ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠣ ᠴᠦᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2021/4/6

   

     4 ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ

ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠨ ᠱᠣᠤ ᠴᠦᠨ

ᠮᠠᠨ ᠤ ᠬᠤᠲᠠ ᠳᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ

ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠬᠠᠤᠯᠢ

ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠷᠪᠠᠨ ᠨᠢᠭᠡᠳᠦᠭᠡᠷ ᠵᠢᠯᠣᠭᠤᠳᠬᠤ ᠳᠤᠭᠤᠶᠢᠯᠠᠩ ᠤᠨ

ᠳᠠᠷᠤᠭ᠎ᠠ ᠯᠢ ᠬᠤᠩ ᠶᠢᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ

᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠰᠣ᠋ ᠵᠥᠩ ᠱᠧᠩ

ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ

ᠲᠢᠩᠬᠢᠮ ᠤᠨ ᠨᠠᠮ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ

ᠬᠤᠷᠢᠶᠠᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠳᠤ ᠰᠠᠭᠤᠭ᠎ᠠ ᠰᠠᠬᠢᠯᠭ᠎ᠠ ᠪᠠᠲᠤ ᠪᠠᠶᠢᠴᠠᠭᠠᠬᠤ

ᠳᠤᠭᠤᠶᠢᠯᠠᠩ ᠤᠨ ᠳᠠᠷᠤᠭ᠎ᠠ ᠪᠦᠦ ᠱᠠᠨ ᠬᠠᠮᠲᠤ ᠪᠠᠶᠢᠴᠠᠭᠠᠨ ᠰᠤᠳᠤᠯᠤᠯᠲᠠ ᠬᠢᠵᠡᠢ᠃

     ᠯᠢᠨ ᠱᠤᠤ ᠴᠦᠨ ᠡᠩ ᠲᠡᠷᠢᠭᠦᠨ ᠳᠤ ᠬᠠᠶᠢᠷᠤᠪ ᠤᠨ ᠲᠤᠬᠤᠢ ᠶᠢᠨ ᠳᠣᠲᠣᠭᠠᠳᠤ ᠶᠢ ᠬᠠᠮᠠᠭᠠᠯᠠᠬᠤ

ᠬᠤᠪᠢᠶᠠᠷᠢ ᠲᠤᠪᠴᠢᠶᠠᠨ ᠤ ᠳ᠋ᠠᠴᠢᠩ ᠵᠠᠮ ᠤᠨ ᠲᠣᠮᠢᠯᠠᠭᠰᠠᠨ ᠰᠠᠯᠪᠤᠷᠢ ᠳᠤ ᠬᠦᠷᠴᠦ᠂ ᠬᠥᠮᠦᠵᠢᠯ ᠴᠡᠭᠴᠡᠯᠡᠯᠲᠡ ᠶᠢᠨ

ᠠᠵᠢᠯ ᠢ ᠠᠬᠢᠭᠤᠯᠤᠭᠰᠠᠨ ᠪᠠᠶᠢᠳᠠᠯ ᠤᠨ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠴᠤ᠂ ᠤᠯᠠᠨ ᠲᠦᠮᠡᠨ ᠳᠤ

ᠪᠣᠳᠠᠲᠠᠢ ᠶᠠᠪᠤᠳᠠᠯ ᠬᠢᠵᠦ ᠥᠭᠭᠦᠭᠰᠡᠨ ᠵᠡᠷᠭᠡ ᠪᠠᠶᠢᠳᠠᠯ ᠢ ᠭᠦᠨᠵᠡᠭᠡᠢ ᠰᠢᠨᠵᠢᠯᠡᠨ ᠪᠠᠶᠢᠴᠠᠭᠠᠪᠠ᠃ ᠲᠡᠷᠡ ᠵᠢᠭᠠᠵᠤ

ᠭᠠᠷᠭᠠᠭᠰᠠᠨ ᠨᠢ᠂ ᠳᠣᠲᠣᠭᠠᠳᠤ ᠶᠢ ᠬᠠᠮᠠᠭᠠᠯᠠᠬᠤ ᠲᠣᠮᠢᠯᠠᠭᠰᠠᠨ ᠰᠠᠯᠪᠤᠷᠢ ᠦᠨᠳᠦᠰᠦᠨ ᠱᠠᠲᠤᠨ ᠤ ᠨᠢᠭᠡᠳᠦᠭᠡᠷ

ᠹᠷᠣᠨᠲ ᠲᠤ ᠪᠠᠶᠢᠵᠤ᠂ ᠥᠷᠭᠡᠨ ᠣᠯᠠᠨ ᠠᠷᠠᠳ ᠲᠦᠮᠡᠨ ᠳᠤ ᠰᠢᠭᠤᠳ ᠬᠠᠨᠳᠤᠵᠤ᠂ ᠠᠷᠠᠳ ᠣᠯᠠᠨ ᠤ ᠠᠮᠤᠷ

ᠲᠦᠪᠰᠢᠨ᠂ ᠲᠥᠪ ᠭᠤᠤᠯᠴᠢ᠂ ᠰᠢᠳᠤᠷᠭᠤ ᠶᠣᠰᠣ ᠵᠡᠷᠭᠡ ᠶᠢᠨ ᠲᠤᠬᠠᠶ ᠴᠢᠩ ᠰᠡᠳᠬᠢᠯ ᠤᠨ ᠬᠦᠰᠡᠯ ᠡᠷᠡᠮᠡᠯᠵᠡᠯ ᠢ

ᠠᠴᠢᠶᠠᠯᠠᠵᠤ ᠪᠠᠶᠢᠳᠠᠭ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ

ᠦᠢᠯᠡᠳᠦᠯᠭᠡᠵᠢᠭᠦᠯᠵᠦ᠂ ᠤᠯᠠᠨ ᠲᠦᠮᠡᠨ ᠤ ᠠᠮᠢ ᠨᠠᠰᠤ ᠡᠷᠡᠭᠦᠯ ᠮᠡᠨᠳᠤ ᠶᠢᠨ ᠠᠮᠤᠷ ᠲᠦᠪᠰᠢᠨ ᠪᠣᠯᠤᠨ

ᠦᠢᠯᠡᠳᠪᠦᠷᠢᠯᠡᠯ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠳᠡᠷᠭᠡᠳᠡᠬᠢ ᠶᠠᠪᠤᠳᠠᠯ ᠠᠴᠠ ᠡᠬᠢᠯᠡᠨ ᠬᠢᠵᠦ᠂

ᠡᠭᠦᠳᠡ ᠪᠠᠨ ᠨᠡᠭᠡᠭᠡᠵᠦ ᠰᠤᠷᠭᠠᠨ ᠬᠥᠮᠦᠵᠢᠭᠦᠯᠵᠦ ᠴᠡᠭᠴᠡᠯᠡᠬᠦ ᠶᠢ ᠪᠠᠷᠢᠮᠲᠠᠯᠠᠵᠤ᠂ ᠶᠠᠪᠤᠴᠠ ᠶᠢ ᠨᠢ ᠤᠯᠠᠨ

ᠲᠦᠮᠡᠨ ᠢᠶᠠᠷ ᠬᠢᠨᠠᠯᠲᠠ ᠲᠠᠯᠪᠢᠭᠤᠯᠵᠤ᠂ ᠦᠷ᠎ᠡ ᠪᠦᠲᠦᠮᠵᠢ ᠶᠢ ᠨᠢ ᠤᠯᠠᠨ ᠲᠦᠮᠡᠨ ᠢᠶᠠᠷ ᠦᠨᠡᠯᠡᠭᠦᠯᠵᠦ᠂ ᠤᠯᠠᠨ

ᠲᠦᠮᠡᠨ ᠤ ᠠᠮᠤᠷ ᠲᠦᠪᠰᠢᠨ ᠤ ᠲᠦᠷᠦᠭᠳᠡᠯ᠂ ᠵᠣᠯ ᠵᠢᠷᠭᠠᠯ ᠤᠨ ᠲᠦᠷᠦᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠬᠦ

ᠬᠡᠷᠡᠭᠲᠡᠢ᠃ ᠠᠵᠢᠯ ᠤᠨ ᠰᠤᠷᠲᠠᠯ ᠢᠶᠠᠨ ᠲᠠᠰᠤᠷᠠᠯᠲᠠ ᠦᠭᠡᠢ ᠰᠠᠶᠢᠵᠢᠷᠠᠭᠤᠯᠵᠤ᠂ ᠠᠷᠭ᠎ᠠ ᠬᠡᠯᠪᠡᠷᠢ ᠶᠢᠨ ᠰᠢᠨ᠎ᠡ ᠶᠢ

ᠡᠭᠦᠳᠴᠦ᠂ ᠲᠣᠣᠷᠵᠢᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠯᠡ ᠤᠳᠠᠭ᠎ᠠ ᠳᠤ ᠮᠡᠳᠡᠭᠳᠡᠬᠦ ᠳᠦᠷᠢᠮ ᠢ

ᠪᠠᠷᠢᠮᠲᠠᠯᠠᠵᠤ᠂ ᠮᠡᠳᠡᠭᠡ ᠵᠠᠩᠬᠢᠴᠢᠯᠠᠯᠳᠠ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠨᠡᠩ ᠰᠢᠯᠢᠳᠡᠭ ᠳᠥᠭᠦᠮ ᠳᠥᠲᠡ

