ᠪᠥᠬᠦ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/4/22
     4 ᠰᠠᠷ᠎ᠠ ᠶᠢᠨ 21 ᠤ ᠡᠳᠦᠷ᠂ ᠪᠥᠬᠦ ᠬᠤᠲᠠ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠴᠡᠭᠴᠡᠯᠡᠨ ᠰᠠᠶᠢᠵᠢᠷᠠᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠳ᠋ᠧᠩ ᠺᠠᠶ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠴᠡᠭᠴᠡᠯᠡᠨ ᠰᠠᠶᠢᠵᠢᠷᠠᠭᠤᠯᠬᠤ ᠡᠯ᠎ᠡ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠢ ᠬᠤᠷᠠᠯ ᠳᠤ ᠣᠷᠣᠯᠴᠠᠭᠤᠯᠪᠠ᠃      ᠬᠤᠷᠠᠯ ᠳᠡᠭᠡᠷ᠎ᠡ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠪᠣᠯᠤᠨ ᠬᠢᠨᠠᠨ ᠪᠠᠶᠢᠴᠠᠭᠠᠬᠤ ᠵᠥᠪᠯᠡᠯ ᠤᠨ ᠪᠠᠶᠢᠭᠤᠯᠭ᠎ᠠ᠂ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠦᠨᠳᠦᠰᠦᠳᠡᠨ ᠤ ᠬᠡᠷᠡᠭ ᠡᠷᠭᠢᠯᠡᠬᠦ ᠵᠦᠪᠯᠡᠯ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠴᠠ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠲᠤᠰᠬᠠᠶ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠳᠡᠰ ᠳᠠᠷᠠᠭᠠᠯᠠᠨ ᠬᠠᠷᠢᠭᠤ ᠮᠡᠳᠡᠭᠦᠯᠵᠡᠶ᠃      ᠳ᠋ᠧᠩ ᠺᠠᠢ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠠᠵᠢᠯ ᠳᠤ ᠬᠠᠨᠳᠤᠬᠤ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠬᠠᠷᠢᠴᠠᠭ᠎ᠠ ᠶᠢ ᠡᠵᠡᠮᠳᠡᠬᠦ᠂ ᠤᠯᠤᠰ ᠲᠦᠷᠦ ᠶᠢᠨ ᠲᠠᠯ᠎ᠠ ᠠᠴᠠ ᠦᠨᠳᠦᠰᠦᠲᠡᠨ ᠤ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠲᠡᠷᠡ ᠬᠡᠪ ᠢᠶᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ︔ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠦᠡᠭᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠬᠤ ᠶᠢ ᠪᠠᠷᠢᠮᠲᠠᠯᠠᠵᠤ᠂ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠡᠳᠦᠷ ᠲᠤᠲᠤᠮ ᠤᠨ ᠠᠵᠢᠯ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠠᠮ ᠢ ᠪᠥᠬᠦ ᠲᠠᠯ᠎ᠠ ᠪᠠᠷ ᠴᠢᠩᠭ᠎ᠠ ᠵᠠᠰᠠᠬᠤ ᠪᠠ ᠪᠠᠭ ᠤᠨ ᠡᠩᠨᠡᠭᠡ ᠶᠢᠨ ᠪᠠᠶᠢᠭᠤᠯᠤᠯᠲᠠ ᠳᠤ ᠠᠭᠤᠰᠬᠠᠵᠤ᠂ ᠨᠠᠮ ᠤᠨ ᠦᠨᠳᠦᠰᠦᠲᠡᠨ ᠤ ᠠᠵᠢᠯ ᠳᠠᠬᠢ ᠤᠳᠤᠷᠢᠳᠤᠯᠭ᠎ᠠ ᠪᠠᠨ ᠲᠠᠰᠤᠷᠠᠯᠲᠠ ᠥᠬᠡᠶ ᠴᠢᠩᠭᠠᠳᠬᠠᠨ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠲᠠᠯ᠎ᠠ ᠪᠠᠷ ᠬᠢ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ᠂ ᠵᠢᠱᠢᠶ᠎ᠡ ᠦᠵᠡᠭᠦᠯᠬᠦ ᠨᠢᠭᠡᠴᠡ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠮᠠᠨ ᠤ ᠬᠤᠲᠠ ᠶᠢᠨ ᠦᠨᠳᠦᠰᠦᠲᠡᠨ ᠤ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠳᠥᠯᠭᠢᠨ ᠠᠬᠢᠭᠤᠯᠬᠤ ᠬᠡᠷᠡᠭᠲᠡᠶ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠤᠨ ᠨᠠᠶᠢᠳᠠᠪᠤᠷᠢᠵᠢᠭᠤᠯᠬᠤ᠂ ᠲᠤᠰᠬᠠᠢ ᠪᠠᠭ ᠢᠶᠠᠷ ᠨᠠᠶᠢᠳᠠᠪᠤᠷᠢᠵᠢᠭᠤᠯᠬᠤ᠂ ᠬᠦᠴᠦ ᠪᠠᠨ ᠬᠠᠮᠲᠤᠳᠬᠠᠨ ᠬᠠᠮᠵᠢᠯᠴᠠᠬᠤ ᠪᠠᠨ ᠴᠢᠩᠭᠠᠳᠬᠠᠵᠤ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠶᠢ ᠠᠬᠢᠭᠤᠯᠵᠤ᠂ ᠡᠭᠦᠷᠭᠡ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠷᠢᠨ ᠬᠢᠨᠠᠮᠠᠭᠠᠢ ᠰᠤᠳᠤᠯᠵᠤ᠂ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠵᠢᠯ ᠤᠨ ᠡᠬᠡ ᠳᠠᠩᠰᠠ ᠪᠠᠶᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠬᠢᠴᠠ ᠪᠠᠨ ᠲᠣᠭᠲᠠᠭᠰᠠᠨ ᠬᠤᠭᠤᠴᠠᠭ᠎ᠠ ᠲᠠᠢ ᠪᠠᠷ ᠬᠢᠨᠠᠨ ᠬᠠᠷᠭᠤᠭᠤᠯᠵᠤ᠂ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号