲᠦᠷᠭᠡᠳᠬᠡᠨ᠎ᠡ᠃ ᠲᠥᠯᠥᠪᠵᠢᠭᠦᠯᠭᠡ ᠪᠠᠷ ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠪᠢᠨ | ᠾᠧ ᠶᠢᠨ ᠬᠤᠶᠠᠳᠤᠭᠠᠷ ᠬᠤᠭᠤᠴᠠᠭᠠᠨ ᠤ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠳᠤ ᠲᠣᠬᠢᠷᠠᠭᠤᠯᠤᠯᠲᠠ | ᠬᠢᠨ᠎ᠠ᠃ ᠪᠢᠨ ᠾᠧ ᠶᠢᠨ ᠬᠤᠶᠠᠳᠤᠭᠠᠷ ᠬᠤᠭᠤᠴᠠᠭᠠᠨ ᠤ ᠪᠠᠷᠠᠭᠤᠨ ᠲᠣᠭᠤᠷᠢᠭ ᠤᠨ ᠲᠠᠲᠠᠪᠤᠷᠢᠯᠠᠨ ᠨᠤᠷᠠᠭᠠᠬᠤ | ᠠᠵᠢᠯ ᠢ ᠪᠡᠶᠡᠯᠡᠭᠦᠯᠵᠦ᠂ ᠵᠠᠮ᠂ ᠴᠠᠬᠢᠯᠭᠠᠨ ᠬᠦᠴᠦᠨ᠂ ᠬᠤᠭᠤᠯᠠᠶ ᠲᠣᠤᠷ ᠵᠡᠷᠭᠡ ᠰᠠᠭᠤᠷᠢ ᠪᠡᠯᠡᠳᠬᠡᠮᠵᠢ ᠶᠢᠨ | ᠪᠥᠲᠥᠭᠡᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠦᠵᠡᠮᠵᠢ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠥᠭᠡᠷᠡᠴᠢᠯᠡᠬᠦ ᠶᠢ ᠬᠡᠷᠡᠭᠵᠢᠭᠦᠯᠦᠨ᠎ᠡ᠃ ᠡᠮᠦᠨᠡᠬᠢ ᠬᠤᠭᠤᠴᠠᠭ᠎ᠠ ᠶᠢ ᠪᠣᠳᠠᠲᠠᠶ ᠠᠳᠬᠤᠵᠤ᠂ | ᠰᠤᠷᠭᠠᠭᠤᠯᠢ᠂ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ᠂ ᠨᠣᠮ ᠤᠨ ᠰᠠᠩ᠂ | ᠮᠦᠽᠧᠶ ᠵᠡᠷᠭᠡ ᠤᠯᠠᠨ ᠨᠡᠶᠢᠲᠡ ᠶᠢᠨ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠴᠠᠭ ᠲᠤᠨᠢ | ᠲᠣᠬᠢᠷᠠᠭᠤᠯᠤᠨ ᠡᠬᠢᠯᠡᠭᠦᠯᠦᠨ᠎ᠡ᠃ ᠪᠣᠳᠠᠲᠤ ᠬᠦᠴᠦᠨ ᠤ ᠬᠡᠯᠪᠡᠷᠢ ᠶᠢᠨ᠂ ᠨᠠᠷᠠᠲᠤ ᠲᠡᠮᠳᠡᠭᠲᠦ ᠬᠡᠯᠪᠡᠷᠢ ᠶᠢᠨ ᠬᠡᠷ | ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠴᠢᠨᠠᠷ | ᠰᠠᠶᠢᠲᠠᠶ ᠣᠷᠣᠨ ᠰᠠᠭᠤᠴᠠ ᠶᠢᠨ ᠲᠥᠷᠥᠯ ᠵᠦᠢᠯ ᠢ ᠪᠥᠲᠥᠭᠡᠨ ᠪᠠᠶᠢᠭᠤᠯᠵᠤ᠂ ᠣᠯᠠᠨ ᠲᠦᠮᠡᠨ ᠤ ᠰᠠᠶᠢᠵᠢᠷᠠᠭᠤᠯᠬᠤ | ᠴᠢᠨᠠᠷᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠴᠠᠬᠢᠯᠭᠠᠨ ᠬᠦᠴᠦᠨ ᠤ ᠲᠣᠮᠣ ᠠᠰᠠᠷ | ᠵᠡᠷᠭᠡ ᠶᠡᠷᠦᠩᠬᠡᠶ ᠬᠡᠯᠲᠡᠰ ᠤᠨ ᠰᠠᠭᠤᠷᠢᠨ ᠭᠠᠵᠠᠷ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ | ᠠᠳᠬᠤᠵᠤ᠂ ᠶᠡᠷᠦᠩᠬᠡᠶ ᠬᠡᠯᠲᠡᠰ ᠤᠨ ᠲᠥᠪ ᠵᠡᠭᠡᠯᠢ ᠶᠢ ᠪᠠᠶᠢᠭᠤᠯᠤᠨ᠂ ᠬᠤᠳᠠᠯᠳᠤᠭᠠᠨ ᠤ ᠶᠡᠷᠦᠩᠬᠡᠶᠢᠯᠡᠭᠰᠡᠨ | ᠴᠣᠭᠴᠠ ᠶᠢ ᠵᠣᠬᠢᠬᠤ ᠬᠡᠮᠵᠢᠶ᠎ᠡ ᠪᠠᠷ ᠪᠠᠶᠢᠭᠤᠯᠵᠤ᠂ ᠰᠢᠨ᠎ᠡ ᠲᠣᠭᠤᠷᠢᠭ ᠤᠨ ᠬᠥᠮᠦᠨ ᠤ ᠬᠦᠴᠦᠨ ᠪᠠ | ᠬᠤᠳᠠᠯᠳᠤᠭᠠᠨ ᠤ ᠬᠦᠴᠦᠨ ᠤ ᠲᠦᠷᠭᠡᠨ ᠴᠤᠭᠯᠠᠷᠠᠬᠤ ᠶᠢ ᠠᠬᠢᠭᠤᠯᠤᠨ᠎ᠠ᠃ ᠵᠠᠮ ᠬᠠᠷᠢᠯᠴᠠᠭᠠᠨ ᠤ ᠲᠣᠣᠷ ᠤᠨ | ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠳᠠ ᠶᠢᠨ ᠬᠤᠭᠤᠷᠣᠨᠳᠣᠬᠢ᠂ ᠣᠷᠣᠨ ᠪᠦᠰᠡ ᠶᠢᠨ ᠬᠤᠭᠤᠷᠤᠨᠳᠣᠨᠬᠢ | ᠮᠤᠬᠤᠷ ᠵᠠᠮ᠂ ᠪᠣᠭᠤᠮᠢ ᠵᠠᠮ ᠢ ᠨᠡᠪᠲᠡᠷᠡᠭᠦᠯᠵᠦ᠂ ᠿᠦᠩ ᠡᠦ ᠲᠡᠭᠡᠲᠤ ᠬᠤᠷᠲᠤᠴᠠᠲᠤ ᠵᠠᠰᠠᠮᠠᠯ ᠵᠠᠮ ᠤᠨ | ᠪᠠᠶᠠᠨᠳᠤᠬᠠᠢ ᠶᠢᠨ ᠬᠠᠷᠢᠯᠴᠠᠨ ᠨᠡᠪᠳᠡᠷᠡᠭᠦ ᠱᠤᠭᠤᠮ ᠵᠡᠷᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ | ᠡᠬᠢᠯᠡᠭᠦᠯᠵᠦ᠂ ᠣᠷᠣᠨ ᠨᠤᠲᠤᠭ ᠤᠨ ᠲᠡᠭᠡᠲᠤ ᠬᠤᠷᠲᠤᠴᠠᠲᠤ ᠵᠠᠰᠠᠮᠠᠯ ᠵᠠᠮ ᠤᠨ S37 ᠱᠤᠭᠤᠮ ᠤᠨ ᠦᠬᠠᠶ ᠠᠴᠠ | ᠨᠢᠩ ᠳ᠋ᠦᠩ ᠬᠦᠷᠬᠦ ᠬᠡᠰᠡᠭ ᠤᠨ ᠡᠮᠦᠨᠡᠬᠢ ᠬᠤᠭᠤᠴᠠᠭᠠᠨ ᠤ ᠠᠵᠢᠯ ᠢ ᠲᠦᠯᠬᠢᠨ ᠠᠬᠢᠭᠤᠯᠵᠤ᠂ ᠬᠤᠳᠠ ᠶᠢᠨ | ᠠᠶᠠᠨᠴᠢᠳ ᠤᠨ ᠲᠡᠭᠡᠭᠡᠪᠦᠷᠢ ᠶᠢᠨ ᠭᠤᠣᠯ ᠦᠷᠳᠡᠭᠡ ᠶᠢ ᠠᠰᠢᠭᠯᠠᠯᠲᠠ ᠳᠤ ᠣᠷᠣᠭᠤᠯᠵᠤ᠂ ᠮᠤᠵᠢ ᠶᠢᠨ ᠵᠠᠮ ᠤᠨ | S217 ᠱᠤᠭᠤᠮ ᠤᠨ ᠬᠠᠶᠢᠷᠤᠪ ᠤᠨ ᠲᠤᠬᠤᠢ ᠶᠢᠨ ᠬᠤᠳᠠ ᠶᠢ ᠲᠣᠭᠤᠷᠢᠭᠰᠠᠨ ᠬᠡᠰᠡᠭ ᠢ ᠪᠠᠶᠢᠭᠤᠯᠵᠤ | ᠳᠠᠭᠤᠰᠬᠠᠨ᠎ᠠ᠃ ᠦᠬᠠᠶ ᠠᠴᠠ ᠬᠠᠩᠵᠧᠦ ᠬᠦᠷᠬᠦ ᠵᠡᠷᠭᠡ ᠤᠯᠤᠰ ᠤᠨ ᠳᠣᠲᠣᠭᠠᠳᠤ ᠶᠢᠨ ᠭᠤᠣᠯᠳᠠᠯᠭ᠎ᠠ ᠲᠠᠢ | ᠬᠤᠳᠠ ᠶᠢᠨ ᠠᠭᠠᠷ ᠠᠶᠠᠯᠠᠯ ᠤᠨ ᠱᠤᠭᠤᠮ ᠢ ᠨᠡᠪᠳᠡᠷᠡᠭᠦᠯᠦᠨ᠎ᠡ᠃ ᠲᠡᠭᠡᠲᠤ ᠬᠤᠷᠳᠤᠴᠠᠲᠤ ᠲᠡᠮᠦᠷ ᠵᠠᠮ ᠤᠨ | ᠵᠠᠯᠭᠠᠯᠳᠤᠭᠰᠠᠨ ᠣᠷᠣᠨ ᠢ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢ ᠤᠬᠠᠭᠠᠯᠠᠨ ᠠᠬᠢᠭᠤᠯᠵᠤ᠂ ᠲᠡᠭᠡᠲᠤ | ᠬᠤᠷᠳᠤᠴᠠᠲᠤ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠬᠢᠭᠡᠳ ᠬᠤᠲᠠ ᠶᠢᠨ ᠬᠥᠭᠵᠢᠯᠲᠡ ᠶᠢᠨ ᠰᠠᠶᠢᠨ | ᠨᠥᠬᠦᠴᠡᠯᠳᠦᠯ ᠢ ᠪᠡᠶᠡᠯᠡᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ | ᠠᠭᠢᠭᠤᠯᠤᠨ᠎ᠠ᠃ ᠠᠵᠤ ᠦᠢᠯᠡᠳᠪᠦᠷᠢᠵᠢᠯᠲᠡ ᠶᠢᠨ ᠰᠡᠳᠬᠢᠬᠦᠶ᠂ ᠠᠵᠤ ᠦᠢᠯᠡᠰᠴᠢᠯᠡᠯᠲᠡ ᠶᠢᠨ | ᠣᠶᠢᠯᠠᠭᠠᠭᠳᠠᠬᠤᠨ ᠢᠶᠠᠷ ᠤᠨᠴᠠᠯᠢᠬᠳᠤ ᠲᠠᠷᠢᠶᠠᠯᠠᠩ ᠤᠨ ᠬᠥᠭᠵᠢᠯᠲᠡ ᠶᠢ ᠲᠥᠯᠥᠪᠵᠢᠭᠦᠯᠵᠦ᠂ ᠰᠢᠨᠵᠢᠯᠡᠬᠦ ᠤᠬᠠᠭᠠᠨ | ᠮᠡᠷᠭᠡᠵᠢᠯ ᠢᠶᠠᠷ ᠲᠠᠷᠢᠶᠠᠯᠠᠩ ᠢ ᠬᠥᠭᠵᠢᠭᠦᠯᠬᠦ ᠶᠢ ᠬᠡᠷᠡᠭᠵᠢᠭᠦᠯᠵᠦ᠂ ᠲᠦᠮᠡᠨ ᠮᠦ ᠶᠢᠨ ᠲᠦᠬᠦᠭᠡᠷᠦᠮᠵᠢᠳᠤ ᠲᠠᠷᠢᠶᠠᠯᠠᠩ᠂ | ᠤᠳᠤ ᠦᠶ᠎ᠡ ᠶᠢᠨ ᠲᠦᠬᠦᠭᠡᠷᠦᠮᠵᠢᠳᠤ ᠦᠵᠦᠮ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ | ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠦᠵᠦᠮ ᠤᠨ ᠠᠵᠤ ᠦᠢᠯᠡᠰ ᠤᠨ | ᠲᠥᠪᠯᠡᠷᠡᠨ ᠵᠠᠯᠭᠠᠯᠳᠤᠭᠰᠠᠨ ᠪᠦᠳᠦᠭᠡᠨ ᠪᠠᠶᠢᠭᠤᠯᠤᠯᠲᠠ᠂ ᠰᠠᠭᠤᠷᠢ ᠲᠥᠬᠦᠭᠡᠷᠦᠮᠵᠢ ᠶᠢ ᠬᠠᠮᠲᠤ ᠪᠠᠷ ᠪᠠᠶᠢᠭᠤᠯᠵᠤ | ᠬᠠᠮᠲᠤ ᠪᠠᠷ ᠡᠳ᠋ᠯᠡᠵᠦ ᠬᠠᠮᠲᠤ ᠪᠠᠷ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠦᠵᠦᠮ ᠤᠨ ᠰᠣᠶᠣᠯ ᠢ ᠶᠡᠬᠡᠪᠡᠷ | ᠪᠤᠶᠢᠵᠢᠭᠤᠯᠤᠨ᠂ ᠳᠡᠯᠡᠬᠡᠶ ᠶᠢᠨ ᠡᠯᠡᠰᠦᠨ ᠴᠥᠯ ᠤᠨ ᠦᠵᠦᠮ ᠤᠨ ᠠᠷᠢᠬᠢ ᠶᠢᠨ ᠰᠣᠶᠣᠯ ᠤᠨ ᠨᠠᠶᠢᠷ ᠢ ᠰᠠᠶᠢᠲᠤᠷ | ᠡᠷᠭᠢᠯᠡᠵᠦ᠂ ︽ᠦᠬᠠᠶ ᠶᠢᠨ ᠦᠵᠦᠮ︾ ᠤᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠪᠠ ᠰᠣᠶᠣᠯ ᠤᠨ | ᠨᠥᠯᠥᠭᠡᠯᠡᠬᠦ ᠬᠦᠴᠦᠨ ᠢ ᠦᠨᠡᠨᠬᠦ ᠳᠡᠭᠡᠭᠰᠢᠯᠡᠭᠦᠯᠦᠨ᠎ᠡ᠃ ᠭᠠᠵᠠᠷ ᠰᠢᠷᠣᠶ ᠶᠢ ᠡᠷᠭᠢᠯᠲᠡ ᠳᠤ ᠣᠷᠣᠭᠤᠯᠬᠤ ᠪᠠ | ᠲᠥᠪᠯᠡᠷᠡᠭᠦᠯᠦᠨ ᠵᠠᠯᠭᠠᠯᠳᠤᠭᠤᠯᠤᠨ ᠨᠡᠭᠡᠭᠡᠨ ᠬᠥᠭᠵᠢᠭᠦᠯᠬᠦ ᠶᠢ ᠲᠦᠷᠭᠡᠳᠬᠡᠵᠦ᠂ ᠪᠡᠯᠡᠳᠭᠡᠮᠵᠢᠳᠤ ᠲᠠᠷᠢᠶᠠᠯᠠᠩ᠂ | ᠥᠨᠳᠥᠷ ᠦᠷ᠎ᠡ ᠠᠰᠢᠭᠲᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠲᠠᠷᠢᠶᠠᠯᠠᠩ ᠠᠵᠤ ᠠᠬᠤᠶᠢᠯᠠᠯ ᠤᠨ ᠨᠢᠭᠲᠠ | ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠬᠤ ᠣᠷᠣᠨ ᠤ ᠰᠠᠭᠤᠭᠠᠯᠢ | ᠠᠷᠠᠳ ᠤᠨ ᠣᠷᠣᠯᠭ᠎ᠠ ᠪᠠᠨ ᠦᠷᠭᠦᠯᠵᠢᠯᠡᠨ ᠲᠣᠭᠲᠠᠭᠤᠨ ᠢᠶᠠᠷ ᠨᠡᠮᠡᠭᠳᠡᠭᠦᠯᠬᠦ ᠶᠢ ᠳᠠᠶᠢᠴᠢᠯᠠᠨ᠎ᠠ᠃ ᠲᠠᠷᠢᠶᠠᠯᠠᠬᠤ | ᠣᠷᠣᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢᠨ ᠱᠠᠲᠤ ᠦᠶ᠎ᠡ ᠶᠢᠨ ᠴᠢᠨᠠᠷᠲᠠᠶ | ᠡᠭᠦᠷᠭᠡ ᠶᠢ ᠪᠡᠶᠡᠯᠡᠭᠦᠯᠵᠦ᠂ ᠬᠠᠮᠲᠤ ᠶᠢᠨ ᠠᠵᠤ ᠠᠬᠤᠶ ᠶᠢᠨ ᠬᠥᠭᠵᠢᠨ ᠪᠤᠵᠠᠭᠠᠶᠢᠷᠠᠬᠤ ᠶᠢ ᠠᠬᠢᠭᠤᠯᠤᠨ᠎ᠠ᠃ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠥᠯᠥᠪᠵᠢᠭᠦᠯᠭᠡ ᠶᠢ ᠡᠬᠢᠯᠡᠭᠦᠯᠵᠦ᠂ ᠠᠮᠤ ᠪᠤᠳᠠᠭ᠎ᠠ ᠲᠠᠷᠢᠬᠤ | ᠲᠠᠯᠠᠪᠠᠢ ᠶᠢᠨ ᠲᠣᠭᠲᠠᠭᠤᠨ ᠪᠠᠶᠢᠬᠤ ᠶᠢ ᠪᠠᠲᠤᠯᠠᠨ᠎ᠠ᠃ | ︵ᠵᠢᠷᠭᠤᠭ᠎ᠠ︶ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠨᠡᠭᠡᠭᠡᠯᠳᠡ ᠶᠢ ᠠᠬᠢᠭᠤᠯᠤᠨ᠎ᠠ | ᠨᠡᠩ ᠭᠦᠨ ᠳᠠᠪᠬᠤᠷᠭ᠎ᠠ ᠶᠢᠨ ᠥᠭᠡᠷᠡᠴᠢᠯᠡᠯᠲᠡ ᠪᠠᠷ ᠬᠦᠴᠢᠷ ᠠᠰᠠᠭᠤᠳᠠᠯ ᠢ ᠰᠢᠢᠳᠪᠦᠷᠢᠯᠡᠵᠦ᠂ ᠨᠡᠩ | ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠡᠬᠢ ᠪᠠᠶᠠᠯᠢᠭ ᠢ ᠬᠤᠷᠠᠮᠳᠤᠭᠤᠯᠵᠤ᠂ ᠠᠵᠤ ᠠᠬᠤᠢ ᠶᠢᠨ | ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠠᠲᠤᠳᠬᠠᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠲᠥᠰᠦᠪ ᠤᠨ | ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠳ᠋ ᠤᠨ ᠵᠠᠰᠠᠭ ᠤᠨ ᠲᠡᠭ | ᠰᠠᠭᠤᠷᠢ ᠶᠢᠨ ᠲᠥᠰᠦᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠲᠥᠰᠦᠪ ᠤᠨ ᠬᠠᠲᠠᠭᠤ ᠬᠢᠵᠠᠭᠠᠷᠯᠠᠯ ᠪᠠ ᠦᠷ᠎ᠡ | ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠴᠠᠯᠢᠩ ᠢ | ᠪᠠᠲᠤᠯᠠᠬᠤ᠂ ᠡᠷᠭᠢᠯᠲᠡ ᠶᠢ ᠪᠠᠲᠤᠯᠠᠬᠤ ᠬᠢᠵᠠᠭᠠᠷ ᠱᠤᠭᠤᠮ ᠢ ᠪᠠᠲᠤ ᠰᠠᠬᠢᠨ᠎ᠠ᠃ ᠡᠳ᠋ ᠤᠨ ᠵᠠᠰᠠᠭ ᠭᠠᠶᠢᠯᠢ ᠶᠢᠨ | ᠲᠦᠷᠦ ᠶᠢᠨ ᠪᠤᠳᠤᠯᠭ᠎ᠠ ᠶᠢᠨ ᠪᠡᠯᠡ ᠮᠥᠩᠭᠦᠨ ᠤ ᠳᠡᠮᠵᠢᠯᠭᠡ ᠶᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠭᠦᠷᠤᠩᠭᠡ ᠶᠢ ᠬᠠᠮᠢᠶᠠᠷᠬᠤ ᠪᠠᠷ ᠭᠤᠣᠯ | ᠪᠣᠯᠭᠠᠭᠰᠠᠨ ᠤᠯᠤᠰ ᠤᠨ ᠥᠮᠴᠢᠯᠡᠯ ᠤᠨ ᠭᠦᠷᠤᠩᠭᠡ ᠶᠢ ᠬᠢᠨᠠᠨ ᠬᠠᠮᠢᠶᠠᠷᠬᠤ ᠲᠦᠷᠢᠮ ᠤᠨ ᠰᠢᠰᠲ᠋ᠧᠮ ᠢ | ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠭᠦᠷᠤᠩᠭᠡ ᠶᠢᠨ ᠪᠠᠶᠢᠷᠢᠰᠢᠯ ᠪᠠ ᠡᠬᠢ ᠪᠠᠶᠠᠯᠢᠭ ᠤᠨ | ᠲᠤᠬᠢᠷᠠᠭᠤᠯᠤᠯᠳᠡ ᠶᠢ ᠰᠢᠯᠢᠳᠡᠭᠵᠢᠭᠦᠯᠵᠦ᠂ ᠡᠵᠡᠩᠨᠡᠯᠲᠡ ᠶᠢᠨ ᠠᠮᠵᠢᠯᠲᠠ ᠪᠦᠲᠦᠮᠵᠢ ᠶᠢ ᠬᠢᠨᠠᠨ ᠰᠢᠯᠭᠠᠵᠤ | ᠤᠷᠮᠠᠰᠢᠭᠤᠯᠬᠤ᠂ ᠪᠡᠯᠡ ᠣᠷᠣᠭᠤᠯᠤᠯᠲᠠ ᠶᠢ ᠬᠠᠮᠢᠶᠠᠷᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠤᠯᠤᠰ ᠤᠨ ᠥᠮᠴᠢᠯᠡᠯ ᠤᠨ ᠭᠦᠷᠤᠩᠭᠡ ᠶᠢᠨ ᠦᠷᠳᠡᠭ ᠢ ᠪᠠᠲᠤᠯᠠᠵᠤ ᠦᠷᠳᠡᠭ ᠨᠡᠮᠡᠭᠳᠡᠬᠦ ᠶᠢ ᠦᠨᠡᠨᠬᠦ ᠪᠠᠲᠤᠯᠠᠨ᠎ᠠ᠃ | ᠬᠤᠲᠠ᠂ ᠲᠣᠭᠤᠷᠢᠭ ᠬᠤᠶᠠᠷ ᠱᠠᠲᠤᠨ ᠤ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ᠂ | ᠬᠡᠷ ᠬᠥᠷᠥᠩᠭᠡ᠂ ᠭᠠᠵᠠᠷ ᠰᠢᠷᠣᠶ᠂ ᠠᠵᠢᠯᠲᠠᠨ ᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠬᠦ ᠶᠢ ᠠᠬᠢᠭᠤᠯᠵᠤ᠂ | ᠤᠯᠤᠰ ᠤᠨ ᠥᠮᠴᠢᠯᠡᠯᠲᠦ ᠡᠳ᠋ ᠬᠥᠷᠥᠩᠭᠡ ᠶᠢ ᠤᠯᠠᠮ ᠨᠢᠭᠡ ᠠᠯᠬᠤᠮ ᠠᠮᠢᠳᠤᠯᠢᠭ ᠪᠣᠯᠭᠠᠵᠤ᠂ ᠠᠵᠢᠯᠲᠠᠨ ᠤ | ᠵᠠᠷᠤᠳᠠᠯ ᠤᠨ ᠵᠠᠷᠤᠯᠭ᠎ᠠ ᠶᠢ ᠪᠠᠭᠠᠰᠬᠠᠬᠤ ᠶᠢ ᠠᠬᠢᠭᠤᠯᠤᠨ᠎ᠠ᠃ ᠠᠵᠢᠯ ᠦᠢᠯᠡᠰ ᠤᠨ ᠨᠢᠭᠡᠴᠡ ᠶᠢᠨ ᠦᠭᠡᠷᠡᠴᠢᠯᠡᠯᠳᠡ | ᠶᠢ ᠪᠡᠶᠡᠯᠡᠬᠦᠯᠦᠨ᠎ᠡ᠃ ᠭᠠᠳᠠᠭᠰᠢ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠎ᠠ᠃ ᠳᠤᠮᠳᠠᠳᠤ ᠮᠣᠩᠭᠤᠯ ᠣᠷᠣᠰ ᠤᠨ | ᠠᠵᠤ ᠠᠬᠤᠶ ᠶᠢᠨ ᠬᠤᠩᠭᠢᠯ ᠤᠨ ᠪᠥᠲᠥᠭᠡᠨ ᠪᠠᠶᠢᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠤᠮᠠᠷᠠᠰᠢ | ᠨᠡᠭᠡᠭᠡᠯᠲᠡ ᠬᠢᠬᠦ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠨᠢᠭᠡ ᠪᠦᠰᠡ ᠨᠢᠭᠡ | ᠵᠠᠮ︾ ᠳᠠᠭᠠᠤ ᠶᠢᠨ ᠤᠯᠤᠰ ᠤᠳ ᠯᠤᠭ᠎ᠠ ᠶᠢᠨ ᠠᠷᠠᠯᠵᠢᠶ᠎ᠠ ᠶᠢᠨ ᠶᠠᠪᠤᠯᠴᠠᠭ᠎ᠠ ᠪᠠᠨ ᠭᠦᠨᠵᠡᠭᠡᠶᠢᠷᠡᠭᠦᠯᠦᠨ᠎ᠡ᠃ | ᠦᠬᠠᠶ ᠶᠢᠨ ᠣᠯᠠᠨ ᠤᠯᠤᠰ ᠤᠨ ᠡᠬᠡ ᠬᠠᠭᠤᠷᠠᠶ ᠶᠢᠨ ᠭᠠᠷᠠᠮ ᠤᠨ ᠰᠠᠭᠤᠷᠢ ᠪᠡᠯᠡᠳᠬᠡᠮᠵᠢ ᠪᠠ ᠦᠢᠯᠡᠴᠢᠯᠡᠭᠡᠨ ᠤ | ᠴᠢᠳᠠᠮᠵᠢ ᠶᠢ ᠲᠡᠭᠦᠯᠳᠡᠷᠵᠢᠭᠦᠯᠵᠦ᠂ ᠮᠣᠩᠭᠤᠯ ᠤᠯᠤᠰ ᠤᠨ ᠨᠡᠭᠦᠷᠡᠰᠦᠨ ᠤ ︽ᠨᠢᠭᠡ ᠦᠷᠳᠡᠭᠡᠴᠢᠯᠡᠭᠰᠡᠨᠮᠠᠶ᠋ᠢᠭ︾ ᠤᠨ | ᠦᠢᠯᠡᠴᠢᠯᠡᠭᠡᠨ ᠤ ᠲᠥᠪ ᠢ ᠲᠦᠷᠭᠡᠳᠬᠡᠨ ᠪᠠᠶᠢᠭᠤᠯᠤᠨ᠎ᠠ᠃ ᠶᠡᠭᠡ ᠬᠡᠮᠵᠢᠶᠡᠨ ᠤ ᠲᠠᠸᠠᠷ ᠤᠨ ᠭᠠᠶᠢᠯᠢ ᠪᠠᠲᠤᠯᠠᠬᠤ | ᠣᠷᠣᠨ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠲᠥᠷᠥᠯ ᠵᠦᠢᠯ ᠢ | ᠲᠥᠯᠥᠪᠯᠡᠵᠦ᠂ ᠨᠡᠭᠦᠷᠡᠰᠦ ᠵᠡᠷᠭᠡ ᠶᠡᠭᠡ ᠬᠡᠮᠵᠢᠶᠡᠨ ᠤ ᠲᠠᠸᠠᠷ ᠤᠨ ᠬᠢᠯᠢ ᠠᠯᠤᠰᠯᠠᠭᠰᠠᠨ ᠠᠷᠠᠯᠵᠢᠶ᠎ᠠ ᠶᠢᠨ ᠣᠷᠣᠨ ᠢ | ᠬᠦᠴᠦᠯᠡᠨ ᠪᠠᠶᠢᠭᠤᠯᠤᠨ᠎ᠠ᠃ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ | ᠂ ᠰᠠᠭᠤᠷᠢ ᠪᠡᠯᠡᠳᠬᠡᠮᠵᠢ ᠶᠢᠨ ᠬᠠᠷᠢᠯᠴᠠᠨ ᠨᠡᠪᠲᠡᠷᠡᠯᠴᠡᠬᠦ᠂ ᠣᠯᠠᠨ ᠨᠡᠶᠢᠲᠡ ᠶᠢᠨ ᠦᠢᠯᠡᠴᠢᠯᠡᠭᠡ ᠶᠢ ᠬᠠᠮᠲᠤᠪᠠᠷ ᠡᠳ᠋ᠯᠡᠬᠦ | ᠂ ᠠᠮᠢ ᠠᠬᠤᠶ ᠶᠢᠨ ᠣᠷᠴᠢᠨ ᠲᠣᠭᠤᠷᠢᠨ ᠢ ᠬᠠᠮᠲᠤᠪᠠᠷ ᠵᠠᠰᠠᠬᠤ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠤᠨ᠎ᠠ᠃ | ︵ᠳᠣᠯᠤᠭ᠎ᠠ︶ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠬᠦᠴᠦᠯᠡᠨ ᠰᠢᠯᠢᠳᠡᠭᠵᠢᠭᠦᠯᠦᠨ᠎ᠡ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠲᠠᠯᠳᠤᠭ᠎ᠠ ᠡᠵᠡᠩᠨᠡᠬᠦ ᠣᠷᠴᠢᠨ ᠲᠣᠭᠤᠷᠢᠨ ᠢ | ᠰᠢᠯᠢᠳᠡᠭᠵᠢᠭᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠪᠦᠬᠦᠯᠢ ᠴᠣᠭᠴᠠ ᠶᠢᠨ ᠪᠣᠭᠤᠮᠲᠠ | ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠦᠷ᠎ᠡ ᠪᠦᠲᠦᠮᠵᠢ ᠪᠠᠷ ᠬᠠᠮᠤᠭ ᠤᠨ ᠥᠨᠳᠥᠷ᠂ | ᠦᠢᠯᠡᠴᠢᠯᠡᠭᠡ ᠪᠠᠷ ᠬᠠᠮᠤᠭ ᠤᠨ ᠰᠠᠶᠢᠨ᠂ ᠠᠵᠤ ᠠᠬᠤᠶᠢᠯᠠᠯ ᠤᠨ ᠬᠦᠷᠲᠡᠮᠵᠢ ᠶᠢᠨ ᠲᠦᠷᠦᠭᠳᠡᠯ ᠢᠶᠠᠷ ᠬᠠᠮᠤᠭ ᠤᠨ | ᠴᠢᠩᠭ᠎ᠠ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠯᠴᠢᠯᠠᠭᠰᠠᠨ᠂ ᠳᠡᠯᠡᠬᠡᠶᠢᠵᠢᠭᠰᠡᠨ ᠡᠵᠡᠩᠨᠡᠯᠲᠡ ᠶᠢᠨ ᠣᠷᠴᠢᠨ | ᠲᠣᠭᠤᠷᠢᠨ ᠢ ᠪᠤᠢ ᠪᠤᠯᠭᠠᠨ᠎ᠠ᠃ ᠬᠤᠳᠠᠯᠳᠤᠭ᠎ᠠ ᠡᠵᠡᠩᠨᠡᠬᠦ ᠣᠷᠴᠢᠨ ᠲᠤᠭᠤᠷᠢᠨ ᠢ ᠰᠢᠯᠢᠳᠡᠭᠵᠢᠭᠦᠯᠬᠦ ᠤᠳᠤᠷᠢᠳᠬᠤ | ᠳᠤᠭᠤᠶᠢᠯᠠᠩ ᠢ ᠳᠡᠭᠡᠳᠦ ᠪᠠᠷᠢᠮᠵᠢᠶ᠎ᠠ ᠪᠠᠷ ᠪᠠᠶᠢᠭᠤᠯᠵᠤ᠂ ᠵᠥᠪᠳᠡᠯᠴᠡᠵᠦ ᠰᠤᠳᠤᠯᠤᠨ ᠮᠠᠭᠠᠳᠯᠠᠬᠤ᠂ ᠵᠠᠰᠠᠭ ᠠᠵᠤ | ᠠᠬᠤᠶᠢᠯᠠᠯ ᠤᠨ ᠨᠡᠪᠲᠡᠷᠡᠯᠴᠡᠭᠡ ᠵᠡᠷᠭᠡ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠦᠢᠯᠡᠴᠢᠯᠡᠭᠡᠨ ᠤ ᠠᠵᠤ | ᠠᠬᠤᠶᠢᠯᠠᠯ ᠤᠨ ᠰᠠᠭᠠᠳ ᠥᠬᠡᠶ ᠨᠡᠪᠲᠡᠷᠡᠬᠦ ᠵᠠᠮ ᠢ ᠨᠡᠭᠡᠭᠡᠵᠦ᠂ ᠠᠵᠤ ᠠᠬᠤᠶᠢᠯᠠᠯ ᠳᠤ ᠬᠤᠯᠪᠣᠭᠳᠠᠬᠤ ᠠᠰᠠᠭᠤᠳᠠᠯ ᠢ | ᠬᠤᠭᠤᠴᠠᠭ᠎ᠠ ᠬᠢᠵᠠᠭᠠᠷᠯᠠᠨ ᠰᠢᠢᠳᠪᠦᠷᠢᠯᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠬᠠᠷᠢᠴᠠᠩᠭᠤᠶ ᠪᠠᠷ ᠲᠥᠪᠯᠡᠷᠡᠭᠰᠡᠨ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢᠨ | ᠥᠭᠡᠷᠡᠴᠢᠯᠡᠯᠲᠡ ᠪᠠ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠲᠦᠷᠢᠮ ᠤᠨ | ᠥᠭᠡᠷᠡᠴᠢᠯᠡᠯᠲᠡ ᠶᠢ ᠲᠦᠯᠬᠢᠨ ᠠᠬᠢᠭᠤᠯᠤᠨ᠎ᠠ᠃ ᠭᠤᠭᠴᠤᠭ᠎ᠠ ᠶᠢ ᠪᠠᠭᠠᠰᠬᠠᠬᠤ᠂ ᠴᠠᠭ ᠢ ᠪᠠᠭᠠᠰᠬᠠᠬᠤ᠂ | ᠮᠠᠲ᠋ᠧᠷᠢᠶᠠᠯ ᠢ ᠪᠠᠭᠠᠰᠬᠠᠬᠤ᠂ ᠭᠦᠶᠦᠯᠲᠡ ᠶᠢ ᠪᠠᠭᠠᠰᠬᠠᠬᠤ᠂ ᠥᠪᠡᠷ ᠤᠨ ᠥᠷᠲᠡᠭ ᠢ ᠪᠠᠭᠠᠰᠬᠠᠬᠤ ᠶᠢ ᠪᠠᠷᠢᠮᠲᠠᠯᠠᠵᠤ᠂ | ᠴᠢᠬᠤᠯᠠ ᠨᠥᠬᠦᠴᠡᠯ ᠢ ᠬᠠᠮᠤᠭ ᠤᠨ ᠨᠠᠷᠢᠯᠢᠭ᠂ ᠭᠤᠭᠴᠤᠭ᠎ᠠ ᠶᠢ ᠬᠠᠮᠤᠭ ᠤᠨ ᠲᠥᠬᠦᠮ᠂ ᠴᠠᠭ ᠤᠨ ᠬᠢᠵᠠᠭᠠᠷ ᠢ | ᠬᠠᠮᠤᠭ ᠤᠨ ᠣᠬᠤᠷ ᠪᠠᠶᠢᠯᠭᠠᠬᠤ ᠶᠢ ᠪᠡᠶᠡᠯᠡᠭᠦᠯᠦᠨ᠎ᠡ᠃ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ | ᠲᠦᠷᠦᠯ ᠤᠨ ᠵᠦᠢᠯᠡᠰ ᠤᠨ ︽ᠶᠡᠭᠡ ᠬᠦᠰᠦᠨᠦᠭᠲᠦ ᠪᠠᠷ ᠬᠢᠨᠠᠨ ᠵᠥᠪᠰᠢᠶᠡᠷᠡᠭᠦᠯᠬᠦ ᠲᠦᠷᠢᠮ︾ ᠤᠨ ᠥᠭᠡᠷᠡᠴᠢᠯᠡᠯᠲᠡ ᠶᠢᠨ | ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ | ︽ᠣᠷᠣᠭᠤᠯᠬᠤ ᠶᠢ ᠵᠦᠪᠰᠢᠶᠡᠷᠡᠭᠡᠳ ᠡᠵᠡᠩᠨᠡᠯᠲᠡ ᠶᠢ ᠥᠯᠥ ᠵᠥᠪᠰᠢᠶᠡᠷᠡᠬᠦ︾ ᠠᠰᠠᠭᠤᠳᠠᠯ ᠢ ᠰᠢᠢᠳᠪᠦᠷᠢᠯᠡᠨ᠎ᠡ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢ ᠭᠦᠨᠵᠡᠭᠡᠶ ᠲᠦᠯᠬᠢᠨ ᠠᠬᠢᠭᠤᠯᠵᠤ᠂ | 90% ᠠᠴᠠ ᠳᠡᠭᠡᠭᠰᠢᠬᠢ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠰᠦᠯᠵᠢᠶᠡᠨ ᠳᠡᠭᠡᠷ᠎ᠡ | ᠭᠦᠢᠴᠡᠳᠬᠡᠬᠦ ᠶᠢ ᠪᠡᠶᠡᠯᠡᠭᠦᠯᠵᠦ᠂ 10 ᠲᠦᠷᠦᠯ ᠤᠨ ᠡᠯᠧᠺᠲᠷᠣᠨ ᠦᠨᠡᠮᠯᠡᠯ ᠢ ᠪᠠᠷᠢᠮᠵᠢᠶᠠᠵᠢᠭᠤᠯᠤᠨ ᠬᠡᠷᠡᠭᠯᠡᠬᠦ ᠶᠢ | ᠪᠡᠶᠡᠯᠡᠭᠦᠯᠦᠨ᠎ᠡ᠃ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠶᠠᠪᠤᠳᠠᠯ ᠬᠦᠢᠴᠡᠳᠬᠡᠬᠦ ᠨᠠᠷᠢᠨ | ᠬᠠᠭᠤᠳᠠᠰᠤ ᠶᠢᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠲᠦᠷᠭᠡᠳᠬᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠢ ᠬᠡᠷᠡᠭᠵᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ | ᠲᠣᠭᠤᠷᠢᠨ ᠢ ᠰᠢᠯᠭᠠᠨ ᠲᠣᠭᠲᠠᠭᠠᠬᠤ ᠶᠢ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠥᠷᠨᠢᠭᠦᠯᠦᠨ᠎ᠡ᠃ ︽ᠠᠵᠤ | ᠠᠬᠤᠶᠢᠯᠠᠯ ᠱᠦᠭᠯᠦ ᠦᠯᠢᠶᠡᠪᠡᠯ᠂ ᠰᠠᠯᠠᠭ᠎ᠠ ᠮᠥᠴᠢᠷ ᠨᠡᠷ᠎ᠡ ᠮᠡᠳᠡᠭᠦᠯᠬᠦ︾ ᠶᠢ ᠪᠠᠷᠢᠮᠲᠠᠯᠠᠵᠤ᠂ ᠤᠳᠤᠷᠢᠳᠬᠤ | ᠺᠠᠳ᠋ᠷᠴᠤᠳ ᠤᠨ ᠠᠵᠤ ᠠᠬᠤᠶᠢᠯᠠᠯ ᠳᠤ ᠣᠴᠢᠬᠤ᠂ ᠬᠦᠴᠢᠷ ᠠᠰᠠᠭᠤᠳᠠᠯ ᠢ ᠰᠢᠢᠳᠪᠦᠷᠢᠯᠡᠬᠦ ᠠᠵᠢᠯᠯᠠᠭ᠎ᠠ ᠶᠢ | ᠥᠷᠨᠢᠭᠦᠯᠤᠨ᠎ᠠ᠃ ᠬᠦᠷᠢᠶᠡᠯᠡᠩ ᠲᠣᠭᠤᠷᠢᠭ ᠤᠨ ᠲᠥᠷᠥᠯ ᠵᠦᠢᠯ ᠤᠨ ︽ᠣᠷᠣᠯᠠᠨ ᠬᠦᠢᠴᠡᠳᠬᠡᠬᠦ ᠬᠠᠪᠰᠤᠷᠤᠨ | ᠬᠦᠢᠴᠡᠳᠬᠡᠬᠦ︾ ︽ᠲᠤᠰᠬᠠᠶ ᠪᠠᠭ ᠤᠨ ᠦᠢᠯᠡᠴᠢᠯᠡᠭᠡ︾ ᠶᠢᠨ ᠲᠦᠷᠢᠮ ᠢ ᠬᠡᠷᠡᠭᠵᠢᠭᠦᠯᠵᠦ᠂ ︽ᠠᠵᠢᠯ ᠶᠠᠪᠤᠳᠠᠯ | ᠬᠦᠢᠴᠡᠳᠬᠡᠬᠦ ᠳᠤ ᠲᠤᠭᠤᠷᠢᠭ ᠤᠨ ᠬᠡᠪᠴᠢᠶᠡᠨ ᠠᠴᠠ ᠪᠠᠨ ᠭᠠᠷᠬᠤ ᠥᠬᠡᠶ︾ ᠶᠢ ᠪᠡᠶᠡᠯᠡᠭᠦᠯᠦᠨ᠎ᠡ᠃ ᠤᠯᠤᠰ ᠤᠨ | ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠴᠢᠨᠠᠷ | ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠳᠤ ᠨᠡᠶᠢᠴᠡᠬᠦ ᠥᠬᠡᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ | ᠪᠥᠬᠦ ᠲᠠᠯ᠎ᠠ ᠪᠠᠷ ᠴᠡᠪᠡᠷᠯᠡᠨ᠎ᠡ᠃ ᠠᠵᠤ ᠠᠬᠤᠶᠢᠯᠠᠯ ᠳᠤ ᠬᠤᠯᠪᠣᠭᠳᠠᠬᠤ ᠲᠥᠷᠥ ᠶᠢᠨ ᠪᠣᠳᠣᠯᠭ᠎ᠠ ᠪᠠ | ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠮᠠᠯᠠᠯᠲᠠ ᠪᠠᠨ ᠬᠠᠤᠯᠢ ᠶᠣᠰᠣᠭᠠᠷ ᠵᠦᠶ ᠵᠣᠬᠢᠰᠲᠠᠶ ᠪᠡᠶᠡᠯᠡᠭᠦᠯᠵᠦ᠂ | ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ ︽ᠬᠤᠶᠠᠷ ᠢ ᠰᠣᠭᠤᠴᠢᠬᠤ᠂ ᠨᠢᠭᠡ ᠶᠢ | ᠢᠯᠡ ᠪᠣᠯᠭᠠᠬᠤ︾ ᠬᠢᠨᠠᠯᠲᠠ ᠬᠠᠮᠢᠶᠠᠷᠤᠯᠲᠠ᠂ ᠢᠨᠲ᠋ᠧᠷ ᠰᠦᠯᠵᠢᠶᠡᠨ ᠤ ᠬᠢᠨᠠᠯᠲᠠ ᠬᠠᠮᠢᠶᠠᠷᠤᠯᠲᠠ ᠶᠢ ᠶᠡᠭᠡ ᠪᠠᠷ | ᠲᠦᠯᠬᠢᠨ ᠠᠬᠢᠭᠤᠯᠵᠤ᠂ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠶᠢ ᠴᠢᠩᠭ᠎ᠠ ᠵᠢᠷᠤᠮᠵᠢᠭᠤᠯᠤᠨ᠎ᠠ᠃ | ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ ᠬᠦᠯᠢᠶᠡᠬᠦ ᠶᠢᠨ ᠵᠦᠢ ᠵᠤᠬᠢᠰ ᠦᠭᠡᠢ ᠪᠠᠷᠢᠮᠵᠢᠶ᠎ᠠ ᠶᠢ ᠡᠪᠳᠡᠨ᠎ᠡ᠃ | ᠳᠤᠮᠳᠠ ᠵᠢᠵᠢᠭ ᠠᠵᠤ ᠠᠬᠤᠶᠢᠯᠠᠯ ᠤᠨ ᠬᠥᠭᠵᠢᠯᠲᠡ ᠶᠢ ᠲᠡᠳᠭᠦᠨ᠎ᠡ᠃ | ︵ᠨᠠᠢᠮᠠ︶ ᠬᠥᠭᠵᠢᠯᠲᠡ ᠪᠠ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠦᠨ᠎ᠡ | ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠯᠡᠳᠡᠵᠦ ᠪᠠᠶᠢᠭ᠎ᠠ | ᠠᠶᠤᠯ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠤᠨ ᠬᠡᠮᠵᠢᠶᠡᠨ ᠤ ᠠᠶᠤᠯ ᠲᠦᠭᠰᠢᠭᠦᠷᠢ ᠶᠢ ᠰᠡᠷᠭᠡᠶᠢᠯᠡᠬᠦ ᠶᠢ | ᠬᠦᠴᠦᠯᠡᠨ ᠰᠠᠶᠢᠲᠤᠷ ᠠᠳᠬᠤᠵᠤ᠂ ᠴᠠᠭ ᠲᠤᠬᠠᠶ ᠳᠤᠨᠢ ᠨᠠᠷᠢᠯᠢᠭ ᠣᠨᠣᠴᠠᠲᠠᠶ ᠪᠠᠷ ︽ᠡᠪᠳᠡᠵᠦ︾᠂ ᠡᠯ᠎ᠡ ᠵᠦᠢᠯ ᠤᠨ | ︽ᠬᠠᠷ᠎ᠠ ᠬᠤᠨ︾ ︽ᠪᠣᠷᠣ ᠬᠡᠷᠢᠰ︾ ᠤᠨ ᠬᠡᠷᠡᠭ ﹇5﹈ ᠢ ᠡᠷᠡᠰ ᠰᠡᠷᠭᠡᠶᠢᠯᠡᠵᠦ᠂ ᠴᠢᠨᠠᠷ ᠰᠠᠶᠢᠲᠠᠶ ᠬᠥᠭᠵᠢᠯᠲᠡ ᠪᠠ | ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠨᠥᠬᠦᠴᠡᠯᠳᠦᠯ ᠢ ᠴᠢᠷᠮᠠᠶᠢᠨ ᠪᠡᠶᠡᠯᠡᠭᠦᠯᠦᠨ᠎ᠡ᠃ | ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠶᠡᠷᠦᠩᠬᠡᠶᠢᠯᠡᠭᠰᠡᠨ | ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠬᠡᠷᠡᠭᠯᠡᠭᠡᠨ ᠤ ᠲᠠᠪᠴᠠᠩ ᠤᠨ ᠪᠠᠶᠢᠭᠤᠯᠤᠯᠲᠠ ᠶᠢ ᠡᠬᠢᠯᠡᠭᠦᠯᠵᠦ᠂ | ᠲᠣᠭᠠᠴᠢᠯᠠᠭᠰᠠᠨ ᠮᠡᠷᠭᠡᠵᠢᠯ ᠢ ᠤᠯᠠᠨ ᠨᠡᠶᠢᠲᠡ ᠶᠢᠨ ᠦᠢᠯᠡᠴᠢᠯᠡᠭᠡ᠂ ᠬᠤᠳᠠ ᠶᠢᠨ ᠵᠠᠰᠠᠯᠲᠠ᠂ ᠵᠠᠮ ᠬᠠᠷᠢᠯᠴᠠᠭ᠎ᠠ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠬᠦᠷᠢᠶᠡᠨ ᠳᠤ ᠥᠷᠭᠡᠨ ᠢᠶᠠᠷ ᠬᠡᠷᠡᠭᠯᠡᠬᠦ ᠶᠢ ᠠᠬᠢᠭᠤᠯᠵᠤ᠂ | ︽ᠬᠤᠳᠠ ᠶᠢᠨ ᠶᠡᠭᠡ ᠲᠠᠷᠢᠬᠢ︾ ᠶᠢ ᠴᠣᠭᠴᠠᠯᠠᠵᠤ᠂ ᠲᠣᠭᠠᠴᠢᠯᠠᠭᠰᠠᠨ ᠵᠠᠰᠠᠭ ᠤᠨ ᠣᠷᠳᠣᠨ᠂ ᠲᠣᠭᠠᠴᠢᠯᠠᠭᠰᠠᠨ | ᠨᠡᠶᠢᠭᠡᠮ ᠢ ᠪᠠᠶᠢᠭᠤᠯᠵᠤ᠂ ᠬᠤᠳᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠤᠶᠤᠨᠴᠢᠯᠠᠭᠰᠠᠨ᠂ ᠰᠢᠨᠵᠢᠯᠡᠬᠦ | ᠤᠬᠠᠭᠠᠨᠴᠢᠯᠠᠭᠰᠠᠨ᠂ ᠨᠠᠷᠢᠯᠢᠬᠵᠢᠭᠰᠠᠨ ᠲᠦᠪᠰᠢᠨ ᠢ ᠳᠡᠭᠡᠭᠰᠢᠯᠡᠭᠦᠯᠦᠨ᠎ᠡ᠃ ︽ᠵᠡᠭᠡᠯᠢ ᠶᠢᠨ ᠳᠠᠷᠤᠭ᠎ᠠ ᠶᠢᠨ ᠳᠥᠷᠢᠮ︾ | ᠢ ᠬᠡᠷᠡᠭᠵᠢᠭᠦᠯᠵᠦ᠂ ︽ᠵᠠᠰᠠᠮᠠᠯ ᠵᠠᠮ ᠢᠶᠠᠷ ᠠᠯᠪᠠᠯᠠᠬᠤ︾ ᠶᠢ ᠭᠦᠨᠵᠡᠭᠡᠶᠢᠷᠡᠭᠦᠯᠦᠨ᠂ ᠬᠤᠲᠠ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ | ᠃ ᠵᠠᠮ ᠬᠠᠷᠢᠯᠴᠠᠭᠠᠨ ᠤ ᠡᠮᠬᠢ ᠳᠢᠭᠯᠢᠮ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠵᠡᠷᠭᠡ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠦᠷᠦᠯ ᠬᠤᠪᠢᠶᠠᠨ | ᠰᠢᠢᠳᠪᠦᠷᠢᠯᠡᠬᠦ ᠶᠢ ᠬᠡᠷᠡᠭᠵᠢᠭᠦᠯᠵᠦ᠂ ᠴᠡᠪᠡᠷ ᠪᠥᠭᠡᠳ ᠡᠮᠬᠢ ᠵᠢᠷᠤᠮ ᠲᠠᠢ ᠬᠤᠳᠠ ᠶᠢᠨ ᠣᠷᠴᠢᠨ ᠲᠣᠭᠤᠷᠢᠨ ᠢ ᠪᠤᠢ | ᠪᠣᠯᠭᠠᠨ᠎ᠠ᠃ ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠡᠶᠡᠳᠡᠭᠦᠯᠬᠦ ᠲᠥᠪ ᠢ ᠪᠠᠶᠢᠭᠤᠯᠵᠤ᠂ ᠳᠠᠪᠬᠤᠷᠳᠠᠭᠰᠠᠨ | ᠵᠠᠬᠢᠳᠠᠯ ᠰᠤᠷᠪᠤᠯᠵᠢᠯᠠᠯ ᠢ ᠲᠥᠪᠯᠡᠷᠡᠭᠦᠯᠦᠨ ᠵᠠᠰᠠᠵᠤ᠂ ᠵᠠᠬᠢᠳᠠᠯ ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠬᠦ | ᠬᠦᠴᠦᠨ ᠢᠶᠠᠷ ᠢᠶᠠᠨ ᠠᠷᠢᠯᠭᠠᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠶᠢ ᠪᠠᠶᠢᠩᠭᠤᠵᠢᠭᠤᠯᠬᠤ | ᠲᠣᠭᠲᠠᠴᠠ ᠶᠢ ᠪᠦᠷᠢᠨᠰᠢᠬᠦᠯᠵᠦ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠲᠦᠷᠢᠮ ᠲᠣᠭᠲᠠᠭᠠᠯ ᠠᠴᠠ | ᠵᠦᠷᠢᠴᠡᠵᠦ ᠬᠠᠤᠯᠢ ᠠᠴᠠ ᠵᠥᠷᠢᠴᠡᠭᠰᠡᠨ ᠠᠰᠠᠭᠤᠳᠠᠯ ᠢ ᠵᠠᠰᠠᠬᠤ ᠶᠢ ᠪᠠᠶᠢᠩᠭᠤᠵᠢᠭᠤᠯᠬᠤ ᠶᠢ ᠠᠬᠢᠭᠤᠯᠵᠤ᠂ ᠨᠤᠲᠤᠭ | ᠪᠡᠯᠴᠢᠭᠡᠷ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠶ | ᠴᠡᠭᠴᠡᠯᠡᠨ ᠵᠠᠰᠠᠬᠤ ᠠᠵᠢᠯᠯᠠᠭ᠎ᠠ ᠶᠢ ᠥᠷᠨᠢᠭᠦᠯᠵᠦ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠰᠢᠰᠲ᠋ᠧᠮ ᠤᠨ | ᠢᠯᠵᠠᠷᠠᠯ ᠤᠨ ᠠᠰᠠᠭᠤᠳᠠᠯ ᠢ ᠭᠤᠤᠯᠳᠠᠯᠭ᠎ᠠ ᠲᠠᠢ ᠴᠡᠭᠴᠡᠯᠡᠨ ᠵᠠᠰᠠᠬᠤ ᠶᠢ ᠠᠬᠢᠭᠤᠯᠤᠨ᠎ᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ | ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠤ ᠠᠭᠤᠷᠬᠠᠢ᠂ ᠠᠶᠤᠯᠲᠠᠢ ᠬᠢᠮᠢ ᠶᠢᠨ ᠪᠣᠳᠠᠰ᠂ ᠵᠠᠮ ᠬᠠᠷᠢᠯᠴᠠᠭ᠎ᠠ | ᠵᠡᠷᠭᠡ ᠬᠦᠷᠢᠶᠡᠨ ᠳᠠᠬᠢ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠪᠠᠨ ᠴᠢᠩᠭᠠᠳᠬᠠᠵᠤ᠂ ᠠᠶᠤᠯ | ᠲᠦᠭᠰᠢᠭᠦᠷᠢ ᠶᠢ ᠬᠠᠮᠢᠶᠠᠷᠤᠨ ᠡᠵᠡᠮᠳᠡᠬᠦ᠂ ᠭᠡᠮ ᠰᠣᠭᠤᠭ ᠢ ᠳᠠᠷᠠᠭᠠᠯᠠᠨ ᠪᠠᠶᠢᠴᠠᠭᠠᠬᠤ ᠳᠠᠪᠬᠤᠷ ᠤᠷᠢᠳᠴᠢᠯᠠᠨ | ᠰᠡᠷᠭᠡᠶᠢᠯᠡᠬᠦ ᠰᠢᠰᠲ᠋ᠧᠮ ᠢ ᠪᠠᠶᠢᠭᠤᠯᠵᠤ᠂ ᠬᠦᠨᠳᠦ ᠶᠡᠭᠡ ᠣᠨᠴᠠ ᠶᠡᠭᠡ ᠠᠳᠡᠯ ᠭᠠᠷᠬᠤ ᠶᠢ ᠡᠷᠡᠰ ᠬᠤᠷᠢᠭᠯᠠᠨ᠎ᠠ᠃ | ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠬᠤ | ᠴᠢᠳᠠᠪᠤᠷᠢ ᠪᠠᠨ ᠳᠡᠭᠡᠭᠰᠢᠯᠡᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠮᠤᠷ ᠲᠦᠪᠰᠢᠨ ᠤ ᠪᠠᠲᠤᠯᠠᠭ᠎ᠠ ᠶᠢᠨ | ᠲᠦᠪᠰᠢᠨ ᠢᠶᠠᠨ ᠲᠡᠭᠡᠭᠰᠢᠯᠡᠬᠦᠯᠦᠨ᠎ᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠯᠠᠪᠳᠠᠭᠤᠨ ᠢᠶᠠᠷ | ᠰᠢᠢᠳᠪᠦᠷᠢᠯᠡᠵᠦ᠂ ᠶᠡᠷᠦᠩᠬᠡᠶᠢᠯᠡᠭᠰᠡᠨ ᠥᠷᠢ ᠥᠭᠴᠡᠭᠡ ᠶᠢᠨ ᠨᠤᠷᠮ᠎ᠠ ᠶᠢ ᠪᠦᠲᠦᠮᠵᠢᠲᠡᠶ ᠪᠠᠷ ᠪᠠᠭᠤᠷᠠᠭᠤᠯᠤᠨ᠎ᠠ᠃ | ᠦᠬᠠᠶ ᠪᠠᠩᠬᠢ ᠶᠢᠨ ᠬᠥᠷᠥᠩᠭᠡ ᠮᠥᠩᠭᠦ ᠶᠢ ᠨᠥᠬᠦᠪᠥᠷᠢᠯᠡᠬᠦ᠂ ᠠᠵᠤ ᠠᠬᠤᠶᠢᠯᠠᠯ ᠤᠨ ᠥᠷᠢ ᠥᠭᠴᠡᠭᠡ ᠶᠢ ᠳᠠᠬᠢᠨ | ᠵᠣᠬᠢᠶᠠᠨ ᠪᠠᠶᠢᠭᠤᠯᠬᠤ ᠶᠢ ᠭᠤᠤᠯᠳᠠᠯᠭ᠎ᠠ ᠲᠠᠢ ᠤᠷᠢᠳᠴᠢᠯᠠᠨ ᠰᠡᠷᠡᠮᠵᠢᠯᠡᠭᠦᠯᠬᠦ ᠵᠡᠷᠭᠡ ᠠᠵᠢᠯ ᠢ ᠰᠠᠶᠢᠲᠤᠷ ᠠᠳᠬᠤᠵᠤ᠂ | ᠰᠢᠰᠲ᠋ᠧᠮ ᠤᠨ ᠴᠢᠨᠠᠷᠲᠠᠶ ᠮᠥᠩᠭᠦᠨ ᠬᠦᠢᠯᠭᠡᠭᠡᠨ ᠤ ᠲᠦᠭᠰᠢᠭᠦᠷᠢ ᠥᠯᠥ ᠭᠠᠷᠭᠠᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠲᠡ ᠶᠢᠨ ᠬᠥᠮᠦᠵᠢᠯ ᠢ ᠴᠢᠩᠭᠠᠳᠬᠠᠵᠤ᠂ ᠡᠭᠡ | ᠣᠷᠣᠨᠴᠢ ᠦᠵᠡᠯ ᠤᠨ ᠬᠥᠮᠦᠵᠢᠯ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢ ᠭᠦᠨᠵᠡᠭᠡᠶ | ᠥᠷᠨᠢᠭᠦᠯᠦᠨ᠎ᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢ ᠠᠬᠢᠭᠤᠯᠬᠤ ᠲᠦᠷᠢᠮ︾ ᠢ ᠭᠦᠨᠵᠡᠭᠡᠶ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠬᠥᠮᠦᠵᠢᠯ ᠢ ᠭᠦᠨᠵᠡᠭᠡᠶᠢᠷᠡᠭᠦᠯᠵᠦ᠂ ᠤᠯᠤᠰ ᠤᠨ | ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠬᠡᠷᠡᠭᠵᠢᠭᠦᠯᠬᠦ ᠡᠭᠦᠷᠭᠡ ᠶᠢ ᠪᠡᠶᠡᠯᠡᠭᠦᠯᠦᠨ᠂ | ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠶᠢ ᠭᠦᠨᠵᠡᠭᠡᠶ ᠠᠬᠢᠭᠤᠯᠵᠤ᠂ | ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢ ᠠᠬᠢᠭᠤᠯᠤᠨ᠎ᠠ᠃ ᠨᠠᠮ ᠤᠨ ᠱᠠᠰᠢᠨ | ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠠᠨ ᠤ | ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠨ᠎ᠠ᠃ | ︵ᠶᠢᠰᠦ︶ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠬᠦᠴᠦᠯᠡᠨ ᠨᠡᠮᠡᠭᠳᠡᠭᠦᠯᠦᠨ᠎ᠡ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠳᠡ ᠶᠢ ᠪᠠᠷᠢᠮᠲᠠᠯᠠᠵᠤ᠂ ᠤᠯᠠᠨ ᠲᠦᠮᠡᠨ ᠤ | ᠠᠮᠤᠷ ᠲᠦᠪᠰᠢᠨ ᠠᠶᠤᠯ ᠲᠦᠭᠰᠢᠭᠦᠷᠢ ᠬᠦᠴᠢᠷ ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ | ᠠᠷᠠᠳ ᠤᠨ ᠠᠮᠢᠳᠤᠷᠠᠯ ᠢ ᠦᠨᠡᠨ ᠰᠡᠳᠬᠢᠯ ᠠᠴᠠ ᠪᠠᠨ ᠪᠠᠲᠤᠯᠠᠨ ᠰᠠᠶᠢᠵᠢᠷᠠᠭᠤᠯᠵᠤ᠂ ᠤᠯᠠᠨ ᠲᠦᠮᠡᠨ ᠢ ᠨᠡᠩ ᠤᠯᠠᠨ | ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠤᠯᠭᠠᠨ᠎ᠠ᠃ | ᠬᠤᠳᠠ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠦᠨ᠎ᠡ᠃ 16 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠪᠠᠶᠢᠭᠤᠯᠬᠤ ᠲᠥᠷᠥᠯ ᠵᠦᠢᠯ ᠢ ᠡᠬᠢᠯᠡᠭᠦᠯᠵᠦ᠂ ᠡᠷᠬᠢᠨ ᠲᠣᠭᠤᠷᠢᠨ ᠤ ᠵᠠᠮ ᠬᠤᠭᠤᠯᠠᠶ ᠶᠢᠨ ᠲᠣᠤᠷ᠂ ᠣᠯᠠᠨ | ᠨᠡᠶᠢᠲᠡ ᠶᠢᠨ ᠦᠢᠯᠡᠴᠢᠯᠡᠭᠡᠨ ᠤ ᠢᠵᠢ ᠪᠥᠷᠢᠳᠦᠭᠦᠯᠬᠦ ᠪᠥᠲᠥᠭᠡᠨ ᠪᠠᠶᠢᠭᠤᠯᠤᠯᠲᠠ ᠶᠢ ᠵᠡᠷᠭᠡ ᠳᠤᠨᠢ ᠡᠭᠢᠯᠡᠬᠦᠯᠦᠨᠡ᠃ | ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠲᠦᠯᠬᠢᠨ | ᠠᠬᠢᠭᠤᠯᠵᠤ᠂ ᠳᠥᠭᠦᠮ ᠪᠦᠳᠦᠭᠦᠯᠢᠭ ᠣᠷᠣᠨ ᠰᠠᠭᠤᠴᠠᠳᠤ ᠲᠣᠭᠤᠷᠢᠭ ᠤᠨ ᠥᠭᠡᠷᠡᠴᠢᠯᠡᠯᠲᠡ ᠶᠢᠨ 560 ᠢᠵᠢ | ᠣᠷᠣᠨ ᠰᠠᠭᠤᠴᠠ ᠶᠢ ᠠᠵᠢᠯ ᠡᠬᠢᠯᠡᠭᠦᠯᠦᠨ ᠪᠦᠳᠦᠭᠡᠨ ᠪᠠᠶᠢᠭᠤᠯᠤᠨ᠎ᠠ᠃ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠬᠦᠷᠢᠶᠡᠨ ᠳᠠᠬᠢ ︽ᠪᠤᠴᠠᠭᠠᠨ ᠨᠡᠭᠦᠯᠭᠡᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ | ︽ᠦᠨᠡᠮᠯᠡᠯ ᠠᠪᠬᠤ ᠳᠤ ᠬᠦᠴᠢᠷ︾ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠵᠦ᠂ ᠠᠰᠠᠭᠤᠳᠠᠯ ᠲᠠᠢ ᠠᠰᠠᠷ ᠢ | ᠪᠦᠬᠦᠨ ᠢ ︽ᠲᠡᠭ ᠪᠣᠯᠭᠠᠬᠤ︾ ᠶᠢ ᠪᠡᠶᠡᠯᠡᠭᠦᠯᠵᠦ᠂ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠦᠨᠡᠮᠯᠡᠯ | ᠬᠦᠢᠴᠡᠳᠭᠡᠬᠦ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠠᠩᠬ᠎ᠠ ᠤᠳᠠᠭ᠎ᠠ ᠳᠡᠩᠰᠡᠯᠡᠨ ᠲᠡᠮᠳᠡᠭᠯᠡᠬᠦ ᠶᠢ | ᠪᠦᠬᠦᠨ ᠢ ᠪᠡᠶᠡᠯᠡᠬᠦᠯᠦᠨ᠎ᠡ᠃ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠬᠦᠯᠦᠯᠳᠡ ᠵᠢᠵᠢᠭ ᠲᠤᠭᠤᠷᠢᠭ | ᠲᠤ ᠤᠷᠤᠬᠤ ᠶᠢ ᠠᠬᠢᠭᠤᠯᠤᠨ᠎ᠠ᠃ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠶᠢ ᠪᠠᠶᠢᠩᠭᠤᠵᠢᠭᠤᠯᠤᠨ | ᠠᠬᠢᠭᠤᠯᠵᠤ᠂ ᠪᠣᠯᠪᠠᠰᠤᠨ ᠵᠢᠵᠢᠭ ᠲᠣᠭᠤᠷᠢᠭ ︵ᠨᠡᠶᠢᠭᠡᠮ ᠲᠣᠭᠤᠷᠢᠭ︶ ᠤᠨ ᠲᠤᠭ᠎ᠠ ᠬᠡᠮᠵᠢᠶ᠎ᠡ ᠶᠢ 30% ᠠᠴᠠ | ᠳᠡᠭᠡᠭᠰᠢ ᠳᠤ ᠬᠦᠷᠦᠭᠦᠯᠦᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠡᠷᠭᠡ | ᠵᠣᠭᠰᠣᠭᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠰᠢᠢᠳᠪᠦᠷᠢᠯᠡᠨ᠎ᠡ᠃ ᠦᠶᠡᠷ ᠢ ᠰᠡᠷᠭᠡᠶᠢᠯᠡᠵᠦ ᠤᠰᠤᠲᠤᠯ ᠢ | ᠵᠠᠯᠠᠬᠤ ᠲᠥᠬᠦᠭᠡᠷᠦᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠠᠵᠢᠯ ᠢ ᠴᠢᠩᠭᠠᠳᠬᠠᠵᠤ᠂ ᠬᠠᠶᠢᠮᠢᠶᠠᠨ ᠬᠤᠳᠠ ᠶᠢ | ᠪᠦᠳᠦᠭᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠪᠥᠬᠦ | ᠲᠠᠯ᠎ᠠ ᠪᠠᠷ ᠬᠡᠷᠡᠭᠵᠢᠭᠦᠯᠵᠦ᠂ ᠵᠣᠷᠯᠣᠩ ᠤᠨ ᠬᠤᠪᠢᠰᠬᠠᠯ᠂ ᠬᠤᠭ ᠨᠣᠪᠰᠢ ᠪᠠ ᠪᠣᠬᠢᠷ ᠤᠰᠤ ᠶᠢ ᠰᠢᠢᠳᠪᠦᠷᠢᠯᠡᠬᠦ | ᠵᠡᠷᠭᠡ ᠭᠤᠤᠯᠳᠠᠯᠭ᠎ᠠ ᠲᠠᠢ ᠠᠵᠢᠯ ᠢ ᠰᠠᠶᠢᠲᠤᠷ ᠠᠳᠬᠤᠵᠤ᠂ ᠲᠠᠷᠢᠶᠠᠯᠠᠬᠤ ᠣᠷᠣᠨ ᠤ ᠰᠠᠭᠤᠷᠢ ᠪᠡᠯᠡᠳᠬᠡᠮᠵᠢ᠂ ᠣᠯᠠᠨ | ᠨᠡᠶᠢᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠲᠠᠷᠢᠶᠠᠯᠠᠬᠤ | ᠣᠷᠣᠨ ᠤ ᠬᠡᠷ ᠪᠠᠶᠢᠰᠢᠩ ᠤᠨ ᠠᠮᠤᠷ ᠲᠦᠪᠰᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ᠂ | ᠲᠠᠷᠢᠶᠠᠯᠠᠬᠤ ᠣᠷᠣᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠬᠤ ᠶᠢ ᠲᠤᠰᠬᠠᠶᠢᠯᠠᠨ | ᠴᠡᠭᠴᠡᠯᠡᠨ ᠵᠠᠰᠠᠬᠤ ᠠᠵᠢᠯ ᠢ ᠥᠷᠨᠢᠭᠦᠯᠦᠨ᠎ᠡ᠃ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢᠨ ᠲᠣᠣᠷ ᠢ ᠪᠠᠲᠤ | ᠪᠠᠬᠢ ᠪᠠᠶᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠬᠠᠮᠲᠤᠯᠢᠭ ᠪᠠ ᠵᠠᠬ᠎ᠠ ᠬᠢᠵᠠᠭᠠᠷ ᠤᠨ ᠡᠷᠦᠬᠡ ᠶᠢᠨ | ᠣᠷᠣᠯᠭ᠎ᠠ ᠶᠢᠨ ᠬᠤᠪᠢᠷᠠᠯᠲᠠ ᠶᠢ ᠨᠢᠭᠲᠠ ᠬᠢᠨᠠᠨ ᠬᠡᠮᠵᠢᠵᠦ᠂ ᠭᠤᠤᠯ ᠪᠣᠯᠬᠤ ᠬᠠᠪᠰᠤᠷᠤᠨ ᠲᠡᠳᠬᠦᠬᠦ ᠲᠥᠷᠥ ᠶᠢᠨ | ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠮᠵᠢ ᠶᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ ᠰᠠᠶᠢᠲᠤᠷ ᠬᠢᠨ᠎ᠠ᠃ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ ᠥᠷᠭᠡᠳᠬᠡᠵᠦ᠂ ᠠᠵᠤ ᠠᠬᠤᠶᠢᠯᠠᠯ ᠢ ᠲᠤᠰᠠᠯᠠᠨ ᠠᠵᠢᠯ ᠤᠨ ᠪᠠᠶᠢᠷᠢ ᠶᠢ | ᠲᠣᠭᠲᠠᠪᠤᠷᠢᠵᠢᠭᠤᠯᠬᠤ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠵᠦ | ᠂ ᠳᠡᠭᠡᠳᠦ ᠰᠤᠷᠭᠠᠭᠤᠯᠢ ᠲᠡᠭᠦᠰᠦᠭᠰᠡᠨ ᠰᠤᠷᠤᠭᠴᠢ᠂ ᠴᠡᠷᠢᠭ ᠤᠨ ᠠᠯᠪᠠ ᠠᠴᠠ ᠬᠠᠯᠠᠭᠳᠠᠭᠰᠠᠳ᠂ ᠠᠵᠢᠯ | ᠤᠯᠬᠤ ᠳᠤ ᠬᠦᠴᠢᠷᠲᠡᠶ ᠬᠥᠮᠦᠰ ᠵᠡᠷᠭᠡ ᠭᠤᠣᠯᠳᠠᠯᠭ᠎ᠠ ᠲᠠᠢ ᠬᠠᠮᠲᠤᠯᠢᠭ ᠤᠨ ᠤᠯᠠᠨ ᠠᠷᠭ᠎ᠠ ᠵᠠᠮ ᠢᠶᠠᠷ ᠠᠵᠢᠯ | ᠤᠯᠬᠤ ᠶᠢ ᠠᠬᠢᠭᠤᠯᠤᠨ᠎ᠠ᠃ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ ᠥᠷᠭᠡᠳᠬᠡᠬᠦ | ᠲᠤᠰᠬᠠᠶ ᠠᠵᠢᠯᠯᠠᠭ᠎ᠠ ᠶᠢ ᠬᠡᠷᠡᠭᠵᠢᠭᠦᠯᠵᠦ᠂ ᠨᠡᠶᠢᠭᠡᠮ ᠤᠨ ᠳᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠭᠦᠯᠵᠢᠯᠡᠨ | ᠥᠷᠭᠡᠳᠬᠡᠨ᠎ᠡ᠃ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ ᠠᠰᠠᠷᠠᠮᠵᠢ᠂ ᠬᠠᠷᠠᠭᠠᠯᠵᠠᠨ ᠲᠥᠪᠬᠢᠨᠡᠭᠦᠯᠬᠦ | ᠵᠡᠷᠭᠡ ᠦᠨᠳᠦᠰᠦᠨ ᠵᠦᠢᠯ ᠢ ᠪᠠᠲᠤᠯᠠᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠎ᠠ᠃ | ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠮᠥᠩᠭᠦ ᠪᠠ ᠬᠤᠳᠠ ᠬᠥᠳᠡᠭᠡ ᠶᠢᠨ | ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠤᠯᠠᠨ ᠲᠦᠮᠡᠨ ᠤ | ᠦᠨᠳᠦᠰᠦᠨ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤᠯᠠᠨ᠎ᠠ᠃ ᠪᠥᠬᠦ ᠤᠯᠤᠰ ᠤᠨ ᠬᠡᠷ ᠲᠡᠭᠡᠨ ᠰᠠᠭᠤᠬᠤ ᠪᠠ | ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠥᠭᠡᠷᠡᠴᠢᠯᠡᠯᠲᠡ ᠶᠢᠨ ᠲᠤᠷᠰᠢᠯᠲᠠ ᠶᠢ | ᠭᠦᠨᠵᠡᠭᠡᠶᠢᠷᠡᠭᠦᠯᠵᠦ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠡᠶᠢᠭᠡᠮ ᠲᠣᠭᠤᠷᠢᠭ ᠤᠨ ᠨᠠᠰᠤᠵᠢᠯ ᠤᠨ | ᠠᠰᠠᠷᠠᠮᠵᠢ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠶᠢ ᠭᠥᠯᠢᠶᠡᠨ ᠠᠪᠬᠤ᠂ | ᠬᠤᠲᠠ ᠶᠢᠨ ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃ | ᠰᠤᠷᠭᠠᠭᠤᠯᠢ ᠡᠷᠬᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠵᠤ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ᠶᠢᠨ ᠪᠠᠶᠢᠷᠢ ᠳᠤ ᠰᠠᠭᠤᠬᠤ ᠠᠰᠠᠷ ᠢ ᠪᠠᠶᠢᠭᠤᠯᠵᠤ ᠳᠠᠭᠤᠰᠬᠠᠨ᠂ ᠶᠢᠰᠦᠨ ᠵᠢᠯ ᠤᠨ ᠳᠦᠷᠢᠮᠲᠦ | ᠰᠤᠷᠭᠠᠭᠤᠯᠢ ᠶᠢ ᠰᠢᠨ᠎ᠡ ᠪᠠᠷ ᠪᠠᠶᠢᠭᠤᠯᠵᠤ᠂ ᠬᠤᠳᠠ ᠶᠢᠨ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠢᠨ᠎ᠡ | ᠰᠤᠷᠭᠠᠭᠤᠯᠢ ᠶᠢᠨ ᠲᠣᠭᠤᠷᠢᠭ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠵᠦ᠂ ᠬᠤᠳᠠ ᠶᠢᠨ | ᠬᠠᠷᠢᠶᠠᠨ ᠳᠠᠬᠢ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠳᠤ ᠰᠠᠭᠤᠬᠤ ᠲᠦᠷᠢᠮ ᠤᠨ | ᠥᠭᠡᠷᠡᠴᠢᠯᠡᠯᠲᠡ ᠶᠢ ᠠᠯᠬᠤᠮ ᠬᠤᠪᠢᠶᠠᠨ ᠬᠡᠷᠡᠭᠵᠢᠭᠦᠯᠦᠨ᠎ᠡ᠃ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠭᠡ | ᠪᠠᠶᠢᠷᠢᠯᠠᠭᠤᠯᠤᠯᠲᠠ ᠶᠢ ᠦᠷᠭᠦᠯᠵᠢᠯᠡᠨ ᠰᠢᠯᠢᠳᠡᠭᠵᠢᠬᠦᠯᠦᠨ᠎ᠡ᠃ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ | ᠰᠠᠶᠢᠲᠠᠶ ᠪᠥᠭᠡᠳ ᠲᠡᠩᠴᠡᠭᠦᠷᠢᠲᠡᠶ ᠲᠤᠰᠬᠠᠶ ᠠᠵᠢᠯᠯᠠᠭ᠎ᠠ ᠶᠢ ᠥᠷᠨᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ | ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠡᠩ ᠤᠨ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠦᠷᠦᠯ ᠲᠡᠮᠳᠡᠭ ᠢ ᠪᠦᠬᠦ ᠬᠦᠴᠦᠨ | ᠢᠶᠠᠷ ᠡᠬᠦᠲᠦᠨᠡ᠃ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠲᠦᠰᠢᠭᠯᠡᠨ᠂ ᠠᠵᠤ ᠦᠢᠯᠡᠰ ᠪᠠ ᠵᠢᠭᠠᠨ | ᠰᠤᠷᠭᠠᠯᠲᠠ ᠶᠢ ᠠᠭᠤᠰᠤᠯᠴᠠᠭᠤᠯᠬᠤ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ | ᠭᠦᠨᠵᠡᠭᠡᠶᠢᠷᠡᠭᠦᠯᠵᠦ᠂ ᠣᠷᠣᠨ ᠪᠦᠰᠡ ᠶᠢᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠪᠠ ᠮᠡᠷᠭᠡᠵᠢᠯ ᠴᠢᠳᠠᠪᠤᠷᠢ ᠶᠢᠨ | ᠴᠢᠳᠠᠪᠤᠷᠢᠲᠠᠨ ᠢ ᠭᠠᠳᠠᠭᠰᠢ ᠭᠠᠷᠭᠠᠬᠤ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠡᠮᠴᠢᠯᠡᠭᠡ ᠡᠷᠡᠭᠦᠯ | ᠬᠠᠮᠠᠭᠠᠯᠠᠯ ᠤᠨ ᠳᠤᠲᠠᠭᠤᠳᠠᠯ ᠢᠶᠠᠨ ᠨᠥᠬᠦᠪᠥᠷᠢᠯᠡᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ | ᠬᠡᠷᠡᠭ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠵᠦ ᠰᠢᠢᠳᠪᠦᠷᠢᠯᠡᠬᠦ ᠲᠣᠭᠲᠠᠴᠠ ᠪᠠᠨ ᠲᠡᠭᠦᠯᠳᠡᠷᠵᠢᠭᠦᠯᠵᠦ᠂ | ᠡᠮᠨᠡᠨ ᠠᠪᠤᠷᠠᠬᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠲᠤᠯᠭᠠᠭᠤᠷᠢᠯᠠᠬᠤ᠂ ᠡᠳ᠋ ᠪᠣᠳᠠᠰ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠬᠠᠯᠳᠠᠪᠤᠷᠢᠲᠤ ᠡᠪᠡᠳᠴᠢᠨ ᠤ ᠡᠮᠨᠡᠯᠭᠡ ᠶᠢᠨ ᠬᠤᠷᠢᠶ᠎ᠠ ᠶᠢ ᠨᠡᠭᠦᠯᠭᠡᠨ | ᠪᠠᠶᠢᠭᠤᠯᠬᠤ ᠠᠵᠢᠯ ᠢ ᠴᠠᠭ ᠲᠤᠨᠢ ᠲᠣᠬᠢᠷᠠᠭᠤᠯᠤᠨ ᠡᠬᠢᠯᠡᠭᠦᠯᠵᠦ᠂ ᠬᠤᠳᠠ ᠶᠢᠨ ᠠᠷᠠᠳ ᠤᠨ ᠡᠮᠨᠡᠯᠭᠡ ᠶᠢᠨ | ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠢ ᠪᠠᠶᠢᠭᠤᠯᠵᠤ ᠳᠠᠭᠤᠰᠬᠠᠨ᠎ᠠ᠃ ᠪᠠᠶᠢᠩᠭᠤᠵᠢᠭᠤᠯᠤᠭᠰᠠᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠥᠮᠦᠨ ᠢ ᠬᠠᠮᠲᠤ ᠳᠤᠨᠢ ᠰᠡᠷᠭᠡᠶᠢᠯᠡᠬᠦ᠂ | ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠂ ᠭᠤᠣᠯᠳᠠᠯᠭ᠎ᠠ ᠲᠠᠢ ᠣᠷᠣᠨ ᠪᠦᠰᠡ ᠶᠢᠨ | ᠬᠠᠮᠢᠶᠠᠷᠤᠯᠲᠠ ᠡᠵᠡᠮᠳᠡᠯ ᠢ ᠴᠢᠩᠭᠠᠳᠬᠠᠵᠤ᠂ ᠸᠠᠺᠼᠢᠨ ᠤ ᠲᠠᠷᠢᠯᠭ᠎ᠠ ᠶᠢᠨ ᠠᠵᠢᠯ ᠢ ᠡᠮᠬᠢ ᠵᠢᠷᠤᠮ ᠲᠠᠢ ᠪᠠᠷ ᠰᠠᠶᠢᠲᠤᠷ | ᠬᠢᠨ᠎ᠡ᠃ ᠡᠮᠴᠢᠯᠡᠭᠡ᠂ ᠡᠮᠴᠢᠯᠡᠬᠡᠨ ᠤ ᠳᠠᠭᠠᠳᠬᠠᠯ᠂ ᠡᠮ ᠡᠮᠨᠡᠯᠭᠡ ᠶᠢᠨ ︽ᠭᠤᠷᠪᠠᠨ ᠡᠮᠴᠢᠯᠡᠭᠡ ᠶᠢ | ᠬᠤᠯᠪᠣᠯᠳᠤᠭᠤᠯᠬᠤ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠶᠢ ᠲᠦᠷᠭᠡᠳᠬᠡᠨ᠂ ᠢᠨᠲ᠋ᠧᠷ ᠰᠦᠯᠵᠢᠶᠡᠨ ᠤ ᠡᠮᠨᠡᠯᠭᠡ ᠶᠢᠨ ᠬᠤᠷᠢᠶ᠎ᠠ ᠶᠢ ᠢᠳᠡᠪᠬᠢᠲᠡᠶ ᠪᠠᠷ | ᠰᠦᠪᠡᠭᠴᠢᠯᠡᠨ ᠪᠠᠶᠢᠭᠤᠯᠤᠨ᠎ᠠ᠃ ᠰᠣᠶᠣᠯ ᠪᠡᠶ᠎ᠡ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠤᠯᠠᠨ | ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠬᠤᠳᠠ ᠶᠢᠨ ᠨᠣᠮ ᠤᠨ ᠰᠠᠩ᠂ | ᠺᠢᠨᠣ᠋ ᠵᠦᠴᠦᠭᠡ ᠶᠢᠨ ᠲᠢᠶᠠᠲᠷ ᠵᠡᠷᠭᠡ ᠤᠯᠠᠨ ᠨᠡᠶᠢᠲᠡ ᠶᠢᠨ ᠰᠣᠶᠣᠯ ᠤᠨ ᠡᠳ᠋ ᠬᠦᠷᠦᠩᠭᠡ ᠶᠢ ᠠᠮᠢᠳᠤᠯᠢᠭ ᠪᠣᠯᠭᠠᠵᠤ᠂ | ᠬᠤᠳᠠ ᠶᠢᠨ ᠤᠯᠠᠨ ᠲᠦᠮᠡᠨ ᠤ ᠤᠷᠠᠯᠢᠭ ᠤᠨ ᠣᠷᠳᠣᠨ ᠵᠡᠷᠭᠡ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠦᠨ᠎ᠡ᠃ ᠤᠶᠤᠨᠲᠤ ᠷᠠᠳᠢᠣ᠋ ᠲᠧᠯᠸᠢᠰ ᠤᠨ | ᠢᠨᠵᠧᠨᠧᠷᠢᠩ ᠢ ᠬᠡᠷᠡᠭᠵᠢᠭᠦᠯᠦᠨ᠎ᠡ᠃ ᠤᠯᠠᠭᠠᠨᠮᠥ᠋ᠴᠢᠷ ᠤᠨ ᠠᠵᠢᠯ ᠦᠢᠯᠡᠰ ᠤᠨ ᠬᠥᠭᠵᠢᠯᠲᠡ ᠶᠢ ᠳᠡᠮᠵᠢᠨ᠎ᠡ᠃ ᠨᠠᠮ | ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠡᠯ᠎ᠡ ᠵᠦᠢᠯ ᠤᠨ ᠠᠵᠢᠯᠯᠠᠭ᠎ᠠ ᠶᠢ ᠡᠷᠭᠢᠯᠡᠨ᠎ᠡ᠃ ᠪᠥᠬᠦ | ᠠᠷᠠᠳ ᠤᠨ ᠪᠡᠶ᠎ᠡ ᠴᠢᠭᠢᠷᠠᠭᠵᠢᠭᠤᠯᠤᠯᠲᠠ ᠶᠢ ᠭᠦᠨᠵᠡᠭᠡᠶ ᠠᠬᠢᠭᠤᠯᠵᠤ᠂ ᠬᠡᠷ ᠤᠨ ᠭᠠᠳᠠᠨᠠᠬᠢ ᠪᠡᠶ᠎ᠡ ᠲᠠᠮᠢᠷ᠂ | ᠪᠡᠶ᠎ᠡ ᠲᠠᠮᠢᠷ ᠡᠷᠡᠭᠦᠯ ᠮᠡᠨᠳᠦ ᠶᠢᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠠᠭᠤᠯᠠ ᠨᠠᠭᠤᠷ ᠢ | ᠲᠣᠭᠤᠷᠢᠨ ᠳᠤᠭᠤᠶ ᠤᠨᠤᠬᠤ᠂ ᠡᠯᠡᠰᠦᠨ ᠴᠥᠯ ᠳᠤ ᠬᠡᠭᠡᠷ᠎ᠡ ᠠᠶᠠᠯᠠᠬᠤ ᠵᠡᠷᠭᠡ ᠪᠡᠶ᠎ᠡ ᠲᠠᠮᠢᠷ ᠤᠨ ᠤᠷᠤᠯᠳᠤᠭᠠᠨ ᠤ | ᠠᠵᠢᠯᠯᠠᠭ᠎ᠠ ᠶᠢ ᠰᠠᠶᠢᠲᠤᠷ ᠡᠷᠭᠢᠯᠡᠨ᠎ᠡ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ᠂ ᠪᠡᠯᠡᠳᠬᠡᠯ ᠬᠦᠴᠦᠨ᠂ ᠬᠤᠶᠠᠷ ᠢ ᠬᠦᠷᠢᠶᠡᠯᠡᠨ | ᠬᠠᠮᠲᠤᠪᠠᠷ ᠪᠠᠶᠢᠭᠤᠯᠬᠤ᠂ ᠬᠠᠷᠠᠭᠠᠯᠵᠠᠨ ᠲᠥᠪᠬᠢᠨᠡᠭᠦᠯᠬᠦ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ | ᠴᠡᠷᠢᠭ ᠤᠨ ᠠᠯᠪᠠ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠪᠠᠲᠤᠯᠠᠭ᠎ᠠ ᠶᠢᠨ ᠰᠢᠰᠲ᠋ᠧᠮᠵᠢ ᠶᠢ ᠪᠦᠷᠢᠨᠰᠢᠬᠦᠯᠦᠨ᠎ᠡ | ᠃ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭᠠᠲᠤ ᠬᠤᠷᠠᠯ ᠵᠡᠷᠭᠡ | ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠬᠤ ᠶᠢ ᠲᠡᠮᠵᠢᠵᠤ᠂ | ᠨᠠᠰᠤᠲᠠᠶᠢᠴᠤᠳ᠂ ᠵᠡᠮᠳᠡᠭᠴᠦᠳ᠂ ᠡᠮᠡᠭᠲᠡᠶᠢᠴᠦᠳ ᠬᠡᠦᠬᠡᠳ᠂ ᠰᠠᠶᠢᠨ ᠳᠤᠷ᠎ᠠ ᠶᠢᠨ ᠦᠢᠯᠡᠴᠢᠯᠡᠭᠡ᠂ ᠠᠷᠠᠳ ᠤᠨ | ᠠᠭᠠᠷ ᠤᠨ ᠰᠡᠷᠭᠡᠶᠢᠯᠡᠯᠲᠡ ᠴᠠᠭ ᠠᠭᠤᠷ᠂ ᠰᠣᠨᠢᠨ ᠮᠡᠳᠡᠭᠡ ᠬᠡᠪᠯᠡᠯ ᠵᠡᠷᠭᠡ ᠡᠯ᠎ᠡ ᠵᠦᠢᠯ ᠤᠨ ᠠᠵᠢᠯ ᠢ ᠰᠠᠶᠢᠲᠤᠷ | ᠬᠢᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠳᠠ | ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠰᠠᠶᠢᠨ ᠡᠬᠢᠯᠡᠯᠲᠡ ᠶᠢ ᠪᠡᠶᠡᠯᠡᠭᠦᠯᠬᠦ ᠨᠢ | ᠵᠠᠰᠠᠭ ᠤᠨ ᠣᠷᠳᠣᠨ ᠤ ᠠᠵᠢᠯ ᠳᠤ ᠨᠡᠩ ᠥᠨᠳᠥᠷ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ᠤᠯᠤᠰ | ᠲᠦᠷᠦ ᠶᠢᠨ ᠪᠠᠶᠢᠭᠤᠯᠤᠯᠲᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠬᠤ ᠶᠢ | ᠪᠠᠷᠢᠮᠲᠠᠯᠠᠵᠤ᠂ ᠤᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠠᠷᠠᠳ ᠲᠦᠮᠡᠨ ᠤ | ᠲᠥᠯᠥᠭᠡ ᠠᠵᠢᠯᠯᠠᠬᠤ᠂ ᠠᠷᠠᠳ ᠲᠦᠮᠡᠨ ᠢ ᠰᠡᠳᠬᠢᠯ ᠬᠠᠨᠤᠮᠵᠢᠲᠠᠢ ᠪᠣᠯᠭᠠᠬᠤ ᠬᠠᠤᠯᠢᠵᠢᠯ ᠤᠨ ᠵᠠᠰᠠᠭ ᠤᠨ ᠣᠷᠳᠣᠨ᠂ | ᠬᠠᠷᠢᠭᠤᠴᠠᠯᠭᠠᠲᠤ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠢ ᠬᠦᠴᠦᠯᠡᠨ ᠪᠠᠶᠢᠭᠤᠯᠤᠨ᠎ᠠ᠃ | ᠤᠯᠤᠰ ᠲᠦᠷᠦ ᠶᠢᠨ ᠪᠠᠶᠢᠭᠤᠯᠤᠯᠲᠠ ᠪᠠᠨ ᠴᠢᠩᠭᠠᠳᠬᠠᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠬᠡᠷᠡᠭᠯᠡᠵᠦ | ᠂ ︽ᠲᠦᠷᠪᠡᠡ ᠤᠬᠠᠮᠰᠠᠷ︾ ᠢᠶᠠᠨ ᠴᠢᠨᠠᠭᠰᠢᠳᠠ ᠴᠢᠩᠭᠠᠳᠬᠠᠵᠤ᠂ ︽ᠲᠦᠷᠪᠡᠡ ᠢᠲᠡᠭᠡᠯ︾ ᠢᠶᠠᠨ ᠪᠠᠲᠤᠳᠬᠠᠵᠤ᠂ | ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠦᠨ᠎ᠡ᠃ ᠢᠮᠠᠭᠲᠠ ︽ᠬᠤᠶᠠᠷ ᠶᠡᠭᠡ ᠲᠠᠯ᠎ᠠ︾ ᠶᠢ ᠴᠡᠭᠡᠵᠢᠨ ᠳᠡᠭᠡᠨ | ᠪᠠᠭᠲᠠᠭᠠᠵᠤ᠂ ︽ᠤᠯᠤᠰ ᠤᠨ ᠶᠡᠭᠡ ᠡᠲᠡᠭᠡᠳ︾ ᠢ ᠰᠡᠳᠬᠢᠯ ᠳᠡᠭᠡᠨ ᠪᠤᠳᠤᠵᠤ᠂ ᠤᠯᠤᠰ ᠲᠦᠷᠦ ᠶᠢᠨ ᠬᠠᠷᠠᠴᠠ ᠪᠠᠷ | ᠠᠵᠤ ᠠᠬᠤᠶ ᠨᠡᠶᠢᠭᠡᠮ ᠤᠨ ᠠᠰᠠᠭᠤᠳᠠᠯ ᠢ ᠠᠵᠢᠭᠯᠠᠬᠤ ᠪᠠ ᠵᠠᠳᠠᠯᠬᠤ ᠳᠠᠭᠠᠨ ᠴᠢᠳᠠᠮᠠᠭᠠᠶ ᠪᠠᠶᠢᠵᠤ᠂ ᠤᠯᠤᠰ | ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠬᠤ ᠴᠢᠳᠠᠪᠤᠷᠢ᠂ ᠤᠯᠤᠰ ᠲᠦᠷᠦ ᠶᠢᠨ | ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠡᠯ᠎ᠡ | ᠵᠦᠢᠯ ᠤᠨ ᠠᠵᠢᠯ ᠦᠢᠯᠡᠰ ᠤᠨ ᠢᠮᠠᠭᠲᠠ ᠵᠥᠪ ᠴᠢᠭᠯᠡᠯ ᠢᠶᠠᠷ ᠤᠷᠤᠭᠰᠢᠯᠠᠬᠤ ᠶᠢ ᠦᠨᠡᠨ ᠬᠦ ᠪᠠᠲᠤᠯᠠᠨ᠎ᠠ᠃ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶ ᠥᠷᠨᠢᠭᠦᠯᠵᠦ᠂ ᠲᠡᠦᠬᠡ ᠰᠤᠷᠴᠤ ᠶᠣᠰᠣ ᠤᠴᠢᠷ ᠢ | ᠣᠶᠢᠯᠠᠭᠠᠬᠤ᠂ ᠲᠡᠦᠬᠡ ᠰᠤᠷᠴᠤ ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠣᠷᠳᠠᠬᠤᠨ ᠢ ᠡᠷᠬᠢᠮᠯᠡᠬᠦ᠂ | ᠲᠡᠦᠬᠡ ᠰᠤᠷᠴᠤ ᠴᠢᠷᠮᠠᠶᠢᠨ ᠦᠢᠯᠡᠳᠦᠯᠬᠡᠵᠢᠬᠦᠯᠬᠦ ᠶᠢ ᠪᠡᠶᠡᠯᠡᠭᠦᠯᠦᠨ᠎ᠡ᠃ ᠲᠥᠪ ᠤᠨ ᠨᠠᠢᠮᠠᠳᠤᠭᠠᠷ ᠲᠣᠭᠤᠷᠢᠨ | ᠪᠠᠶᠢᠴᠠᠭᠠᠬᠤ ᠳᠤᠭᠤᠶᠢᠯᠠᠩ ᠵᠡᠷᠭᠡ ᠡᠯ᠎ᠡ ᠱᠠᠲᠤᠨ ᠤ ᠡᠯ᠎ᠡ ᠲᠦᠷᠦᠯ ᠤᠨ ᠲᠣᠭᠤᠷᠢᠨ ᠪᠠᠶᠢᠴᠠᠭᠠᠵᠤ ᠬᠢᠨᠠᠨ | ᠵᠢᠯᠣᠭᠤᠳᠴᠤ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠡᠷᠡᠰ ᠰᠠᠶᠢᠲᠤᠷ ᠠᠳᠬᠤᠵᠤ᠂ ᠴᠡᠭᠴᠡᠯᠡᠨ ᠰᠠᠶᠢᠵᠢᠷᠠᠭᠤᠯᠤᠭᠰᠠᠨ ᠰᠢᠯᠭᠠᠷᠠᠭᠰᠠᠨ | ᠦᠷ᠎ᠡ ᠪᠦᠲᠦᠮᠵᠢ ᠪᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳ ᠢᠯᠡᠷᠡᠭᠦᠯᠦᠨ᠎ᠡ᠃ | ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠎ᠠ᠃ ᠰᠢ ᠶᠢᠨ ᠫᠢᠩ ᠤᠨ ᠬᠠᠤᠯᠢᠵᠢᠯ ᠤᠨ ᠦᠵᠡᠯ | ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠬᠠᠤᠯᠢᠵᠢᠯ ᠤᠨ ᠵᠠᠮ ᠳᠡᠭᠡᠷ᠎ᠡ ᠵᠠᠰᠠᠬᠤ ᠴᠢᠳᠠᠪᠤᠷᠢ ᠪᠠ | ᠵᠠᠰᠠᠬᠤ ᠰᠢᠰᠲ᠋ᠧᠮ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠤᠨ᠎ᠠ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠠᠤᠯᠢ ᠴᠠᠭᠠᠵᠠ ᠶᠢᠨ ᠬᠢᠨᠠᠯᠲᠠ | ᠂ ᠠᠵᠢᠯ ᠤᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ | ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠴᠢᠬᠤᠯᠠ ᠶᠡᠭᠡ | ᠲᠥᠷᠥ ᠶᠢᠨ ᠪᠣᠳᠣᠯᠭ᠎ᠠ ᠶᠢᠨ ᠶᠡᠷᠦᠩᠬᠡᠶᠢᠯᠡᠭᠰᠡᠨ ᠨᠥᠯᠥᠭᠡ ᠶᠢ ᠦᠨᠡᠯᠡᠨ ᠵᠢᠱᠢᠬᠦ ᠲᠦᠷᠢᠮ ᠢ ᠪᠦᠷᠢᠨᠰᠢᠬᠦᠯᠵᠦ᠂ | ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠲᠤᠰᠬᠠᠶ ᠮᠡᠷᠭᠡᠵᠢᠯᠲᠡᠨ ᠠᠴᠠ ᠠᠰᠠᠭᠤᠨ ᠯᠠᠪᠯᠠᠬᠤ ᠲᠦᠷᠢᠮ ᠢ | ᠬᠡᠷᠡᠭᠵᠢᠭᠦᠯᠦᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠡᠭᠦᠷᠭᠡ ᠴᠢᠳᠠᠪᠤᠷᠢ ᠶᠢᠨ | ᠦᠢᠯᠡᠳᠦᠯ ᠢ ᠨᠢ ᠬᠦᠢᠴᠡᠳ ᠪᠠᠳᠠᠷᠠᠭᠤᠯᠵᠤ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ | ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ | ᠲᠣᠭᠲᠠᠭᠠᠬᠤ ᠬᠢᠷᠢ ᠲᠦᠪᠰᠢᠨ ᠢᠶᠠᠨ ᠦᠨᠡᠨᠬᠦ ᠲᠡᠭᠡᠭᠰᠢᠯᠡᠬᠦᠯᠦᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠬᠦ ᠠᠵᠢᠯ ᠢ ᠦᠷᠨᠢᠬᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠴᠢᠩᠭᠠᠳᠬᠠᠵᠤ᠂ | ᠵᠠᠰᠠᠭ ᠤᠨ ᠣᠷᠳᠣᠨ ᠤ ᠰᠣᠨᠢᠨ ᠮᠡᠳᠡᠭᠡ ᠨᠡᠶᠢᠲᠡᠯᠡᠬᠦ ᠲᠦᠷᠢᠮ ᠢ ᠲᠡᠭᠦᠯᠳᠡᠷᠵᠢᠭᠦᠯᠦᠨ᠎ᠡ᠃ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠦᠢᠴᠡᠳᠭᠡᠨ᠎ᠡ᠃ | ︽ᠭᠠᠪᠰᠢᠭᠠᠶᠢᠯᠠᠬᠤ︾ ᠵᠣᠷᠢᠭ ᠰᠠᠨᠠᠭ᠎ᠠ᠂ ︽ᠰᠢᠨ᠎ᠡ ᠶᠢ ᠡᠭᠦᠳᠬᠦ︾ ᠡᠷᠴᠢ ᠵᠣᠷᠢᠭ᠂ ︽ᠠᠵᠢᠯᠯᠠᠬᠤ︾ ᠰᠤᠷᠲᠠᠯ ᠢᠶᠠᠨ | ᠡᠭᠦᠷᠢᠳᠡ ᠪᠠᠲᠤᠯᠠᠵᠤ᠂ ᠬᠠᠮᠤᠭ ᠤᠨ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠨ᠂ ᠬᠠᠮᠤᠭ ᠤᠨ ᠬᠠᠲᠠᠭᠤ | ᠡᠭᠦᠷᠭᠡ ᠶᠢ ᠵᠣᠷᠢᠭᠲᠠᠶ ᠪᠠᠷ ᠰᠢᠢᠳᠪᠦᠷᠢᠯᠡᠵᠦ᠂ ᠬᠡᠵᠢᠶᠡᠳᠡ ᠰᠢᠨᠲᠠᠷᠠᠰᠢ ᠥᠬᠡᠶ ᠣᠶᠤᠨ ᠰᠠᠨᠠᠭᠠᠨ ᠤ ᠳᠦᠷᠰᠦ | ᠪᠠᠶᠢᠳᠠᠯ᠂ ᠪᠤᠴᠠᠯᠲᠠ ᠥᠬᠡᠶ ᠤᠷᠤᠭᠰᠢᠯᠠᠬᠤ ᠲᠡᠮᠡᠴᠡᠯ ᠤᠨ ᠳᠦᠷᠢ ᠪᠠᠶᠢᠳᠠᠯ ᠢᠶᠠᠷ ᠠᠵᠢᠯ ᠶᠠᠪᠤᠳᠠᠯ ᠬᠢᠵᠦ ᠠᠳᠠᠯ | ᠦᠢᠯᠡᠰ ᠴᠣᠭᠴᠠᠯᠠᠨ᠂ ᠬᠥᠭᠵᠢᠯᠲᠡ ᠶᠢ ᠳᠥᠯᠭᠢᠨ ᠠᠬᠢᠭᠤᠯᠤᠨ᠎ᠠ᠃ ᠬᠢᠴᠢᠶᠡᠯ ᠨᠥᠬᠦᠵᠦ ᠴᠠᠬᠢᠯᠭᠠᠨ ᠴᠡᠨᠡᠭᠯᠡᠬᠦ | ᠲᠤᠯᠭᠠᠮ᠎ᠠ ᠰᠡᠳᠬᠢᠯᠭᠡ ᠪᠠᠨ ᠴᠢᠩᠭᠠᠷᠠᠭᠤᠯᠵᠤ᠂ ᠲᠤᠰᠬᠠᠶ ᠮᠡᠷᠭᠡᠵᠢᠯ ᠤᠨ ᠰᠡᠳᠬᠢᠬᠦᠶ ᠪᠠᠨ ᠴᠢᠩᠭᠠᠷᠠᠭᠤᠯᠤᠨ᠂ | ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ | ᠺᠠᠳ᠋ᠷᠴᠤᠳ ᠤᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠬᠦ ᠴᠢᠳᠠᠪᠤᠷᠢ ᠪᠠ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠦᠨ᠎ᠡ᠃ ᠥᠪᠡᠷ ᠤᠨ ᠪᠡᠶ᠎ᠡ ᠳᠡᠭᠡᠨ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ ᠪᠠᠨ ᠭᠦᠢᠴᠡᠳᠬᠡᠨ᠂ | ᠪᠦᠬᠦ ᠬᠦᠴᠦᠨ ᠢᠶᠠᠷ ᠢᠶᠠᠨ ᠲᠦᠷᠦᠯ ᠵᠦᠢᠯ ᠢ ᠤᠷᠤᠭᠤᠯᠵᠤ᠂ ᠪᠡᠯᠡ ᠮᠥᠩᠭᠦ ᠶᠢ ᠲᠡᠮᠡᠴᠡᠨ ᠣᠯᠵᠤ᠂ | ᠬᠥᠭᠵᠢᠯᠲᠡ ᠶᠢ ᠠᠬᠢᠭᠤᠯᠤᠨ᠎ᠠ᠃ ᠨᠢᠭᠡᠳᠦᠭᠡᠷ ᠹᠷᠣᠨᠲ ᠲᠤ ᠯᠠᠪᠳᠠᠭᠤᠨ ᠪᠠᠶᠢᠵᠤ᠂ ᠨᠢᠭᠡᠳᠦᠭᠡᠷ ᠹᠷᠣᠨᠲ ᠲᠤ | ᠠᠵᠢᠯᠯᠠᠬᠤ ᠶᠢ ᠪᠠᠷᠢᠮᠲᠠᠯᠠᠵᠤ᠂ ᠠᠰᠠᠭᠤᠳᠠᠯ ᠢ ᠨᠢᠭᠡᠳᠦᠭᠡᠷ ᠹᠷᠣᠨᠲ ᠲᠤ ᠢᠯᠡᠷᠡᠭᠦᠯᠬᠦ᠂ ᠵᠥᠷᠢᠴᠡᠯ ᠢ ᠨᠢᠭᠡᠳᠦᠭᠡᠷ | ᠹᠷᠣᠨᠲ ᠲᠤ ᠰᠢᠢᠳᠪᠦᠷᠢᠯᠡᠬᠦ᠂ ᠠᠵᠢᠯ ᠢ ᠨᠢᠭᠡᠳᠦᠭᠡᠷ ᠹᠷᠣᠨᠲ ᠲᠤ ᠠᠬᠢᠭᠤᠯᠬᠤ ᠶᠢ ᠪᠡᠶᠡᠯᠡᠬᠦᠯᠦᠨ᠎ᠡ᠃ | ᠠᠷᠢᠭᠤᠨ ᠴᠢᠬᠡᠴᠢ ᠪᠠᠶᠢᠬᠤ ᠶᠢ ᠪᠠᠲᠤᠯᠠᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠬᠡᠷᠡᠭ ᠢᠶᠠᠷ ᠴᠡᠭᠴᠡᠯᠡᠯᠳᠡ ᠶᠢ ᠠᠬᠢᠭᠤᠯᠬᠤ ᠶᠢ | ᠬᠦᠨᠵᠡᠭᠡᠶᠢᠷᠡᠬᠦᠯᠬᠦ᠂ ᠤᠯᠤᠰ ᠲᠦᠷᠦ ᠶᠢᠨ ᠠᠮᠢ ᠠᠬᠤᠢ ᠶᠢ ᠴᠡᠪᠡᠷᠰᠢᠭᠦᠯᠬᠦ ᠲᠤᠰᠬᠠᠢ ᠠᠵᠢᠯᠯᠠᠭ᠎ᠠ ᠶᠢᠨ ᠦᠷ᠎ᠡ | ᠪᠦᠲᠦᠭᠡᠯ ᠢ ᠲᠠᠰᠤᠷᠠᠯᠲᠠ ᠦᠭᠡᠢ ᠪᠠᠬᠢᠵᠢᠭᠦᠯᠦᠨ ᠭᠦᠨᠵᠡᠭᠡᠶᠢᠷᠡᠭᠦᠯᠵᠦ᠂ ᠰᠤᠷᠲᠠᠯ ᠴᠢᠬᠡᠴᠢ ᠣᠪᠣᠷ ᠲᠥᠪ᠂ ᠠᠷᠢᠭᠤᠨ | ᠴᠢᠬᠡᠴᠢ ᠪᠠᠷ ᠵᠠᠰᠠᠭ ᠤᠨ ᠠᠵᠢᠯ ᠡᠷᠬᠢᠯᠡᠬᠦ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ᠨᠠᠮ ᠤᠨ | ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠣᠯᠤᠨ ᠢᠯᠵᠠᠷᠠᠯ ᠢ ᠡᠰᠡᠷᠭᠦᠴᠡᠬᠦ ᠲᠡᠮᠡᠴᠡᠯ ᠢ ᠭᠦᠨᠵᠡᠭᠡᠶᠢᠷᠡᠭᠦᠯᠦᠨ | ᠲᠦᠯᠬᠢᠨ ᠠᠬᠢᠭᠤᠯᠵᠤ᠂ ᠤᠯᠠᠨ ᠨᠡᠶᠢᠲᠡ ᠶᠢᠨ ᠡᠷᠬᠡ᠂ ᠤᠯᠠᠨ ᠨᠡᠶᠢᠲᠡ ᠶᠢᠨ ᠪᠡᠯᠡ ᠮᠥᠩᠭᠦ᠂ ᠤᠯᠠᠨ ᠨᠡᠶᠢᠲᠡ ᠶᠢᠨ | ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠠᠶᠤᠯ ᠲᠦᠭᠰᠢᠭᠦᠷᠢ ᠶᠢᠨ ᠴᠢᠭ᠂ ᠠᠶᠤᠯ | ᠲᠦᠭᠰᠢᠭᠦᠷᠢ ᠶᠢᠨ ᠡᠬᠢ ᠰᠤᠷᠪᠤᠯᠵᠢ ᠶᠢ ᠴᠢᠩᠭ᠎ᠠ ᠪᠠᠶᠢᠴᠠᠭᠠᠵᠤ ᠴᠢᠩᠭ᠎ᠠ ᠬᠢᠵᠠᠭᠠᠷᠯᠠᠨ᠎ᠠ᠃ ᠬᠢᠨᠠᠨ ᠪᠤᠳᠤᠬᠤ ᠠᠵᠢᠯ ᠢ | ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠵᠢᠴᠢ | ᠲᠡᠬᠦᠨ ᠤ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠪᠠᠴᠢᠮ | ᠬᠡᠷᠡᠭᠴᠡᠭᠡᠨ ᠤ ᠪᠤᠰᠤ᠂ ᠬᠠᠲᠠᠭᠤ ᠪᠤᠰᠤ ᠵᠠᠷᠤᠯᠭ᠎ᠠ ᠶᠢ ᠶᠡᠭᠡ ᠪᠠᠷ ᠪᠠᠭᠠᠰᠬᠠᠵᠤ᠂ ᠭᠤᠷᠪᠠᠨ ᠵᠦᠢᠯ ᠤᠨ ᠠᠯᠪᠠᠨ ᠤ | ᠵᠠᠷᠤᠳᠠᠯ ᠢ ᠴᠢᠩᠭ᠎ᠠ ᠬᠢᠵᠠᠭᠠᠷᠯᠠᠵᠤ᠂ ᠠᠷᠪᠢᠯᠠᠨ ᠭᠠᠮᠨᠠᠵᠤ ᠠᠮᠢᠳᠤᠷᠠᠬᠤ ᠶᠢ ᠬᠡᠪ ᠤᠨ ᠪᠠᠶᠢᠳᠠᠯ ᠪᠣᠯᠭᠠᠨ᠎ᠠ᠃ | ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠯᠴᠠᠭ᠎ᠠ ᠨᠡᠪᠲᠡᠷᠡᠯᠴᠡᠭᠡ ᠶᠢᠨ ᠠᠷᠭ᠎ᠠ ᠵᠠᠮ ᠢ ᠤᠯᠠᠮ ᠨᠢᠭᠡ | ᠠᠯᠬᠤᠮ ᠰᠠᠭᠠᠳ ᠦᠭᠡᠢ ᠨᠡᠪᠲᠡᠷᠡᠭᠦᠯᠵᠦ᠂ ᠳᠣᠲᠣᠨᠣ ᠪᠥᠭᠡᠳ ᠴᠡᠪᠡᠷ ᠰᠢᠨ᠎ᠡ ᠮᠠᠶ᠋ᠢᠭ ᠤᠨ ᠵᠠᠰᠠᠭ ᠤᠨ ᠣᠷᠳᠣᠨ ᠪᠠ | ᠬᠤᠳᠠᠯᠳᠤᠭᠠᠴᠢᠨ ᠤ ᠬᠠᠷᠢᠴᠠᠭ᠎ᠠ ᠶᠢ ᠬᠦᠴᠦᠯᠡᠨ ᠪᠠᠶᠢᠭᠤᠯᠤᠨ᠎ᠠ᠃ ᠬᠡᠯᠪᠡᠷᠢᠴᠢ ᠦᠵᠡᠯ᠂ ᠨᠣᠶᠠᠨᠴᠢ ᠰᠤᠷᠲᠠᠯ ᠤᠨ | ᠰᠢᠨ᠎ᠡ ᠢᠯᠡᠷᠡᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ | ᠂ ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠨ ᠠᠷᠢᠭᠤᠨ ᠴᠢᠬᠡᠴᠢ ᠪᠠᠶᠢᠬᠤ ᠤᠯᠤᠰ ᠲᠦᠷᠦ ᠶᠢᠨ ᠤᠤᠷ | ᠴᠢᠨᠠᠷ ᠢᠶᠠᠨ ᠡᠭᠦᠷᠢᠳᠡ ᠬᠠᠳᠠᠭᠠᠯᠠᠨ᠎ᠠ᠃ | ᠲᠥᠯᠥᠭᠡᠯᠡᠭᠴᠢᠳ ᠡ︕ ᠪᠣᠳᠠᠲᠠᠢ ᠠᠵᠢᠯᠯᠠᠨ ᠬᠦᠰᠡᠯ ᠵᠡᠭᠦᠳᠦ ᠪᠠᠨ ᠲᠡᠷᠭᠡᠯᠰᠢᠭᠦᠯᠵᠦ᠂ ᠴᠢᠷᠮᠠᠶᠢᠨ | ᠲᠡᠮᠡᠴᠡᠭᠡᠳ ᠢᠷᠡᠭᠡᠳᠦᠢ ᠪᠠᠨ ᠴᠤᠭᠴᠠᠯᠠᠨᠠᠮ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ | ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠳᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠳᠠ ᠶᠢᠨ ᠤᠯᠤᠰ ᠲᠦᠷᠦ ᠶᠢᠨ | ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠨᠤᠮᠤᠬᠠᠨ ᠱᠠᠷ᠂ ᠠᠮᠪᠠᠨ ᠦᠬᠡᠷ᠂ ᠬᠠᠱᠠᠩ ᠱᠠᠷ ᠤᠨ ᠵᠣᠷᠢᠭ | ᠰᠠᠨᠠᠭ᠎ᠠ ᠶᠢ ᠪᠠᠳᠠᠷᠠᠭᠤᠯᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠲᠡᠮᠡᠴᠡᠵᠦ᠂ | ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠤᠭᠲᠤᠵᠤ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠦᠬᠠᠢ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠶ᠎ᠡ︕ | | ᠨᠡᠷᠡᠰ ᠦᠭᠡ ᠶᠢᠨ ᠲᠠᠶᠢᠯᠪᠤᠷᠢ | 1. ᠭᠤᠤᠯ ᠮᠥᠷᠡᠨ ᠨᠠᠭᠤᠷ ᠴᠥᠭᠦᠷᠥᠮ ᠤᠨ ︽ᠳᠥᠷᠪᠡᠨ ᠲᠤᠷ᠎ᠠ ᠶᠢ ᠴᠡᠭᠴᠡᠯᠡᠨ ᠵᠠᠰᠠᠬᠤ︾ ᠭᠡᠳᠡᠭ ᠨᠢ ᠪᠥᠬᠦ | ᠤᠯᠤᠰ ᠤᠨ ᠬᠡᠪᠴᠢᠶᠡᠨ ᠳᠤ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠳᠤᠷ᠎ᠠ ᠪᠠᠷ ᠢᠶᠠᠨ | ᠣᠪᠣᠭᠠᠯᠠᠬᠤ᠂ ᠳᠤᠷ᠎ᠠ ᠪᠠᠷ ᠢᠶᠠᠨ ᠪᠠᠶᠢᠭᠤᠯᠬᠤ ᠵᠡᠷᠭᠡ ᠭᠤᠤᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠲᠣᠪᠤᠶᠢᠮ᠎ᠠ ᠠᠰᠠᠭᠤᠳᠠᠯ ᠳᠤ ᠲᠤᠰᠬᠠᠶ ᠵᠦᠢᠯ ᠤᠨ ᠢᠯᠭᠠᠷᠠᠭᠤᠯᠤᠨ ᠴᠡᠭᠴᠡᠯᠡᠬᠦ ᠠᠵᠢᠯᠯᠠᠭ᠎ᠠ | ᠥᠷᠨᠢᠭᠦᠯᠬᠦ ᠶᠢ ᠵᠢᠭᠠᠵᠤ ᠪᠣᠶ᠃ | 2.︽ᠨᠠᠢᠮᠠᠨ ᠠᠳᠠᠯᠢ︾᠄ ᠡᠨᠡ ᠨᠢ ᠬᠤᠳᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠳᠤ ᠡᠳᠦᠷ ᠰᠥᠨᠢ ᠨᠢᠭᠡ | ᠠᠳᠠᠯᠢ᠂ ᠲᠤᠩᠭᠠᠯᠠᠭ ᠡᠳᠦᠷ ᠪᠣᠷᠣᠭᠠᠨ ᠲᠠᠢ ᠡᠳᠦᠷ ᠨᠢᠭᠡ ᠠᠳᠠᠯᠢ᠂ ᠬᠤᠯᠠ ᠠᠴᠠ ᠬᠠᠷᠠᠵᠤ ᠤᠢᠢᠷ᠎ᠠ ᠠᠴᠠ | ᠬᠠᠷᠠᠬᠤ ᠨᠢ ᠨᠢᠭᠡ ᠠᠳᠠᠯᠢ᠂ ᠶᠡᠭᠡ ᠵᠡᠭᠡᠯᠢ ᠪᠠᠭ᠎ᠠ ᠭᠤᠳᠤᠮᠵᠢ ᠨᠢᠭᠡ ᠠᠳᠠᠯᠢ᠂ ᠰᠢᠨ᠎ᠡ ᠬᠤᠳᠠ ᠬᠠᠭᠤᠴᠢᠨ ᠬᠤᠳᠠ | ᠨᠢᠭᠡ ᠠᠳᠠᠯᠢ᠂ ᠪᠠᠶᠢᠴᠠᠭᠠᠬᠤ ᠡᠰᠡᠬᠦ ᠨᠢ ᠨᠢᠭᠡ ᠠᠳᠠᠯᠢ᠂ ᠡᠩ ᠤᠨ ᠦᠶ᠎ᠡ ᠪᠠ ᠪᠠᠶᠠᠷ ᠳᠤᠷᠠᠰᠬᠠᠯ ᠤᠨ ᠡᠳᠦᠷ ᠨᠢᠭᠡ | ᠠᠳᠠᠯᠢ᠂ ᠬᠤᠳᠠ ᠶᠢᠨ ᠲᠣᠭᠤᠷᠢᠭ ᠪᠠ ᠲᠠᠷᠢᠶᠠᠯᠠᠬᠤ ᠤᠷᠤᠨ ᠨᠢᠭᠡ ᠠᠳᠠᠯᠢ ᠶᠢ ᠵᠢᠭᠠᠵᠤ ᠪᠤᠢ᠃ | 3. ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ᠪᠠ ︽ᠨᠢᠭᠡ ᠬᠥᠭᠦᠷᠭᠡᠨ ᠪᠠᠬᠢᠯᠡᠯᠲᠡ︾᠄ ᠰᠢ ᠶᠢᠨ | ᠫᠢᠩ ᠶᠡᠷᠦᠩᠬᠡᠶ ᠱᠦᠵᠢ ᠥᠪᠥᠷ ᠮᠣᠩᠭᠤᠯ ᠢ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ | ᠪᠠᠲᠤ ᠪᠠᠬᠢ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ | ᠰᠠᠭᠤᠷᠢᠨ ᠭᠠᠵᠠᠷ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ | ᠭᠠᠵᠠᠷ ᠢ ᠪᠥᠲᠥᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ | ᠪᠠᠬᠢᠯᠡᠯᠲᠡ ᠶᠢ ᠪᠥᠲᠥᠭᠡᠨ ᠪᠠᠶᠢᠭᠤᠯᠬᠤ ᠬᠡᠷᠡᠭᠲᠡᠶ ᠭᠡᠵᠦ ᠱᠠᠭᠠᠷᠳᠠᠪᠠ᠃ | 4.ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ᠄ | ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠭᠡᠳᠡᠭ ᠨᠢ ᠶᠠᠮᠠᠷ ᠨᠢᠭᠡᠨ ᠴᠠᠭ ᠤᠨ ᠴᠢᠭ ᠲᠤ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯᠲᠠ ᠳᠠᠬᠢᠨ ᠨᠡᠮᠡᠭᠳᠡᠬᠦ ᠦᠭᠡᠢ᠂ ᠤᠷᠬᠢᠯ ᠤᠨ | ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠠᠭᠠᠵᠢᠮ ᠢᠶᠠᠷ ᠪᠠᠭᠤᠷᠠᠬᠤ ᠶᠢ ᠵᠢᠭᠠᠵᠤ ᠪᠠᠶᠢᠨ᠎ᠠ᠃ ᠨᠡᠭᠦᠷᠡᠰᠦᠲᠥ᠋ᠷᠥᠭᠴᠢ ᠶᠢ | ᠰᠠᠭᠠᠷᠮᠠᠭᠵᠢᠭᠤᠯᠬᠤ ᠭᠡᠳᠡᠭ ᠨᠢ ᠵᠣᠬᠢᠬᠤ ᠬᠤᠭᠤᠴᠠᠭᠠᠨ ᠳᠣᠲᠣᠷ᠎ᠠ᠂ ᠮᠣᠳᠣ ᠲᠠᠷᠢᠵᠤ ᠣᠶᠢᠵᠢᠭᠤᠯᠬᠤ᠂ ᠡᠨᠧᠷᠭᠢ | ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠵᠡᠷᠭᠡ ᠠᠷᠭ᠎ᠠ ᠵᠠᠮ ᠢᠶᠠᠷ ᠳᠠᠮᠵᠢᠭᠤᠯᠤᠨ | ᠂ ᠬᠥᠮᠦᠨ ᠲᠥᠷᠥᠯᠬᠢᠲᠡᠨ ᠤ ᠠᠵᠢᠯᠯᠠᠭ᠎ᠠ ᠠᠴᠠ ᠪᠤᠢ ᠪᠣᠯᠤᠭᠰᠠᠨ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ | ᠭᠠᠳᠠᠭᠰᠢᠯᠠᠭᠤᠯᠤᠯᠲᠠ ᠶᠢᠨ ᠬᠡᠮᠵᠢᠶ᠎ᠡ ᠶᠢ ᠲᠤᠯᠭᠠᠨ ᠬᠠᠰᠤᠵᠤ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠢ | ︽ᠦᠯᠦ ᠭᠠᠳᠠᠭᠰᠢᠯᠠᠭᠤᠯᠬᠤ︾ ᠶᠢ ᠪᠡᠶᠡᠯᠡᠭᠦᠯᠬᠦ ᠶᠢ ᠵᠢᠭᠠᠵᠤ ᠪᠠᠶᠢᠨ᠎ᠠ᠃ | 5. ︽ᠬᠠᠷ᠎ᠠ ᠬᠤᠨ︾ ︽ᠪᠣᠷᠣ ᠬᠡᠷᠢᠰ︾ ᠤᠨ ᠬᠡᠷᠡᠭ᠄ ᠬᠠᠷ᠎ᠠ ᠬᠤᠨ ᠤ ᠬᠡᠷᠡᠭ ᠭᠡᠳᠡᠭ ᠨᠢ ᠲᠥᠰᠦᠭᠡᠯᠡᠬᠦᠶ᠎ᠡ | ᠪᠡᠷᠬᠡ ᠪᠥᠭᠡᠳ ᠶᠡᠷᠦ ᠪᠤᠰᠤ ᠶᠢᠨ ᠬᠡᠷᠡᠭ ᠤᠴᠢᠷ ᠢ ᠵᠢᠭᠠᠵᠤ ᠪᠠᠶᠢᠨ᠎ᠠ᠂ ᠲᠡᠷᠡ ᠨᠢ ᠬᠤᠯᠪᠣᠯᠳᠤᠭᠰᠠᠨ ᠨᠠᠵᠠᠭᠠᠶ | ᠲᠤᠰᠬᠠᠯ ᠭᠠᠷᠭᠠᠬᠤ ᠪᠤᠶᠤ ᠴᠢᠨᠠᠭᠰᠢᠯᠠᠪᠠᠯ ᠨᠤᠷᠠᠭᠠᠬᠤ ᠳᠤ ᠬᠦᠷᠦᠨ᠎ᠡ᠃ ᠪᠣᠷᠣ ᠬᠡᠷᠢᠰ ᠤᠨ ᠬᠡᠷᠡᠭ ᠭᠡᠳᠡᠭ ᠨᠢ | ᠬᠥᠮᠦᠰ ᠤᠨ ᠳᠠᠳᠮᠠᠭᠠᠶ ᠪᠣᠯᠤᠭᠰᠠᠨ ᠠᠶᠤᠯ ᠲᠦᠭᠰᠢᠭᠦᠷᠢ ᠶᠢ ᠬᠡᠲᠦᠷᠬᠡᠶ ᠣᠯᠠᠨ ᠦᠵᠡᠵᠦ᠂ ᠶᠡᠭᠡ | ᠲᠣᠬᠢᠶᠠᠯᠳᠤᠮᠵᠢ ᠲᠠᠢ ᠪᠥᠭᠡᠳ ᠯᠤᠲᠤ ᠶᠡᠭᠡ ᠨᠥᠯᠥᠭᠡ ᠲᠠᠢ ᠳᠠᠯᠳᠠ ᠬᠢᠮᠤᠷᠠᠯ ᠢ ᠵᠦᠢᠷᠯᠡᠬᠦ ᠶᠢ ᠬᠡᠯᠡᠨ᠎ᠡ᠃ |