ᠬᠤᠳᠠ ᠶᠢᠨ ᠵᠠᠰᠠᠭ ᠤᠨ ᠣᠷᠳᠣᠨ ᠪᠣᠯᠤᠨ ᠳᠤᠮᠳᠠᠳᠤ ᠤᠯᠤᠰ ᠤᠨ ᠬᠢᠮᠢ ᠶᠢᠨ ᠠᠵᠤ ᠦᠢᠯᠡᠳᠪᠦᠷᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠲᠤ ᠺᠤᠮᠫᠠᠨᠢ ᠰᠣᠯᠢᠯᠴᠠᠭᠠᠨ ᠤ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2021/6/2
     6 ᠰᠠᠷ᠎ᠠ ᠶᠢᠨ 1 ᠤ ᠡᠳᠦᠷ᠂ ᠬᠤᠳᠠ ᠶᠢᠨ ᠵᠠᠰᠠᠭ ᠤᠨ ᠣᠷᠳᠣᠨ ᠳᠤᠮᠳᠠᠳᠤ ᠤᠯᠤᠰ ᠤᠨ ᠬᠢᠮᠢ ᠶᠢᠨ ᠠᠮᠢ ᠠᠬᠤᠢ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠲᠠᠢ ᠰᠣᠯᠢᠯᠴᠠᠭᠠᠨ ᠤ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠰᠣᠯᠢᠯᠴᠠᠭ᠎ᠠ ᠪᠠᠨ ᠴᠢᠩᠭᠠᠳᠬᠠᠬᠤ᠂ ᠪᠣᠬᠢᠷᠲᠤᠯ ᠦᠭᠡᠢ ᠬᠥᠭᠵᠢᠯᠲᠡ ᠶᠢ ᠬᠠᠮᠲᠤᠪᠠᠷ ᠰᠦᠪᠡᠭᠴᠢᠯᠡᠬᠦ ᠵᠡᠷᠭᠡ ᠤᠴᠢᠷ ᠶᠠᠪᠤᠳᠠᠯ ᠤᠨ ᠲᠤᠬᠠᠢ ᠶᠠᠷᠢᠯᠴᠠᠵᠤ ᠰᠣᠯᠢᠯᠴᠠᠪᠠ᠃ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠬᠤᠳᠠ ᠶᠢᠨ ᠳᠠᠷᠤᠭ᠎ᠠ ᠶᠠᠩ ᠶᠢᠨ᠂ ᠳᠤᠮᠳᠠᠳᠤ ᠤᠯᠤᠰ ᠤᠨ ᠬᠢᠮᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠶᠢᠨ ᠶᠡᠷᠦᠩᠬᠡᠢ ᠳᠠᠭᠠᠭᠠᠮᠠᠯ ᠯᠦ ᠵᠤᠤ ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠶᠠᠩ ᠶᠢᠨ ᠯᠦ ᠵᠤᠤ ᠢ ᠨᠡᠷ ᠤᠨ ᠮᠠᠨ ᠤ ᠬᠤᠳᠠ ᠳᠤ ᠢᠷᠡᠵᠤ ᠰᠢᠨᠵᠢᠯᠡᠨ ᠪᠠᠶᠢᠴᠠᠭᠠᠵᠤ ᠵᠢᠭᠠᠨ ᠵᠢᠯᠣᠭᠤᠳᠴᠤ᠂ ᠤᠯᠤᠯᠴᠠᠨ ᠰᠣᠯᠢᠯᠴᠠᠵᠤ᠂ ᠬᠠᠮᠲᠤᠷᠠᠯᠴᠠᠨ ᠬᠥᠭᠵᠢᠬᠦ ᠶᠢ ᠬᠠᠮᠲᠤᠪᠠᠷ ᠡᠷᠢᠯᠬᠢᠯᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠮᠠᠨ ᠤ ᠬᠤᠳᠠ ᠶᠢᠨ ᠦᠨᠳᠦᠰᠦᠨ ᠪᠠᠶᠢᠳᠠᠯ ᠢᠶᠠᠨ ᠲᠣᠪᠴᠢ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠣᠳᠣᠬᠠᠨ ᠳᠤ ᠦᠬᠠᠢ ᠬᠤᠳᠠ ᠶᠡᠷᠦᠩᠬᠡᠢ ᠱᠦᠵᠢ ᠰᠢ ᠶᠢᠨ ᠫᠢᠩ ᠤᠨ ᠦᠬᠠᠢ ᠵᠢᠴᠢ ᠡᠷᠬᠢᠨ ᠲᠣᠭᠤᠷᠢᠨ ᠤ ᠭᠠᠵᠠᠷ ᠣᠷᠣᠨ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠠᠳᠬᠤᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠠᠭᠤᠷᠬᠠᠢ ᠶᠢ ᠵᠠᠰᠠᠬᠤ᠂ ᠠᠵᠤ ᠠᠬᠤᠶᠢᠯᠠᠯ ᠢ ᠵᠠᠰᠠᠬᠤ᠂ ᠤᠰᠤ ᠶᠢ ᠵᠠᠰᠠᠬᠤ᠂ ᠲᠡᠷᠭᠡ ᠶᠢ ᠵᠠᠰᠠᠬᠤ᠂ ᠵᠠᠮ ᠱᠤᠭᠤᠮ ᠢ ᠵᠠᠰᠠᠬᠤ᠂ ᠬᠡᠢ ᠶᠢ ᠵᠠᠰᠠᠬᠤ᠂ ᠲᠠᠯᠠᠪᠠᠢ ᠶᠢ ᠵᠠᠰᠠᠬᠤ ᠵᠡᠷᠭᠡ ᠲᠠᠯ᠎ᠠ ᠪᠠᠷ ᠪᠣᠭᠤᠮᠲᠠ ᠰᠢᠪᠲᠤᠯᠤᠨ ᠬᠦᠴᠦᠯᠡᠵᠦ᠂ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠵᠤ ᠪᠤᠢ᠃ ᠡᠭᠦᠨ ᠤ ᠵᠡᠷᠭᠡᠪᠡᠷ ᠂ ᠦᠬᠠᠢ ᠬᠤᠳᠠ ᠶᠢᠨ ᠬᠢᠨ ᠠᠵᠤ ᠦᠢᠯᠡᠰ᠂ ᠬᠤᠳᠠ ᠶᠢᠨ ᠬᠡᠯᠪᠡᠷᠢ ᠪᠠᠨ ᠬᠤᠪᠢᠷᠠᠭᠤᠯᠤᠨ ᠬᠦᠭᠵᠢᠬᠦᠯᠬᠦ ᠶᠢ ᠡᠮᠬᠢ ᠵᠢᠷᠤᠮ ᠲᠠᠢ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠳᠤᠮᠳᠠ ᠪᠠᠶᠢᠯᠭᠠᠬᠤ ᠪᠠ ᠬᠤᠯᠪᠤᠭᠳᠠᠯ ᠪᠦᠬᠦᠢ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠮᠢ ᠠᠬᠤᠢ ᠶᠢ ᠤᠷᠢᠳᠠᠪᠡᠷ ᠪᠤᠲᠤᠯᠭᠢᠯᠠᠭᠰᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠨ᠎ᠠ᠃ ᠳᠤᠮᠳᠠᠳᠤ ᠤᠯᠤᠰ ᠤᠨ ᠬᠢᠮᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠲᠡᠷᠢᠭᠦᠨ ᠤ ᠤᠢᠢᠯᠠᠭᠠᠭᠳᠠᠬᠤᠨ᠂ ᠲᠡᠷᠢᠭᠦᠨ ᠤ ᠮᠡᠷᠭᠡᠵᠢᠯ ᠢᠶᠠᠨ ᠦᠬᠠᠢ ᠳᠤ ᠠᠪᠴᠢᠷᠠᠵᠤ᠂ ᠬᠤᠶᠠᠷ ᠲᠠᠯ᠎ᠠ ᠶᠢᠨ ᠡᠬᠢ ᠪᠠᠶᠠᠯᠢᠭ᠂ ᠣᠷᠣᠨ ᠪᠠᠶᠢᠷᠢ᠂ ᠮᠡᠷᠭᠡᠵᠢᠯ᠂ ᠬᠦᠷᠦᠩᠭᠡ᠂ ᠴᠢᠳᠠᠪᠤᠷᠢᠲᠠᠨ ᠵᠡᠷᠭᠡ ᠳᠠᠪᠠᠭᠤᠯᠢᠭ ᠲᠠᠢ ᠪᠠᠨ ᠤᠶᠠᠯᠳᠤᠭᠤᠯᠵᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠲᠠᠰᠤᠷᠠᠯᠲᠠ ᠦᠭᠡᠢ ᠬᠥᠭᠵᠢᠭᠡᠵᠦ᠂ ᠠᠭᠤᠷᠬᠠᠢ ᠶᠢ ᠰᠡᠷᠭᠦᠭᠡᠬᠦ᠂ ᠠᠮᠢ ᠠᠬᠤᠢ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠵᠡᠷᠭᠡ ᠬᠠᠮᠲᠤᠷᠠᠯᠴᠠᠭᠠᠨ ᠤ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠠᠮᠲᠤᠪᠠᠷ ᠠᠬᠢᠭᠤᠯᠵᠤ᠂ ᠬᠠᠮᠲᠤᠷᠠᠯᠴᠠᠭ᠎ᠠ ᠬᠢᠵᠦ ᠬᠠᠮᠲᠤᠪᠠᠷ ᠤᠷᠤᠭᠰᠢᠯᠠᠬᠤ ᠳᠤᠮᠳᠠ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠬᠦ ᠶᠢ ᠬᠦᠰᠡᠵᠦ ᠪᠠᠶᠢᠨ᠎ᠠ᠃ ᠡᠯ᠎ᠡ ᠲᠣᠭᠤᠷᠢᠭ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠨᠠᠷᠢᠨ ᠬᠢᠨᠠᠮᠠᠭᠠᠢ ᠪᠣᠳᠣᠯᠬᠢᠯᠠᠵᠤ᠂ ᠭᠦᠨᠵᠡᠭᠡᠢ ᠵᠥᠪᠳᠡᠯᠴᠡᠨ ᠵᠣᠯᠭᠠᠭᠤᠯᠵᠤ᠂ ᠪᠦᠬᠦ ᠲᠠᠯ᠎ᠠ ᠶᠢᠨ ᠪᠠᠶᠢᠯᠳᠤᠬᠤ ᠪᠤᠳᠤᠯᠭ᠎ᠠ ᠶᠢᠨ ᠬᠠᠮᠲᠤᠷᠠᠯᠴᠠᠭᠠᠨ ᠤ ᠬᠠᠷᠢᠯᠴᠠᠭ᠎ᠠ ᠶᠢ ᠪᠠᠶᠢᠭᠤᠯᠵᠤ᠂ ᠬᠠᠮᠲᠤᠷᠠᠯᠴᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ ᠦᠷ᠎ᠡ ᠵᠢᠮᠢᠰ ᠰᠠᠭᠤᠯᠭᠠᠬᠤ ᠶᠢ ᠠᠬᠢᠭᠤᠯᠬᠤ ᠬᠡᠷᠡᠭᠲᠡᠢ ᠬᠡᠵᠡᠢ᠃      ᠯᠦ ᠵᠤᠤ ᠢ ᠰᠠᠨᠠᠯ ᠢᠶᠠᠨ ᠰᠣᠯᠢᠯᠴᠠᠬᠤ ᠬᠤᠷᠠᠯ ᠳᠡᠭᠡᠷ᠎ᠡ᠂ ᠳᠤᠮᠳᠠᠳᠤ ᠤᠯᠤᠰ ᠤᠨ ᠬᠢᠮᠢ ᠶᠢᠨ ᠠᠮᠢ ᠠᠬᠤᠢ  ᠶᠢᠨ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠶᠢᠨ ᠦᠨᠳᠦᠰᠦᠨ ᠲᠦᠢᠮᠣ ᠪᠠᠶᠢᠳᠠᠯ᠂ ᠲᠤᠬᠠᠶᠢᠯᠠᠭᠰᠠᠨ ᠠᠵᠢᠯ ᠤᠨ ᠬᠦᠷᠢᠶ᠎ᠡ ᠵᠢᠴᠢ ᠺᠣᠮᠫᠠᠨᠢ ᠶᠢᠨ ᠳᠠᠪᠠᠭᠤᠯᠢᠭ ᠢᠶᠠᠨ ᠲᠠᠨᠢᠯᠴᠠᠭᠤᠯᠪᠠ᠃ ᠲᠡᠷᠡ ᠬᠡᠯᠡᠭᠰᠡᠨ ᠨᠢ᠂ ᠦᠬᠠᠢ ᠶᠢᠨ ᠠᠵᠤ ᠦᠢᠯᠡᠰ ᠤᠨ ᠰᠠᠭᠤᠷᠢ ᠵᠤᠵᠠᠭᠠᠨ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠤᠯᠠᠮ ᠠᠴᠠ ᠤᠯᠠᠮ ᠰᠢᠯᠢᠳᠡᠭᠵᠢᠵᠦ᠂ ᠬᠥᠭᠵᠢᠯᠲᠡ ᠶᠢᠨ ᠪᠠᠶᠢᠳᠠᠯ ᠤᠯᠠᠮ ᠠᠴᠠ ᠤᠯᠠᠮ ᠰᠠᠶᠢᠵᠢᠷᠠᠵᠤ ᠪᠠᠶᠢᠨ᠎ᠠ᠃ ᠳᠤᠮᠳᠠᠳᠤ ᠤᠯᠤᠰ ᠤᠨ ᠬᠢᠮᠢ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠵᠠᠭᠠᠷᠲᠤ ᠺᠣᠮᠫᠠᠨᠢ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠰᠠᠭᠤᠷᠢ ᠲᠥᠬᠦᠭᠡᠷᠦᠮᠵᠢ᠂ ᠣᠷᠴᠢᠨ ᠲᠣᠭᠤᠷᠢᠨ ᠤ ᠵᠠᠰᠠᠯᠲᠠ ᠵᠡᠷᠭᠡ ᠬᠦᠷᠢᠶᠡᠨ ᠳᠤ ᠰᠣᠯᠢᠯᠴᠠᠭ᠎ᠠ ᠵᠣᠯᠭᠠᠯᠴᠠᠭ᠎ᠠ ᠪᠠ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠬᠠᠢ ᠶᠢᠨ ᠴᠢᠨᠠᠷ ᠰᠠᠶᠢᠲᠠᠢ ᠬᠥᠭᠵᠢᠯᠲᠡ ᠳᠤ ᠳᠡᠮᠵᠢᠯᠭᠡ ᠬᠠᠩᠭᠠᠨ᠎ᠠ ᠬᠡᠵᠡᠢ᠃
 
ᠢᠷᠡᠯᠲᠡ᠄ ᠦᠬᠠᠢ ᠬᠤᠲᠠ ᠶᠢᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号