ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ︵ᠳᠠᠷᠢᠬᠤ ᠶᠢ ᠬᠢᠵᠠᠭᠠᠷᠯᠠᠬᠤ︶ ᠪᠠ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ ᠶᠢ ᠵᠤᠭᠰᠣᠭᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/4/25
      ᠦᠬᠠᠶ ᠶᠢᠨ ᠵᠠᠰᠠᠭ ᠠᠯᠪᠠᠨ ᠦᠰᠦᠭᠲᠤ︹2021︺6 ᠳ᠋ᠤᠭᠠᠷ ᠲᠣᠭᠠᠲᠤ     ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ︵ᠳᠠᠷᠢᠬᠤ ᠶᠢ ᠬᠢᠵᠠᠭᠠᠷᠯᠠᠬᠤ︶ ᠪᠠ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ ᠶᠢ ᠵᠤᠭᠰᠣᠭᠠᠬᠤ ᠬᠤᠯᠪᠣᠭᠳᠠᠯ ᠪᠥᠬᠦᠶ ᠵᠦᠢᠯᠡᠰ ᠤᠨ ᠲᠤᠬᠠᠶ ᠮᠡᠳᠡᠭᠳᠡᠯ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠳᠠ ᠶᠢᠨ ᠵᠠᠰᠠᠭ ᠤᠨ ᠣᠷᠳᠣᠨ ᠤ ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ᠄      ᠬᠠᠲᠤᠨ ᠭᠤᠤᠯ ᠤᠨ ᠭᠤᠣᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠨᠢ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠤᠯᠤᠰ ᠤᠨ ᠪᠠᠶᠢᠯᠳᠤᠬᠤ ᠪᠣᠳᠣᠯᠭ᠎ᠠ ᠳᠤ ᠬᠤᠯᠪᠣᠭᠳᠠᠵᠤ᠂ ᠬᠠᠲᠤᠨ ᠭᠤᠤᠯ ᠳᠠᠭᠠᠤ ᠶᠢᠨ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠯᠪᠣᠭᠳᠠᠵᠤ ᠪᠠᠶᠢᠳᠠᠭ᠃ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠤᠨ ᠲᠤᠬᠠᠶ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠣᠳᠣᠬᠠᠨ ᠤ ᠮᠠᠨ ᠤ ᠬᠤᠲᠠ ᠶᠢᠨ ᠬᠠᠲᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠬᠢᠵᠦ᠂ ︽ᠣᠳᠣᠬᠠᠨ ᠤ ᠬᠠᠲᠤᠨ ᠭᠤᠤᠯ ᠤᠨ ᠭᠤᠤᠯ ᠤᠨ ᠵᠠᠮ ᠤᠨ ᠬᠤᠯᠪᠣᠭᠳᠠᠯ ᠪᠥᠬᠦᠶ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠤᠯ ᠤᠨ ᠳᠠᠷᠤᠭ᠎ᠠ ᠶᠢᠨ ᠲᠦᠷᠢᠮ ᠤᠨ ᠠᠯᠪᠠᠨ ᠬᠡᠷ ᠤᠨ ᠪᠠᠴᠢᠮ ᠮᠡᠳᠡᠭᠳᠡᠯ︾ ︵ᠦᠪᠦᠷ ᠭᠤᠤᠯ ᠤᠨ ᠳᠠᠷᠤᠭ᠎ᠠ ᠠᠯᠪᠠᠨ ᠲᠠᠷᠬᠠᠭᠠᠭᠰᠠᠨ︹2021︺2 ᠳ᠋ᠤᠭᠠᠷ ᠲᠣᠭᠠᠲᠤ︶ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠳᠠᠷᠢᠬᠤ ᠶᠢ ᠴᠠᠭᠠᠵᠠᠯᠠᠬᠤ ︵ᠳᠠᠷᠢᠬᠤ ᠶᠢ ᠬᠢᠵᠠᠭᠠᠷᠯᠠᠬᠤ︶ ᠪᠠ ᠡᠯ᠎ᠡ ᠲᠥᠷᠥᠯ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠪᠠᠶᠢᠭᠤᠯᠬᠤ  ᠶᠢ ᠵᠤᠭᠰᠣᠭᠠᠬᠤ ᠬᠤᠯᠪᠣᠭᠳᠠᠯ ᠪᠥᠬᠦᠶ ᠵᠦᠢᠯᠡᠰ ᠢ ᠳᠣᠤᠷᠠᠬᠢ ᠮᠡᠲᠦ ᠮᠡᠳᠡᠭᠳᠡᠶ᠎ᠡ᠄      ᠨᠢᠭᠡ᠂ ᠡᠯ᠎ᠡ ᠲᠤᠭᠤᠷᠢᠭ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠵᠦ᠂ ᠬᠠᠳᠤᠨ ᠭᠤᠣᠯ ᠤᠨ ᠭᠤᠤᠯ ᠤᠨ ᠵᠠᠮ ᠤᠨ ᠬᠤᠯᠪᠣᠭᠳᠠᠯ ᠪᠦᠬᠦᠢ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠪᠥᠭᠡᠳ ᠡᠮᠬᠢ ᠵᠢᠷᠤᠮ ᠲᠠᠢ ᠪᠠᠷ ᠲᠦᠯᠬᠢᠨ ᠠᠬᠢᠭᠤᠯᠬᠤ ᠬᠡᠷᠡᠭᠲᠡᠶ᠃ ᠶᠡᠭᠡ ᠲᠠᠯ᠎ᠠ ᠠᠴᠠ ᠡᠭᠦᠰᠴᠦ᠂ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠭᠠᠵᠠᠷ ᠤᠨ ᠲᠠᠷᠢᠮᠠᠯ ᠲᠠᠷᠢᠬᠤ ᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠬᠠᠮᠢᠶᠠᠷᠤᠯᠲᠠ ᠪᠠᠨ ᠦᠨᠡᠨ ᠬᠦ ᠴᠢᠩᠭᠠᠳᠬᠠᠵᠤ᠂ ᠰᠣᠬᠤᠷ ᠪᠠᠯᠠᠶ ᠪᠠᠷ ᠳᠠᠷᠢᠬᠤ ᠪᠠ ᠲᠠᠬᠢᠨᠳᠠ ᠪᠦᠲᠦᠭᠡᠨ ᠪᠠᠶᠢᠭᠤᠯᠬᠤ ᠠᠴᠠ ᠵᠠᠶᠢᠯᠠᠰᠬᠢᠵᠦ᠂ ᠴᠢᠬᠤᠯᠠ ᠪᠤᠰᠤ ᠬᠤᠬᠢᠷᠠᠯ ᠪᠠ ᠵᠢᠭᠤᠷᠠᠯᠳᠤᠭᠠᠨ ᠢ ᠪᠠᠭᠠᠰᠬᠠᠬᠤ ᠬᠡᠷᠡᠭᠳᠡᠢ᠃      