ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠪᠠ
ᠨᠡᠶᠢᠲᠡᠯᠡᠭᠰᠡᠨ ᠴᠠᠭ᠄
2021/6/1
     ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠵᠢᠴᠢ ᠪᠠᠶᠢᠭᠤᠯᠭ᠎ᠠ ᠶᠢᠨ ᠬᠢᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠳᠠ ᠶᠢᠨ ᠨᠠᠮ ᠤᠨ ᠬᠤᠷᠢᠶᠠᠨ ᠤ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠢ ᠲᠥᠯᠥᠪᠵᠢᠭᠦᠯᠦᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠶᠢᠨ ᠳᠠᠭᠠᠤ ᠬᠢᠵᠦ ᠰᠠᠶᠢᠵᠢᠷᠠᠭᠤᠯᠬᠤ ᠶᠢ ᠪᠠᠷᠢᠮᠲᠠᠯᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠣᠯᠤᠨ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ ᠨᠡᠮᠡᠭᠳᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨᠬᠦ ᠠᠬᠢᠭᠤᠯᠪᠠ᠃      ᠪᠥᠬᠦ ᠲᠠᠯ᠎ᠠ ᠪᠠᠷ ᠣᠶᠢᠯᠠᠭᠠᠬᠤ ᠶᠢ ᠪᠠᠷᠢᠮᠲᠠᠯᠠᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠫᠤᠷᠲ᠋ᠤᠯ ᠰᠦᠯᠵᠢᠶᠡᠨ ᠳᠡᠭᠡᠷ᠎ᠡ ︽ᠭᠤᠷᠪᠠ ᠶᠢ ᠠᠰᠠᠭᠤᠬᠤ︾ ᠲᠤᠰᠬᠠᠶ ᠪᠤᠯᠤᠩ ᠭᠠᠷᠭᠠᠵᠤ᠂ ᠪᠠᠶᠢᠭᠤᠯᠭ᠎ᠠ ᠳᠠᠭᠠᠨ ᠰᠠᠨᠠᠯ ᠬᠤᠷᠢᠶᠠᠬᠤ ᠬᠠᠶᠢᠷᠴᠠᠭ ᠲᠤᠬᠢᠷᠠᠭᠤᠯᠵᠤ᠂ ᠡᠯ᠎ᠡ ᠲᠠᠯ᠎ᠠ ᠶᠢᠨ ᠬᠢᠨ ᠤ ᠰᠠᠨᠠᠯ ᠰᠠᠨᠠᠭᠤᠯᠭ᠎ᠠ ᠶᠢ ᠪᠥᠬᠦ ᠲᠠᠯ᠎ᠠ ᠪᠠᠷ ᠬᠤᠷᠢᠶᠠᠪᠠ︔ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠬᠡᠷ ᠤᠨ ᠬᠥᠮᠦᠨ︾ ᠪᠣᠯᠬᠤ ᠠᠵᠢᠯᠯᠠᠭ᠎ᠠ ᠶᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠲᠣᠰ ᠲᠣᠰ ᠤᠨ ︽ᠠᠶᠢᠯ ᠡᠷᠦᠬᠡ ᠪᠣᠯᠤᠯᠴᠠᠬᠤ︾ ᠠᠵᠢᠯ ᠳᠤ ᠭᠦᠨᠵᠡᠭᠡᠶᠢᠷᠡᠭᠦᠯᠵᠦ᠂ ᠡᠷᠦᠬᠡ ᠳᠤ ᠬᠦᠷᠴᠦ ᠣᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠣᠶᠢᠯᠠᠭᠠᠵᠤ᠂ ᠰᠠᠨᠠᠭᠠᠴᠢᠯᠠᠭ᠎ᠠ ᠠᠴᠠ ᠪᠠᠨ ᠣᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠴᠤ᠂ ᠨᠠᠮ ᠤᠨ ᠲᠡᠤᠬᠡ ᠶᠢᠨ ᠮᠡᠳᠡᠯᠭᠡ ᠪᠠ ᠨᠠᠮ ᠤᠨ ᠦᠨᠳᠦᠰᠦᠲᠡᠨ ᠤ ᠣᠨᠣᠯ ᠲᠥᠷᠥ ᠶᠢᠨ ᠪᠣᠳᠣᠯᠭ᠎ᠠ ᠶᠢ ᠢᠳᠡᠪᠬᠢᠲᠡᠶ ᠪᠠᠷ ᠤᠬᠠᠭᠤᠯᠤᠨ ᠲᠠᠶᠢᠯᠪᠤᠷᠢᠯᠠᠵᠤ᠂ ᠰᠤᠷᠪᠤᠯᠵᠢᠯᠠᠬᠤ ᠶᠠᠪᠤᠴᠠ ᠳᠤ ᠣᠯᠠᠨ ᠲᠦᠮᠡᠨ ᠤ ᠳᠤᠷᠠᠳᠤᠭᠰᠠᠨ ᠠᠰᠠᠭᠤᠳᠠᠯ ᠳᠤ ᠡᠬᠡ ᠲᠠᠩᠰᠠ ᠪᠠᠶᠢᠭᠤᠯᠪᠠ᠃      ᠲᠥᠷᠥᠯ ᠵᠦᠢᠯᠴᠢᠯᠠᠨ ᠠᠬᠢᠭᠤᠯᠬᠤ ᠶᠢ ᠪᠠᠷᠢᠮᠲᠠᠯᠠᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ︽ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠵᠢᠴᠢ ᠪᠠᠶᠢᠭᠤᠯᠭ᠎ᠠ ᠶᠢᠨ ︿ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ﹀ ᠭᠤᠣᠯᠳᠠᠯᠭ᠎ᠠ ᠲᠠᠢ ᠠᠵᠢᠯ ᠤᠨ ᠲᠥᠰᠦᠯ︾ ᠢ ᠲᠣᠭᠲᠠᠭᠠᠵᠤ᠂ ᠪᠦᠬᠦ ᠬᠤᠳᠠ ᠶᠢᠨ ᠭᠤᠣᠯᠳᠠᠯᠭ᠎ᠠ ᠲᠠᠢ ᠵᠦᠢᠯᠡᠰ ᠢ ᠳᠠᠭᠠᠭᠠᠴᠢᠯᠠᠨ ᠬᠤᠯᠪᠣᠭᠠᠯᠠᠬᠤ᠂ ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠣᠨ ᠤ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ᠂ ᠨᠠᠮ ᠤᠨ ᠪᠠᠶᠢᠭᠤᠯᠤᠯᠲᠠ ᠨᠠᠮ ᠤᠨ ᠰᠤᠷᠲᠠᠯ ᠴᠢᠬᠡᠴᠢ ᠵᠠᠰᠠᠭ  ᠤᠨ ᠪᠠᠶᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠬᠤ ᠵᠡᠷᠭᠡ 10 ᠲᠠᠯ᠎ᠠ ᠶᠢᠨ ᠠᠵᠢᠯ ᠤᠨ ᠲᠣᠭᠤᠷᠢᠨ ᠳᠤ᠂ ᠡᠭᠦᠷᠭᠡ ᠶᠢᠨ ᠲᠣᠳᠣᠷᠬᠠᠶ ᠬᠠᠭᠤᠳᠠᠰᠤ ᠵᠢᠭᠰᠠᠭᠠᠨ᠂ ᠵᠦᠢᠯᠡᠰ ᠢᠶᠠᠷ ᠲᠦᠯᠬᠢᠨ ᠠᠬᠢᠭᠤᠯᠬᠤ ᠶᠢ ᠬᠡᠷᠡᠭᠵᠢᠭᠦᠯᠵᠦ᠂ ᠠᠵᠢᠯ ᠤᠨ ᠠᠷᠭ᠎ᠠ ᠬᠡᠮᠵᠢᠶ᠎ᠡ ᠪᠠ ᠪᠣᠳᠠᠲᠠᠶ ᠱᠠᠭᠠᠷᠳᠠᠯᠭ᠎ᠠ ᠪᠠᠨ ᠲᠣᠳᠣᠷᠬᠠᠶᠢᠯᠠᠪᠠ᠃ ᠪᠠᠶᠢᠭᠤᠯᠭ᠎ᠠ ᠶᠢᠨ ᠨᠠᠮ ᠤᠨ ᠭᠡᠰᠢᠭᠦᠨ ᠺᠠᠳ᠋ᠷᠴᠤᠳ ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠲᠥᠷᠥᠯ ᠵᠦᠢᠯ ᠢ ᠲᠣᠭᠲᠠᠭᠠᠭᠰᠠᠨ ᠪᠥᠭᠡᠳ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠦᠯᠵᠢᠶᠡᠨ ᠳᠡᠭᠡᠷ᠎ᠡ ᠵᠠᠷᠯᠠᠨ ᠨᠡᠶᠢᠲᠡᠯᠡᠪᠡ᠃ ᠪᠣᠳᠠᠲᠠᠶ ᠠᠵᠢᠯ ᠤᠨ ᠳᠤᠮᠳᠠ᠂ ᠡᠯ᠎ᠡ ᠬᠠᠷᠢᠭᠤᠴᠠᠯᠭᠠᠲᠤ ᠤᠳᠤᠷᠢᠳᠤᠯᠭ᠎ᠠ ᠪᠠ ᠨᠠᠮ ᠤᠨ ᠭᠡᠰᠢᠭᠦᠨ ᠺᠠᠳ᠋ᠷᠴᠤᠳ ᠠᠵᠢᠯ ᠤᠨ ᠬᠠᠷᠢᠭᠤᠴᠠᠯᠭ᠎ᠠ ᠪᠠᠨ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠢᠯ ᠤᠨ ᠨᠠᠷᠢᠨ ᠲᠠᠩᠰᠠ ᠲᠠᠢ ᠬᠠᠷᠢᠴᠠᠭᠤᠯᠤᠨ᠂ ︽ᠪᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠥᠭᠬᠦ︾ ᠵᠦᠢᠯᠡᠰ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠩᠬᠠᠷᠴᠤ᠂ ᠣᠯᠠᠨ ᠲᠦᠮᠡᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠶ ᠠᠰᠢᠭ ᠲᠤᠰᠠ ᠶᠢᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃      ᠨᠡᠶᠢᠲᠡᠯᠢᠭ ᠬᠡᠯᠪᠡᠷᠢ ᠪᠠᠷ ᠵᠠᠮᠴᠢᠯᠠᠬᠤ ᠶᠢ ᠪᠠᠷᠢᠮᠲᠠᠯᠠᠪᠡ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠵᠢᠯ ᠤᠨ ᠪᠣᠳᠠᠲᠤ ᠪᠠᠶᠢᠳᠠᠯ ᠳᠠᠭᠠᠨ ᠰᠠᠭᠤᠷᠢᠯᠠᠨ᠂ ︽ᠲᠥᠯᠥᠭᠡᠯᠡᠭᠴᠢᠳ ᠤᠨ ᠰᠠᠨᠠᠭᠤᠯᠭ᠎ᠠ ᠶᠢ ᠰᠠᠶᠢᠲᠤᠷ ᠰᠢᠢᠳᠪᠦᠷᠢᠯᠡᠵᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠠᠬᠢᠭᠤᠯᠬᠤ︾ ︽ᠨᠠᠮ ᠤᠨ ᠭᠡᠰᠢᠭᠦᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠶᠢᠨ ᠳᠤᠷ᠎ᠠ ᠶᠢᠨ ᠦᠢᠯᠡᠴᠢᠯᠡᠭᠡ︾ ︽ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠰᠠᠶᠢᠲᠤᠷ ᠠᠳᠬᠤᠵᠤ᠂ ᠣᠯᠠᠨ ᠲᠦᠮᠡᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ︾ ᠵᠡᠷᠭᠡ 6 ᠲᠠᠯ᠎ᠠ ᠶᠢᠨ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠲᠣᠳᠣᠷᠬᠠᠶᠢᠯᠠᠵᠤ᠂ ᠭᠤᠤᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠨᠢ ᠳᠡᠭᠡᠳᠦ ᠱᠠᠲᠤᠨ ᠤ ᠱᠠᠭᠠᠷᠳᠠᠯᠭ᠎ᠠ ᠳᠤ ᠨᠡᠶᠢᠴᠡᠬᠦ ᠮᠥᠷᠲᠡᠭᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠣᠨᠴᠠᠯᠢᠭ ᠢ ᠢᠯᠡᠷᠡᠭᠦᠯᠬᠦ ᠶᠢ ᠦᠨᠡᠨ ᠬᠦ ᠪᠠᠲᠤᠯᠠᠪᠠ︔ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠤᠯᠠᠨ ᠲᠦᠮᠡᠨ ᠲᠠᠢ ᠨᠢᠭᠲᠠ ᠬᠠᠷᠢᠯᠴᠠᠬᠤ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ︽ᠨᠠᠮ ᠤᠨ ᠭᠡᠰᠢᠭᠦᠨ ᠲᠥᠯᠥᠭᠡᠯᠡᠭᠴᠢᠳ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ︾ ᠶᠢ ᠪᠠᠶᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠭᠡᠷ᠂ ᠲᠥᠯᠥᠭᠡᠯᠡᠭᠴᠢᠳ ᠤᠨ ᠬᠠᠷᠢᠯᠴᠠᠬᠤ ᠦᠷᠳᠡᠭᠡ᠂ ᠲᠥᠯᠥᠭᠡᠯᠡᠭᠴᠢᠳ ᠤᠨ ᠠᠵᠢᠯᠯᠠᠭᠠᠨ ᠤ ᠳᠤᠭᠤᠶᠢᠯᠠᠩ ᠵᠡᠷᠭᠡ ᠠᠴᠢᠶᠠᠯᠠᠪᠤᠷᠢ ᠳᠤ ᠲᠦᠰᠢᠭᠯᠡᠨ᠂ ︽ᠬᠡᠷᠴᠢᠮ ᠨᠢ ᠪᠠᠭ᠎ᠠ᠂ ᠬᠦᠴᠦ ᠨᠢ ᠣᠨᠣᠪᠴᠢᠲᠠᠶ᠂ ᠦᠷ᠎ᠡ ᠪᠦᠲᠦᠮᠵᠢ ᠨᠢ ᠰᠠᠶᠢᠨ︾ ᠪᠠᠶᠢᠬᠤ ᠪᠠᠷᠢᠮᠵᠢᠶ᠎ᠠ ᠪᠠᠷ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠢ ᠵᠣᠬᠢᠶᠠᠨ ᠪᠠᠶᠢᠭᠤᠯᠵᠤ ᠬᠥᠲᠥᠯᠥᠨ ᠵᠢᠯᠣᠭᠤᠳᠴᠤ ᠪᠠᠶᠢᠭᠠᠳ ᠠᠵᠢᠯ ᠤᠨ ᠪᠠᠶᠢᠷᠢ ᠶᠢᠨ ᠳᠠᠪᠠᠭᠤᠯᠢᠭ ᠲᠠᠭᠠᠨ ᠰᠠᠭᠤᠷᠢᠯᠠᠨ᠂ ᠤᠯᠠᠨ ᠲᠦᠮᠡᠨ ᠤ ︽ᠪᠠᠴᠢᠮ ᠬᠦᠴᠢᠷ ᠵᠤᠪᠠᠨᠢᠯ ᠡᠷᠡᠮᠡᠯᠵᠡᠯ︾ ᠤᠨ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦ ᠣᠷᠣᠭᠤᠯᠤᠨ ᠰᠢᠢᠳᠪᠦᠷᠢᠯᠡᠪᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号