ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2021/6/2
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠣᠷᠣᠨ ᠲᠤᠭᠠᠨ ᠤ ᠠᠯᠪᠠᠨ ᠬᠡᠷ ᠢᠶᠠᠷ ᠵᠥᠪᠰᠢᠶᠡᠷᠡᠭᠦᠯᠦᠭᠡᠳ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠠᠯᠪᠠᠨ ᠬᠡᠷ ᠢ ᠳᠠᠬᠢᠨ ᠵᠣᠬᠢᠶᠠᠨ ᠪᠠᠶᠢᠭᠤᠯᠵᠤ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠪᠣᠯᠭᠠᠬᠤ ᠲᠤᠭᠳᠠᠪᠠ᠃ 5 ᠰᠠᠷ᠎ᠠ ᠶᠢᠨ 31 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠫᠠᠶᠢᠰᠠ ᠡᠯᠭᠦᠨ ᠪᠠᠶᠢᠭᠤᠯᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠼᠦᠢ ᠵᠢᠩ ᠶᠢᠩ᠂ ᠬᠤᠲᠠ ᠶᠢᠨ ᠳᠡᠳ᠋ ᠳᠠᠷᠤᠭ᠎ᠠ ᠯᠢᠦ ᠰᠣ᠋ ᠬᠤᠩ ᠫᠠᠶᠢᠰᠠ ᠡᠯᠭᠦᠬᠦ ᠶᠣᠰᠣᠯᠠᠯ ᠳᠤ ᠣᠷᠣᠯᠴᠠᠭᠰᠠᠨ ᠪᠥᠭᠡᠳ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠫᠠᠶᠢᠰᠠ ᠶᠢ ᠰᠡᠬᠦᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠬᠤᠲᠠ ᠨᠠᠮ ᠤᠨ ᠲᠥᠪ ᠬᠤᠷᠢᠶᠠᠨ ᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠨᠠᠷᠢᠯᠢᠭ ᠣᠨᠣᠴᠠᠲᠠᠶ ᠪᠠᠷ ᠶᠠᠳᠠᠭᠤ ᠠᠴᠠ ᠠᠩᠭᠢᠵᠢᠷᠠᠭᠤᠯᠬᠤ ᠶᠡᠷᠦᠩᠬᠡᠶ ᠱᠠᠭᠠᠷᠳᠠᠯᠭ᠎ᠠ ᠪᠠ ᠠᠵᠢᠯ ᠤᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠵᠤ᠂ ᠪᠦᠬᠦ ᠬᠤᠳᠠ ᠶᠢᠨ ᠳᠡᠭᠡᠳᠦ ᠲᠤᠤᠷᠠᠳᠤ ᠱᠠᠳᠤ ᠪᠠᠷ ᠢᠶᠠᠨ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠦᠴᠢᠷ ᠢ ᠰᠦᠷᠦᠨ ᠤᠷᠤᠭᠰᠢᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠪᠦᠬᠦ ᠲᠠᠯ᠎ᠠ ᠪᠠᠷ ᠣᠯᠵᠤ᠂ ᠤᠳᠤ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠳᠣᠣᠷᠠᠬᠢ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠬᠤ ᠲᠥᠪ ᠴᠢᠩᠭ᠎ᠠ ᠠᠮᠠᠯᠠᠯᠲᠠ ᠪᠠᠨ ᠲᠣᠭᠲᠠᠭᠰᠠᠨ ᠬᠤᠭᠤᠴᠠᠭᠠᠨ ᠳᠤ ᠦᠢᠯᠡᠳᠦᠯᠭᠡᠵᠢᠭᠦᠯᠵᠦ᠂ ᠪᠦᠬᠦ ᠬᠤᠳᠠ ᠶᠢᠨ 2891 ᠶᠠᠳᠠᠭᠤ ᠬᠦᠴᠢᠷᠳᠡᠯᠲᠡᠢ ᠬᠥᠮᠦᠨ ᠠᠮᠠ ᠶᠢ 2018 ᠣᠨ ᠤ ᠰᠡᠭᠦᠯᠴᠢ ᠪᠠᠷ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ︽ᠬᠤᠶᠠᠷ ᠲᠤ ᠵᠣᠪᠠᠭ᠋ᠤ ᠦᠭᠡᠢ ᠭᠤᠷᠪᠠ ᠶᠢ ᠪᠠᠲᠤᠯᠠᠬᠤ︾ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠢᠯ ᠤᠨ ᠬᠥᠮᠦᠨ ᠳᠤᠮᠳᠠᠴᠢ ᠶᠢᠨ ᠴᠡᠪᠡᠷ ᠣᠷᠣᠯᠭ᠎ᠠ 21477 ᠲᠥᠭᠦᠷᠢᠭ ᠲᠤ ᠬᠦᠷᠴᠦ᠂ 2015 ᠣᠨ ᠤ ᠬᠢ ᠠᠴᠠ 4 ᠲᠠᠬᠢᠨ ᠨᠡᠮᠡᠭᠳᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃      ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠤᠣᠯᠳᠠᠭᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠠᠷᠢᠭᠤᠴᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠠᠢ ᠠᠵᠢᠯ ᠢ ᠪᠦᠬᠦ ᠲᠠᠯ᠎ᠠ ᠪᠠᠷ ᠠᠬᠢᠭᠤᠯᠵᠤ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠳᠤ ᠫᠠᠶᠢᠰᠠ ᠡᠯᠭᠦᠵᠦ᠂ ᠬᠤᠳᠠ ᠶᠢᠨ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠯᠪᠠᠨ ᠭᠡᠷ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠲᠠᠢ ᠬᠠᠮᠲᠤᠪᠠᠷ ᠪᠦᠬᠦ ᠬᠤᠳᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠵᠤ᠂ ᠨᠢᠭᠡ ᠬᠥᠯᠭᠡ ᠰᠢᠳᠠᠷ᠎ᠠ ᠪᠠᠷ ᠪᠠᠶᠢᠷᠢᠯᠠᠭᠤᠯᠬᠤ᠂ ᠨᠢᠭᠡ ᠴᠤᠭᠴᠠᠵᠢᠭᠤᠯᠤᠨ ᠠᠬᠢᠭᠤᠯᠬᠤ ᠠᠵᠢᠯ ᠤᠨ ᠪᠠᠶᠢᠷᠢᠰᠢᠯ ᠢ ᠪᠦᠷᠢᠯᠳᠦᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃      ᠲᠠᠷᠠᠭ᠎ᠠ ᠳᠤᠨᠢ᠂ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠬᠢᠷᠠᠭᠤᠯᠤᠯᠲᠠ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠭᠤᠤ ᠶᠡᠭᠡ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢᠨ᠎ᠡ ᠬᠦᠷᠢᠶᠡᠨ ᠳᠤ ᠵᠣᠬᠢᠴᠠᠬᠤ ᠠᠵᠢᠯ ᠤᠨ ᠴᠢᠳᠠᠪᠤᠷᠢ ᠪᠣᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠬᠦᠴᠦᠲᠡᠢ ᠠᠷᠭ᠎ᠠ ᠬᠡᠮᠵᠢᠶ᠎ᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠡᠯ᠎ᠡ ᠵᠦᠢᠯ ᠤᠨ ᠠᠵᠢᠯ ᠤᠨ ᠡᠭᠦᠷᠭᠡ ᠶᠢ ᠪᠤᠳᠠᠳᠠᠶᠢᠵᠢᠭᠤᠯᠤᠨ ᠨᠠᠶᠢᠳᠠᠪᠤᠷᠢᠵᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠨ᠎ᠡ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号