ᠬᠤᠲᠠ ᠶᠢᠨ ᠤᠯᠤᠰ ᠲᠥᠷᠥ ᠶᠢᠨ ᠵᠥᠪᠯᠡᠯᠭᠡᠨ 2021 ᠣᠨ ᠤ ᠠᠩᠬᠠᠳᠤᠭᠠᠷ ᠬᠤᠭᠤᠴᠠᠭᠠᠨ ᠤ ︽ᠭᠡᠰᠢᠭᠦᠳ ᠤᠨ ᠶᠠᠷᠢᠶᠠᠨ ᠤ ᠲᠠᠪᠴᠠᠩ︾ ᠢ ᠡᠷᠭᠢᠯᠡᠪᠡ
ᠨᠡᠶᠢᠲᠡᠯᠡᠭᠰᠡᠨ ᠴᠠᠭ᠄
2021/4/22
     4 ᠰᠠᠷ᠎ᠠ ᠶᠢᠨ 21 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ 2021 ᠣᠨ ᠤ ᠠᠩᠬᠠᠳᠤᠭᠠᠷ ᠬᠤᠭᠤᠴᠠᠭᠠᠨ ᠤ ︽ᠭᠡᠰᠢᠭᠦᠳ ᠤᠨ ᠶᠠᠷᠢᠶᠠᠨ ᠤ ᠲᠠᠪᠴᠠᠩ︾ ᠢ ᠡᠷᠭᠢᠯᠡᠵᠦ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠸᠠᠩ ᠸᠧᠨ ᠵᠢᠶᠧ᠂ ᠳᠡᠳ᠋ ᠲᠡᠷᠢᠭᠦᠯᠡᠭᠴᠢ ᠺᠠᠩ ᠸᠧᠨ ᠱᠧᠩ᠂ ᠹᠦ᠋ ᠲᠢᠩ ᠯᠢᠨ᠂ ᠳ᠋ᠢᠩ ᠢ ᠨᠡᠷ ᠬᠤᠷᠠᠯ ᠳᠤ ᠣᠷᠣᠯᠴᠠᠪᠠ᠃      ᠲᠠᠶᠢᠯᠤᠮᠵᠢ ᠳᠤ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠬᠡᠷ ᠤᠨ ᠡᠷᠬᠢᠯᠡᠭᠴᠢ ᠮᠸᠩ ᠫᠸᠢ ᠶᠦᠨ ᠡᠨᠡ ᠵᠢᠯ ᠤᠨ ᠪᠥᠬᠦ ᠬᠤᠲᠠ ᠶᠢᠨ ᠭᠤᠤᠯᠳᠠᠯᠭ᠎ᠠ ᠲᠠᠢ ᠠᠵᠢᠯ ᠤᠨ ᠲᠣᠭᠤᠷᠢᠨ ᠳᠤ᠂ ᠣᠳᠣᠬᠠᠨ ᠤ ᠪᠠᠶᠢᠳᠠᠯ ᠲᠠᠢ ᠤᠶᠠᠯᠳᠤᠭᠤᠯᠤᠨ ᠭᠦᠨᠵᠡᠭᠡᠶ ᠵᠠᠳᠠᠯᠤᠯᠲᠠ ᠪᠠ ᠲᠠᠶᠢᠯᠤᠮᠵᠢ ᠬᠢᠪᠠ︔ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠵᠢᠶᠠ ᠫᠢᠩ ︽ᠲᠡᠤᠬᠡ ᠠᠴᠠ ᠢᠷᠡᠭᠡᠳᠦᠶ ᠵᠦᠭ ᠤᠷᠤᠭᠰᠢᠯᠠᠨ᠎ᠠ — ᠵᠠᠭᠤᠨ ᠵᠢᠯ ᠤᠨ ᠲᠡᠮᠡᠴᠡᠯ ᠤᠨ ᠵᠠᠮ ᠢᠶᠠᠷ ᠰᠢᠨ᠎ᠡ ᠠᠶᠠᠨ ᠵᠠᠮ ᠢᠶᠠᠨ ᠡᠬᠢᠯᠡᠭᠦᠯᠦᠶ᠎ᠡ︾ ᠭᠡᠬᠦ ᠰᠡᠳᠦᠪ ᠢᠶᠠᠷ ᠲᠤᠰᠬᠠᠶ ᠰᠡᠳᠦᠪᠲᠦ ᠲᠠᠶᠢᠯᠤᠮᠵᠢ ᠬᠢᠪᠠ᠃ ᠬᠤᠶᠠᠷ ᠲᠠᠯᠠᠪᠤᠷ ᠲᠠᠶᠢᠯᠤᠮᠵᠢ ᠨᠢ ᠭᠦᠨᠵᠡᠭᠡᠢ ᠪᠥᠭᠡᠳ ᠣᠶᠢᠯᠠᠭᠠᠮᠵᠢᠲᠠᠢ᠂ ᠤᠨᠤᠯ ᠨᠢ ᠪᠣᠳᠠᠲᠠᠢ ᠲᠠᠢ ᠨᠢᠭᠲᠠ ᠤᠶᠠᠯᠳᠤᠵᠤ᠂ ᠠᠭᠤᠯᠭ᠎ᠠ ᠶᠢᠨ ᠵᠠᠳᠠᠯᠤᠯᠲᠠ ᠨᠢ ᠨᠡᠪᠲᠡᠷᠬᠡᠢ ᠪᠠᠶᠢᠵᠤ᠂ ᠭᠡᠰᠢᠭᠦᠳ ᠢ ᠬᠠᠪᠰᠤᠷᠤᠨ ᠮᠠᠨ ᠤ ᠬᠤᠲᠠ ᠶᠢᠨ ᠣᠳᠣᠬᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠭᠤᠣᠯ ᠡᠭᠦᠷᠭᠡ ᠶᠢ ᠭᠦᠨᠵᠡᠭᠡᠢ ᠣᠶᠢᠯᠠᠭᠠᠭᠤᠯᠵᠤ᠂ ᠤᠯᠤᠰ ᠲᠦᠷᠦ ᠶᠢᠨ ᠵᠣᠭᠰᠣᠴᠠ᠂ ᠦᠵᠡᠯ ᠰᠠᠨᠠᠭᠠᠨ ᠤ ᠵᠣᠭᠰᠣᠴᠠ ᠶᠢ ᠨᠢ ᠴᠢᠨᠠᠭᠰᠢᠳᠠ ᠳᠡᠭᠡᠭᠰᠢᠯᠡᠭᠦᠯᠵᠦ᠂ ᠬᠦᠰᠡᠯᠡᠩ ᠢᠲᠡᠭᠡᠯ ᠪᠢᠰᠢᠷᠡᠯ ᠢ ᠨᠢ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠬᠤ ᠳᠤ ᠢᠳᠡᠪᠬᠢ ᠠᠴᠢ ᠬᠤᠯᠪᠣᠭᠳᠠᠯ ᠲᠠᠢ ᠶᠤᠮ᠃      ᠲᠠᠶᠢᠯᠤᠮᠵᠢ ᠶᠢ ᠰᠣᠨᠣᠰᠤᠭᠰᠠᠨ ᠤ ᠳᠠᠷᠠᠭ᠎ᠠ᠂ ᠭᠡᠰᠢᠭᠦᠳ ᠢᠯᠡᠷᠬᠡᠶᠢᠯᠡᠵᠡᠬᠡᠭᠰᠡᠨ ᠨᠢ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠳᠡᠭᠡᠯ ᠢᠶᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠴᠤ ᠴᠢᠷᠮᠠᠶᠢᠨ ᠦᠢᠯᠡᠳᠦᠯᠭᠡᠵᠢᠭᠦᠯᠬᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠦᠨᠡᠨᠬᠦ ᠪᠡᠶᠡᠯᠡᠭᠦᠯᠦᠨ᠎ᠡ︔ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠠ ᠲᠡᠦᠬᠡᠨ ᠡᠭᠦᠷᠭᠡᠲᠦ ᠰᠡᠳᠬᠢᠯᠭᠡ ᠪᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠢᠳᠡᠪᠬᠢᠵᠢᠯ᠂ ᠰᠠᠨᠠᠭᠠᠴᠢᠯᠠᠭᠠᠲᠤ ᠴᠢᠨᠠᠷ ᠪᠠ ᠪᠦᠲᠦᠭᠡᠯᠴᠢ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠥᠪᠯᠡᠯᠭᠡ ᠬᠢᠵᠦ ᠵᠠᠰᠠᠭ ᠤᠨ ᠶᠠᠪᠤᠳᠠᠯ ᠢ ᠵᠥᠪᠯᠡᠬᠦ᠂ ᠪᠠᠶᠢᠴᠠᠭᠠᠨ ᠰᠤᠳᠤᠯᠵᠤ ᠪᠠᠶᠢᠴᠠᠭᠠᠨ ᠦᠵᠡᠬᠦ᠂ ᠶᠡᠭᠡ ᠬᠤᠷᠠᠯ ᠳᠡᠭᠡᠷ᠎ᠡ ᠶᠠᠷᠢᠶ᠎ᠠ ᠲᠠᠯᠪᠢᠬᠤ᠂ ᠬᠢᠨᠠᠯᠲᠠ ᠲᠠᠯᠪᠢᠵᠤ ᠦᠨᠡᠯᠡᠨ ᠶᠠᠷᠢᠯᠴᠠᠬᠤ᠂ ᠰᠠᠨᠠᠯ ᠵᠥᠪᠯᠡᠯᠭᠡ ᠳᠡᠪᠰᠢᠭᠦᠯᠬᠦ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠲᠤᠰᠬᠠᠬᠤ ᠵᠡᠷᠭᠡ ᠲᠠᠯ᠎ᠠ ᠪᠠᠷ ᠭᠡᠰᠢᠭᠦᠳ ᠤᠨ ᠪᠡᠶᠡᠴᠢ ᠴᠣᠭᠴᠠ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠠᠮᠢᠳᠤᠯᠢᠭ ᠬᠦᠴᠦᠨ ᠢᠶᠠᠷ ᠪᠢᠯᠬᠠᠮ᠎ᠠ᠂ ᠦᠷ᠎ᠡ ᠪᠦᠲᠦᠮᠵᠢ ᠰᠠᠶᠢᠲᠠᠶ ᠪᠠᠶᠢᠬᠤ ᠶᠢ ᠲᠦᠯᠬᠢᠨ ᠠᠬᠢᠭᠤᠯᠤᠨ᠎ᠠ︔ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠠᠭᠤᠯᠤᠭᠳᠠᠬᠤᠨ ᠪᠠ ᠮᠥᠨ ᠴᠢᠨᠠᠷ ᠢ ᠣᠨᠣᠪᠴᠢᠲᠠᠢ ᠡᠵᠡᠮᠳᠡᠵᠦ᠂ ᠠᠷᠠᠳᠴᠢᠯᠠᠯ ᠢ ᠪᠠᠳᠠᠷᠠᠭᠤᠯᠬᠤ ᠪᠠ ᠪᠦᠯᠬᠦᠮᠳᠡᠯ ᠢ ᠴᠢᠩᠭᠠᠳᠬᠠᠬᠤ ᠶᠢᠨ ᠬᠠᠷᠢᠯᠴᠠᠨ ᠨᠡᠪᠲᠡᠷᠡᠯᠴᠡᠬᠦ᠂ ᠰᠠᠨᠠᠯ ᠵᠥᠪᠯᠡᠯᠭᠡ ᠳᠤᠷᠠᠳᠴᠤ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠣᠳᠣᠬᠢᠴᠢᠯᠠᠭᠰᠠᠨ ᠦᠬᠠᠢ ᠶᠢ ᠪᠦᠳᠦᠭᠡᠨ ᠪᠠᠶᠢᠭᠤᠯᠬᠤ ᠳᠤ ᠢᠳᠡᠪᠬᠢ ᠬᠦᠴᠦᠨ ᠢ ᠨᠢᠭᠳᠠᠷᠠᠭᠤᠯᠤᠨ᠎ᠠ ᠬᠡᠵᠡᠢ᠃      ᠳᠠᠷᠠᠭ᠎ᠠ ᠶᠢᠨ ᠠᠯᠬᠤᠮ ᠳᠤ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ︽ᠭᠡᠰᠢᠭᠦᠳ ᠤᠨ ᠶᠠᠷᠢᠶᠠᠨ ᠤ ᠲᠠᠪᠴᠠᠩ︾ ᠢ ᠡᠷᠬᠢᠯᠡᠬᠦ ᠪᠠᠷ ᠠᠵᠠ ᠲᠣᠬᠢᠶᠠᠯ ᠪᠣᠯᠭᠠᠵᠤ᠂ ᠬᠤᠯᠪᠣᠭᠳᠠᠯ ᠪᠦᠬᠦᠢ ᠲᠠᠯ᠎ᠠ ᠶᠢᠨ ᠲᠤᠰᠬᠠᠶ ᠮᠡᠷᠭᠡᠵᠢᠯᠲᠡᠨ ᠡᠷᠳᠡᠮᠲᠡᠨ ᠵᠢᠴᠢ ᠳᠡᠷᠭᠡᠳᠡᠬᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢ ᠤᠷᠢᠵᠤ ︽ᠭᠡᠰᠢᠭᠦᠳ ᠤᠨ ᠶᠠᠷᠢᠶᠠᠨ  ᠤ ᠲᠠᠪᠴᠠᠩ︾ ᠳᠤ ᠣᠷᠣᠭᠤᠯᠤᠨ᠂ ᠨᠠᠮ ᠪᠠ ᠤᠯᠤᠰ ᠤᠨ ᠦᠨᠳᠦᠰᠦᠨ ᠪᠤᠳᠤᠯᠭ᠎ᠠ ᠴᠢᠭᠯᠡᠯᠲᠡ ᠲᠦᠷᠦ ᠶᠢᠨ ᠪᠤᠳᠤᠯᠭ᠎ᠠ᠂ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠤᠨᠤᠯ ᠵᠢᠴᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠳᠤᠮᠳᠠᠬᠢ ᠬᠠᠯᠠᠮᠰᠢᠯ ᠴᠢᠭ ᠤᠨ ᠠᠰᠠᠭᠤᠳᠠᠯ᠂ ᠬᠦᠴᠢᠷ ᠲᠦᠪᠡᠭᠲᠡᠶ᠂ ᠠᠩᠬᠠᠷᠤᠯ ᠲᠥᠪᠯᠡᠷᠡᠭᠰᠡᠨ ᠠᠰᠠᠭᠤᠳᠠᠯ ᠵᠡᠷᠭᠡ ᠠᠭᠤᠯᠭ᠎ᠠ ᠲᠠᠢ ᠤᠶᠠᠯᠳᠤᠭᠤᠯᠤᠨ᠂ ᠲᠤᠰᠬᠠᠶ ᠰᠡᠳᠦᠪᠲᠦ ᠲᠠᠶᠢᠯᠤᠮᠵᠢ ᠬᠢᠯᠭᠡᠵᠦ᠂ ᠭᠡᠰᠢᠭᠦᠳ ᠤᠨ ᠬᠠᠮᠲᠤ ᠶᠢᠨ ᠲᠠᠨᠢᠯᠲᠠ ᠶᠢ ᠨᠢᠭᠲᠠᠷᠠᠭᠤᠯᠬᠤ᠂ ᠬᠠᠷᠢᠴᠠᠭ᠎ᠠ ᠶᠢ ᠵᠣᠬᠢᠴᠠᠭᠤᠯᠬᠤ᠂ ᠶᠡᠭᠡ ᠲᠠᠯ᠎ᠠ ᠳᠤ ᠦᠢᠯᠡᠴᠢᠯᠡᠬᠦ ᠵᠡᠷᠭᠡ ᠲᠠᠯ᠎ᠠ ᠪᠠᠷ ᠬᠢ ᠴᠢᠬᠤᠯᠠ ᠦᠢᠯᠡᠳᠦᠯ ᠢ ᠨᠢ ᠭᠦᠢᠴᠡᠳ ᠪᠠᠳᠠᠷᠠᠭᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号