ᠬᠤᠲᠠ ᠶᠢᠨ ᠨᠠᠮ ᠤᠨ ᠬᠤᠷᠢᠶᠠᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2021/4/21
     4 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ︵ᠵᠠᠮ ᠲᠡᠭᠡᠭᠡᠪᠦᠷᠢ ᠶᠢᠨ ᠲᠤᠪᠴᠢᠶᠠᠨ ᠤ ᠲᠤᠰᠬᠠᠢ ᠲᠠᠯᠠᠪᠠᠢ︶ ᠢ ᠡᠷᠬᠢᠯᠡᠵᠦ᠂ ᠪᠦᠬᠦ ᠬᠤᠳᠠ ᠶᠢᠨ ᠵᠠᠮ ᠬᠠᠷᠢᠯᠴᠠᠭᠠᠨ ᠤ ᠰᠢᠰᠲ᠋ᠧᠮ ᠤᠨ ᠺᠠᠳ᠋ᠷ ᠠᠵᠢᠯᠳᠠᠨ ᠨᠡᠶᠢᠳᠡ 500 ᠭᠠᠷᠤᠢ ᠬᠥᠮᠦᠨ ᠣᠷᠣᠯᠴᠠᠪᠠ᠃      ᠤᠬᠠᠭᠤᠯᠤᠨ ᠲᠠᠶᠢᠯᠪᠤᠷᠢᠯᠠᠬᠤ ᠳᠤᠮᠳᠠ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠫᠷᠤᠹᠧᠰᠰᠤᠷ ᠯᠢᠦ ᠰᠢᠶᠤᠤ ᠠᠴᠠ ︽ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠤᠶ᠎ᠠ︾ ᠭᠡᠬᠦ ᠰᠡᠳᠦᠪ ᠢᠶᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠡᠦᠬᠡ ᠶᠢᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠬᠤ︔ ᠨᠠᠮ ᠤᠨ ᠲᠡᠦᠬᠡ ᠶᠢᠨ ᠦᠨᠳᠦᠰᠦᠨ ᠵᠣᠬᠢᠶᠠᠯ ᠪᠦᠲᠦᠭᠡᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠥᠩᠭᠡᠷᠡᠯᠲᠡ ᠪᠣᠯᠤᠨ ᠲᠡᠦᠬᠡᠲᠦ ᠴᠢᠨᠠᠷᠲᠠᠢ ᠬᠤᠪᠢ ᠨᠡᠮᠡᠷᠢ ᠶᠢ ᠪᠦᠬᠦ ᠲᠠᠯ᠎ᠠ ᠪᠠᠷ ᠣᠶᠢᠯᠠᠭᠠᠬᠤ︔ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠭᠤᠣᠯᠳᠠᠯᠭ᠎ᠠ ᠶᠢ ᠭᠦᠨᠵᠡᠭᠡᠢ ᠡᠵᠡᠮᠳᠡᠬᠦ︔ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ ᠪᠣᠳᠠᠲᠠᠶᠢᠵᠢᠭᠤᠯᠵᠤ ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠵᠡᠷᠭᠡ 4 ᠲᠠᠯ᠎ᠠ ᠪᠠᠷ ᠭᠤᠣᠯ ᠰᠡᠳᠦᠪᠲᠦ ᠣᠬᠠᠭᠤᠯᠭ᠎ᠠ ᠶᠢᠨ ᠲᠠᠶᠢᠯᠤᠮᠵᠢ ᠬᠢᠵᠡᠢ᠃ ᠣᠬᠠᠭᠤᠯᠬ᠎ᠠ ᠶᠢᠨ ᠲᠠᠶᠢᠯᠤᠮᠵᠢ ᠶᠢᠨ ᠭᠤᠣᠯ ᠰᠡᠳᠦᠪ ᠢᠯᠡ ᠲᠣᠳᠣ᠂ ᠭᠤᠣᠯᠳᠠᠯᠭ᠎ᠠ ᠲᠤᠪᠤᠶᠢᠮ᠎ᠠ᠂ ᠴᠢᠩᠭ᠎ᠠ ᠨᠢᠮᠪᠠᠢ ᠣᠨᠣᠪᠴᠢᠲᠠᠢ᠂ ᠲᠦᠭᠦᠮ ᠣᠶᠢᠯᠠᠭᠠᠮᠵᠢᠲᠠᠢ ᠪᠠᠶᠢᠵᠤ᠂ ᠮᠠᠰᠢ ᠴᠢᠩᠭ᠎ᠠ ᠵᠢᠯᠣᠭᠤᠳᠬᠤ ᠴᠢᠨᠠᠷ᠂ ᠬᠠᠨᠳᠤᠯᠭᠠᠲᠤ ᠴᠢᠨᠠᠷ᠂ ᠰᠡᠩᠬᠡᠷᠡᠭᠦᠯᠬᠦ ᠴᠢᠨᠠᠷ ᠲᠠᠢ ᠪᠤᠯᠵᠠᠢ᠃      ᠣᠬᠠᠭᠤᠯᠬ᠎ᠠ ᠶᠢᠨ ᠲᠠᠶᠢᠯᠤᠮᠵᠢ ᠶᠢ ᠰᠣᠨᠣᠰᠤᠭᠰᠠᠨ ᠤ ᠳᠠᠷᠠᠭ᠎ᠠ᠂ ᠣᠯᠠᠨ ᠢᠶᠠᠷ ᠢᠶᠠᠨ ᠢᠯᠡᠷᠭᠡᠶᠢᠯᠡᠭᠰᠡᠨ ᠨᠢ᠂ ᠲᠤᠰ ᠤᠳᠠᠭᠠᠨ ᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠶᠢᠨ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠤᠷᠰᠢᠯᠭ᠎ᠠ ᠪᠠᠨ ᠳ᠋ᠦᠩᠨᠡᠵᠦ᠂ ᠵᠠᠮ ᠲᠡᠭᠡᠭᠡᠪᠦᠷᠢ ᠶᠢᠨ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠲᠠᠢ ᠤᠶᠠᠯᠳᠤᠭᠤᠯᠵᠤ᠂ ᠣᠯᠠᠨ ᠲᠦᠮᠡᠨ ᠢ ᠬᠠᠪᠰᠤᠷᠤᠨ ︽ᠪᠠᠴᠢᠮ ᠬᠦᠴᠢᠷ ᠵᠣᠪᠠᠨᠢᠯ ᠬᠦᠰᠡᠯ︾ ᠤᠨ ᠠᠰᠠᠭᠤᠳᠠᠯ ᠢ ᠰᠢᠢᠳᠪᠦᠷᠢᠯᠡᠵᠦ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠴᠢᠭᠯᠡᠭᠦᠯᠦᠯᠲᠦ ᠴᠢᠨᠠᠷ ᠪᠠ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠮᠵᠢ ᠶᠢ ᠦᠨᠡᠨᠬᠦ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ᠂ ᠠᠵᠢᠯ ᠬᠢᠵᠦ ᠠᠳᠠᠯ ᠦᠢᠯᠡᠰ ᠴᠣᠭᠴᠠᠯᠠᠬᠤ ᠶᠢᠨ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠮᠠᠨ ᠤ ᠬᠤᠲᠠ ᠶᠢᠨ ᠵᠠᠮ ᠲᠡᠭᠡᠭᠡᠪᠦᠷᠢ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠰᠢᠨ᠎ᠡ ᠳᠠᠪᠠᠯᠲᠠ ᠶᠢ ᠪᠡᠶᠡᠯᠡᠭᠦᠯᠦᠨ᠎ᠡ ᠬᠡᠵᠡᠢ᠃
 
ᠢᠷᠡᠯᠲᠡ᠄ ᠦᠬᠠᠢ ᠬᠤᠳᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号