ᠲᠠᠩ ᠢ᠄ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠵᠤ ᠰᠢᠨ᠎ᠡ ᠳᠠᠪᠠᠭᠤᠯᠢᠭ ᠢ ᠪᠤᠢ ᠪᠣᠯᠭᠠᠵᠤ ᠰᠢᠨ᠎ᠡ ᠠᠮᠢᠵᠢᠷᠠᠯ ᠤᠨ ᠬᠦᠴᠦᠨ ᠢ ᠬᠥᠭᠵᠢᠭᠡᠨ᠎ᠡ
ᠨᠡᠶᠢᠲᠡᠯᠡᠭᠰᠡᠨ ᠴᠠᠭ᠄
2021/4/23
     4 ᠰᠠᠷ᠎ᠠ ᠶᠢᠨ 18 ᠤ ᠡᠳᠦᠷ ᠠᠴᠠ 21 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠥᠪᠡᠷᠲᠡᠭᠡᠨ ᠵᠠᠰᠠᠬᠤ ᠣᠷᠣᠨ ᠤ ᠨᠠᠮ ᠵᠠᠰᠠᠭ ᠤᠨ ᠰᠢᠨᠵᠢᠯᠡᠨ ᠪᠠᠶᠢᠴᠠᠭᠠᠬᠤ ᠪᠦᠯᠬᠦᠮ ᠢ ᠳᠠᠭᠠᠭᠤᠯᠤᠨ ᠱᠠᠩᠬᠠᠶ ᠬᠤᠲᠠ ᠪᠣᠯᠤᠨ ᠵᠢᠶᠠᠩᠰᠦ ᠮᠤᠵᠢ ᠳᠤ ᠰᠤᠷᠤᠯᠴᠠᠵᠤ ᠰᠢᠨᠵᠢᠯᠡᠨ ᠪᠠᠶᠢᠴᠠᠭᠠᠪᠠ᠃ ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠬᠤᠶᠠᠷ ᠭᠠᠵᠠᠷ ᠤᠨ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠠᠵᠢᠯᠯᠠᠬᠤ᠂ ᠵᠣᠷᠢᠭᠲᠠᠢ ᠪᠠᠷ ᠲᠦᠷᠦᠭᠦᠯᠡᠵᠤ ᠰᠢᠨ᠎ᠡ ᠶᠢ ᠡᠭᠦᠳᠬᠦ ᠵᠣᠷᠢᠭ ᠰᠠᠨᠠᠭ᠎ᠠ ᠶᠢ ᠣᠶᠢᠯᠠᠭᠠᠵᠤ᠂ ᠬᠤᠶᠠᠷ ᠭᠠᠵᠠᠷ ᠤᠨ ᠬᠦᠴᠦᠯᠡᠨ ᠴᠢᠷᠮᠠᠶᠢᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠬᠠᠨᠳᠤᠰᠢ ᠶᠢ ᠨᠢᠳᠦ ᠪᠠᠷ ᠢᠶᠠᠨ ᠬᠠᠷᠠᠵᠤ᠂ ᠬᠠᠷᠠᠭ᠎ᠠ ᠪᠠᠨ ᠤᠯᠠᠮ ᠥᠷᠭᠡᠳᠬᠡᠵᠦ᠂ ᠵᠦᠷᠢᠶ᠎ᠡ ᠪᠠᠨ ᠣᠯᠵᠤ᠂ ᠰᠡᠳᠬᠢᠴᠡ ᠪᠠᠨ ᠰᠡᠩᠬᠡᠷᠡᠭᠦᠯᠵᠦ᠂ ᠡᠷᠴᠢ ᠵᠣᠷᠢᠭ ᠢᠶᠠᠨ ᠬᠥᠪᠴᠢᠯᠡᠪᠡ᠃      ᠥᠪᠥᠷ ᠮᠣᠩᠭᠤᠯ ᠤᠨ ᠡᠳᠦᠷ ᠤᠨ ᠰᠣᠨᠢᠨ ᠤ ᠬᠢᠨ ᠰᠤᠷᠤᠯᠴᠠᠵᠤ ᠰᠢᠨᠵᠢᠯᠡᠨ ᠪᠠᠶᠢᠴᠠᠭᠠᠬᠤ ᠳᠤ ᠣᠷᠣᠯᠴᠠᠭᠰᠠᠨ ᠬᠡᠰᠡᠭ ᠠᠶᠢᠮᠠᠭ ᠬᠤᠲᠠ᠂ ᠲᠢᠩᠬᠢᠮ ᠲᠣᠪᠴᠢᠶ᠎ᠠ ᠶᠢᠨ ᠬᠠᠷᠢᠭᠤᠴᠠᠯᠭᠠᠲᠠᠨ ᠨᠥᠬᠦᠳ ᠢ ᠲᠤᠰᠬᠠᠶᠢᠯᠠᠨ ᠰᠤᠷᠪᠤᠯᠵᠢᠯᠠᠵᠤ᠂ ᠰᠤᠷᠤᠯᠴᠠᠵᠤ ᠰᠢᠨᠵᠢᠯᠡᠨ ᠪᠠᠶᠢᠴᠠᠭᠠᠭᠰᠠᠨ ᠲᠥᠷᠥᠭᠳᠡᠯ ᠢᠶᠠᠨ ᠠᠭᠤᠵᠢᠷᠠᠲᠠᠯ᠎ᠠ ᠶᠠᠷᠢᠯᠴᠠᠵᠤ᠂ ᠵᠥᠷᠢᠶ᠎ᠡ ᠪᠠᠨ ᠬᠠᠷᠢᠴᠠᠭᠤᠯᠤᠨ᠂ ᠳᠠᠷᠠᠭᠠᠴᠢ ᠶᠢᠨ ᠠᠯᠬᠤᠮ ᠤᠨ ᠠᠵᠢᠯ ᠢᠶᠠᠨ ᠰᠠᠶᠢᠲᠤᠷ ᠬᠢᠬᠦ ᠪᠣᠳᠠᠲᠠᠶ ᠰᠡᠳᠬᠢᠮᠵᠢ ᠪᠠᠨ ᠠᠭᠤᠵᠢᠷᠠᠲᠠᠯ᠎ᠠ ᠶᠠᠷᠢᠯᠴᠠᠵᠤ᠂ ᠪᠥᠬᠦ ᠣᠷᠣᠨ ᠤ ᠡᠯ᠎ᠡ ᠭᠠᠵᠠᠷ ᠤᠨ ᠥᠭᠡᠷᠡᠴᠢᠯᠡᠯᠲᠡ ᠬᠥᠭᠵᠢᠯᠲᠡ ᠶᠢᠨ ᠲᠡᠷᠢᠭᠦᠨ ᠤ ᠣᠨᠣᠯᠵᠢᠬᠤᠨ ᠪᠠ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠵᠤ᠂ ᠥᠪᠥᠷ ᠮᠣᠩᠭᠤᠯ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠥᠬᠦ ᠲᠠᠯ᠎ᠠ ᠪᠠᠷ ᠰᠢᠯᠢᠳᠡᠭᠵᠢᠭᠦᠯᠦᠨ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠲᠡᠪᠰᠢᠬᠦᠯᠬᠦ ᠪᠠᠨ ᠲᠦᠷᠭᠡᠳᠬᠡᠨ᠂ ᠬᠤᠲᠠ ᠶᠢᠨ ᠵᠠᠰᠠᠯᠲᠠ ᠪᠠ ᠨᠡᠶᠢᠭᠡᠮ ᠤᠨ ᠪᠠᠶᠢᠭᠤᠯᠤᠯᠲᠠ ᠶᠢᠨ ᠨᠠᠷᠢᠯᠢᠬᠵᠢᠭᠤᠯᠬᠤ ᠬᠢᠷᠢ ᠬᠡᠮᠵᠢᠶ᠎ᠡ ᠪᠠᠨ ᠳᠡᠭᠡᠭᠰᠢᠯᠡᠭᠦᠯᠵᠦ᠂ ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠥᠲᠥᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤᠪᠠᠷ ᠲᠡᠷᠭᠡᠯᠰᠢᠭᠦᠯᠬᠦ︾ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠬᠡᠷᠡᠭᠳᠡᠢ ᠬᠡᠵᠦ ᠵᠤᠷᠢᠭᠵᠢᠭᠤᠯᠪᠠ᠃      ᠲᠣᠰ ᠵᠣᠬᠢᠶᠠᠯ ᠪᠣᠯ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠳᠠᠷᠤᠭ᠎ᠠ ᠲᠠᠩ ᠢ  ᠶᠢᠨ ᠲᠤᠰᠬᠠᠶ ᠰᠣᠷᠪᠣᠯᠵᠢᠯᠠᠭ᠎ᠠ ᠪᠣᠯᠤᠨ᠎ᠠ᠃      ︽ᠱᠠᠩᠬᠠᠢ᠂ ᠵᠢᠶᠠᠩᠰᠦ ᠶᠢᠨ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠲᠤᠤᠱᠯᠠᠭᠤᠯᠬᠤ ᠠᠷᠭ᠎ᠠ ᠬᠢᠳᠡᠯ ᠨᠢ ᠨᠠᠳᠠ ᠳᠤ ᠭᠦᠨ ᠰᠠᠭᠤᠭᠳᠠᠯ ᠦᠯᠡᠳᠡᠭᠡᠵᠡᠢ︾ ᠬᠡᠵᠦ ᠦᠬᠠᠶ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠢᠯᠡᠷᠭᠡᠶᠢᠯᠡᠭᠰᠡᠨ ᠨᠢ᠂ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠦᠷ᠎ᠡ ᠪᠦᠲᠦᠭᠡᠯ ᠢ ᠦᠬᠠᠢ ᠶᠢᠨ ᠪᠣᠳᠠᠲᠠᠢ ᠲᠠᠢ ᠤᠶᠠᠯᠳᠤᠭᠤᠯᠵᠤ᠂ ᠦᠬᠠᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠪᠠ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠥᠨᠳᠥᠷ ᠪᠦᠲᠦᠮᠵᠢᠲᠡᠢ ᠵᠠᠰᠠᠯᠲᠠ ᠶᠢ ᠬᠡᠷᠡᠭᠵᠢᠭᠦᠯᠬᠦ ᠪᠣᠳᠠᠲᠠᠢ ᠦᠷ᠎ᠡ ᠪᠦᠲᠦᠮᠵᠢ ᠪᠠᠷ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠨ᠎ᠠ ᠬᠡᠵᠡᠢ᠃      ᠲᠠᠩ ᠢ ᠬᠡᠯᠡᠭᠰᠡᠨ ᠨᠢ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠪᠤᠶᠢᠵᠢᠭᠤᠯᠤᠨ᠎ᠠ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠠᠯ᠎ᠠ ᠪᠠᠷ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠲᠣᠭᠤᠷᠢᠨ ᠳᠤ ᠲᠥᠷᠥᠯ ᠵᠦᠢᠯ ᠢ ᠲᠥᠯᠥᠪᠵᠢᠭᠦᠯᠵᠦ᠂ ᠠᠮᠢ ᠠᠬᠤᠶ ᠶᠢ ᠣᠷᠢᠳᠠᠪᠡᠷ ᠪᠤᠲᠤᠯᠭᠢᠯᠠᠵᠤ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ ᠪᠤᠯᠭᠠᠬᠤ ᠶᠢ ᠳᠣᠪᠤᠶᠢᠯᠭᠠᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠭᠤᠤᠯᠳᠠᠯᠭ᠎ᠠ ᠲᠠᠢ ᠲᠥᠷᠥᠯ ᠵᠦᠢᠯ ᠢ ᠤᠬᠠᠭᠠᠯᠠᠨ ᠲᠥᠯᠥᠪᠯᠡᠵᠦ ᠨᠥᠭᠡᠴᠡᠯᠡᠨ᠎ᠡ᠃ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ᠂ ᠭᠠᠵᠠᠷ ᠰᠢᠷᠣᠶ᠂ ᠤᠰᠤᠨ ᠤ ᠡᠬᠢ ᠪᠠᠶᠠᠯᠢᠭ᠂ ᠡᠨᠧᠷᠭᠢ ᠶᠢᠨ ᠬᠤᠷᠣᠭᠳᠠᠯ ᠵᠡᠷᠭᠡ ᠬᠦᠴᠦᠨ ᠵᠦᠢᠯ ᠤᠨ ᠪᠠᠲᠤᠯᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠬᠦᠴᠢᠷᠳᠡᠯᠲᠡᠶ ᠠᠰᠠᠭᠤᠳᠠᠯ ᠢ ᠴᠠᠭ ᠲᠤᠬᠠᠶ ᠳᠤᠨᠢ ᠵᠣᠬᠢᠴᠠᠭᠤᠯᠤᠨ ᠰᠢᠢᠳᠪᠦᠷᠢᠯᠡᠵᠦ᠂ ᠲᠥᠷᠥᠯ ᠵᠦᠢᠯ ᠢ ᠡᠷᠲᠡ ᠨᠠᠶᠢᠳᠠᠪᠤᠷᠢᠵᠢᠭᠤᠯᠬᠤ᠂ ᠡᠷᠲᠡ ᠦᠶ᠋ᠯᠡᠳᠪᠦᠷᠢᠯᠡᠯ ᠳᠤ ᠣᠷᠣᠭᠤᠯᠬᠤ᠂ ᠡᠷᠲᠡ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠨ᠎ᠠ᠃ ᠲᠠᠪᠴᠠᠩ ᠢ ᠪᠠᠶᠢᠭᠤᠯᠬᠤ ᠲᠠᠯ᠎ᠠ ᠪᠠᠷ᠂ ᠲᠤᠤᠷ᠎ᠠ ᠨᠡᠭᠦᠷᠡᠰᠦᠲᠥ᠋ᠷᠥᠭᠴᠢᠲᠤ ᠠᠵᠤ ᠦᠢᠯᠡᠰ ᠤᠨ ᠬᠦᠷᠢᠶᠡᠯᠡᠩ ᠢ ᠦᠬᠠᠢ ᠶᠢᠨ ᠴᠢᠨᠠᠷ ᠰᠠᠶᠢᠲᠠᠢ ᠬᠥᠭᠵᠢᠯᠲᠡ ᠶᠢᠨ ᠠᠴᠢᠶᠠᠯᠠᠪᠤᠷᠢ ᠶᠢᠨ ᠭᠠᠵᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠭᠤᠣᠯ ᠳᠠᠶᠢᠨ ᠤ ᠲᠠᠯᠠᠪᠤᠷ ᠪᠣᠯᠭᠠᠵᠤ᠂ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠬᠦᠷᠢᠶᠡᠯᠡᠩ ᠲᠣᠭᠤᠷᠢᠭ ᠲᠤ ᠣᠷᠣᠬᠤ᠂ ᠠᠵᠤ ᠦᠢᠯᠡᠰ ᠤᠨ ᠬᠥᠭᠵᠢᠯᠲᠡ ᠶᠢᠨ ᠪᠦᠯᠦᠭᠵᠢᠯᠲᠡ ᠶᠢ ᠠᠬᠢᠭᠤᠯᠤᠨ᠎ᠠ᠃ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠬᠥᠭᠵᠢᠯᠲᠡ ᠶᠢᠨ ᠰᠢᠨ᠎ᠡ ᠳᠠᠪᠠᠭᠤᠯᠢᠭ ᠢ ᠪᠤᠢ ᠪᠤᠯᠭᠠᠨ᠎ᠠ᠃ ᠨᠢᠭᠡ ᠪᠦᠯᠦᠭ ᠤᠶᠤᠯᠢᠭ ᠠᠭᠤᠷᠬᠠᠶ᠂ ᠤᠶᠤᠯᠢᠭ ᠦᠢᠯᠡᠳᠪᠦᠷᠢ᠂ ᠤᠶᠤᠯᠢᠭ ᠦᠢᠯᠡᠳᠪᠦᠷᠢ ᠶᠢᠨ ᠲᠠᠰᠤᠭ ᠢ ᠪᠠᠶᠢᠭᠤᠯᠵᠤ᠂ ᠤᠯᠠᠮᠵᠢᠯᠠᠯᠲᠤ ᠦᠢᠯᠡᠳᠬᠦ ᠦᠢᠯᠡᠰ ᠤᠨ ᠬᠥᠭᠵᠢᠯᠲᠡ ᠶᠢᠨ ᠶᠠᠰᠤ ᠴᠢᠨᠠᠷ ᠤᠨ ᠬᠤᠪᠢᠰᠤᠯᠲᠠ᠂ ᠦᠷ᠎ᠡ ᠠᠰᠢᠭ ᠤᠨ ᠬᠤᠪᠢᠰᠤᠯᠲᠠ᠂ ᠬᠥᠳᠡᠯᠭᠡᠭᠴᠢ ᠬᠦᠴᠦᠨ ᠤ ᠬᠤᠪᠢᠰᠤᠯᠲᠠ ᠶᠢ ᠲᠦᠯᠬᠢᠨ ᠠᠬᠢᠭᠤᠯᠤᠨ᠎ᠠ᠃ ᠨᠡᠭᠦᠷᠡᠰᠦᠨ ᠤ ᠬᠡᠦᠷᠡᠰᠦ ᠶᠢᠨ ᠬᠢᠮᠢ ᠶᠢᠨ ᠠᠵᠤ ᠦᠢᠯᠡᠳᠪᠦᠷᠢ᠂ ᠾᠯᠣᠷ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠢ ᠡᠮᠬᠢᠯᠡᠨ ᠨᠡᠶᠢᠯᠡᠭᠦᠯᠵᠦ ᠳᠠᠬᠢᠨ ᠵᠣᠬᠢᠶᠠᠨ ᠪᠠᠶᠢᠭᠤᠯᠬᠤ᠂ ᠵᠡᠷᠭᠡ ᠪᠠᠨ ᠳᠡᠭᠡᠭᠰᠢᠯᠡᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠠᠷᠠᠬᠠᠶ ᠪᠤᠲᠠᠷᠬᠠᠶ ᠪᠠᠶᠢᠭᠰᠠᠨ ᠠᠴᠠ ᠲᠥᠪᠯᠡᠷᠡᠭᠦᠯᠬᠦ ᠳᠠᠰᠢ ᠬᠤᠪᠢᠷᠠᠭᠤᠯᠬᠤ᠂ ᠡᠬᠢ ᠪᠠᠶᠠᠯᠢᠭ ᠤᠨ ᠠᠰᠢᠭᠯᠠᠯᠲᠠ ᠶᠢ ᠠᠩᠬ᠎ᠠ ᠱᠠᠲᠤᠨ ᠤ ᠪᠣᠯᠪᠠᠰᠤᠷᠠᠭᠤᠯᠤᠯᠲᠠ ᠠᠴᠠ ᠡᠷᠴᠢᠮᠵᠢᠭᠦᠯᠦᠨ ᠠᠰᠢᠭᠯᠠᠬᠤ ᠳᠠᠰᠢ ᠬᠤᠪᠢᠷᠠᠭᠤᠯᠬᠤ ᠶᠢ ᠠᠬᠢᠭᠤᠯᠤᠨ᠎ᠠ᠃ ᠦᠵᠡᠮᠵᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠤ ᠬᠠᠲᠤᠨ ᠭᠤᠤᠯ ᠤᠨ ︽几︾ ᠦᠰᠦᠭᠲᠤ ᠰᠣᠶᠣᠯ ᠤᠨ ᠵᠢᠭᠤᠯᠴᠢᠯᠠᠯ ᠤᠨ ᠪᠦᠰᠡ ᠶᠢᠨ ᠪᠥᠲᠥᠭᠡᠨ ᠪᠠᠶᠢᠭᠤᠯᠤᠯᠲᠠ ᠳᠤ ᠠᠭᠤᠰᠤᠯᠴᠠᠵᠤ᠂ ︽ᠡᠯᠡᠰᠦᠨ ᠴᠥᠯ ᠳᠤ ᠢᠷᠡᠵᠦ ᠲᠡᠯᠡᠶ ᠶᠢ ᠪᠠᠷᠠᠯᠠᠬᠤ︾ ᠵᠢᠭᠤᠯᠴᠢᠯᠠᠯ ᠤᠨ ᠨᠠᠷᠠᠲᠤ ᠲᠡᠮᠳᠡᠭᠲᠦ ᠶᠢ ᠢᠷᠠᠭᠤ ᠠᠯᠳᠠᠷ ᠲᠠᠢ ᠪᠣᠯᠭᠠᠨ᠎ᠠ᠃ ᠠᠭᠤᠷᠬᠠᠶ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠢ ᠵᠠᠰᠠᠬᠤ ᠂ ᠬᠡᠶ ᠶᠢ ᠵᠠᠰᠠᠬᠤ᠂ ᠲᠠᠯᠠᠪᠠᠶ ᠶᠢ ᠵᠠᠰᠠᠬᠤ ︽ᠣᠯᠠᠨ ᠠᠷᠭ᠎ᠠ ᠶᠢ ᠵᠡᠷᠭᠡ ᠪᠠᠷ ᠬᠡᠷᠡᠭᠯᠡᠬᠦ︾ ᠶᠢ ᠬᠡᠷᠡᠭᠵᠢᠭᠦᠯᠵᠦ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠳᠤ ᠣᠷᠴᠢᠨ ᠲᠣᠭᠤᠷᠢᠨ ᠤ ᠪᠠᠭᠲᠠᠭᠠᠮᠵᠢ ᠶᠢ ᠭᠠᠷᠭᠠᠵᠤ ᠥᠭᠭᠦᠨ᠎ᠡ᠃      ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ ᠬᠥᠭᠵᠢᠯᠲᠡ ᠶᠢᠨ ᠰᠢᠨ᠎ᠡ ᠠᠮᠢᠵᠢᠷᠠᠯ ᠤᠨ ᠬᠦᠴᠦᠨ ᠢ ᠬᠦᠭᠵᠢᠭᠡᠨ᠎ᠡ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠬᠤᠲᠠ᠂ ᠲᠣᠭᠤᠷᠢᠭ᠂ ᠪᠠᠯᠭᠠᠰᠤ ︵ᠵᠡᠭᠡᠯᠢ ᠭᠤᠳᠤᠮᠵᠢ︶ ᠭᠤᠷᠪᠠᠨ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠲᠡᠭᠦᠯᠳᠡᠷᠵᠢᠭᠦᠯᠦᠨ᠂ ᠬᠠᠮᠤᠭ ᠤᠨ ᠶᠡᠭᠡ ᠬᠡᠮᠵᠢᠶ᠎ᠡ ᠪᠠᠷ ᠭᠤᠭᠴᠤᠭ᠎ᠠ ᠶᠢ ᠪᠠᠭᠠᠰᠬᠠᠵᠤ᠂ ᠴᠠᠭ ᠢ ᠪᠠᠭᠠᠰᠬᠠᠵᠤ᠂ ᠮᠠᠲ᠋ᠧᠷᠢᠶᠠᠯ ᠢ ᠪᠠᠭᠠᠰᠬᠠᠵᠤ᠂ ᠭᠦᠶᠦᠯᠲᠡ ᠶᠢ ᠪᠠᠭᠠᠰᠬᠠᠵᠤ᠂ ᠥᠪᠡᠷ ᠤᠨ ᠥᠷᠲᠡᠭ ᠢ ᠪᠠᠭᠠᠰᠬᠠᠨ᠎ᠠ᠃ ᠠᠯᠠᠭᠠᠨ ᠳᠡᠭᠡᠷ᠎ᠡ ᠪᠠᠨ ᠬᠦᠢᠴᠡᠳᠬᠡᠬᠦ᠂ ᠰᠦᠯᠵᠢᠶᠡᠨ ᠳᠡᠭᠡᠷ᠎ᠡ ᠬᠦᠢᠴᠡᠳᠬᠡᠬᠦ ᠵᠡᠷᠭᠡ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠠᠭᠪᠤᠷ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠯᠠᠨ ᠲᠦᠮᠡᠨ ᠢ ︽ᠨᠢᠭᠡ ᠯᠡ ᠤᠳᠠᠭ᠎ᠠ ᠴᠤ ᠭᠦᠶᠦᠬᠦ ᠥᠬᠡᠶ︾ ᠪᠣᠯᠭᠠᠬᠤ ᠪᠠᠷ ᠴᠢᠷᠮᠠᠶᠢᠨ᠎ᠠ᠃ ᠳᠤᠲᠠᠭᠤ ᠪᠠᠨ ᠳᠠᠷᠠᠭ᠎ᠠ ᠨᠢ ᠨᠥᠬᠦᠪᠥᠷᠢᠯᠡᠬᠦ ᠵᠡᠷᠭᠡ ᠳᠥᠭᠦᠮ ᠳᠥᠲᠡ ᠠᠷᠭ᠎ᠠ ᠬᠡᠮᠵᠢᠶ᠎ᠡ ᠶᠢ ᠢᠳᠡᠪᠬᠢᠲᠡᠶ ᠪᠠᠷ ᠳᠡᠯᠭᠡᠷᠡᠭᠦᠯᠵᠦ᠂ ᠠᠵᠤ ᠠᠬᠤᠶᠢᠯᠠᠯ᠂ ᠣᠯᠠᠨ ᠲᠦᠮᠡᠨ ᠳᠤ ᠳᠥᠭᠦᠮ ᠳᠥᠲᠡ ᠥᠨᠳᠥᠷ ᠪᠦᠲᠦᠮᠵᠢᠲᠡᠶ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠨ᠎ᠠ᠃ ᠠᠵᠤ ᠠᠬᠤᠶᠢᠯᠠᠯ ᠢ ᠳᠡᠮᠵᠢᠨ ᠠᠵᠤ ᠠᠬᠤᠶᠢᠯᠠᠯ ᠳᠤ ᠠᠰᠢᠭ ᠬᠦᠷᠲᠡᠭᠡᠬᠦ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠦᠴᠢᠷᠳᠡᠯ ᠢ ᠲᠠᠶᠢᠯᠬᠤ ᠠᠷᠭ᠎ᠠ ᠬᠡᠮᠵᠢᠶ᠎ᠡ ᠶᠢ ᠦᠨᠳᠦᠰᠦᠨ ᠱᠠᠲᠤᠨ ᠳᠤ ᠰᠢᠭᠤᠳ ᠬᠦᠷᠭᠡᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠢᠭᠤᠳ ᠠᠰᠢᠭ ᠬᠦᠷᠲᠡᠭᠡᠬᠦ ᠶᠢ ᠠᠬᠢᠭᠤᠯᠤᠨ᠎ᠠ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号