ᠦᠬᠠᠶ ᠬᠤᠲᠠ ᠨᠠᠮ ᠤᠨ ᠲᠡᠤᠬᠡ ᠬᠡᠬᠦ ᠡᠨᠡᠬᠦ ᠵᠠᠪᠠᠯ ᠰᠤᠷᠬᠤ ᠬᠢᠴᠢᠶᠡᠯ ᠢ ᠰᠠᠶᠢᠲᠤᠷ ᠰᠣᠷᠣᠯᠴᠠᠪᠠ
ᠨᠡᠶᠢᠲᠡᠯᠡᠭᠰᠡᠨ ᠴᠠᠭ᠄
2021/4/21
     ᠦᠬᠠᠢ ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠪᠣᠯᠤᠨ ᠦᠬᠠᠢ ᠬᠤᠳᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠤᠨ ᠬᠠᠮᠲᠤᠷᠠᠨ ᠡᠷᠬᠢᠯᠡᠭᠰᠡᠨ ︽ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠬᠠᠮᠲᠤᠪᠠᠷ ᠡᠳ᠋ᠯᠡᠬᠦ ᠶᠠᠷᠢᠶᠠᠨ ᠤ ᠲᠠᠩᠬᠢᠮ · ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠦᠨᠳᠦᠰᠦᠨ ᠱᠠᠲᠤᠨ ᠤ ᠨᠠᠮ ᠤᠨ ᠡᠭᠦᠷ ᠤᠨ ᠱᠦᠵᠢ᠂ ᠬᠡᠰᠡᠭ ᠨᠠᠮ ᠤᠨ ᠭᠡᠰᠢᠭᠦᠨ ᠨᠥᠬᠦᠳ ᠵᠡᠷᠭᠡ 600 ᠰᠢᠬᠠᠮ ᠬᠥᠮᠦᠨ ᠰᠣᠨᠣᠰᠴᠠᠢ᠃      ᠲᠠᠶᠢᠯᠤᠮᠵᠢ ᠳᠤ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠳ᠋ᠣᠺᠲ᠋ᠣᠷᠠᠨᠲ ᠤᠨ ᠵᠢᠯᠣᠭᠤᠳᠣᠭᠴᠢ ᠪᠠᠭᠰᠢ᠂ ᠥᠪᠥᠷ ᠮᠣᠩᠭᠤᠯ ᠤᠨ ᠦᠨᠳᠦᠰᠦᠲᠡᠨ ᠤ ᠰᠣᠶᠣᠯ ᠤᠨ ᠠᠵᠤ ᠦᠢᠯᠡᠰ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠳ᠋ᠦᠩ ᠵᠢᠶᠧ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠤᠨ ᠭᠤᠣᠯ ᠰᠡᠳᠦᠪ ᠯᠤᠭ᠎ᠠ ᠨᠢᠭᠳᠠ ᠠᠪᠴᠠᠯᠳᠣᠭᠤᠯᠵᠣ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠤᠨᠤᠯ ᠤᠨ ᠠᠩᠬᠠᠨ ᠤ ᠡᠭᠦᠳᠦᠯᠲᠡ ᠶᠢᠨ ᠴᠢᠨᠠᠷᠲᠠᠢ ᠴᠢᠬᠤᠯᠠ ᠶᠡᠭᠡ ᠨᠤᠲᠠᠯᠠᠯᠲᠠ᠂ ᠦᠨᠳᠦᠰᠦᠲᠡᠨ ᠤ ᠠᠵᠢᠯ ᠤᠨ ᠪᠠᠶᠢᠳᠠᠯ ᠡᠭᠦᠷᠭᠡ ᠶᠢᠨ ᠬᠥᠭᠵᠢᠯᠲᠡ ᠬᠤᠪᠢᠷᠠᠯᠲᠠ ᠵᠡᠷᠭᠡ ᠲᠠᠯ᠎ᠠ ᠶᠢᠨ ᠲᠤᠭᠤᠷᠢᠨ ᠳᠤ ᠰᠢᠨ᠎ᠡ ᠴᠠᠭ ᠦᠶ᠎ᠡ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠢᠨ ᠴᠢᠬᠤᠯᠠ ᠠᠴᠢ ᠬᠤᠯᠪᠣᠭᠳᠠᠯ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠨᠠᠷᠢᠨ ᠲᠠᠶᠢᠯᠪᠤᠷᠢᠯᠠᠵᠠᠢ᠃ ᠡᠨᠡᠬᠦ ᠤᠳᠠᠭᠠᠨ ᠤ ᠲᠠᠶᠢᠯᠤᠮᠵᠢ ᠶᠢ ᠰᠣᠨᠣᠰᠣᠭᠰᠠᠨ ᠤ ᠲᠠᠷᠠᠭ᠎ᠠ᠂ ᠤᠯᠠᠨ ᠢᠶᠠᠷ ᠢᠶᠠᠨ ᠥᠪᠡᠷ ᠤᠨ ᠦᠨᠳᠦᠰᠦᠲᠡᠨ ᠤ ᠠᠵᠢᠯ ᠢ ᠰᠠᠶᠢᠲᠤᠷ ᠬᠢᠬᠦ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠠᠢ ᠭᠡᠵᠦ ᠢᠯᠡᠳᠬᠡᠵᠡᠭᠡᠪᠡ᠃      ᠣᠶᠢᠷ᠎ᠠ ᠶᠢᠨ ᠬᠤᠭᠤᠴᠠᠭᠠᠨ ᠳᠤ᠂ ᠦᠬᠠᠢ ᠬᠤᠳᠠ ᠶᠢᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠣᠯᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠤᠰᠬᠠᠢ ᠰᠡᠳᠦᠪ ᠢᠶᠠᠷ ᠨᠢᠭᠡᠳᠦᠯᠲᠡᠢ ᠲᠥᠯᠥᠪᠵᠢᠭᠦᠯᠦᠨ ᠳᠤᠬᠢᠷᠠᠭᠤᠯᠵᠤ᠂ ᠨᠢᠭᠡ ᠴᠤᠬᠴᠠᠵᠢᠭᠤᠯᠤᠨ ᠠᠬᠢᠭᠤᠯᠵᠠᠢ᠃ ᠦᠬᠠᠢ ᠬᠤᠳᠠ ᠶᠢᠨ ᠨᠠᠮ ᠤᠨ ᠬᠤᠷᠢᠶᠠᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠠᠵᠢᠯ ᠤᠨ ᠬᠤᠷᠢᠶ᠎ᠠ ᠠᠴᠠ ᠬᠤᠳᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠪᠤᠢ ᠪᠦᠬᠦᠢ ᠦᠨᠳᠦᠰᠦᠨ ᠱᠠᠲᠤᠨ ᠤ ᠨᠠᠮ ᠤᠨ ᠡᠭᠦᠷ ᠢ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠬᠤ ᠬᠡᠷᠡᠭᠲᠡᠢ ᠭᠡᠵᠦ ᠱᠠᠭᠠᠷᠳᠠᠭᠰᠠᠨ ᠤ ᠬᠠᠮᠲᠤ ᠪᠠᠰᠠ ᠴᠠᠭ ᠲᠤᠬᠠᠢ ᠳᠤᠨᠢ ᠬᠥᠮᠦᠨ ᠲᠣᠮᠢᠯᠠᠨ ᠪᠦᠬᠦ ᠬᠤᠳᠠ ᠶᠢᠨ ᠲᠤᠰᠬᠠᠢ ᠰᠡᠳᠦᠪᠲᠦ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠬᠤᠷᠠᠯ ᠤᠨ ᠬᠤᠷᠠᠯᠳᠤᠭᠰᠠᠨ ᠪᠠᠶᠢᠳᠠᠯ ᠢ ᠰᠣᠩᠭᠤᠨ ᠪᠠᠶᠢᠴᠠᠭᠠᠬᠤ ᠶᠢᠨ ᠬᠠᠮᠲᠤ ᠵᠢᠭᠠᠨ ᠵᠢᠯᠣᠭᠤᠳᠪᠠ᠃ ᠣᠲᠣ ᠪᠣᠯᠲᠠᠯ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ 367 