ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠣᠳᠠᠭᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/22
     4 ᠰᠠᠷ᠎ᠠ ᠶᠢᠨ 20 ᠤ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠳᠥᠷᠪᠡᠳᠦᠭᠡᠷ ᠣᠳᠠᠭᠠᠨ  ᠤ ᠬᠤᠷᠠᠯ ᠬᠤᠷᠠᠯᠳᠤᠪᠠ᠃      ᠬᠤᠷᠠᠯ ᠠᠴᠠ ᠲᠥᠪ ᠤᠨ ᠰᠢᠪᠠᠳᠠᠨ ᠵᠢᠯᠣᠭᠤᠳᠬᠤ ᠳᠤᠭᠤᠶᠢᠯᠠᠩ ᠤᠨ ᠬᠥᠬᠡᠬᠤᠲᠠ ᠳᠤ ᠬᠦᠨᠵᠡᠭᠡᠶᠢᠷᠡᠵᠦ ᠬᠢᠨᠠᠨ ᠵᠢᠯᠣᠭᠤᠳᠬᠤ ᠬᠤᠯᠪᠣᠭᠳᠠᠯ ᠪᠥᠬᠦᠶ ᠪᠠᠶᠢᠳᠠᠯ᠂ ᠲᠥᠪ ᠤᠨ ᠳᠥᠷᠪᠡᠳᠦᠭᠡᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠴᠧ ᠵᠢᠶᠦ᠋ᠨ ᠤ ᠬᠥᠬᠡᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠬᠢᠨᠠᠨ ᠵᠢᠯᠤᠭᠤᠳᠴᠦ ᠬᠠᠷᠢᠭᠤ ᠲᠤᠰᠬᠠᠬᠤ ᠬᠤᠷᠠᠯ ᠳᠡᠭᠡᠷᠡᠬᠢ ᠶᠠᠷᠢᠶ᠎ᠠ᠂ ᠲᠥᠪ ᠤᠨ ᠳᠥᠷᠪᠡᠳᠦᠭᠡᠷ ᠰᠢᠪᠠᠳᠠᠨ ᠵᠢᠯᠣᠭᠤᠳᠬᠤ ᠳᠤᠭᠤᠶᠢᠯᠠᠩ ᠤᠨ ᠳᠣᠷᠣᠭᠰᠢ ᠬᠦᠨᠵᠡᠭᠡᠶᠢᠷᠡᠵᠦ ᠬᠢᠨᠠᠨ ᠵᠢᠯᠣᠭᠤᠳᠬᠤ ᠠᠵᠢᠯ ᠤᠨ ᠡᠭᠦᠷᠭᠡ ᠶᠢᠨ ᠠᠭᠤᠯᠭ᠎ᠠ᠂ ᠠᠷᠭ᠎ᠠ ᠬᠡᠯᠪᠡᠷᠢ ᠶᠢ ᠤᠯᠠᠮᠵᠢᠯᠠᠪᠠ︔ ᠲᠥᠪ ᠤᠨ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠮᠠᠨ ᠤ ᠬᠤᠲᠠ ᠶᠢᠨ ᠬᠠᠤᠯᠢ ᠴᠠᠭᠠᠵᠠ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠵᠠᠬᠢᠳᠠᠯ ᠰᠣᠷᠪᠣᠯᠵᠢᠯᠠᠯ ᠤᠨ ᠬᠡᠷᠡᠭ ᠢ ᠲᠤᠰᠢᠶᠠᠨ ᠥᠭᠴᠦ ᠰᠢᠢᠳᠪᠦᠷᠢᠯᠡᠭᠦᠯᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠵᠢᠯ ᠤᠨ ᠲᠦᠷᠢᠮ︾ ︽ᠬᠠᠶᠢᠷᠤᠪ ᠤᠨ ᠲᠤᠬᠤᠢ ᠲᠣᠭᠤᠷᠢᠭ ᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠤᠨ ᠠᠵᠢᠯ ᠤᠨ ᠲᠦᠷᠢᠮ︾ ᠢ ᠰᠤᠳᠤᠯᠤᠨ ᠬᠢᠨᠠᠨ ᠵᠥᠪᠯᠡᠭᠰᠡᠨ ᠪᠥᠭᠡᠳ ᠲᠠᠷᠠᠭᠠᠴᠢ ᠶᠢᠨ ᠠᠯᠬᠤᠮ ᠤᠨ ᠠᠵᠢᠯ ᠳᠤ ᠲᠤᠬᠢᠷᠠᠭᠤᠯᠤᠯᠲᠠ ᠪᠠᠶᠢᠷᠢᠯᠠᠭᠤᠯᠤᠯᠲᠠ ᠬᠢᠪᠡ᠃      ᠬᠤᠷᠠᠯ ᠠᠴᠠ ᠱᠠᠭᠠᠷᠳᠠᠭᠰᠠᠨ ᠨᠢ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠨᠦᠭᠦᠳ ᠨᠠᠮ ᠤᠨ ᠲᠥᠪ ᠬᠤᠷᠢᠶᠠᠨ ᠤ ᠭᠠᠷᠭᠠᠭᠰᠠᠨ ᠡᠨᠡᠬᠦ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠴᠢᠬᠤᠯᠠ ᠶᠡᠭᠡ ᠤᠯᠤᠰ ᠲᠥᠷᠥ ᠶᠢᠨ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠢᠯᠠᠩᠭᠤᠶ᠎ᠠ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠡ ᠨᠦᠭᠦᠳ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠢ ᠲᠡᠷᠢᠭᠦᠨ ᠪᠠᠶᠢᠷᠢᠨ ᠳᠤ ᠲᠠᠯᠪᠢᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠬᠡᠷᠡᠭᠲᠡᠶ︔ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠰᠢᠰᠲ᠋ᠧᠮ᠂ ᠲᠦᠷᠢᠮ᠂ ᠠᠯᠬᠤᠮ ᠲᠠᠷᠠᠭ᠎ᠠ᠂ ᠠᠷᠭ᠎ᠠ ᠵᠠᠮ᠂ ᠠᠷᠭ᠎ᠠ ᠬᠡᠮᠵᠢᠶ᠎ᠡ ᠶᠢᠨ ᠶᠣᠰᠣᠭᠠᠷ ᠠᠵᠢᠯ ᠢᠶᠠᠨ ᠪᠣᠳᠠᠲᠠᠢ ᠬᠢᠵᠦ᠂ ᠨᠠᠷᠢᠯᠢᠭ ᠬᠢᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠬᠤ ᠬᠡᠷᠡᠭᠲᠡᠢ︔ ᠡᠨᠡ ᠪᠣᠯ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠳᠤ ᠣᠷᠣᠰᠢᠵᠤ ᠪᠠᠶᠢᠭ᠎ᠠ ᠠᠷᠬᠠᠭ ᠭᠡᠮ ᠢ ᠲᠦᠢᠯᠪᠤᠷᠢᠲᠠᠢ ᠴᠡᠪᠡᠷᠯᠡᠬᠦ ᠴᠢᠬᠤᠯᠠ ᠶᠡᠭᠡ ᠠᠵᠠ ᠲᠣᠬᠢᠶᠠᠯ ᠪᠣᠯᠬᠤ ᠶᠢ ᠭᠦᠢᠴᠡᠳ ᠲᠠᠨᠢᠵᠤ ᠂ ᠦᠵᠡᠯ ᠰᠠᠨᠠᠭᠠᠨ ᠤ ᠠᠵᠢᠯ ᠢ ᠬᠦᠯᠢᠴᠡᠩᠭᠦᠢ ᠨᠠᠷᠢᠨ ᠨᠢᠮᠪᠠᠢ ᠰᠠᠶᠢᠲᠤᠷ ᠬᠢᠵᠦ᠂ ᠺᠠᠳ᠋ᠷ ᠴᠠᠭᠳᠠᠭ᠎ᠠ ᠪᠠᠷ ᠥᠪᠡᠷ ᠢ ᠪᠠᠨ ᠣᠷᠣᠯᠴᠠᠭᠤᠯᠵᠤ᠂ ᠵᠣᠷᠢᠭᠲᠠᠢ ᠪᠠᠷ ᠥᠪᠡᠷ ᠤᠨ ᠪᠡᠶ᠎ᠡ ᠳᠡᠭᠡᠨ ᠬᠤᠪᠢᠰᠬᠠᠯ ᠬᠢᠯᠭᠡᠵᠦ᠂ ᠶᠠᠰᠤ ᠶᠢ ᠨᠢ ᠬᠤᠰᠤᠵᠤ ᠬᠤᠣᠷ ᠢ ᠨᠢ ᠠᠷᠢᠯᠭᠠᠨ᠂ ᠪᠠᠶᠢᠴᠠᠭᠠᠨ ᠵᠠᠯᠠᠷᠠᠭᠤᠯᠵᠤ ᠴᠡᠭᠴᠡᠯᠡᠨ ᠰᠠᠶᠢᠵᠢᠷᠠᠭᠤᠯᠬᠤ ᠱᠠᠲᠤᠨ ᠳᠤ ᠦᠨᠡᠨ ᠪᠣᠳᠠᠲᠠᠢ ᠪᠠᠷ ᠦᠷ᠎ᠡ ᠪᠦᠲᠦᠮᠵᠢ ᠭᠠᠷᠭᠠᠬᠤ ᠬᠡᠷᠡᠭᠲᠡᠢ︔ ᠦᠨᠡᠨᠴᠢ ᠰᠢᠳᠤᠷᠭᠤ ᠤᠯᠤᠰ ᠲᠦᠷᠦ ᠶᠢᠨ ᠣᠪᠣᠷ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ ᠬᠠᠷᠢᠭᠤᠴᠠᠯᠭᠠᠲᠤ ᠤᠬᠠᠮᠰᠠᠷ᠂ ᠡᠷᠡᠰ ᠰᠢᠭᠤᠷᠬᠠᠢ ᠠᠵᠢᠯ ᠤᠨ ᠡᠷᠴᠢ ᠵᠣᠷᠢᠭ ᠢᠶᠠᠷ ᠲᠥᠪ ᠬᠤᠷᠢᠶᠠᠨ ᠤ ᠬᠢᠨᠠᠨ ᠵᠢᠯᠤᠭᠤᠳᠤᠯᠭ᠎ᠠ ᠶᠢ ᠬᠦᠯᠢᠶᠡᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号