ᠬᠠᠶᠢᠷᠤᠪ ᠤᠨ ᠲᠤᠬᠤᠢ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠬᠠᠤᠯᠢ ᠲᠦᠭᠡᠮᠡᠯᠵᠢᠬᠦᠯᠬᠦ ᠠᠵᠢᠯᠯᠠᠭ᠎ᠠ ᠦᠷᠨᠢᠬᠦᠯᠪᠡ
ᠨᠡᠶᠢᠲᠡᠯᠡᠭᠰᠡᠨ ᠴᠠᠭ᠄
2021/4/7
     ᠠᠶᠤᠯᠭᠦᠢ ᠦᠢᠯᠡᠳᠪᠦᠷᠢᠯᠡᠯ ᠤᠨ ᠠᠵᠢᠯ ᠢ ᠴᠢᠩᠭᠠᠳᠬᠠᠵᠤ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠢ ᠰᠡᠷᠭᠡᠶᠢᠯᠡᠨ ᠪᠠᠭᠠᠰᠬᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠤᠢᠢᠷ᠎ᠠ ᠶᠢᠨ ᠡᠳᠦᠷ᠂ ᠬᠠᠶᠢᠷᠤᠪ ᠤᠨ ᠲᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ ᠥᠪᠥᠷ ᠮᠣᠩᠭᠤᠯ ᠤᠨ ᠾᠧᠩ ᠲᠦᠩ ᠲᠣᠨᠣᠭᠯᠠᠯ ᠦᠢᠯᠡᠳᠬᠦ ᠬᠢᠵᠠᠭᠠᠷᠲᠤ ᠺᠣᠮᠫᠠᠨᠢ ᠳᠤ ︽ᠬᠠᠤᠯᠢ ᠴᠠᠭᠠᠵᠠ ᠶᠢᠨ ᠦᠢᠯᠡᠴᠢᠯᠡᠭᠡ ᠶᠢ ᠠᠵᠤ ᠠᠬᠤᠶᠢᠯᠠᠯ ᠳᠤ ᠣᠷᠣᠭᠤᠯᠵᠤ᠂ ᠠᠶᠤᠯᠭᠦᠢ ᠦᠢᠯᠡᠳᠪᠦᠷᠢᠯᠡᠯ ᠤᠨ ᠣᠷᠴᠢᠨ ᠲᠣᠭᠤᠷᠢᠨ ᠢ ᠪᠤᠢ ᠪᠣᠯᠭᠠᠬᠤ ᠳᠤ ᠬᠦᠴᠦᠨ ᠨᠡᠮᠡᠷᠢᠯᠡᠬᠦ︾ ᠬᠠᠤᠯᠢ ᠴᠠᠭᠠᠵᠠ ᠶᠢᠨ ᠮᠡᠳᠡᠯᠭᠡ ᠶᠢ ᠲᠦᠭᠡᠮᠡᠯᠵᠢᠭᠦᠯᠬᠦ ᠲᠤᠰᠬᠠᠢ ᠰᠡᠳᠦᠪᠲᠦ ᠲᠠᠶᠢᠯᠤᠮᠵᠢ ᠶᠢ ᠵᠣᠬᠢᠶᠠᠨ ᠪᠠᠶᠢᠭᠤᠯᠵᠤ ᠥᠷᠨᠢᠭᠦᠯᠵᠡᠢ᠃      ᠠᠶᠤᠯᠭᠦᠢ ᠦᠢᠯᠡᠳᠪᠦᠷᠢᠯᠡᠯ ᠨᠢ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠠᠮᠤᠷ ᠲᠦᠪᠰᠢᠨ ᠬᠥᠭᠵᠢᠯᠲᠡ᠂ ᠪᠣᠬᠢᠷᠲᠤᠯ ᠦᠭᠡᠢ ᠬᠥᠭᠵᠢᠯᠲᠡ ᠲᠠᠢ ᠬᠤᠯᠪᠣᠭᠳᠠᠵᠤ ᠪᠠᠶᠢᠳᠠᠭ᠃ ᠲᠠᠶᠢᠯᠤᠮᠵᠢ ᠳᠤ᠂ ᠬᠠᠶᠢᠷᠤᠪ ᠤᠨ ᠳᠤᠬᠤᠢ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶᠠᠨ ᠤ ᠠᠵᠢᠯᠳᠠᠨ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠡᠷᠡᠭᠦᠦ ᠶᠢᠨ ᠬᠠᠤᠯᠢ ᠳᠤ ᠵᠠᠰᠠᠪᠤᠷᠢ ᠣᠷᠣᠭᠤᠯᠤᠭᠰᠠᠨ ᠲᠥᠰᠦᠯ ︵ᠠᠷᠪᠠᠨ ᠨᠢᠭᠡ︶︾ ᠤᠨ ᠪᠣᠳᠠᠲᠠᠢ ᠬᠠᠤᠯᠢ ᠴᠠᠭᠠᠵᠠ ᠶᠢᠨ ᠵᠦᠢᠯ ᠵᠤᠷᠪᠤᠰ ᠢ ᠦᠨᠳᠦᠰᠦᠯᠡᠨ ᠨᠠᠷᠢᠨ ᠲᠠᠶᠢᠯᠤᠮᠵᠢ ᠬᠢᠵᠡᠢ᠃ ᠡᠭᠦᠨ ᠤ ᠵᠡᠷᠭᠡᠴᠡᠭᠡᠪᠡᠷ ᠠᠳᠡᠯ ᠭᠠᠷᠬᠤ ᠠᠴᠠ ᠡᠮᠦᠨᠡᠬᠢ ᠬᠠᠤᠯᠢ ᠶᠢ ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠶᠢ ᠡᠷᠡᠭᠦᠦ ᠶᠢᠨ ᠬᠡᠷᠡᠭ ᠲᠤ ᠣᠷᠣᠭᠤᠯᠵᠤ᠂ ᠬᠠᠤᠯᠢ ᠴᠠᠭᠠᠵᠠ ᠶᠢᠨ ᠠᠷᠭ᠎ᠠ ᠪᠠᠷᠢᠯ ᠢᠶᠠᠷ ᠳᠠᠮᠵᠢᠭᠤᠯᠤᠨ ᠠᠶᠤᠯᠭᠦᠶ ᠦᠢᠯᠡᠳᠪᠦᠷᠢᠯᠡᠯ ᠳᠤ ᠬᠦᠨᠳᠦ ᠨᠣᠴᠢᠲᠠᠶ ᠬᠤᠣᠷ ᠬᠥᠨᠥᠭᠡᠯ ᠤᠴᠠᠷᠠᠭᠤᠯᠤᠭᠰᠠᠨ ᠦᠢᠯᠡ ᠠᠵᠢᠯᠯᠠᠭ᠎ᠠ ᠶᠢ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠬᠤ ᠪᠣᠯ ᠠᠶᠤᠯᠭᠦᠶ ᠦᠢᠯᠡᠳᠪᠦᠷᠢᠯᠡᠯ ᠤᠨ ᠠᠵᠢᠯ ᠢ ᠴᠢᠩᠭᠠᠳᠬᠠᠬᠤ ᠶᠢ ᠨᠡᠶᠢᠭᠡᠮ ᠳᠠᠶᠠᠭᠠᠷ ᠢᠶᠠᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠶᠢᠨ ᠪᠣᠳᠠᠲᠠᠶ ᠢᠯᠡᠷᠡᠯ ᠮᠥᠨ᠂ ᠪᠠᠰᠠ ᠴᠤ ᠬᠠᠤᠯᠢ ᠪᠠᠷ ᠤᠯᠤᠰ ᠢᠶᠠᠨ ᠵᠠᠰᠠᠬᠤ᠂ ᠬᠠᠤᠯᠢ ᠪᠠᠷ ᠠᠮᠤᠷ ᠲᠦᠪᠰᠢᠨ ᠢ ᠬᠠᠮᠠᠭᠠᠯᠠᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠮᠥᠨ ᠭᠡᠵᠦ ᠤᠯᠠᠨ ᠳᠤ ᠬᠡᠯᠡᠵᠦ ᠥᠭᠭᠦᠭᠰᠡᠨ ᠪᠥᠭᠡᠳ ᠡᠭᠦᠨ ᠢᠶᠠᠷ ᠠᠵᠤ ᠠᠬᠤᠶᠢᠯᠠᠯ ᠤᠨ ᠠᠵᠢᠯᠳᠠᠨ ᠠᠵᠢᠯᠴᠢᠨ ᠢ ᠬᠥᠲᠥᠯᠥᠨ ᠵᠢᠯᠣᠭᠤᠳᠴᠤ᠂ ᠠᠶᠤᠯᠭᠦᠶ ᠦᠢᠯᠡᠳᠪᠦᠷᠢᠯᠡᠯ ᠤᠨ ᠠᠵᠢᠯ ᠢ ᠢᠳᠡᠪᠬᠢᠲᠡᠶ ᠠᠩᠬᠠᠷᠤᠭᠤᠯᠵᠠᠶ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号