ᠥᠨᠳᠥᠷ ᠪᠦᠲᠦᠮᠵᠢᠲᠡᠢ ᠪᠠᠷ ᠤᠯᠠᠨ ᠲᠦᠮᠡᠨ ᠳᠤ ᠦᠢᠯᠡᠴᠢᠯᠡᠭᠡ ᠬᠠᠩᠭᠠᠵᠤ᠂ ︽ᠳᠠᠷᠦ᠋ᠢᠬᠠᠨ ᠭᠦᠢᠴᠡᠳᠬᠡᠬᠦ᠂

ᠰᠦᠯᠵᠢᠶᠡᠨ ᠳᠡᠭᠡᠷ᠎ᠡ ᠭᠦᠢᠴᠡᠳᠬᠡᠬᠦ᠂ ᠤᠢᠢᠷ᠎ᠠ ᠬᠠᠪᠢ ᠳᠠᠭᠠᠨ ᠭᠦᠢᠴᠡᠳᠬᠡᠬᠦ᠂ ᠨᠢᠭᠡ ᠯᠡ ᠤᠳᠠᠭ᠎ᠠ ᠳᠤ

ᠭᠦᠢᠴᠡᠳᠬᠡᠬᠦ︾ ᠶᠢ ᠪᠣᠳᠠᠲᠠᠢ ᠠᠵᠢᠯ ᠤᠨ ᠳᠤᠮᠳᠠ ᠪᠠᠨ ᠦᠨᠡᠨᠬᠦ ᠨᠠᠶᠢᠳᠠᠪᠤᠷᠢᠵᠢᠭᠤᠯᠬᠤ ᠬᠡᠷᠡᠭᠲᠡᠢ ᠬᠡᠵᠡᠢ᠃

     ᠬᠠᠶᠢᠷᠤᠪ ᠤᠨ ᠲᠤᠬᠤᠢ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶ᠎ᠠ ᠳᠤ᠂ ᠯᠢᠨ ᠱᠤᠤ ᠴᠦᠨ

ᠬᠥᠮᠦᠵᠢᠯ ᠴᠡᠭᠴᠡᠯᠡᠯᠲᠡ ᠶᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ

ᠬᠤᠯᠪᠣᠭᠳᠠᠯ ᠪᠦᠬᠦᠢ ᠠᠰᠠᠭᠤᠳᠠᠯ ᠤᠨ ᠲᠣᠭᠤᠷᠢᠨ ᠳᠤ ᠤᠯᠠᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃ ᠲᠡᠷᠡ

ᠵᠢᠭᠠᠵᠤ ᠭᠠᠷᠭᠠᠭᠰᠠᠨ ᠨᠢ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ

ᠲᠤᠤᠱᠯᠠᠭᠤᠯᠬᠤ ᠶᠢ ᠥᠪᠥᠷ ᠮᠣᠩᠭᠤᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠰᠢ ᠶᠢᠨ ᠫᠢᠩ

ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ

ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ

ᠲᠤᠤᠱᠯᠠᠭᠤᠯᠵᠤ᠂ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ

ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠤᠷᠤᠯᠴᠠᠯᠭ᠎ᠠ ᠬᠥᠮᠦᠵᠢᠯ ᠤᠨ ︽ᠲᠣᠭᠲᠠᠭᠰᠠᠨ

ᠬᠥᠳᠡᠯᠭᠡᠭᠡᠨ︾ ᠢᠶᠠᠨ ᠰᠠᠶᠢᠲᠤᠷ ᠬᠢᠵᠦ᠂ ᠬᠥᠮᠦᠵᠢᠯ ᠴᠡᠭᠴᠡᠯᠡᠯᠲᠡ ᠶᠢᠨ ᠭᠦᠨᠵᠡᠭᠡᠶᠢᠷᠡᠨ ᠪᠣᠳᠠᠲᠠᠶᠢᠵᠢᠬᠤ ᠶᠢ

ᠠᠬᠢᠭᠤᠯᠬᠤ ᠬᠡᠷᠡᠭᠲᠡᠢ᠃ ︽ᠬᠤᠪᠢᠰᠬᠠᠯᠵᠢᠭᠤᠯᠬᠤ᠂ ᠵᠢᠩᠬᠢᠨᠢᠴᠢᠯᠡᠬᠦ᠂ ᠲᠤᠰᠬᠠᠶᠢᠵᠢᠭᠤᠯᠬᠤ᠂ ᠲᠤᠰᠬᠠᠢ

ᠮᠡᠷᠭᠡᠵᠢᠯᠴᠢᠯᠡᠬᠦ︾ ᠱᠠᠭᠠᠷᠳᠠᠯᠭ᠎ᠠ ᠶᠣᠰᠣᠭᠠᠷ᠂ ᠵᠠᠯᠠᠭᠤ ᠪᠠᠶᠢᠴᠠᠭᠠᠬᠤ ᠲᠤᠰᠢᠶᠠᠯᠲᠠᠨ ᠢ ᠬᠥᠮᠦᠵᠢᠭᠦᠯᠬᠦ ᠶᠢ

ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠪᠠᠶᠢᠴᠠᠭᠠᠬᠤ ᠠᠵᠢᠯ ᠤᠨ ᠬᠡᠷᠡᠭᠴᠡᠭᠡ ᠳᠤ ᠵᠣᠬᠢᠴᠠᠭᠤᠯᠬᠤ ᠬᠡᠷᠡᠭᠲᠡᠢ᠃

ᠢᠯᠡ ᠪᠠᠷ ᠭᠡᠷᠡᠴᠢᠯᠡᠭᠡ ᠰᠣᠨᠣᠰᠬᠤ ᠵᠡᠷᠭᠡ ᠠᠷᠭ᠎ᠠ ᠮᠠᠶ᠋ᠢᠭ ᠢ ᠭᠦᠢᠴᠡᠳ ᠬᠡᠷᠡᠭᠯᠡᠨ᠂ ᠨᠡᠶᠢᠭᠡᠮ ᠤᠨ ᠵᠥᠷᠢᠴᠡᠯ ᠢ ᠦᠨᠡᠨ

ᠬᠦ ᠪᠦᠲᠦᠮᠵᠢᠲᠡᠶ ᠪᠠᠷ ᠠᠷᠢᠯᠭᠠᠵᠤ᠂ ᠬᠠᠤᠯᠢ ᠴᠠᠭᠠᠵᠠ ᠶᠢᠨ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ

ᠳᠡᠭᠡᠭᠰᠢᠯᠡᠭᠦᠯᠬᠦ ᠬᠡᠷᠡᠭᠲᠡᠶ ᠬᠡᠵᠡᠢ᠃

     ᠤᠳᠠ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ᠂ ᠯᠢᠨ ᠱᠤᠤ ᠴᠦᠨ ᠬᠥᠮᠦᠵᠢᠯ ᠴᠡᠭᠴᠡᠯᠡᠯᠲᠡ

ᠥᠷᠨᠢᠭᠦᠯᠦᠭᠰᠡᠨ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ ᠴᠢᠬᠤᠯᠠᠴᠢᠯᠠᠭᠰᠠᠨ ᠨᠢ᠂ ᠠᠷᠠᠳ ᠤᠨ ᠰᠢᠭᠦᠬᠦ

ᠬᠤᠷᠢᠶ᠎ᠠ ᠪᠣᠯ ᠲᠥᠪ ᠭᠤᠣᠯᠴᠢ ᠪᠠᠷ ᠬᠠᠤᠯᠢ ᠪᠠᠷᠢᠬᠤ ᠶᠢᠨ ᠬᠠᠮᠤᠭ ᠡᠴᠦᠰ ᠤᠨ ᠰᠡᠷᠭᠡᠶᠢᠯᠡᠯᠲᠡ ᠶᠢᠨ ᠱᠤᠭᠤᠮ ᠮᠥᠨ

᠂ ᠢᠮᠠᠭᠲᠠ ᠲᠥᠪ ᠭᠤᠣᠯᠴᠢ ᠪᠠᠷ ᠬᠠᠤᠯᠢ ᠪᠠᠷᠢᠬᠤ ᠶᠢᠨ ᠲᠣᠭᠤᠷᠢᠨ ᠳᠤ᠂ ᠠᠷᠠᠳ ᠤᠨ ᠲᠥᠯᠥᠭᠡ ᠬᠠᠤᠯᠢ ᠪᠠᠷᠢᠬᠤ

ᠤᠬᠠᠮᠰᠠᠷ ᠢ ᠪᠠᠲᠤ ᠪᠤᠢ ᠪᠣᠯᠭᠠᠵᠤ᠂ ᠠᠷᠠᠳ ᠤᠯᠠᠨ ᠳᠤ ᠬᠠᠤᠯᠢ ᠴᠠᠭᠠᠵᠠ ᠶᠢᠨ ᠬᠡᠷᠡᠭ ᠨᠢᠭᠡᠪᠦᠷᠢ ᠠᠴᠠ ᠲᠥᠪ

ᠭᠤᠣᠯᠴᠢ ᠰᠢᠳᠤᠷᠭᠤ ᠶᠣᠰᠣ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ᠃ ᠵᠢᠭᠤᠷᠠᠯᠳᠤᠭᠠᠨ ᠢ ᠰᠢᠢᠳᠪᠦᠷᠢᠯᠡᠬᠦ