ᠬᠤᠶᠠᠷ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2021 ᠣᠨ ᠤ ᠬᠠᠪᠤᠷ ᠤᠨ ᠲᠠᠷᠢᠶᠠᠯᠠᠭ᠎ᠠ ᠠᠴᠠ ᠡᠮᠦᠨ᠎ᠡ 1 ᠰᠠᠷ᠎ᠠ ᠶᠢᠨ ᠳᠣᠲᠣᠷ᠎ᠠ ᠠᠯᠪᠠᠨ ᠵᠠᠷ ᠨᠡᠶᠢᠲᠡᠯᠡᠵᠦ᠂ ᠬᠠᠲᠤᠨ ᠭᠤᠤᠯ ᠤᠨ ᠭᠤᠤᠯ ᠤᠨ ᠵᠠᠮ ᠤᠨ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ︵ᠬᠢᠵᠠᠭᠠᠷᠯᠠᠬᠤ︶ ᠣᠷᠣᠨ ᠪᠦᠰᠡ ᠶᠢᠨ ᠬᠡᠪᠴᠢᠶ᠎ᠡ ᠶᠢ ᠲᠣᠭᠲᠠᠭᠠᠬᠤ ᠶᠢᠨ ᠬᠠᠮᠲᠤ ᠨᠠᠶᠢᠳᠡᠯᠡᠵᠦ᠂ ᠲᠡᠬᠦᠨ ᠤ ᠲᠤᠲᠤᠷ᠎ᠠ ᠭᠤᠤᠯ ᠭᠤᠯᠳᠤᠷᠢᠯ ᠤᠨ ᠣᠷᠣᠨ᠂ ᠰᠠᠶᠢᠷᠭᠠᠯ ᠤᠨ ᠣᠶᠢᠷ᠎ᠠ ᠣᠷᠣᠨ ᠳᠤ ᠥᠨᠳᠥᠷ ᠡᠰᠢᠲᠦ ᠲᠠᠷᠢᠮᠠᠯ ᠳᠠᠷᠢᠬᠤ ᠶᠢ ᠴᠢᠩᠭ᠎ᠠ ᠴᠠᠭᠠᠵᠠᠯᠠᠬᠤ ᠬᠡᠷᠡᠭᠳᠡᠢ᠃ ᠣᠨᠴᠠ ᠶᠡᠭᠡ ᠦᠶᠡᠷ ᠲᠣᠬᠢᠶᠠᠯᠳᠤᠪᠠᠯ᠂ ᠤᠷᠢᠳᠴᠢᠯᠠᠨ ᠰᠡᠷᠡᠮᠵᠢᠯᠡᠭᠦᠯᠬᠦ ᠬᠤᠭᠤᠴᠠᠭᠠᠨ ᠳᠤ ᠠᠯᠤᠰ ᠲᠠᠩ ᠤᠨ ᠭᠠᠵᠠᠷ ᠤᠨ ᠦᠶᠡᠷ ᠵᠠᠯᠠᠬᠤ ᠶᠢ ᠬᠠᠷᠰᠢᠯᠠᠵᠤ ᠪᠠᠶᠢᠭ᠎ᠠ ᠥᠨᠳᠥᠷ ᠡᠰᠢᠲᠦ ᠲᠠᠷᠢᠮᠠᠯ ᠢ ᠬᠠᠤᠯᠢ ᠶᠣᠰᠣᠭᠠᠷ ᠠᠷᠢᠯᠭᠠᠬᠤ ᠬᠡᠷᠡᠭᠲᠡᠶ᠃ ᠠᠯᠪᠠᠨ ᠵᠠᠷ ᠨᠡᠶᠢᠲᠡᠯᠡᠭᠰᠡᠨ ᠤ ᠳᠠᠷᠠᠭ᠎ᠠ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠰᠠᠭᠤᠭᠠᠯᠢ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠰᠢᠨᠵᠢᠯᠡᠬᠦ ᠤᠬᠠᠭᠠᠨᠴᠢ ᠪᠠᠷ ᠳᠠᠷᠢᠭᠤᠯᠬᠤ ᠬᠡᠷᠡᠭᠲᠡᠶ᠃      ᠭᠤᠷᠪᠠ᠂ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ 2021 ᠣᠨ ᠤ 4 ᠰᠠᠷ᠎ᠠ ᠶᠢᠨ 10 ᠤ ᠡᠳᠦᠷ ᠠᠴᠠ ᠡᠮᠦᠨ᠎ᠡ ᠪᠠᠶᠢᠭᠤᠯᠬᠤ ᠶᠢ ᠵᠣᠭᠰᠣᠭᠠᠬᠤ ᠵᠠᠷᠯᠢᠭ ᠨᠡᠶᠢᠲᠡᠯᠡᠵᠦ᠂ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠤᠨ ᠣᠷᠣᠨ ᠳᠤ ᠲᠠᠷᠢᠶᠠᠨ ᠭᠠᠵᠠᠷ᠂ ᠬᠡᠷ ᠪᠠᠶᠢᠰᠢᠩ ᠵᠢᠴᠢ ᠬᠤᠯᠪᠤᠭᠳᠠᠯ ᠪᠥᠬᠦᠶ ᠪᠡᠯᠡᠳᠬᠡᠮᠵᠢ ᠶᠢ ᠰᠢᠨ᠎ᠡ ᠪᠠᠷ ᠨᠡᠮᠡᠭᠳᠡᠭᠦᠯᠬᠦ ᠶᠢ ᠴᠢᠩᠭ᠎ᠠ ᠴᠠᠭᠠᠵᠠᠯᠠᠵᠤ᠂ ᠨᠢᠭᠡᠨᠲᠡ ᠵᠥᠪᠰᠢᠶᠡᠷᠡᠵᠦ ᠪᠠᠶᠢᠭ᠎ᠠ ᠪᠠ ᠪᠠᠶᠢᠭᠤᠯᠤᠭᠠᠳᠤᠶ ᠲᠥᠷᠥᠯ ᠵᠦᠢᠯ ᠢ ᠴᠥᠮ ᠲᠦᠷ ᠵᠤᠭᠰᠣᠭᠠᠬᠤ ᠬᠡᠷᠡᠭᠲᠡᠶ᠃ ᠪᠠᠶᠢᠭᠤᠯᠬᠤ ᠶᠢ ᠵᠣᠭᠰᠣᠭᠠᠬᠤ ᠵᠠᠷᠯᠢᠭ ᠢ ᠨᠡᠶᠢᠲᠡᠯᠡᠭᠰᠡᠨ ᠤ ᠳᠠᠷᠠᠭ᠎ᠠ᠂ ᠡᠯ᠎ᠡ ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠲᠤᠨ ᠭᠤᠤᠯ ᠤᠨ ᠭᠤᠤᠯ ᠤᠷᠤᠰᠬᠠᠯ ᠤᠨ ᠲᠠᠩ ᠤᠨ ᠣᠷᠣᠨ ᠤ ᠳᠣᠲᠣᠷᠠᠬᠢ ᠪᠣᠶ ᠪᠥᠬᠦᠶ ᠪᠠᠶᠢᠭᠤᠯᠵᠤ ᠪᠠᠶᠢᠭ᠎ᠠ ᠲᠥᠷᠥᠯ ᠵᠦᠢᠯ ᠪᠠ ᠪᠠᠷᠢᠯᠭ᠎ᠠ ᠶᠢ ᠨᠢᠭᠡ ᠤᠳᠠᠭ᠎ᠠ ᠨᠠᠷᠢᠨ ᠬᠢᠨᠠᠮᠠᠭᠠᠶ ᠴᠡᠪᠡᠷᠯᠡᠵᠦ᠂ ᠶᠠᠮᠠᠷᠪᠠ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠰᠢᠨ᠎ᠡ ᠪᠠᠷ ᠵᠥᠪᠰᠢᠶᠡᠷᠡᠬᠦ ᠶᠢ ᠴᠠᠭᠠᠵᠠᠯᠠᠵᠤ᠂ ᠶᠠᠭ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠡᠷᠡ ᠳᠠᠷᠤᠶ ᠳᠤᠨᠢ ᠵᠣᠭᠰᠣᠭᠠᠬᠤ ᠬᠡᠷᠡᠭᠲᠡᠶ᠃ ᠪᠠᠶᠢᠭᠤᠯᠬᠤ ᠶᠢ ᠴᠠᠭᠠᠵᠠᠯᠠᠬᠤ ᠵᠠᠷᠯᠢᠭ ᠤᠨ ᠱᠠᠭᠠᠷᠳᠠᠯᠭ᠎ᠠ ᠠᠴᠠ ᠵᠥᠷᠢᠴᠡᠨ ᠮᠥᠨ ᠯᠡ ᠪᠦᠳᠦᠭᠡᠨ ᠪᠠᠶᠢᠭᠤᠯᠤᠯᠲᠠ ᠬᠢᠵᠦ ᠪᠠᠶᠢᠭ᠎ᠠ ᠨᠢᠭᠡᠴᠡ ᠶᠢᠨ ᠬᠤᠯᠪᠣᠭᠳᠠᠯ ᠪᠦᠬᠦᠢ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠡᠬᠡᠮᠵᠢᠯᠡᠬᠦ ᠬᠡᠷᠡᠭᠲᠡᠶ᠃      ᠳᠥᠷᠪᠡ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠮᠵᠢᠯᠴᠠᠵᠤ᠂ ᠬᠠᠲᠤᠨ ᠭᠤᠤᠯ ᠤᠨ ᠭᠤᠤᠯ ᠤᠨ ᠵᠠᠮ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠵᠤ ᠪᠠᠶᠢᠭ᠎ᠠ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠤᠨ ᠲᠤᠰᠬᠠᠶ ᠠᠩᠭᠢ ᠪᠠᠶᠢᠭᠤᠯᠵᠤ᠂ ᠪᠥᠬᠦ ᠬᠤᠲᠠ ᠶᠢᠨ ᠬᠠᠲᠤᠨ ᠭᠤᠤᠯ ᠤᠨ ᠭᠤᠤᠯ ᠤᠨ ᠵᠠᠮ ᠢ ᠳᠤᠷ᠎ᠠ ᠪᠠᠷ ᠢᠶᠠᠨ ᠡᠵᠡᠯᠡᠵᠦ ᠳᠤᠷ᠎ᠠ ᠪᠠᠷ ᠢᠶᠠᠨ ᠪᠠᠶᠢᠭᠤᠯᠵᠤ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢ ᠬᠠᠷᠢᠭᠤᠴᠠᠵᠤ᠂ ᠡᠯ᠎ᠡ ᠲᠣᠭᠤᠷᠢᠭ ᠢ ᠵᠢᠯᠣᠭᠤᠳᠤᠨ ᠰᠢᠮᠳᠠᠭᠤᠯᠵᠤ ᠪᠠᠶᠢᠭᠠᠳ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠳᠡᠢ᠃ ᠬᠤᠳᠠ ᠶᠢᠨ ᠵᠠᠰᠠᠭ ᠤᠨ ᠣᠷᠳᠣᠨ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ ᠪᠠᠶᠢᠭᠠᠳ ᠬᠠᠳᠤᠨ ᠭᠤᠣᠯ ᠤᠨ ᠭᠤᠣᠯ ᠤᠷᠤᠰᠬᠠᠯ ᠤᠨ ᠲᠠᠩ ᠭᠠᠵᠠᠷ ᠤᠨ ᠥᠨᠳᠥᠷ ᠡᠰᠢᠲᠦ ᠲᠠᠷᠢᠮᠠᠯ ᠲᠠᠷᠢᠬᠤ ᠶᠢ ᠴᠠᠭᠠᠵᠠᠯᠠᠬᠤ ︵ᠲᠠᠷᠢᠬᠤ ᠶᠢ ᠬᠢᠵᠠᠭᠠᠷᠯᠠᠬᠤ︶ ᠪᠠ ᠪᠠᠶᠢᠭᠤᠯᠬᠤ ᠶᠢ ᠵᠣᠭᠰᠣᠭᠠᠭᠰᠠᠨ ᠡᠯ᠎ᠡ ᠲᠦᠷᠦᠯ ᠤᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠤᠨ ᠪᠠᠶᠢᠳᠠᠯ ᠳᠤ ᠬᠠᠤᠯᠢ ᠬᠡᠷᠡᠭᠵᠢᠭᠦᠯᠦᠯᠲᠡ ᠶᠢᠨ ᠬᠠᠮᠲᠤᠷᠠᠭᠰᠠᠨ ᠪᠠᠶᠢᠴᠠᠭᠠᠯᠲᠠ ᠬᠢᠵᠦ᠂ ᠪᠦᠬᠦ ᠬᠤᠳᠠ ᠶᠢᠨ ᠬᠠᠳᠤᠨ ᠭᠤᠣᠯ ᠤᠨ ᠭᠤᠣᠯ ᠤᠨ ᠵᠠᠮ ᠢ ᠳᠤᠷ᠎ᠠ ᠪᠠᠷ ᠢᠶᠠᠨ ᠡᠵᠡᠯᠡᠨ ᠳᠤᠷ᠎ᠠ ᠪᠠᠷ ᠢᠶᠠᠨ ᠪᠠᠶᠢᠭᠤᠯᠤᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠨ᠎ᠠ᠃                               2021 ᠣᠨ ᠤ 3 ᠰᠠᠷ᠎ᠠ ᠶᠢᠨ 9 ᠤ ᠡᠳᠦᠷ                      ᠦᠬᠠᠶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ                      2021 ᠣᠨ ᠤ 3 ᠰᠠᠷ᠎ᠠ ᠶᠢᠨ 9 ᠤ ᠡᠳᠦᠷ ᠳᠠᠷᠤᠮᠠᠯᠯᠠᠨ ᠲᠠᠷᠬᠠᠭᠠᠪᠠ
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号