ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/6/11
     6 ᠰᠠᠷ᠎ᠠ ᠶᠢᠨ 9 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠲᠠᠩ ᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠥᠷᠭᠡᠳᠬᠡᠭᠰᠡᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠤᠪᠴᠢᠶᠠᠨ ᠤ ᠭᠤᠴᠢᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠲᠡᠭᠡᠷᠡᠭᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ ᠮᠠᠨ ᠤ ᠬᠤᠲᠠ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠮᠠᠨ ᠤ ᠤᠯᠤᠰ ᠤᠨ ᠳᠡᠯᠡᠬᠡᠢ ᠶᠢᠨ ᠳᠠᠮᠵᠢᠭᠤᠯᠭ᠎ᠠ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢᠨ ᠠᠯᠤᠰ ᠬᠡᠳᠤ ᠶᠢᠨ ᠠᠴᠢ ᠬᠤᠯᠪᠣᠭᠳᠠᠯ᠂ ᠬᠠᠷᠠᠯᠲᠠ ᠱᠠᠭᠠᠷᠳᠠᠯᠭ᠎ᠠ ᠪᠣᠯᠤᠨ ᠴᠢᠭᠯᠡᠯ ᠵᠠᠮ ᠱᠤᠭᠤᠮ ᠢ ᠰᠢᠰᠲ᠋ᠧᠮ ᠲᠠᠢ ᠲᠣᠳᠣᠷᠬᠠᠶᠢᠯᠠᠨ ᠥᠭᠦᠯᠡᠵᠦ᠂ ᠮᠠᠨ ᠤ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠭᠠᠳᠠᠭᠠᠳᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠳᠤ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠬᠠᠩᠭᠠᠵᠠᠢ᠃ ᠪᠦᠬᠦ ᠬᠤᠳᠠ ᠪᠠᠷ ᠢᠶᠠᠨ ᠢᠯᠠᠩᠭᠤᠶ᠎ᠠ ᠤᠬᠠᠭᠤᠯᠬᠤ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠦᠨᠡᠨᠬᠦ ᠭᠦᠨᠵᠡᠭᠡᠶᠢᠷᠡᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠤᠯᠤᠰ ᠤᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠶᠡᠭᠡ ᠲᠠᠯ᠎ᠠ ᠳᠤ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠠ ᠠᠭᠤᠰᠤᠯᠴᠠᠵᠤ᠂ ᠢᠯᠡᠳᠬᠡᠬᠦ ᠬᠡᠯᠪᠡᠷᠢ ᠶᠢᠨ ᠰᠢᠨ᠎ᠡ ᠶᠢ ᠡᠭᠦᠳᠴᠦ᠂ ᠳᠤᠮᠳᠠᠳᠤ ᠤᠯᠤᠰ ᠤᠨ ᠦᠯᠢᠭᠡᠷ ᠤᠨ ᠦᠬᠠᠢ ᠶᠢᠨ ᠬᠠᠭᠤᠳᠠᠰᠤ ᠶᠢ ᠪᠦᠬᠦ ᠲᠠᠯ᠎ᠠ ᠪᠠᠷ ᠰᠠᠶᠢᠲᠤᠷ ᠶᠠᠷᠢᠬᠤ ᠬᠡᠷᠡᠭᠲᠡᠢ᠃ ᠤᠯᠠᠨ ᠤᠯᠤᠰ ᠤᠨ ᠤᠯᠠᠮᠵᠢᠯᠠᠨ ᠲᠠᠷᠬᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠶᠢ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠵᠤ᠂ ᠤᠳᠤᠷᠢᠳᠬᠤ ᠺᠠᠳ᠋ᠷᠴᠤᠳ ᠤᠨ ᠭᠠᠳᠠᠭᠠᠳᠤ ᠤᠬᠠᠭᠤᠯᠭ᠎ᠠ ᠶᠢᠨ ᠠᠵᠢᠯ ᠤᠨ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠭᠤᠣᠯ ᠰᠡᠳᠦᠪ ᠤᠨ ᠲᠣᠭᠤᠷᠢᠨ ᠳᠤ ᠡᠯ᠎ᠡ ᠵᠦᠢᠯ ᠤᠨ ᠤᠬᠠᠭᠤᠯᠤᠨ ᠮᠡᠳᠡᠭᠡᠯᠡᠬᠦ ᠪᠠ ᠶᠠᠷᠢᠶ᠎ᠠ ᠬᠡᠯᠡᠯᠴᠡᠭᠡᠨ ᠤ ᠬᠦᠳᠦᠯᠦᠨ ᠵᠢᠯᠣᠭᠤᠳᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ ᠬᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠳᠠᠬᠢᠨ ᠳᠡᠭᠡᠭᠰᠢᠯᠡᠭᠦᠯᠵᠦ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ︽ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠶᠢ ᠬᠦᠴᠦᠯᠡᠨ ᠰᠠᠶᠢᠲᠤᠷ ᠠᠳᠬᠤᠬᠤ ᠬᠡᠷᠡᠭᠲᠡᠢ︾ ᠭᠡᠬᠦ ᠴᠢᠬᠤᠯᠠ ᠵᠢᠭᠠᠪᠤᠷᠢ ᠶᠢᠨ ᠱᠠᠭᠠᠷᠳᠠᠯᠭ᠎ᠠ ᠶᠢ ᠴᠢᠨᠠᠭᠰᠢᠳᠠ ᠤᠢᠢᠯᠠᠭᠠᠨ ᠡᠵᠡᠮᠰᠢᠵᠦ᠂ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠢ ᠲᠠᠢ ᠹᠧᠩ ᠱᠦᠵᠢ ᠶᠢᠨ ᠮᠠᠨ ᠤ ᠬᠤᠲᠠ ᠶᠢᠨ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠬᠦ ᠦᠶ᠎ᠡ ᠶᠢᠨ ᠵᠢᠭᠠᠪᠤᠷᠢ ᠶᠢᠨ ᠱᠠᠭᠠᠷᠳᠠᠯᠭ᠎ᠠ ᠶᠣᠰᠣᠭᠠᠷ᠂ ᠡᠯ᠎ᠡ ᠵᠦᠢᠯ ᠤᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠣᠳᠠᠲᠠᠶ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠲᠡᠷᠡ ᠬᠡᠪ ᠢᠶᠠᠷ ᠨᠢ ᠳᠥᠯᠭᠢᠨ ᠠᠬᠢᠭᠤᠯᠬᠤ ᠬᠡᠷᠡᠭᠲᠡᠶ᠃ ᠦᠵᠡᠯ ᠰᠠᠨᠠᠭ᠎ᠠ ᠲᠠᠨᠢᠯᠲᠠ ᠶᠢᠨ ᠲᠠᠯ᠎ᠠ ᠪᠠᠷ ᠲᠠᠬᠢᠨ ᠳᠡᠭᠡᠭᠰᠢᠯᠡᠭᠦᠯᠵᠦ᠂ ᠦᠵᠡᠯ ᠰᠠᠨᠠᠭ᠎ᠠ ᠣᠶᠢᠯᠠᠭᠠᠭᠳᠠᠬᠤᠨ ᠢᠶᠠᠨ ᠦᠨᠡᠨᠬᠦ ᠬᠤᠪᠢᠷᠠᠭᠤᠯᠵᠤ᠂ ᠵᠥᠪ ᠬᠠᠨᠳᠤᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠵᠦᠷᠢᠶ᠎ᠡ ᠪᠣᠯᠤᠨ ᠬᠦᠷᠦᠯᠴᠡᠬᠦ ᠦᠭᠡᠢ ᠲᠠᠯ᠎ᠠ ᠪᠠᠨ ᠨᠠᠷᠢᠨ ᠬᠢᠨᠠᠮᠠᠭᠠᠢ ᠡᠷᠭᠢᠴᠡᠭᠦᠯᠦᠨ ᠪᠣᠳᠣᠯᠬᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠣᠨᠣᠪᠴᠢᠲᠠᠢ ᠪᠦᠬᠦ ᠲᠠᠯ᠎ᠠ ᠪᠠᠷ ᠲᠤᠤᠱᠯᠠᠭᠤᠯᠵᠤ᠂ ᠠᠵᠤ ᠦᠢᠯᠡᠰ ᠪᠣᠯᠤᠨ ᠬᠤᠳᠠ ᠶᠢᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠠᠮᠢ ᠠᠬᠤᠢ ᠶᠢ ᠣᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠠᠵᠢᠯ ᠤᠨ ᠠᠷᠭ᠎ᠠ ᠬᠡᠮᠵᠢᠶ᠎ᠡ ᠶᠢᠨ ᠲᠠᠯ᠎ᠠ ᠪᠠᠷ ᠲᠠᠬᠢᠨ ᠴᠢᠩᠭᠠᠳᠬᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ ᠶᠢ ᠪᠠᠷᠢᠮᠲᠠᠯᠠᠵᠤ᠂ ᠪᠦᠬᠦ ᠲᠠᠯ᠎ᠠ ᠪᠠᠷ ᠭᠦᠨᠵᠡᠭᠡᠢ ᠵᠢᠭᠰᠠᠭᠠᠨ ᠪᠠᠶᠢᠴᠠᠭᠠᠵᠤ᠂ ᠤᠨᠢᠨ ᠳᠡᠭᠡᠷ᠎ᠡ ᠨᠢ ᠪᠣᠳᠠᠲᠠᠢ ᠶᠢ ᠡᠷᠬᠢᠮᠯᠡᠬᠦ ᠠᠷᠭ᠎ᠠ ᠬᠡᠮᠵᠢᠶ᠎ᠡ ᠠᠪᠴᠤ᠂ ᠡᠯ᠎ᠡ ᠲᠦᠷᠦᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠲᠦᠢᠯᠪᠤᠷᠢᠲᠠᠢ ᠴᠡᠭᠴᠡᠯᠡᠨ ᠰᠠᠶᠢᠵᠢᠷᠠᠭᠤᠯᠬᠤ ᠶᠢ ᠡᠷᠡᠰ ᠬᠦᠴᠦᠲᠡᠢ ᠠᠬᠢᠭᠤᠯᠬᠤ ᠬᠡᠷᠡᠭᠲᠡᠢ᠃ ᠠᠵᠢᠯ ᠤᠨ ᠠᠬᠢᠴᠠ ᠶᠢᠨ ᠲᠠᠯ᠎ᠠ ᠪᠠᠷ ᠲᠠᠬᠢᠨ ᠬᠦᠴᠦᠯᠡᠵᠦ᠂ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠶᠢ ᠳᠠᠮᠵᠢᠭᠤᠯᠵᠤ᠂ ᠪᠦᠲᠦᠮᠵᠢᠲᠡᠢ ᠠᠷᠭ᠎ᠠ ᠬᠡᠮᠵᠢᠶ᠎ᠡ ᠶᠢ ᠴᠢᠷᠮᠠᠶᠢᠨ ᠰᠦᠪᠡᠭᠴᠢᠯᠡᠵᠦ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠠᠶᠢᠲᠤᠷ ᠠᠳᠬᠤᠵᠤ᠂ ᠭᠠᠵᠠᠷ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠡᠭᠦᠷᠭᠡᠯᠡᠬᠦ ᠲᠠᠯ᠎ᠠ ᠪᠠᠷ ᠲᠠᠬᠢᠨ ᠪᠣᠳᠠᠲᠠᠶᠢᠵᠢᠭᠤᠯᠵᠤ᠂ ᠵᠣᠷᠢᠭᠲᠠᠢ ᠪᠠᠷ ᠠᠰᠠᠭᠤᠳᠠᠯ ᠳᠤ ᠰᠢᠭᠤᠳ ᠬᠠᠨᠳᠤᠵᠤ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠶᠢ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠤᠨ ᠳᠤᠮᠳᠠᠬᠢ ᠬᠦᠴᠢᠷᠳᠡᠯ ᠪᠣᠯᠤᠨ ᠠᠰᠠᠭᠤᠳᠠᠯ ᠢ ᠰᠢᠢᠳᠪᠦᠷᠢᠯᠡᠵᠦ᠂ ᠡᠯ᠎ᠡ ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠰᠠᠬᠢᠯᠭ᠎ᠠ ᠪᠠᠲᠤ ᠣᠪᠣᠷ ᠰᠤᠷᠲᠠᠯ ᠤᠨ ᠲᠠᠯ᠎ᠠ ᠪᠠᠷ ᠳᠠᠬᠢᠨ ᠪᠠᠲᠤᠳᠬᠠᠵᠤ᠂ ᠦᠷᠭᠦᠯᠵᠢᠯᠡᠨ ᠰᠤᠷᠲᠠᠯ ᠢᠶᠠᠨ ᠲᠥᠪ ᠪᠣᠯᠭᠠᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠢᠯ ᠬᠢᠵᠦ ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠪᠠᠲᠤᠳᠬᠠᠵᠤ᠂ ᠥᠷᠭᠡᠨ ᠣᠯᠠᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠡᠯ᠎ᠡ ᠵᠦᠢᠯ ᠤᠨ ᠠᠵᠢᠯ ᠢ ᠰᠠᠨᠠᠭ᠎ᠠ ᠠᠮᠤᠷ ᠰᠠᠶᠢᠲᠤᠷ ᠠᠳᠬᠤᠵᠤ᠂ ᠠᠵᠢᠯ ᠤᠨ ᠪᠣᠳᠠᠲᠤ ᠦᠷ᠎ᠡ ᠪᠦᠲᠦᠮᠵᠢ ᠪᠠᠷ ᠢᠶᠠᠨ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠰᠠᠶᠢᠲᠤᠷ ᠡᠬᠢᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠬᠡᠵᠡᠢ᠃      ᠬᠤᠷᠠᠯ ᠠᠴᠠ ᠪᠠᠰᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠬᠤ ᠠᠵᠢᠯ ᠤᠨ ᠲᠦᠷᠢᠮ︾ ᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠪᠠᠰᠠ ᠪᠤᠰᠤᠳ ᠵᠦᠢᠯᠡᠰ ᠢ ᠰᠤᠳᠤᠯᠵᠠᠢ᠃  
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号