ᠤᠯᠠᠨ ᠡᠰᠢᠴᠢᠯᠡᠭᠰᠡᠨ ᠲᠣᠭᠲᠠᠴᠠ ᠶᠢ ᠪᠠᠶᠢᠭᠤᠯᠵᠤ᠂ ᠵᠠᠭᠠᠯᠳᠤᠬᠤ ᠠᠴᠠ ᠡᠮᠦᠨᠡᠬᠢ ᠡᠶᠡᠳᠡᠭᠦᠯᠬᠦ ᠦᠢᠯᠡᠳᠦᠯ ᠢᠶᠠᠨ

ᠭᠦᠢᠴᠡᠳ ᠪᠠᠳᠠᠷᠠᠭᠤᠯᠤᠨ᠂ ᠨᠡᠶᠢᠭᠡᠮ ᠤᠨ ᠡᠯ᠎ᠡ ᠵᠦᠢᠯ ᠤᠨ ᠵᠥᠷᠢᠴᠡᠯ ᠢ ᠴᠠᠭ ᠲᠤᠬᠠᠶ ᠳᠤᠨᠢ ᠲᠣᠬᠢᠲᠠᠶ

ᠰᠢᠢᠳᠪᠦᠷᠢᠯᠡᠵᠦ᠂ ᠰᠢᠭᠦᠬᠦ ᠬᠤᠷᠢᠶᠠᠨ ᠤ ᠠᠵᠢᠯ ᠳᠤ ᠨᠡᠶᠢᠭᠡᠮ ᠤᠨ ᠬᠠᠨᠤᠮᠵᠢᠲᠠᠶ ᠪᠠᠶᠢᠬᠤ ᠬᠡᠮᠵᠢᠶ᠎ᠡ ᠶᠢ

ᠳᠡᠭᠡᠭᠰᠢᠯᠡᠭᠦᠯᠬᠦ ᠬᠡᠷᠡᠭᠲᠡᠶ ᠬᠡᠵᠡᠢ᠃

     ᠬᠤᠲᠠ ᠶᠢᠨ ᠠᠯᠪᠠᠳᠠᠯᠭ᠎ᠠ ᠪᠠᠷ ᠲᠤᠰᠠᠭᠠᠷᠯᠠᠵᠤ ᠬᠤᠤᠷ ᠲᠠᠲᠠᠬᠤ ᠶᠢ ᠵᠣᠭᠰᠣᠭᠠᠬᠤ ᠭᠠᠵᠠᠷ ᠲᠤ ᠬᠦᠷᠴᠦ᠂

ᠯᠢᠨ ᠱᠣᠤ ᠴᠦᠨ ᠦᠨᠳᠦᠰᠦᠨ ᠱᠠᠲᠤᠨ ᠤ ᠠᠷᠠᠳ ᠤᠨ ᠴᠠᠭᠳᠠᠭ᠎ᠠ᠂ ᠤᠯᠤᠰ ᠲᠥᠷᠥ ᠬᠠᠤᠯᠢ ᠴᠠᠭᠠᠵᠠ ᠶᠢᠨ

ᠺᠠᠳ᠋ᠷᠴᠤᠳ ᠲᠠᠢ ᠰᠠᠨᠠᠯ ᠢᠶᠠᠨ ᠭᠦᠨᠵᠡᠭᠡᠶ ᠰᠣᠯᠢᠯᠴᠠᠵᠤ᠂ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡᠨ ᠤ

ᠬᠥᠮᠦᠵᠢᠯ ᠴᠡᠭᠴᠡᠯᠡᠯᠲᠡ ᠶᠢᠨ ᠠᠵᠢᠯ ᠥᠷᠨᠢᠭᠦᠯᠵᠦ ᠪᠠᠶᠢᠭ᠎ᠠ ᠪᠠᠶᠢᠳᠠᠯ ᠢ ᠰᠢᠰᠲ᠋ᠧᠮ ᠲᠠᠢ ᠣᠶᠢᠯᠠᠭᠠᠪᠠ᠃ ᠲᠡᠷᠡ

ᠴᠢᠬᠤᠯᠠᠴᠢᠯᠠᠭᠰᠠᠨ ᠨᠢ᠂ ︽ᠭᠤᠷᠪᠠ ᠶᠢ ᠦᠵᠡᠬᠦ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂

ᠰᠤᠷᠤᠯᠴᠠᠯᠭ᠎ᠠ ᠬᠥᠮᠦᠵᠢᠯ ᠤᠨ ᠱᠠᠲᠤᠨ ᠤ ᠦᠷ᠎ᠡ ᠪᠦᠲᠦᠭᠡᠯ ᠢ ︽ᠭᠤᠷᠪᠠ ᠶᠢ ᠦᠵᠡᠬᠦ︾ ᠱᠠᠭᠠᠷᠳᠠᠯᠭ᠎ᠠ ᠪᠠᠷ

ᠬᠠᠷᠢᠴᠠᠭᠤᠯᠤᠨ᠂ ᠬᠥᠮᠦᠵᠢᠯ ᠴᠡᠭᠴᠡᠯᠡᠯᠲᠡ ᠶᠢᠨ ᠪᠣᠳᠠᠲᠤ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠡᠶ

     ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠯᠢᠨ ᠱᠣᠣ ᠴᠦᠨ ᠴᠢᠬᠤᠯᠠᠴᠢᠯᠠᠭᠰᠠᠨ ᠨᠢ᠂ ᠦᠬᠠᠶ

ᠬᠤᠲᠠ ᠶᠢᠨ ᠡᠯ᠎ᠡ ᠱᠠᠲᠤᠨ ᠤ ᠤᠯᠤᠰ ᠲᠥᠷᠥ ᠬᠠᠤᠯᠢ ᠴᠠᠭᠠᠵᠠ ᠶᠢᠨ ᠨᠢᠭᠡᠴᠡ ᠶᠢᠨ ᠬᠢᠨ ᠤᠯᠤᠰ ᠲᠥᠷᠥ ᠶᠢᠨ

ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ

ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠥᠪ ᠬᠤᠷᠢᠶᠠᠨ

 ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ

ᠠᠵᠢᠯ ᠤᠨ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠨᠠᠮ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠳᠠᠬᠢ

ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ

ᠬᠠᠤᠯᠢᠵᠢᠯ ᠤᠨ ᠵᠠᠮ ᠢ ᠪᠠᠷᠢᠮᠲᠠᠯᠠᠵᠤ᠂ ︽ᠲᠦᠷᠪᠡᠨ ᠵᠦᠢᠯ ᠤᠨ ᠡᠭᠦᠷᠭᠡ︾ ᠳᠤ ᠠᠩᠬᠠᠷᠤᠯ ᠢᠶᠠᠨ ᠲᠥᠪᠯᠡᠷᠡᠭᠦᠯᠦᠨ

ᠬᠦᠴᠦᠯᠡᠵᠦ᠂ ︽ᠭᠤᠷᠪᠠᠨ ᠭᠤᠭᠴᠤᠭ᠎ᠠ︾ ᠶᠢᠨ ᠠᠵᠢᠯ ᠢ ᠪᠣᠳᠠᠲᠠᠢ ᠪᠦᠭᠡᠳ ᠨᠠᠷᠢᠯᠢᠭ ᠠᠳᠬᠤᠵᠤ᠂

ᠡᠩᠨᠡᠭᠡᠨ ᠳᠠᠬᠢ ᠦᠵᠡᠯ ᠰᠠᠨᠠᠭ᠎ᠠ᠂ ᠤᠯᠤᠰ ᠲᠦᠷᠦ᠂ ᠵᠣᠬᠢᠶᠠᠨ ᠪᠠᠶᠢᠭᠤᠯᠤᠯᠲᠠ᠂ ᠰᠤᠷᠲᠠᠯ ᠴᠡᠪᠡᠷ ᠪᠤᠰᠤ ᠪᠠᠶᠢᠬᠤ

ᠠᠰᠠᠭᠤᠳᠠᠯ ᠢ ᠰᠢᠢᠳᠪᠦᠷᠢᠯᠡᠵᠦ᠂ ᠥᠷᠭᠡᠨ ᠤᠯᠠᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ

ᠱᠠᠯᠠᠪᠳᠠᠭᠤᠯᠤᠨ ᠨᠠᠮ ᠪᠣᠯᠤᠨ ᠠᠷᠠᠳ ᠲᠦᠮᠡᠨ ᠠᠴᠠ ᠣᠯᠭᠤᠭᠰᠠᠨ ᠰᠢᠨ᠎ᠡ ᠴᠠᠭ ᠦᠶ᠎ᠡ ᠶᠢᠨ ᠡᠭᠦᠷᠭᠡ

ᠬᠠᠷᠢᠭᠤᠴᠠᠯᠭ᠎ᠠ ᠶᠢ ᠨᠡᠩ ᠰᠠᠶᠢᠲᠤᠷ ᠡᠭᠦᠷᠭᠡᠯᠡᠭᠦᠯᠬᠦ ᠬᠡᠷᠡᠭᠲᠡᠢ᠃ ᠤᠯᠤᠰ ᠲᠦᠷᠦ ᠶᠢᠨ ᠦᠨᠡᠨᠴᠢ ᠰᠢᠳᠤᠷᠭᠤ ᠶᠢ

