ᠮᠠᠨ ᠤ ᠬᠤᠲᠠ ᠨᠠᠮ ᠤᠨ ᠲᠡᠦᠬᠡ ᠶᠢ ᠰᠤᠷᠤᠯᠴᠠᠬᠤ ᠪᠢᠴᠢᠬᠠᠨ ᠰᠣᠳᠣᠨᠴᠣᠳ ᠤᠨ ᠦᠯᠢᠭᠡᠷ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠪᠠ
ᠨᠡᠶᠢᠲᠡᠯᠡᠭᠰᠡᠨ ᠴᠠᠭ᠄
2021/6/1
     5 ᠰᠠᠷ᠎ᠠ ᠶᠢᠨ 30 ᠤ ᠡᠳᠦᠷ᠂ ᠮᠠᠨ ᠤ ᠬᠤᠲᠠ ︽ᠨᠠᠮ ᠤᠨ ᠲᠡᠤᠬᠡ ᠶᠢ ᠰᠤᠷᠤᠯᠴᠠᠵᠤ ᠦᠵᠡᠯ ᠰᠠᠨᠠᠭ᠎ᠠ ᠶᠢ ᠣᠶᠢᠯᠠᠭᠠᠵᠤ ᠨᠠᠮ ᠤᠨ ᠦᠭᠡ ᠶᠢ ᠰᠣᠨᠣᠰᠴᠤ ᠨᠠᠮ ᠢᠶᠠᠨ ᠡᠭᠦᠷᠢᠳᠡ ᠲᠠᠭᠠᠶ᠎ᠠ — ᠨᠠᠮ ᠤᠨ ᠲᠡᠤᠬᠡ ᠶᠢᠨ ᠥᠯᠢᠭᠡᠷ ᠢ ᠪᠢ ᠶᠠᠷᠢᠶ᠎ᠠ︾ ᠭᠡᠬᠦ ᠨᠠᠮ ᠤᠨ ᠲᠡᠤᠬᠡ ᠶᠢ ᠰᠤᠷᠤᠯᠴᠠᠵᠤ  ᠪᠢᠴᠢᠬᠠᠨ ᠰᠣᠳᠣᠨᠴᠣᠳ ᠤᠨ ᠥᠯᠢᠭᠡᠷ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠪᠠ᠃      ᠤᠷᠤᠯᠳᠤᠭᠠᠨ ᠳᠤ᠂ ᠤᠷᠤᠯᠳᠤᠭᠠᠨ ᠳᠤ ᠣᠷᠣᠯᠴᠠᠭᠰᠠᠳ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠭᠤᠣᠯ ᠱᠤᠭᠤᠮ ᠤᠨ ᠲᠣᠭᠤᠷᠢᠨ ᠳᠤ᠂ ᠳᠠᠭᠤᠨ ᠰᠡᠳᠬᠢᠯᠭᠡ ᠬᠤᠣᠰᠯᠠᠭᠰᠠᠨ ᠶᠠᠷᠢᠶ᠎ᠠ ᠢᠯᠡᠳᠬᠡᠯ ᠬᠢᠬᠦ ᠪᠠᠷ ᠳᠠᠮᠵᠢᠭᠤᠯᠵᠤ᠂ ᠨᠠᠮ ᠤᠨ ᠪᠠᠭᠠᠲᠤᠷᠯᠢᠭ ᠬᠥᠪᠡᠭᠦᠳ ᠥᠬᠢᠳ ᠤᠨ ᠨᠤᠭᠤᠷᠠᠰᠢ ᠦᠭᠡᠢ ᠬᠤᠪᠢᠰᠬᠠᠯᠲᠤ ᠵᠣᠷᠢᠭ ᠰᠠᠨᠠᠭ᠎ᠠ ᠪᠣᠯᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠴᠥᠬᠦᠷᠡᠰᠢ ᠦᠭᠡᠢ ᠲᠡᠮᠡᠴᠡᠭᠰᠡᠨ ᠭᠡᠷᠡᠯ ᠰᠠᠴᠤᠷᠠᠩᠭᠤᠢ ᠥᠩᠭᠡᠷᠡᠯᠲᠡ ᠶᠢ ᠮᠠᠭᠲᠠᠨ ᠳᠠᠭᠤᠯᠠᠵᠤ᠂ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠢᠶᠠᠨ ᠬᠠᠶᠢᠷᠠᠯᠠᠬᠤ᠂ ᠡᠬᠡ ᠤᠯᠤᠰ ᠢᠶᠠᠨ ᠬᠠᠶᠢᠷᠠᠯᠠᠬᠤ᠂ ᠰᠢᠨ᠎ᠡ ᠴᠠᠭ ᠦᠶ᠎ᠡ ᠳᠤ ᠡᠷᠡᠯᠬᠡᠭᠯᠡᠨ ᠤᠷᠤᠭᠰᠢᠯᠠᠬᠤ ᠰᠠᠶᠢᠨ ᠰᠠᠶᠢᠬᠠᠨ ᠬᠠᠶᠢᠷ᠎ᠠ ᠰᠡᠳᠬᠢᠯᠭᠡ ᠪᠠᠨ ᠤᠶᠠᠩᠭᠠᠯᠠᠵᠠᠢ᠃ ︽ᠡᠷᠡᠰ ᠪᠠᠲᠤ ᠢᠲᠡᠭᠡᠯ ᠵᠣᠷᠢᠭ ᠢᠶᠠᠷ ᠨᠠᠮ ᠢᠶᠠᠨ ᠡᠭᠦᠷᠢᠳᠡ ᠳᠠᠭᠠᠨ᠎ᠠ︾ ︽ᠨᠠᠮ ᠤᠨ ᠭᠡᠷᠡᠯ ᠰᠠᠴᠤᠷᠠᠩᠭᠤᠢ ᠲᠤᠶᠠᠭ᠎ᠠ ᠰᠡᠳᠬᠢᠯ ᠵᠢᠷᠦᠬᠡ ᠶᠢ ᠭᠡᠶᠢᠭᠦᠯᠦᠨ᠎ᠡ︾ ︽ᠵᠠᠭᠤᠨ ᠵᠢᠯ ᠤᠨ ᠨᠠᠮ ᠤᠨ ᠲᠡᠦᠬᠡ ᠶᠢ ᠡᠷᠭᠢᠴᠡᠭᠦᠯᠵᠦ ᠴᠠᠭ ᠦᠶ᠎ᠡ ᠶᠢᠨ ᠰᠢᠨ᠎ᠡ ᠬᠥᠮᠦᠨ ᠪᠣᠯᠤᠶ᠎ᠠ︾ ︽ᠠᠬᠠᠮᠠᠳ ᠦᠶ᠎ᠡ ᠶᠢᠨ ᠪᠠᠭᠠᠲᠤᠷᠯᠢᠭ ᠦᠢᠯᠡ ᠠᠵᠢᠯᠯᠠᠭ᠎ᠠ ᠶᠢ ᠪᠠᠲᠤ ᠴᠡᠭᠡᠵᠢᠯᠡᠵᠦ ᠳᠤᠮᠳᠠᠳᠤ ᠶᠢᠨ ᠪᠠᠭᠠᠴᠤᠳ ᠪᠣᠯᠬᠤ ᠪᠠᠷ ᠲᠡᠮᠡᠴᠡᠶ᠎ᠡ︾ ᠵᠡᠷᠭᠡ ᠭᠤᠶᠢᠳᠠ ᠰᠠᠶᠢᠬᠠᠨ ᠦᠯᠢᠬᠡᠷ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠰᠡᠳᠬᠢᠯ ᠵᠢᠷᠦᠬᠡ ᠶᠢ ᠳᠣᠭᠳᠣᠯᠤᠭᠤᠯᠵᠤ᠂ ᠤᠯᠠᠨ ᠤ ᠬᠦᠷᠢᠶᠡᠯᠡᠯ ᠢ ᠤᠯᠪᠠ᠃      ᠨᠠᠮ ᠤᠨ ᠲᠡᠤᠬᠡ ᠶᠢ ᠰᠤᠷᠤᠯᠴᠠᠬᠤ  ᠪᠢᠴᠢᠬᠠᠨ ᠰᠣᠳᠣᠨᠴᠣᠳ ᠤᠨ ᠥᠯᠢᠭᠡᠷ ᠶᠠᠷᠢᠶ᠎ᠠ ᠢᠯᠡᠳᠬᠡᠯ ᠤᠨ ᠤᠷᠤᠯᠳᠤᠭᠠᠨ 3 ᠰᠠᠷ᠎ᠠ ᠶᠢᠨ 15 ᠤ ᠡᠳᠦᠷ ᠠᠴᠠ ᠡᠬᠢᠯᠡᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠵᠦ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠠᠩᠬᠠᠷᠤᠯ ᠢ ᠥᠷᠭᠡᠨ ᠢᠶᠠᠷ ᠲᠠᠲᠠᠪᠠ᠃ ᠤᠷᠤᠯᠳᠤᠭᠠᠨ ᠢ ᠪᠠᠭ᠎ᠠ ᠰᠤᠷᠭᠠᠭᠤᠯᠢ ᠶᠢᠨ ᠳᠤᠭᠤᠶᠢᠯᠠᠩ᠂ ᠠᠩᠬ᠎ᠠ ᠳᠤᠮᠳᠠᠳᠤ ᠶᠢᠨ ᠳᠤᠭᠤᠶᠢᠯᠠᠩ᠂ ᠥᠨᠳᠥᠷ ᠳᠤᠮᠳᠠᠳᠤ ᠶᠢᠨ ᠳᠤᠭᠤᠶᠢᠯᠠᠩ ᠭᠡᠵᠦ ᠬᠤᠪᠢᠶᠠᠪᠠ᠃ ᠡᠮᠦᠨᠡᠬᠢ ᠬᠤᠭᠤᠴᠠᠭᠠᠨ ᠤ ᠶᠡᠭᠡ ᠰᠣᠩᠭᠤᠯᠲᠠ᠂ ᠲᠤᠬᠠᠶ ᠶᠢᠨ ᠲᠠᠯᠠᠪᠤᠷ ᠤᠨ ᠥᠷᠢᠰᠥᠯᠳᠦᠭᠡᠨ ᠢᠶᠠᠷ ᠳᠡᠮᠵᠢᠨ᠂ ᠤᠷᠤᠯᠳᠤᠭᠠᠨ ᠳᠤ ᠣᠷᠣᠯᠴᠠᠭᠰᠠᠨ ᠪᠦᠲᠦᠭᠡᠯ ︽ᠪᠢᠴᠢᠬᠠᠨ ᠯᠤᠤᠪᠠᠩ︾ ︽ᠬᠤᠪᠢᠰᠬᠠᠯᠲᠤ ᠬᠡᠷ ᠤᠨ ᠵᠠᠬᠢᠳᠠᠯ ᠲᠦᠮᠡᠨ ᠯᠠᠩ ᠠᠯᠳᠠ ᠠᠴᠠ ᠬᠦᠨᠲᠤ︾ ︽ᠳᠤᠲᠠᠭᠤ ᠲᠣᠷᠭᠤᠨ ᠮᠠᠨᠲᠠᠤ︾ ᠨᠢ ᠲᠣᠰ ᠲᠣᠰ ᠨᠢᠭᠡᠳᠦᠭᠡᠷ ᠳᠡᠰ ᠤᠨ ᠱᠠᠩᠨᠠᠯ ᠭᠥᠷᠳᠡᠪᠡ᠃      ᠲᠣᠰ ᠤᠳᠠᠭᠠᠨ ᠤ ᠠᠵᠢᠯᠯᠠᠭ᠎ᠠ ᠶᠢᠨ ᠵᠣᠷᠢᠯᠭ᠎ᠠ ᠨᠢ ᠮᠠᠨ ᠤ ᠬᠤᠲᠠ ᠶᠢᠨ ᠥᠷᠭᠡᠨ ᠣᠯᠠᠨ ᠵᠠᠯᠠᠭᠤᠴᠤᠳ ᠪᠠᠭᠠᠴᠤᠳ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠦᠭᠡ ᠶᠢ ᠰᠣᠨᠣᠰᠴᠤ᠂ ᠨᠠᠮ ᠤᠨ ᠠᠴᠢ ᠶᠢ ᠮᠡᠳᠡᠷᠡᠭᠦᠯᠵᠦ᠂ ᠨᠠᠮ ᠢᠶᠠᠨ ᠳᠠᠭᠠᠵᠤ᠂ ᠨᠠᠮ ᠢᠶᠠᠨ ᠬᠠᠶᠢᠷᠠᠯᠠᠬᠤ᠂ ᠤᠯᠤᠰ ᠢᠶᠠᠨ ᠬᠠᠶᠢᠷᠠᠯᠠᠬᠤ᠂ ᠨᠡᠶᠢᠭᠡᠮ ᠵᠢᠷᠤᠮ ᠢ ᠬᠠᠶᠢᠷᠠᠯᠠᠬᠤ ᠰᠡᠳᠬᠢᠯᠭᠡ ᠶᠢ ᠪᠠᠲᠤᠳᠬᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠤᠨ ᠪᠥᠳᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠬᠤ ᠪᠠᠷ ᠴᠢᠷᠮᠠᠶᠢᠯᠭᠠᠬᠤ ᠶᠢᠨ ᠲᠥᠯᠥᠭᠡ ᠶᠤᠮ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号