ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠪᠥᠬᠦ ᠬᠤᠲᠠ ᠶᠢᠨ ᠤᠰᠤ ᠠᠷᠪᠢᠯᠠᠵᠤ ᠬᠡᠷᠡᠭᠯᠡᠬᠦ ᠠᠵᠢᠯ ᠢ ᠰᠤᠳᠤᠯᠪᠠ
ᠨᠡᠶᠢᠲᠡᠯᠡᠭᠰᠡᠨ ᠴᠠᠭ᠄
2021/4/7
     4 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠵᠠᠰᠠᠭ ᠤᠨ ᠣᠷᠳᠣᠨ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ᠂ ᠪᠥᠬᠦ ᠬᠤᠲᠠ ᠶᠢᠨ ᠤᠰᠤ ᠬᠡᠷᠡᠭᠯᠡᠭᠰᠡᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ᠂ ᠤᠰᠤ ᠠᠷᠪᠢᠯᠠᠵᠤ ᠬᠡᠷᠡᠭᠯᠡᠬᠦ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠲᠠᠩ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠲᠠ ᠶᠢᠨ ᠳᠡᠳ᠋ ᠳᠠᠷᠤᠭ᠎ᠠ ᠯᠢᠦ ᠰᠣ᠋ ᠬᠤᠩ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠣᠰ ᠲᠣᠰ ᠪᠥᠬᠦ ᠬᠤᠲᠠ ᠶᠢᠨ ᠠᠵᠤ ᠦᠢᠯᠡᠳᠪᠦᠷᠢ ᠂ ᠲᠠᠷᠢᠶᠠᠯᠠᠩ᠂ ᠠᠮᠢ ᠠᠬᠤᠶ ᠵᠢᠴᠢ ᠬᠤᠲᠠ ᠶᠢᠨ ᠠᠮᠢᠳᠤᠷᠠᠯ ᠳᠤ ᠬᠡᠷᠡᠭᠯᠡᠬᠦ ᠤᠰᠤᠨ ᠤ ᠪᠠᠶᠢᠳᠠᠯ ᠢ ᠬᠠᠷᠢᠭᠤ ᠮᠡᠳᠡᠭᠦᠯᠦᠭᠰᠡᠨ ᠪᠥᠭᠡᠳ ᠤᠰᠤ ᠠᠷᠪᠢᠯᠠᠬᠤ ᠳᠠᠯᠳᠠ ᠬᠦᠴᠦᠨ ᠤ ᠲᠤᠬᠠᠶ ᠭᠦᠨᠵᠡᠭᠡᠶ ᠵᠠᠳᠠᠯᠤᠯᠲᠠ ᠬᠢᠪᠡ᠃      ᠲᠠᠩ ᠢ ᠵᠢᠭᠠᠵᠤ ᠭᠠᠷᠭᠠᠭᠰᠠᠨ ᠨᠢ᠂ ᠮᠠᠨ ᠤ ᠬᠤᠲᠠ ᠪᠣᠯ ᠤᠰᠤᠨ ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶᠢᠭ᠎ᠠ ᠬᠤᠲᠠ ᠮᠥᠨ᠂ ᠬᠥᠭᠵᠢᠯᠲᠡ ᠶᠢᠨ ᠠᠮᠢᠨ ᠰᠤᠳᠠᠰᠤ ᠨᠢ ᠤᠰᠤᠨ ᠳᠤ ᠪᠠᠶᠢᠨ᠎ᠠ᠂ ᠬᠦᠰᠡᠯ ᠡᠷᠡᠮᠡᠯᠵᠡᠯ ᠨᠢ ᠴᠦ ᠤᠰᠤᠨ ᠳᠤ ᠪᠠᠶᠢᠨ᠎ᠠ᠃ ᠪᠦᠬᠦ ᠬᠤᠲᠠ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠤᠰᠤᠨ ᠤ ᠡᠬᠢ ᠪᠠᠶᠠᠯᠢᠭ ᠢ ᠠᠷᠪᠢᠯᠠᠨ ᠠᠰᠢᠭᠯᠠᠬᠤ ᠠᠵᠢᠯ ᠢ ᠰᠠᠶᠢᠲᠤᠷ ᠠᠳᠬᠤᠬᠤ ᠲᠤᠬᠠᠶ ᠭᠦᠨᠵᠡᠭᠡᠶ ᠲᠠᠨᠢᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠬᠤ ᠶᠢᠨ ᠵᠠᠶᠢᠯᠠᠰᠢ ᠦᠭᠡᠶ ᠱᠠᠭᠠᠷᠳᠠᠯᠭ᠎ᠠ ᠮᠥᠨ᠂ ᠦᠬᠠᠶ ᠶᠢᠨ ᠤᠰᠤᠨ ᠤ ᠡᠬᠢ ᠪᠠᠶᠠᠯᠢᠭ ᠤᠨ ᠪᠣᠭᠤᠮᠢ ᠶᠢᠨ ᠬᠢᠵᠠᠭᠠᠷᠯᠠᠯ ᠢ ᠲᠠᠶᠢᠯᠬᠤ ᠪᠣᠳᠠᠲᠤ ᠬᠡᠷᠡᠭᠴᠡᠭᠡ ᠮᠥᠨ᠂ ᠦᠬᠠᠶ ᠶᠢᠨ ᠥᠨᠢ ᠡᠭᠦᠷᠢᠳᠡ ᠣᠷᠣᠰᠢᠨ ᠲᠣᠭᠲᠠᠨᠢᠵᠤ ᠬᠥᠭᠵᠢᠬᠦ ᠭᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠦᠷᠯᠡᠨ᠂ ᠦᠬᠠᠢ ᠶᠢᠨ ᠠᠷᠠᠳ ᠲᠦᠮᠡᠨ ᠳᠤ ᠬᠠᠷᠢᠭᠤᠴᠠᠬᠤ᠂ ᠦᠷ᠎ᠡ ᠬᠤᠶᠢᠴᠢᠰ ᠲᠠᠭᠠᠨ ᠬᠠᠷᠢᠭᠤᠴᠠᠬᠤ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠤᠰᠤ ᠠᠷᠪᠢᠯᠠᠬᠤ ᠠᠵᠢᠯ ᠢ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ᠂ ᠦᠢᠯᠡᠳᠪᠦᠷᠢᠯᠡᠯ ᠠᠮᠢᠳᠤᠷᠠᠯ ᠠᠮᠢ ᠠᠬᠤᠢ ᠶᠢᠨ ᠡᠯ᠎ᠡ ᠬᠦᠷᠢᠶᠡᠨ ᠳᠤ ᠲᠤᠤᠱᠯᠠᠭᠤᠯᠵᠤ᠂ ᠤᠰᠤ ᠠᠷᠪᠢᠯᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠠᠮᠢ ᠠᠬᠤᠢ ᠶᠢ ᠤᠷᠢᠳᠠᠪᠡᠷ ᠪᠣᠳᠤᠯᠬᠢᠯᠠᠭᠰᠠᠨ ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ ᠬᠡᠵᠡᠢ᠃      ᠲᠠᠩ ᠢ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠳᠤᠷᠠᠳᠤᠭᠰᠠᠨ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ᠂ ᠣᠷᠣᠨ ᠵᠠᠶ ᠶᠢ ᠲᠡᠩᠴᠡᠭᠦᠷᠢᠲᠡᠶ ᠪᠠᠶᠢᠯᠭᠠᠬᠤ᠂ ᠰᠢᠰᠲ᠋ᠧᠮ ᠲᠠᠢ ᠵᠠᠰᠠᠬᠤ᠂ ᠬᠤᠶᠠᠷ ᠲᠠᠯ᠎ᠠ ᠪᠠᠷ ᠬᠦᠴᠦᠯᠡᠬᠦ︾ ᠤᠰᠤ ᠵᠠᠰᠠᠬᠤ ᠴᠢᠭᠯᠡᠯᠲᠡ ᠶᠣᠰᠣᠭᠠᠷ᠂ ᠤᠰᠤ ᠪᠠᠷ ᠬᠤᠳᠠ ᠶᠢ ᠲᠣᠭᠲᠠᠭᠠᠬᠤ᠂ ᠤᠰᠤ ᠪᠠᠷ ᠭᠠᠵᠠᠷ ᠰᠢᠷᠣᠶ ᠶᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ ᠲᠣᠭᠲᠠᠭᠠᠬᠤ ᠶᠢ ᠪᠠᠷᠢᠮᠲᠠᠯᠠᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠶᠡᠭᠡ ᠬᠠᠲᠠᠭᠤ ᠬᠢᠵᠠᠭᠠᠷᠯᠠᠯ ᠪᠣᠯᠭᠠᠬᠤ ᠶᠢ ᠪᠠᠷᠢᠮᠲᠠᠯᠠᠵᠤ᠂ ᠤᠰᠤ ᠶᠡᠭᠡ ᠬᠤᠷᠣᠭᠳᠠᠭᠤᠯᠬᠤ᠂ ᠡᠨᠧᠷᠭᠢ ᠶᠡᠭᠡ ᠬᠤᠷᠣᠭᠳᠠᠭᠤᠯᠬᠤ ᠠᠵᠤ ᠦᠢᠯᠡᠰ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ᠂ ᠠᠮᠢ ᠠᠬᠤᠶ ᠵᠡᠷᠭᠡ ᠬᠦᠷᠢᠶᠡᠨ ᠤ ᠤᠰᠤ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠲᠦᠷᠭᠡᠪᠴᠢᠯᠡᠨ ᠠᠬᠢᠭᠤᠯᠵᠤ᠂ ᠤᠰᠤᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢᠶᠠᠨ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠬᠠᠮᠠᠭᠠᠯᠠᠬᠤ ᠬᠢᠷᠢ ᠬᠡᠮᠵᠢᠶ᠎ᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠳᠡᠢ᠃ ᠪᠣᠷᠣᠭᠠᠨ ᠦᠶᠡᠷ ᠤᠨ ᠡᠬᠢ ᠪᠠᠶᠠᠯᠢᠭ ᠢ ᠠᠰᠢᠭᠯᠠᠬᠤ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢ ᠰᠢᠰᠲ᠋ᠧᠮ ᠲᠠᠢ ᠰᠦᠪᠡᠭᠴᠢᠯᠡᠵᠦ᠂ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠠᠷ ᠤᠰᠤ ᠶᠢ ᠢᠯᠡᠭᠦᠬᠡᠨ ᠬᠠᠳᠠᠭᠠᠯᠠᠵᠤ ᠂ ᠤᠰᠤ ᠶᠢ ᠰᠠᠶᠢᠲᠤᠷ ᠬᠠᠳᠠᠭᠠᠯᠠᠵᠤ᠂ ᠪᠦᠬᠦ ᠬᠤᠳᠠ ᠶᠢᠨ ᠡᠩ ᠤᠨ ᠪᠤᠰᠤ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠠᠮᠢᠳᠤᠷᠠᠯ ᠪᠣᠯᠤᠨ ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠤᠰᠤᠨ ᠤ ᠡᠬᠢ ᠰᠤᠷᠪᠤᠯᠵᠢ ᠶᠢ ᠨᠥᠭᠡᠴᠡᠯᠡᠬᠦ ᠬᠡᠷᠡᠭᠲᠡᠢ᠃ ᠤᠰᠤ ᠬᠠᠩᠭᠠᠬᠤ ᠬᠤᠭᠤᠯᠠᠶ ᠶᠢᠨ ᠲᠣᠣᠷ ᠤᠨ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠲᠦᠷᠭᠡᠳᠬᠡᠵᠦ᠂ ︽ᠲᠣᠳᠠᠭᠠᠬᠤ ᠭᠤᠭᠤᠵᠢᠬᠤ︾ ᠦᠵᠡᠭᠳᠡᠯ ᠭᠠᠷᠬᠤ ᠶᠢ ᠲᠠᠰᠤ ᠵᠣᠭᠰᠣᠭᠠᠵᠤ᠂ ᠤᠰᠤᠨ ᠤ ᠡᠬᠢ ᠪᠠᠶᠠᠯᠢᠭ ᠢ ᠪᠦᠷᠢᠯᠭᠡᠨ ᠰᠦᠢᠳᠬᠡᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠬᠤ ᠬᠡᠷᠡᠭᠲᠡᠶ᠃ ᠤᠰᠤ ᠠᠷᠪᠢᠯᠠᠬᠤ ᠤᠬᠠᠭᠤᠯᠭ᠎ᠠ ᠬᠥᠮᠦᠵᠢᠯ ᠢ ᠰᠠᠶᠢᠲᠤᠷ ᠠᠳᠬᠤᠵᠤ᠂ ᠪᠦᠬᠦ ᠨᠡᠶᠢᠭᠡᠮ ᠤᠨ ᠤᠰᠤ ᠠᠷᠪᠢᠯᠠᠬᠤ ᠤᠬᠠᠮᠰᠠᠷ ᠢ ᠨᠢ ᠳᠡᠭᠡᠭᠰᠢᠯᠡᠭᠦᠯᠬᠦ ᠶᠢᠨ ᠬᠠᠮᠲᠤ᠂ ᠤᠰᠤᠨ ᠤ ᠠᠰᠢᠭᠯᠠᠮᠵᠢ ᠶᠢᠨ ︽ᠳᠠᠭᠠᠭᠤᠯᠤᠭᠴᠢ︾ ᠯᠤᠭ᠎ᠠ ᠪᠠᠷᠢᠮᠵᠢᠶᠠᠯᠠᠵᠤ᠂ ᠡᠯ᠎ᠡ ᠠᠵᠢᠯ ᠲᠦᠷᠦᠯ ᠡᠯ᠎ᠡ ᠭᠤᠭᠴᠤᠭ᠎ᠠ ᠶᠢᠨ ᠤᠰᠤ ᠠᠷᠪᠢᠯᠠᠬᠤ ᠳᠠᠯᠳᠠ ᠬᠦᠴᠦᠨ ᠢ ᠭᠦᠨᠵᠡᠭᠡᠢ ᠠᠭᠤᠳᠠᠯᠵᠤ᠂ ᠤᠰᠤ ᠬᠡᠷᠡᠭᠯᠡᠬᠦ ᠠᠷᠭ᠎ᠠ ᠬᠡᠯᠪᠡᠷᠢ ᠶᠢ ᠪᠦᠳᠦᠭᠦᠯᠢᠭ ᠪᠥᠭᠡᠳ ᠦᠷ᠎ᠡ ᠠᠰᠢᠭ ᠢᠶᠠᠷ ᠳᠣᠣᠷ᠎ᠠ ᠪᠠᠶᠢᠭᠰᠠᠨ ᠠᠴᠠ ᠨᠢ ᠠᠷᠪᠢᠯᠠᠨ ᠭᠠᠮᠨᠠᠵᠤ ᠡᠷᠴᠢᠮᠵᠢᠭᠦᠯᠬᠦ ᠪᠣᠯᠭᠠᠨ ᠬᠤᠪᠢᠷᠠᠭᠤᠯᠬᠤ ᠶᠢ ᠲᠦᠷᠭᠡᠨ ᠠᠬᠢᠭᠤᠯᠵᠤ᠂ ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠪᠠᠷ ᠨᠡᠭᠡᠭᠡᠨ ᠠᠰᠢᠭᠯᠠᠬᠤ ᠪᠠᠷ ᠬᠠᠲᠤᠨ ᠭᠤᠣᠯ ᠳᠠᠭᠠᠤ ᠶᠢᠨ ᠬᠤᠳᠠ  ᠪᠤᠯᠬᠤ ᠦᠬᠠᠢ ᠶᠢᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠴᠢᠩᠭ᠎ᠠ ᠴᠢᠩᠭ᠎ᠠ ᠡᠭᠦᠷᠭᠡ ᠬᠠᠷᠢᠭᠤᠴᠠᠯᠭ᠎ᠠ ᠶᠢ ᠢᠯᠡᠷᠡᠭᠦᠯᠬᠦ ᠬᠡᠷᠡᠭᠲᠡᠢ ᠬᠡᠵᠡᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号