ᠨᠠᠮ ᠤᠨ ᠡᠭᠦᠷ ᠲᠤ ᠨᠡᠶᠢᠲᠡ 1425 ᠠᠰᠠᠭᠤᠳᠠᠯ ᠢ ᠪᠠᠶᠢᠴᠠᠭᠠᠨ ᠳᠡᠯᠭᠡᠵᠦ᠂ ᠣᠲᠣ ᠨᠢᠭᠡᠨᠲᠡ 1356 ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ᠂ ᠴᠡᠭᠴᠡᠯᠡᠨ ᠰᠠᠶᠢᠵᠢᠷᠠᠭᠤᠯᠤᠭᠰᠠᠨ ᠨᠣᠷᠮ᠎ᠠ 95.1% ᠳᠤ ᠬᠦᠷᠴᠡᠶ᠃ ᠦᠬᠠᠢ ᠬᠤᠳᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ 3 ᠬᠤᠭᠤᠴᠠᠭᠠᠨ ᠤ ᠰᠢᠶᠠᠨ ᠭᠠᠵᠠᠷ ᠤᠨ ᠲᠡᠰ ᠤᠨ ᠺᠠᠳ᠋ᠷ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠡᠭᠡᠯᠵᠢᠯᠡᠨ ᠪᠣᠯᠪᠠᠰᠤᠷᠠᠭᠤᠯᠬᠤ ᠠᠩᠬᠢ ᠶᠢ ᠡᠷᠬᠢᠯᠡᠬᠦ ᠪᠠᠷ ᠳᠠᠮᠵᠢᠭᠤᠯᠵᠤ᠂ ᠪᠦᠬᠦ ᠬᠤᠳᠠ ᠶᠢᠨ ᠰᠢᠶᠠᠨ ᠭᠠᠵᠠᠷ ᠤᠨ ᠲᠡᠰ ᠤᠨ ᠺᠠᠳ᠋ᠷ ᠤᠨ ᠪᠣᠯᠪᠠᠰᠤᠷᠠᠯ ᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠡᠢ᠃ ᠬᠠᠶᠢᠷᠤᠪ ᠤᠨ ᠲᠤᠬᠤᠢ ᠲᠣᠭᠤᠷᠢᠭ ᠤᠨ ᠬᠢᠨ ᠪᠦᠬᠦ ᠣᠷᠣᠨ ᠤ 2762 ᠪᠠᠭᠰᠢ ᠶᠢ ᠵᠣᠬᠢᠶᠠᠨ ᠪᠠᠶᠢᠭᠤᠯᠵᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠰᠤᠷᠤᠯᠴᠠᠯᠭ᠎ᠠ ᠪᠣᠯᠪᠠᠰᠤᠷᠠᠯ ᠢ ᠡᠷᠭᠢᠯᠡᠵᠦ᠂ ᠥᠷᠭᠡᠨ ᠤᠯᠠᠨ ᠪᠠᠭᠰᠢ ᠶᠢ ᠬᠥᠮᠦᠵᠢᠭᠦᠯᠦᠨ ᠬᠦᠳᠦᠯᠦᠨ ᠵᠢᠯᠣᠭᠤᠳᠴᠤ ᠪᠠᠶᠢᠭᠠᠳ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠢ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠲᠤᠬᠠᠢ ᠴᠢᠬᠤᠯᠠ ᠥᠭᠦᠯᠡᠯᠲᠡ ᠶᠢ ᠨᠡᠩ ᠭᠦᠨᠵᠡᠭᠡᠢ ᠤᠢᠢᠯᠠᠭᠠᠭᠤᠯᠵᠠᠢ᠃      ᠦᠬᠠᠢ ᠬᠤᠲᠠ ᠪᠠᠰᠠ ᠵᠠᠯᠠᠭᠤᠴᠤᠳ ᠪᠠᠭᠠᠴᠤᠳ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠬᠥᠮᠦᠵᠢᠯ ᠢ ᠢᠳᠡᠪᠬᠢᠲᠡᠶ ᠠᠳᠬᠤᠪᠡ᠃ ᠦᠬᠠᠢ ᠬᠤᠳᠠ ᠶᠢᠨ ᠰᠤᠷᠭᠠᠨ ᠬᠥᠮᠦᠵᠢᠯ ᠤᠨ ᠰᠢᠰᠲ᠋ᠧᠮ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠵᠤ᠂ ᠦᠨᠳᠦᠰᠦᠲᠡᠨ ᠤ ᠪᠦᠯᠬᠦᠮᠳᠡᠯ ᠤᠨ ᠠᠨᠠᠷ ᠤᠨ ᠦᠷ᠎ᠡ ᠪᠣᠯᠬᠤ ᠪᠠᠷ ᠲᠡᠮᠡᠴᠡᠶ᠎ᠡ︾ ᠭᠡᠬᠦ ᠭᠤᠣᠯ ᠰᠡᠳᠦᠪᠲᠦ ᠡᠪᠯᠡᠯ ᠤᠨ ᠡᠳᠦᠷ ᠤᠨ ᠠᠵᠢᠯᠯᠠᠭ᠎ᠠ ᠶᠢ ᠡᠷᠬᠢᠯᠡᠪᠡ᠃ ᠬᠠᠶᠢᠷᠤᠪ ᠤᠨ ᠳᠤᠬᠤᠢ ᠲᠣᠭᠤᠷᠢᠭ ᠤᠨ ᠬᠢᠨ ᠪᠦᠬᠦ ᠲᠤᠭᠤᠷᠢᠭ ᠤᠨ 33 ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠵᠣᠬᠢᠶᠠᠨ ᠪᠠᠶᠢᠭᠤᠯᠵᠤ᠂ ︽ᠳᠤᠮᠳᠠᠳᠤ ᠶᠢᠨ ᠦᠨᠳᠦᠰᠦᠲᠡᠨ  ᠨᠦᠭᠦᠳ ᠨᠢᠭᠡ ᠭᠡᠷ ᠤᠨ ᠬᠢᠨ ᠮᠡᠲᠤ ᠲᠤᠳᠤᠨᠤ ᠪᠠᠶᠢᠵᠦ᠂ ᠰᠡᠳᠬᠢᠯ ᠨᠢᠭᠡᠳᠦᠨ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠦᠶ᠎ᠡ︾ ᠬᠡᠬᠦ ᠵᠡᠷᠭᠡ ᠰᠢᠷᠢᠰ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠰᠤᠷᠤᠭᠴᠢᠳ ᠤᠨ ᠳᠤᠮᠳᠠ ︽ᠲᠠᠪᠤᠨ ᠮᠡᠳᠡᠷᠡᠮᠵᠢ︾ ᠶᠢᠨ ᠢᠲᠡᠭᠡᠯ ᠪᠢᠰᠢᠷᠡᠯ ᠢ ᠲᠠᠰᠤᠷᠠᠯᠳᠡ ᠦᠭᠡᠢ ᠴᠢᠩᠭᠠᠳᠬᠠᠵᠤ᠂ ︽ᠭᠤᠷᠪᠠᠨ ᠰᠠᠯᠵᠤ ᠴᠢᠳᠠᠬᠤ ᠦᠭᠡᠢ︾ ᠦᠵᠡᠯ ᠰᠠᠨᠠᠭ᠎ᠠ ᠶᠢ ᠪᠠᠲᠤᠳᠬᠠᠪᠠ᠃      ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠬᠤ ᠶᠢᠨ ᠲᠥᠯᠥᠭᠡ᠂ ᠦᠬᠠᠢ ᠬᠤᠳᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠳᠠ ᠶᠢᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠦᠨᠳᠦᠰᠦᠨ ᠱᠠᠲᠤᠨ ᠳᠤ ᠭᠦᠨᠵᠡᠭᠡᠶᠢᠷᠡᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠤᠬᠠᠭᠤᠯᠤᠨ ᠲᠠᠶᠢᠯᠪᠤᠷᠢᠯᠠᠬᠤ ᠪᠣᠯᠪᠠᠰᠤᠷᠠᠯ ᠤᠨ ᠬᠤᠷᠠᠯ ᠢ ᠡᠷᠬᠢᠯᠡᠵᠦ᠂ ︽ᠵᠤᠭᠤᠭ ᠲᠡᠯᠬᠡᠬᠦ ᠬᠡᠯᠪᠡᠷᠢ︾ ᠪᠠᠷ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠵᠤ᠂ ᠬᠤᠷᠠᠯ ᠳᠤ ᠣᠷᠣᠯᠴᠠᠭᠰᠠᠳ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠨᠡᠩ ᠭᠦᠨᠵᠡᠭᠡᠢ ᠲᠠᠨᠢᠯᠲᠠ ᠲᠠᠢ ᠪᠣᠯᠭᠠᠵᠠᠢ᠃ ᠦᠬᠠᠢ ᠬᠤᠳᠠ ᠶᠢᠨ ᠬᠤᠳᠠ ᠲᠣᠭᠤᠷᠢᠭ ᠤᠨ ᠬᠤᠶᠠᠷ ᠱᠠᠲᠤᠨ ᠤ ᠵᠠᠭᠤᠴᠢᠯᠠᠭᠤᠷ ᠤᠨ ᠬᠢᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠶ᠎ᠠ︾ ᠬᠡᠬᠦ ᠵᠡᠷᠭᠡ ᠲᠤᠰᠬᠠᠢ ᠰᠡᠳᠦᠪᠲᠦ ᠲᠤᠰᠬᠠᠢ ᠪᠤᠯᠤᠩ ᠭᠠᠷᠭᠠᠵᠤ᠂ ︽ᠵᠢᠭᠠᠬᠤ ᠮᠠᠲ᠋ᠧᠷᠢᠶᠠᠯ ᠤᠨ ᠪᠠᠶᠢᠭᠤᠯᠤᠯᠲᠠ ᠪᠣᠯ ᠤᠯᠤᠰ ᠤᠨ ᠠᠵᠢᠯ ᠶᠠᠪᠤᠳᠠᠯ ᠤᠨ ᠡᠷᠬᠡ ᠮᠥᠨ︾ ᠬᠡᠰᠡᠨ ᠤ ᠴᠢᠬᠤᠯᠠ ᠶᠡᠭᠡ ᠠᠴᠢ ᠬᠤᠯᠪᠣᠭᠳᠠᠯ᠂ ᠦᠨᠳᠦᠰᠦᠨ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠭᠦᠨᠵᠡᠭᠡᠢ ᠤᠬᠠᠭᠤᠯᠤᠨ ᠲᠠᠶᠢᠯᠪᠤᠷᠢᠯᠠᠵᠤ᠂ ᠪᠦᠬᠦ ᠬᠤᠳᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠶᠢᠨ ᠦᠯᠢᠭᠡᠷ ᠢ ᠰᠠᠶᠢᠲᠤᠷ ᠶᠠᠷᠢᠪᠠ᠃ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ ᠬᠠᠷᠢᠶᠠᠲᠤ ᠣᠷᠣᠨ ᠤ ᠪᠠᠨ ᠰᠣᠨᠢᠨ ᠮᠡᠳᠡᠭᠡ᠂ ᠵᠠᠰᠠᠭ ᠤᠨ ᠶᠠᠪᠤᠳᠠᠯ ᠤᠨ ᠰᠦᠯᠵᠢᠶᠡᠨ ᠤ ᠲᠠᠪᠴᠠᠩ ᠢ ᠨᠢᠭᠡᠳᠦᠯᠲᠡᠶ ᠲᠥᠯᠥᠪᠯᠡᠵᠦ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ︾ ᠭᠡᠬᠦ ᠲᠤᠰᠬᠠᠶ ᠰᠡᠳᠦᠪᠲᠦ ᠲᠤᠰᠬᠠᠶ ᠪᠤᠯᠤᠩ ᠢ 14 ᠨᠡᠭᠡᠭᠡᠵᠦ᠂ 600 ᠭᠠᠷᠤᠶ ᠭᠤᠤᠯᠳᠠᠯᠭ᠎ᠠ ᠲᠠᠢ ᠡᠬᠡ ᠪᠢᠴᠢᠭ ᠢ ᠰᠢᠯᠵᠢᠭᠦᠯᠦᠨ ᠨᠡᠶᠢᠲᠡᠯᠡᠵᠦ ᠳᠠᠮᠵᠢᠭᠤᠯᠤᠨ ᠲᠠᠷᠬᠠᠭᠠᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠶ᠎ᠠ · ᠦᠬᠠᠶ︾ ᠭᠡᠬᠦ ᠰᠡᠳᠦᠪ ᠢ ᠨᠡᠭᠡᠭᠡᠵᠦ᠂ ᠨᠡᠶᠢᠲᠡ 115.9 ᠲᠦᠮᠡᠨ ᠤᠳᠠᠭ᠎ᠠ ᠤᠩᠰᠢᠭᠰᠠᠨ ᠪᠠᠶᠢᠨ᠎ᠠ᠃  
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号