ᠮᠠᠨ ᠤ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠣᠯᠠᠨ ᠵᠦᠢᠯ ᠤᠨ ᠬᠡᠯᠪᠡᠷᠢ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/7
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠭᠰᠡᠨ ᠠᠴᠠ ᠨᠠᠰᠢ᠂ ᠪᠦᠬᠦ ᠬᠤᠳᠠ ᠶᠢᠨ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠵᠠᠯᠠᠭᠤᠴᠤᠳ ᠪᠠᠭᠠᠴᠤᠳ ᠢ ᠬᠦᠳᠦᠯᠦᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠵᠦ᠂ ᠨᠠᠮ ᠢᠶᠠᠨ ᠲᠠᠭᠠᠵᠦ᠂ ᠬᠥᠮᠦᠨ ᠤ ᠠᠮᠢᠳᠤᠷᠠᠯ ᠤᠨ ᠠᠩᠬᠠᠨ ᠤ ᠵᠠᠩᠭᠢᠯᠠᠭ᠎ᠠ ᠶᠢ ᠰᠠᠶᠢᠲᠤᠷ ᠠᠳᠬᠤᠪᠠ᠃      ᠤᠢᠢᠷ᠎ᠠ ᠳᠤ᠂ ᠬᠠᠶᠢᠷᠤᠪ ᠤᠨ ᠲᠤᠬᠤᠢ ᠲᠣᠭᠤᠷᠢᠭ ᠤᠨ ᠭᠤᠷᠪᠠᠳᠤᠭᠠᠷ ᠪᠠᠭ᠎ᠠ ᠰᠤᠷᠭᠠᠭᠤᠯᠢ ︽ᠬᠡᠦᠬᠡᠳ ᠤᠨ ᠰᠡᠳᠬᠢᠯ ᠢᠶᠠᠷ ᠨᠠᠮ ᠳᠠᠭᠠᠨ ᠵᠠᠭᠤᠨ ᠵᠢᠯ ᠤᠨ ᠪᠠᠶᠠᠷ ᠬᠦᠷᠭᠡᠵᠦ᠂ ᠨᠠᠮ ᠤᠨ ᠲᠡᠦᠬᠡ ᠶᠢᠨ ᠦᠯᠢᠭᠡᠷ ᠢ ᠪᠢ ᠶᠠᠷᠢᠶ᠎ᠠ︾ ᠭᠡᠬᠦ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠬᠢᠯᠡᠪᠡ᠃ ︽ᠪᠢᠴᠢᠬᠠᠨ ᠪᠠᠭᠠᠲᠤᠷ ᠸᠠᠩ ᠡᠯ ᠰᠢᠶᠤᠤ︾ ︽ᠯᠢᠦ ᠬᠤ᠋ ᠯᠠᠨ︾ ︽ᠳᠤᠮᠳᠠᠳᠤ ᠤᠯᠤᠰ ᠤᠨ ᠡᠪ ᠬᠠᠮᠲᠤ ᠨᠠᠮ ᠠᠳᠡ ᠠᠴᠠ ᠮᠡᠨᠳᠦᠯᠡᠭᠰᠡᠨ︾ ᠵᠡᠷᠭᠡ ᠬᠥᠮᠦᠰ ᠤᠨ ᠰᠡᠳᠬᠢᠯ ᠢ ᠬᠥᠳᠡᠯᠭᠡᠮ᠎ᠡ ᠦᠯᠢᠭᠡᠷ ᠤᠳ ᠢ ᠤᠷᠤᠯᠳᠤᠭᠠᠨ ᠳᠤ ᠣᠷᠣᠯᠴᠠᠭᠰᠠᠳ ᠪᠠᠭ᠋ᠠᠳᠠᠢ ᠶᠠᠷᠢᠪᠠ᠃ ᠲᠤᠬᠠᠢ ᠶᠢᠨ ᠲᠠᠯᠠᠪᠠᠢ ᠶᠢᠨ ᠰᠤᠷᠤᠭᠴᠢᠳ ᠦᠯᠢᠭᠡᠷ ᠲᠠᠬᠢ ᠪᠠᠭᠠᠲᠤᠷ ᠬᠥᠮᠦᠰ ᠲᠤ ᠶᠡᠬᠡᠳᠡ ᠰᠡᠳᠬᠢᠯ ᠬᠥᠳᠡᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠰᠤᠷᠤᠯᠴᠠᠬᠤ ᠢᠲᠡᠭᠡᠯ ᠵᠣᠷᠢᠭ ᠢᠶᠠᠨ ᠨᠡᠩ ᠪᠠᠲᠤᠳᠬᠠᠪᠠ᠃      ᠬᠠᠶᠢᠷᠤᠪ ᠤᠨ ᠲᠤᠬᠤᠢ ᠲᠣᠭᠤᠷᠢᠭ ᠤᠨ ᠭᠤᠸᠠᠩ ᠮᠢᠩ ᠯᠤ᠋ ᠪᠠᠭ᠎ᠠ ᠰᠤᠷᠭᠠᠭᠤᠯᠢ ᠡᠳᠦᠷ ᠪᠦᠷᠢ ᠶᠢᠨ ᠦᠳᠡ ᠶᠢᠨ ᠬᠤᠶᠢᠨᠠᠬᠢ ᠬᠢᠴᠢᠶᠡᠯ ᠤᠨ ᠡᠮᠦᠨᠡᠬᠢ 5 ᠮᠢᠨᠦ᠋ᠲ ᠢ ᠠᠰᠢᠭᠯᠠᠵᠤ᠂ ᠰᠤᠷᠭᠠᠭᠤᠯᠢ ᠶᠢᠨ ᠬᠦᠷᠢᠶᠡᠨ ᠤ ᠷᠠᠳᠢᠣ᠋ ᠦᠷᠳᠡᠭᠡ ᠪᠠᠷ ︽ᠦᠵᠡᠯ ᠰᠠᠨᠠᠭ᠎ᠠ ᠤᠯᠤᠰ ᠲᠦᠷᠦ︾ ᠶᠢᠨ ᠪᠢᠴᠢᠯ ᠬᠢᠴᠢᠶᠡᠯ ᠢ ᠥᠷᠨᠢᠭᠦᠯᠵᠦ᠂ ᠨᠠᠮ ᠤᠨ ᠲᠡᠦᠬᠡ ᠶᠢ ᠰᠤᠷᠤᠯᠴᠠᠬᠤ᠂ ᠨᠡᠷᠡᠳᠤ ᠬᠥᠮᠦᠰ ᠤᠨ ᠦᠯᠢᠭᠡᠷ ᠢ ᠰᠣᠨᠣᠰᠬᠤ ᠵᠡᠷᠭᠡ ᠠᠭᠤᠯᠭ᠎ᠠ ᠶᠢ ᠪᠠᠭᠲᠠᠭᠠᠵᠠᠢ᠃ ᠡᠭᠦᠨ ᠤ ᠵᠡᠷᠭᠡ ᠳᠤ᠂ ᠰᠤᠷᠭᠠᠭᠤᠯᠢ ᠠᠴᠠ ᠪᠠᠰᠠ ᠨᠠᠮ ᠤᠨ ᠲᠡᠤᠬᠡ ᠶᠢ ᠰᠤᠷᠤᠯᠴᠠᠬᠤ ᠠᠩᠭᠢ ᠶᠢᠨ ᠬᠤᠷᠠᠯ ᠢ ᠰᠢᠷᠢᠰ ᠥᠷᠨᠢᠭᠦᠯᠵᠦ᠂ ᠰᠤᠷᠤᠭᠴᠢᠳ ᠲᠤ ᠮᠠᠨ ᠤ ᠤᠯᠤᠰ ᠤᠨ ᠰᠢᠯᠢᠳᠡᠭ ᠲᠡᠤᠬᠡ ᠰᠣᠶᠣᠯ ᠢ ᠣᠶᠢᠯᠠᠭᠠᠭᠤᠯᠵᠤ᠂ ᠰᠤᠷᠤᠭᠴᠢᠳ ᠤᠨ ᠦᠨᠳᠦᠰᠦᠲᠡᠨ ᠤ ᠣᠮᠣᠭᠰᠢᠯ᠂ ᠬᠠᠷᠢᠭᠤᠴᠠᠯᠭᠠᠲᠤ ᠰᠡᠳᠬᠢᠯᠭᠡ ᠶᠢ ᠨᠡᠮᠡᠭᠳᠡᠭᠦᠯᠦᠨ᠂ ᠵᠥᠪ ᠶᠢᠷᠲᠢᠨᠴᠦ ᠶᠢᠨ ᠦᠵᠡᠯᠲᠡ᠂ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠶᠢ ᠪᠣᠶ ᠪᠣᠯᠭᠠᠵᠠᠶ᠃      ︽ᠨᠠᠮ ᠤᠨ ᠲᠡᠤᠬᠡ ᠶᠢ ᠰᠤᠷᠤᠯᠴᠠᠬᠤ ᠪᠠᠷ ᠳᠡᠮᠵᠢᠨ᠂ ᠪᠢ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠪᠡᠶ᠎ᠡ ᠳᠡᠭᠡᠷ᠎ᠡ ᠠᠴᠠ ᠡᠷᠡᠯᠬᠡᠭᠯᠡᠨ ᠲᠡᠮᠡᠴᠡᠬᠦ ᠵᠣᠷᠢᠭ ᠰᠠᠨᠠᠭ᠎ᠠ ᠶᠢ ᠣᠯᠵᠤ ᠰᠤᠷᠴᠠᠶ᠂ ᠪᠢ ᠨᠠᠩ ᠢᠯᠡᠭᠦᠤ ᠴᠢᠷᠮᠠᠶᠢᠨ ᠰᠤᠷᠤᠯᠴᠠᠵᠤ᠂ ᠲᠣᠮᠣ ᠪᠣᠯᠤᠭᠰᠠᠨ ᠤ ᠳᠠᠷᠠᠭ᠎ᠠ ᠡᠬᠡ ᠤᠯᠤᠰ ᠤᠨ ᠢᠶᠠᠨ ᠲᠥᠯᠥᠭᠡ ᠵᠢᠳᠬᠦᠬᠦ ᠪᠣᠯᠤᠨ᠎ᠠ︾ ᠭᠡᠵᠦ ᠭᠤᠸᠠᠩ ᠮᠢᠩ ᠯᠦ ᠪᠠᠭ᠎ᠠ ᠰᠤᠷᠭᠠᠭᠤᠯᠢ ᠶᠢᠨ ᠰᠤᠷᠤᠭᠴᠢ ᠸᠠᠩ ᠰᠢᠨ ᠮᠧᠩ ᠬᠡᠯᠡᠪᠡ᠃      ᠭᠤᠸᠠᠩ ᠮᠢᠩ ᠯᠦ ᠪᠠᠭ᠎ᠠ ᠰᠤᠷᠭᠠᠭᠤᠯᠢ ᠶᠢᠨ ᠨᠠᠮ ᠤᠨ ᠡᠭᠦᠷ ᠤᠨ ᠳᠡᠳ᠋ ᠱᠦᠵᠢ ᠵᠧᠦ ᠹᠧᠩ ᠮᠧᠢ᠄ ︽ᠲᠡᠦᠬᠡ ᠪᠣᠯ ᠬᠠᠮᠤᠭ ᠤᠨ ᠰᠠᠶᠢᠨ ᠬᠢᠴᠢᠶᠡᠯ ᠤᠨ ᠪᠢᠴᠢᠭ ᠮᠥᠨ᠂ ᠰᠤᠷᠭᠠᠨ ᠬᠥᠮᠦᠵᠢᠯ ᠤᠨ ᠠᠵᠢᠯᠳᠠᠨ ᠪᠣᠯᠤᠭᠰᠠᠨ ᠤ ᠬᠤᠪᠢ ᠳᠤ᠂ ᠰᠤᠷᠤᠭᠴᠢᠳ ᠲᠤ ᠲᠠᠪᠤᠨ ᠮᠢᠩᠭᠠᠨ ᠵᠢᠯ ᠤᠨ ᠳᠤᠮᠳᠠᠳᠤ ᠶᠢᠨ ᠪᠣᠯᠪᠠᠰᠤᠨ ᠤ ᠲᠡᠦᠬᠡ ᠢᠯᠠᠩᠭᠤᠶ᠎ᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠡᠮᠡᠴᠡᠯ ᠤᠨ ᠭᠡᠷᠡᠯ ᠰᠠᠴᠤᠷᠠᠩᠭᠤᠢ ᠲᠡᠦᠬᠡ ᠶᠢ ᠤᠢᠢᠯᠠᠭᠠᠭᠤᠯᠬᠤ ᠪᠣᠯ ᠮᠠᠨ ᠤ ᠬᠠᠷᠢᠭᠤᠴᠠᠯᠭ᠎ᠠ ᠮᠥᠨ᠂ ᠰᠤᠷᠭᠠᠭᠤᠯᠢ ᠡᠳᠦᠷ ᠪᠦᠷᠢ 5 ᠮᠢᠨᠦ᠋ᠲ ᠤᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢᠶᠠᠷ ᠳᠠᠮᠵᠢᠨ ᠰᠤᠷᠤᠭᠴᠢᠳ ᠤᠨ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠭᠵᠢᠭᠡᠨ᠎ᠡ︾ ᠭᠡᠵᠦ ᠬᠡᠯᠡᠪᠡ᠃      ᠮᠠᠨ ᠤ ᠬᠤᠲᠠ ᠶᠢᠨ ᠡᠯ᠎ᠡ ᠰᠤᠷᠭᠠᠭᠤᠯᠢ ᠵᠠᠯᠭᠠᠭ᠎ᠠ ᠪᠠᠷ ᠪᠠᠭᠠᠴᠤᠳ ᠤᠨ ᠬᠤᠰᠢᠭᠤᠴᠢ ᠠᠩᠭᠢ ᠶᠢᠨ ᠬᠥᠳᠡᠯᠭᠡᠭᠡᠨ ᠤ ᠬᠢᠴᠢᠶᠡᠯ᠂ ᠭᠤᠣᠯ ᠰᠡᠳᠦᠪᠲᠦ ᠠᠩᠭᠢ ᠶᠢᠨ ᠬᠢᠴᠢᠶᠡᠯ ᠢᠶᠠᠷ ᠠᠴᠢᠶᠠᠯᠠᠪᠤᠷᠢ ᠪᠣᠯᠭᠠᠵᠤ᠂ ᠨᠠᠮ ᠤᠨ ᠲᠡᠦᠬᠡ ᠶᠢᠨ ᠮᠡᠳᠡᠯᠭᠡ ᠶᠢᠨ ᠤᠷᠤᠯᠳᠤᠭᠠᠨ᠂ ᠦᠢᠯᠡᠳᠦᠯᠭᠡ ᠶᠢᠨ ᠥᠩᠭᠡᠷᠡᠭᠡᠯᠲᠡ᠂ ᠲᠣᠭᠤᠷᠢᠨ ᠦᠵᠡᠵᠦ ᠰᠤᠷᠪᠤᠯᠵᠢᠯᠠᠬᠤ ᠵᠡᠷᠭᠡ ᠬᠡᠯᠪᠡᠷᠢ ᠪᠠᠷ ᠳᠠᠮᠵᠢᠭᠤᠯᠵᠤ᠂ ᠰᠦᠯᠵᠢᠶᠡᠨ ᠲᠡᠭᠡᠷ᠎ᠡ ᠪᠠ ᠰᠦᠯᠵᠢᠶᠡᠨ ᠭᠠᠳᠠᠨ᠎ᠠ᠂ ᠬᠢᠴᠢᠶᠡᠯ ᠤᠨ ᠳᠣᠲᠣᠨ᠎ᠠ ᠭᠠᠳᠠᠨ᠎ᠠ ᠵᠡᠷᠭᠡ ᠪᠠᠷ ᠨᠠᠮ ᠤᠨ ᠲᠡᠦᠬᠡ ᠶᠢ ᠰᠤᠷᠤᠯᠴᠠᠬᠤ ᠰᠢᠷᠢᠰ ᠠᠵᠢᠯᠯᠠᠭ᠎ᠠ ᠶᠢ ᠥᠷᠨᠢᠭᠦᠯᠵᠦ᠂ ᠰᠤᠷᠭᠠᠭᠤᠯᠢ ᠶᠢᠨ ᠪᠠᠭ᠎ᠠ ᠬᠢᠴᠢᠶᠡᠯ ᠤᠨ ᠲᠠᠩᠬᠢᠮ ᠪᠣᠯᠤᠨ ᠨᠡᠶᠢᠭᠡᠮ ᠤᠨ ᠶᠡᠭᠡ ᠬᠢᠴᠢᠶᠡᠯ ᠤᠨ ᠲᠠᠩᠬᠢᠮ ᠤᠨ ︽ᠬᠠᠮᠲᠤ ᠪᠠᠷ ᠰᠣᠷᠣᠯᠴᠠᠬᠤ︾ ᠶᠢ ᠪᠡᠶᠡᠯᠡᠭᠦᠯᠵᠦ᠂ ᠰᠤᠷᠤᠭᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠬᠥᠮᠦᠵᠢᠭᠦᠯᠵᠦ᠂ ᠰᠤᠷᠤᠭᠴᠢᠳ ᠤᠨ ᠨᠠᠮ ᠤᠨ ᠲᠡᠦᠬᠡ ᠶᠢ ᠰᠤᠷᠤᠯᠴᠠᠬᠤ᠂ ᠨᠠᠮ ᠤᠨ ᠠᠴᠢ ᠲᠤᠰᠠ ᠶᠢ ᠮᠡᠳᠡᠷᠡᠬᠦ᠂ ᠨᠠᠮ ᠢᠶᠠᠨ ᠲᠠᠭᠠᠬᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠬᠦᠳᠦᠯᠦᠨ ᠵᠢᠯᠤᠭᠤᠳᠬᠤ ᠪᠤᠯᠤᠨ᠎ᠠ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号