ᠪᠠᠲᠤᠳᠬᠠᠬᠤ᠂ ᠤᠯᠤᠰ ᠲᠦᠷᠦ ᠶᠢᠨ ᠤᠭ ᠴᠢᠨᠠᠷ ᠢᠶᠠᠨ ᠡᠭᠦᠷᠢᠳᠡ ᠬᠠᠳᠠᠭᠠᠯᠠᠬᠤ᠂ ᠤᠯᠤᠰ ᠲᠦᠷᠦ ᠶᠢᠨ ᠬᠦᠳᠦᠯᠦᠨ

ᠳᠠᠭᠠᠭᠤᠯᠬᠤ ᠦᠢᠯᠡᠳᠦᠯ ᠢᠶᠠᠨ ᠲᠤᠪᠤᠶᠢᠯᠭᠠᠬᠤ᠂ ᠦᠨᠡᠨᠴᠢ ᠰᠢᠳᠤᠷᠭᠤ ᠠᠷᠢᠭᠤᠨ ᠴᠡᠪᠡᠷ ᠨᠠᠶᠢᠳᠠᠪᠤᠷᠢᠲᠠᠢ ᠪᠠᠶᠢᠬᠤ

ᠡᠨᠡᠬᠦ ᠦᠨᠳᠦᠰᠦᠨ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠯᠭ᠎ᠠ ᠬᠥᠮᠦᠵᠢᠯ ᠢ ᠢᠮᠠᠭᠲᠠ

ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠲᠠᠢ ᠨᠢᠭᠲᠠ ᠤᠶᠠᠯᠳᠤᠭᠤᠯᠵᠤ᠂ ᠤᠨᠤᠯ ᠢᠶᠠᠷ

ᠵᠡᠪᠰᠡᠭᠯᠡᠬᠦ ᠪᠠᠨ ᠴᠢᠩᠭᠠᠳᠬᠠᠵᠤ᠂ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠵᠤ᠂ ᠤᠯᠤᠰ ᠲᠦᠷᠦ ᠶᠢᠨ

ᠤᠬᠠᠮᠰᠠᠷ᠂ ᠤᠯᠤᠰ ᠲᠦᠷᠦ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠪᠣᠳᠠᠲᠠᠢ ᠦᠷ᠎ᠡ ᠪᠦᠲᠦᠮᠵᠢ ᠪᠠᠷ ᠢᠶᠠᠨ ︽

ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠠᠮᠲᠤ ᠨᠡᠶᠢᠳᠡ ᠶᠢᠨ ᠬᠠᠷᠢ ᠡᠳᠡᠭᠡᠳ ᠢ

ᠠᠷᠢᠯᠭᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠡᠮ ᠠᠷᠬᠠᠭ ᠢ ᠴᠡᠭᠴᠡᠯᠡᠨ ᠵᠠᠰᠠᠵᠤ᠂ ᠥᠪᠡᠷ ᠢ ᠪᠠᠨ

ᠪᠠᠶᠢᠴᠠᠭᠠᠬᠤ ᠶᠢ ᠵᠣᠬᠢᠶᠠᠨ ᠪᠠᠶᠢᠭᠤᠯᠤᠯᠲᠠ ᠠᠴᠠ ᠪᠠᠶᠢᠴᠠᠭᠠᠨ ᠰᠢᠢᠳᠪᠦᠷᠢᠯᠡᠬᠦ ᠲᠠᠢ ᠤᠶᠠᠯᠳᠤᠭᠤᠯᠵᠤ᠂

ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠠᠷᠠᠳ ᠤᠨ ᠰᠠᠨᠠᠭ᠎ᠠ ᠪᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ

ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠢᠲᠤᠭᠠᠨ ᠤ ᠢᠷ ᠢᠶᠠᠨ ᠳᠣᠲᠣᠭᠰᠢ ᠪᠠᠨ ᠬᠠᠨᠳᠤᠭᠤᠯᠬᠤ᠂

ᠶᠠᠰᠤ ᠶᠢ ᠨᠢ ᠬᠤᠰᠤᠵᠤ ᠬᠤᠣᠷ ᠢ ᠨᠢ ᠵᠠᠰᠠᠬᠤ ᠵᠣᠷᠢᠭ ᠰᠠᠨᠠᠭ᠎ᠠ ᠪᠠᠷ ᠪᠠᠶᠢᠴᠠᠭᠠᠨ ᠵᠠᠯᠠᠷᠠᠭᠤᠯᠵᠤ ᠴᠡᠭᠴᠡᠯᠡᠨ

ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ᠪᠠᠭᠠᠲᠤᠷ ᠵᠢᠱᠢᠶᠡᠴᠢ ᠶᠢᠨ ᠵᠣᠷᠢᠭ ᠰᠠᠨᠠᠭ᠎ᠠ ᠶᠢ ᠶᠡᠬᠡᠪᠡᠷ

ᠪᠠᠳᠠᠷᠠᠭᠤᠯᠵᠤ᠂ ᠭᠤᠣᠯ ᠬᠦᠭ ᠠᠶᠠᠰ ᠢ ᠦᠷᠭᠦᠯᠵᠢᠯᠡᠨ ᠴᠢᠪᠬᠠᠳᠠᠵᠤ᠂ ᠢᠳᠡᠪᠬᠢ ᠬᠦᠴᠦᠨ ᠢ ᠳᠠᠮᠵᠢᠭᠤᠯᠬᠤ

ᠬᠡᠷᠡᠭᠲᠡᠢ᠃ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠨᠠᠶᠢᠳᠠᠪᠤᠷᠢᠵᠢᠭᠤᠯᠵᠤ᠂ ᠶᠣᠰᠣ ᠶᠢᠨ ᠲᠡᠳᠦᠢ

ᠥᠩᠭᠡᠷᠡᠭᠦᠯᠬᠦ᠂ ᠬᠡᠯᠪᠡᠷᠢ ᠶᠢᠨ ᠲᠡᠳᠦᠢ ᠪᠠᠶᠢᠬᠤ ᠶᠢ ᠦᠨᠡᠨᠬᠦ ᠰᠡᠷᠭᠡᠶᠢᠯᠡᠬᠦ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ

ᠪᠣᠳᠠᠲᠠᠶᠢᠵᠢᠭᠤᠯᠵᠤ᠂ ︽ᠵᠠᠩᠭᠢᠯᠠᠭ᠎ᠠ ᠶᠢᠨ ᠴᠥᠭᠡᠨ ᠲᠣᠭᠠᠲᠠᠨ︾ ᠢ ᠠᠳᠬᠤᠵᠤ᠂ ᠳᠡᠭᠡᠳᠦ ᠱᠠᠳᠤ ᠨᠢ ᠲᠤᠤᠷᠠᠳᠦ

ᠱᠠᠳᠤ ᠪᠠᠨ ᠳᠠᠭᠠᠭᠤᠯᠬᠤ ᠶᠢ ᠪᠠᠷᠢᠮᠲᠠᠯᠠᠵᠤ᠂ ᠳᠠᠷᠤᠯᠲᠠ ᠳᠠᠮᠵᠢᠭᠤᠯᠬᠤ ᠶᠢ ᠴᠢᠩᠭᠠᠳᠬᠠᠵᠤ᠂ ᠰᠤᠷᠤᠯᠴᠠᠯᠭ᠎ᠠ ᠶᠢᠨ

ᠦᠷ᠎ᠡ ᠪᠦᠲᠦᠭᠡᠯ ᠢ ᠪᠣᠳᠠᠲᠠᠢ ᠠᠵᠢᠯ ᠤᠨ ᠳᠤᠮᠳᠠ ᠪᠠᠨ ᠨᠠᠶᠢᠳᠠᠪᠤᠷᠢᠵᠢᠭᠤᠯᠵᠤ᠂ ᠡᠨᠡ ᠣᠳᠠᠭᠠᠨ ᠤ ᠤᠯᠤᠰ ᠲᠦᠷᠦ

ᠬᠠᠤᠯᠢ ᠴᠠᠭᠠᠵᠠ ᠶᠢᠨ ᠡᠩᠨᠡᠭᠡᠨ ᠤ ᠰᠤᠷᠲᠠᠯ ᠢ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠬᠤ ᠪᠣᠭᠤᠮᠲᠠ

ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠬᠥᠮᠦᠵᠢᠯ ᠴᠡᠭᠴᠡᠯᠡᠯᠲᠡ ᠶᠢᠨ ᠪᠣᠳᠠᠲᠠᠢ ᠦᠷ᠎ᠡ

ᠪᠦᠲᠦᠮᠵᠢ ᠪᠠᠷ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠠᠷᠠᠳ ᠤᠯᠠᠨ ᠤ ᠳᠤᠮᠳᠠᠬᠢ ᠲᠦᠷᠢ ᠲᠥᠷᠬᠦ ᠶᠢ

ᠲᠠᠬᠢᠨ ᠱᠤᠭᠤᠬᠤ ᠬᠡᠷᠡᠭᠲᠡᠢ ᠬᠡᠵᠡᠢ᠃

 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号